1 ᠳ᠋ᠦ᠋ᠭᠡᠷ ᠰᠠᠷ᠎ᠠ ᠶᠢᠨ 20 ᠤ ᠡᠳᠦᠷ᠂ ᠦᠪᠦᠷ ᠮᠤᠩᠭᠤᠯ ᠤᠨ ᠠᠳᠤᠭᠤᠨ ᠰᠤᠳᠤᠯᠤᠯ ᠤᠨ | ᠨᠡᠶᠢᠭᠡᠮᠯᠢᠭ ᠠᠴᠠ ᠭᠤᠤᠯᠯᠠᠨ ᠡᠷᠬᠢᠯᠡᠭᠰᠡᠨ ᠠᠳᠤᠭᠤᠨ ᠰᠤᠳᠤᠯᠤᠯ ᠤᠨ ᠰᠤᠳᠤᠯᠤᠨ ᠶᠠᠷᠢᠯᠴᠠᠬᠤ ᠬᠤᠷᠠᠯ | ᠬᠦᠬᠡᠬᠤᠳᠠ ᠳᠤ ᠶᠠᠪᠤᠬᠳᠠᠪᠠ᠃ ᠲᠤᠰ ᠤᠳᠠᠭᠠᠨ ᠤ ᠬᠤᠷᠠᠯ ᠳᠤ ᠮᠠᠨ ᠤ ᠤᠷᠤᠨ ᠤ ᠠᠳᠤᠭᠤᠨ ᠰᠤᠳᠤᠯᠤᠯ ᠤᠨ | ᠡᠷᠳᠡᠮᠳᠡᠨ ᠮᠡᠷᠭᠡᠳ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠢᠨ᠂ | ᠶᠠᠳᠠᠭᠤ ᠶᠢ ᠳᠡᠳᠬᠦᠬᠦ ᠠᠯᠪᠠᠨ ᠭᠡᠷ ᠵᠡᠷᠭᠡ ᠪᠠᠶᠢᠭᠤᠯᠭ᠎ᠠ ᠨᠢᠭᠡᠴᠢ ᠶᠢᠨ ᠬᠢᠨ ᠤᠷᠤᠯᠴᠠᠬᠰᠠᠨ ᠢᠶᠠᠷ ᠪᠠᠷᠠᠬᠤ ᠦᠭᠡᠢ | ᠪᠠᠰᠠ ᠠᠳᠤᠭᠤᠨ ᠰᠤᠶᠤᠯ ᠳᠤ ᠲᠤᠷ᠎ᠠ ᠪᠠᠬ᠎ᠠ ᠲᠠᠢ ᠤᠶᠠᠭᠠᠴᠢᠨ ᠮᠠᠯᠴᠢᠳ ᠤᠷᠤᠯᠴᠠᠪᠠ᠃ | ᠤᠶᠢᠯᠠᠭᠠᠬᠰᠠᠨ ᠢᠶᠠᠷ᠂ ᠦᠪᠦᠷ ᠮᠤᠩᠭᠤᠯ ᠤᠨ ᠠᠳᠤᠭᠤᠨ ᠰᠤᠳᠤᠯᠤᠯ ᠤᠨ ᠨᠡᠶᠢᠭᠡᠮᠯᠢᠭ ᠨᠢ 2017 ᠣᠨ ᠤ | 10 ᠳ᠋ᠤᠭᠠᠷ ᠰᠠᠷ᠎ᠠ ᠳᠤ ᠪᠠᠶᠢᠭᠤᠯᠤᠬᠳᠠᠬᠰᠠᠨ ᠠᠴᠠ ᠪᠠᠨ ᠠᠪᠤᠭᠠᠳ ᠡᠷᠳᠡᠮ ᠰᠢᠨᠵᠢᠯᠡᠭᠡᠨ ᠤ ᠰᠤᠯᠢᠯᠴᠠᠭᠠᠨ ᠤ | ᠬᠦᠷᠢᠶ᠎ᠡ ᠬᠡᠪᠴᠢᠶ᠎ᠠ ᠪᠠᠨ ᠳᠠᠰᠤᠷᠠᠯᠳᠠ ᠦᠭᠡᠢ ᠦᠷᠭᠡᠳᠭᠡᠵᠤ᠂ ᠰᠢᠨᠵᠢᠯᠡᠭᠡᠨ ᠤ ᠬᠦᠭᠵᠢᠯᠳᠡ ᠶᠢ ᠢᠳᠡᠪᠬᠢᠳᠡᠢ ᠪᠠᠷ | ᠳᠠᠶᠢᠴᠢᠯᠠᠵᠤ᠂ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠰᠢᠷᠢᠰ ᠠᠵᠢᠯᠯᠠᠭ᠎ᠠ ᠶᠢ ᠦᠷᠨᠢᠭᠦᠯᠵᠠᠢ᠃ ᠡᠷᠳᠡᠮ | ᠰᠢᠨᠵᠢᠯᠡᠬᠡᠨ ᠤ ᠰᠤᠯᠢᠯᠴᠠᠭ᠎ᠠ ᠪᠠᠷ ᠳᠠᠮᠵᠢᠨ ᠬᠤᠯᠪᠤᠭᠠᠯᠠᠨ ᠰᠢᠪᠲᠤᠯᠤᠯᠲᠠ ᠬᠢᠵᠦ᠂ ᠠᠳᠤᠭᠤᠨ ᠠᠵᠤ ᠦᠢᠯᠡᠰ ᠤᠨ | ᠬᠦᠭᠵᠢᠯᠳᠡ ᠶᠢ ᠬᠢᠵᠠᠭᠠᠷᠯᠠᠵᠤ ᠪᠠᠶᠢᠬᠤ ᠮᠡᠷᠭᠡᠵᠢᠯ ᠤᠨ ᠬᠦᠴᠢᠷ ᠠᠰᠠᠭᠤᠳᠠᠯ ᠢ ᠤᠯᠠᠨ ᠰᠢᠢᠳᠪᠦᠷᠢᠯᠡᠵᠤ᠂ ᠮᠠᠨ ᠤ | ᠤᠷᠤᠨ ᠤ ᠠᠳᠤᠭᠤᠨ ᠤ ᠠᠵᠤ ᠦᠢᠯᠡᠰ ᠤᠨ ᠬᠦᠭᠵᠢᠯᠳᠡ ᠶᠢ ᠠᠭᠢᠭᠤᠯᠪᠠ᠃ | ᠦᠪᠦᠷ ᠮᠤᠩᠭᠤᠯ ᠤᠨ ᠠᠳᠤᠭᠤᠨ ᠰᠤᠳᠤᠯᠤᠯ ᠤᠨ ᠨᠡᠶᠢᠭᠡᠮᠯᠢᠭ ᠤᠨ ᠳᠡᠳ᠋ ᠳᠠᠷᠤᠭ᠎ᠠ ᠭᠦ᠋ ᠴᠦᠨ᠄ ︽ᠲᠤᠰ | ᠤᠳᠠᠭᠠᠨ ᠤ ᠬᠤᠷᠠᠯ ᠳᠤ ᠠᠳᠤᠭᠤᠨ ᠰᠤᠳᠤᠯᠤᠯ ᠤᠨ ᠦᠩᠭᠡᠷᠡᠭᠰᠡᠨ ᠤ ᠠᠮᠵᠢᠯᠳᠠ ᠶᠢ ᠳ᠋ᠦᠩᠨᠡᠵᠤ᠂ ᠤᠳᠤᠬᠢ | ᠪᠠᠶᠢᠳᠠᠯ ᠳᠤ ᠵᠠᠳᠠᠯᠤᠯᠳᠠ ᠬᠢᠵᠤ᠂ ᠢᠷᠡᠭᠡᠳᠦᠢ ᠳᠤ ᠨᠡᠩ ᠰᠠᠶᠢᠨ ᠢᠶᠠᠷ ᠠᠳᠤᠭᠤᠨ ᠰᠤᠳᠤᠯᠤᠯ᠂ ᠠᠳᠤᠭᠤᠨ | ᠰᠤᠶᠤᠯ ᠢᠶᠠᠨ ᠬᠦᠭᠵᠢᠭᠦᠯᠬᠦ ᠲᠤᠬᠠᠢ ᠶᠠᠷᠢᠯᠴᠠᠨ ᠰᠤᠳᠤᠯᠵᠤ ᠪᠠᠶᠢᠨ᠎ᠠ᠃ ᠲᠤᠰ ᠨᠡᠶᠢᠭᠡᠮᠯᠢᠭ ᠨᠢ ᠵᠠᠰᠠᠭ ᠤᠨ ᠤᠷᠳᠤᠨ | ᠪᠤᠯᠤᠨ ᠠᠷᠠᠳ ᠤᠯᠠᠨ᠂ ᠠᠵᠤ ᠠᠬᠤᠶᠢᠯᠠᠯᠳᠠᠳ ᠤᠨ ᠢᠶᠠᠨ ᠳᠤᠮᠳᠠ ᠬᠦᠬᠦᠷᠭᠡ ᠬᠤᠯᠪᠤᠭᠠᠰᠤ ᠶᠢᠨ ᠦᠢᠯᠡᠳᠦᠯ ᠢ | ᠦᠵᠡᠭᠦᠯᠵᠤ ᠪᠠᠶᠢᠨ᠎ᠠ︾ ᠭᠡᠵᠤ ᠶᠠᠷᠢᠪᠠ᠃ |