ᠮᠠᠨ ᠤ ᠣᠷᠣᠨ ᠪᠦᠲᠦᠭᠡᠨ ᠪᠠᠶᠢᠭᠤᠯᠤᠯᠲᠠᠲᠤ ᠮᠠᠯ ᠠᠵᠤ ᠠᠬᠤᠶ ᠶᠢ ᠬᠥᠭᠵᠢᠭᠦᠯᠵᠦ᠂ ᠬᠠᠰᠢᠶ᠎ᠠ ᠰᠠᠷᠠᠪᠴᠢ᠂ | ᠬᠥᠬᠡ ᠳᠠᠷᠤᠰᠢ ᠨᠥᠬᠡᠴᠡᠯᠡᠬᠦ ᠵᠣᠭᠤᠷᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦ ᠪᠠᠷ ᠦᠷᠨᠢᠭᠦᠯᠦᠨ᠂ ᠮᠠᠯ ᠤᠨᠤᠭ᠎ᠠ ᠳᠤ ᠬᠠᠰᠢᠶ᠎ᠠ ᠰᠠᠷᠠᠪᠴᠢ ᠲᠠᠢ ᠪᠠᠶᠢᠯᠭᠠᠬᠤ ᠶᠢ ᠪᠦᠬᠦ ᠲᠠᠯ᠎ᠠ ᠪᠠᠷ | ᠪᠡᠶᠡᠯᠡᠭᠦᠯᠵᠦ᠂ ᠡᠪᠦᠯᠵᠢᠬᠦ ᠮᠠᠯ ᠤᠨ ᠳᠤᠯᠠᠭᠠᠨ ᠰᠠᠷᠠᠪᠴᠢ ᠶᠢᠨ ᠬᠤᠨᠢ ᠨᠢᠭᠡᠴᠡ ᠶᠢᠨ ᠡᠵᠡᠯᠡᠬᠦ ᠲᠠᠯᠠᠪᠠᠢ ᠶᠢ 1.1 | ᠲᠡᠭᠰᠢ ᠳᠥᠷᠪᠡᠯᠵᠢᠨ ᠮᠧᠲᠷ ᠠᠴᠠ ᠳᠡᠭᠡᠭᠰᠢ ᠳᠤ ᠬᠦᠷᠦᠭᠦᠯᠵᠦ᠂ ᠪᠣᠳᠠ ᠪᠣᠭ ᠮᠠᠯ ᠤᠨ ᠦᠷᠡᠵᠢᠯᠲᠡ | ᠪᠤᠶᠢᠵᠢᠯᠲᠠ ᠶᠢᠨ ᠨᠤᠷᠮ᠎ᠠ ᠶᠢ 98.7% ᠳᠤ ᠬᠦᠷᠦᠭᠦᠯᠵᠦ᠂ ᠡᠪᠦᠯᠵᠢᠬᠦ ᠮᠠᠯ ᠤᠨ ᠬᠤᠨᠢ ᠨᠢᠭᠡᠴᠡ ᠳᠤ | ᠳᠤᠮᠳᠠᠴᠢ ᠪᠠᠷ 164 ᠺᠢᠯᠣᠭ᠍ᠷᠠᠮ ᠡᠪᠡᠰᠦ ᠬᠠᠳᠠᠭᠠᠯᠠᠵᠤ᠂ ᠮᠠᠯ ᠤᠨ ᠡᠪᠦᠯ ᠤᠨ 3 ᠰᠠᠷ᠎ᠠ ᠶᠢᠨ ᠬᠡᠷᠡᠭᠴᠡᠭᠡ ᠶᠢ | ᠦᠨᠳᠦᠰᠦᠨ ᠳᠡᠭᠡᠨ ᠬᠠᠩᠭᠠᠵᠤ᠂ ᠪᠦᠬᠦ ᠤᠯᠤᠰ ᠤᠨ ᠲᠠᠪᠤᠨ ᠶᠡᠭᠡ ᠮᠠᠯᠵᠢᠬᠤ ᠣᠷᠣᠨ ᠤ ᠲᠡᠷᠢᠭᠦᠨ ᠳᠤ | ᠲᠣᠳᠣᠷᠠᠵᠠᠢ ᠃ | ᠥᠪᠥᠷ ᠮᠣᠩᠭᠤᠯ ᠤᠨ ᠠᠭᠤᠷ ᠠᠮᠢᠰᠬᠤᠯ ᠤᠨ ᠣᠨᠴᠠᠯᠢᠭ ᠪᠣᠯ ᠬᠠᠪᠤᠷ ᠵᠤᠨ ᠳᠤ ᠪᠠᠨ ᠠᠷᠪᠠᠨ ᠵᠢᠯ ᠠᠴᠠ | ᠶᠢᠰᠦᠨ ᠵᠢᠯ ᠨᠢ ᠭᠠᠩᠳᠠᠵᠤ᠂ ᠡᠪᠦᠯ ᠤᠨ ᠤᠯᠠᠷᠢᠯ ᠬᠠᠬᠢᠷ ᠬᠦᠢᠲᠡᠨ ᠴᠠᠰᠤ ᠶᠡᠬᠡᠲᠡᠢ ᠪᠠᠶᠢᠵᠤ᠂ ᠮᠠᠯ ᠠᠵᠤ ᠠᠬᠤᠶ | ᠦᠢᠯᠡᠳᠪᠦᠷᠢᠯᠡᠯ ᠨᠢ ᠠᠮᠠᠷᠬᠠᠨ ᠭᠠᠮᠰᠢᠭᠳᠠᠬᠤ ᠠᠵᠤ ᠠᠬᠤᠶ ᠪᠣᠯᠣᠨ᠎ᠠ᠃ ᠳᠡᠭᠡᠷ᠎ᠡ ᠵᠠᠭᠤᠨ ᠤ ᠨᠠᠶᠠᠭᠠᠳ ᠣᠨ ᠤ | ᠰᠡᠭᠦᠯᠴᠢ ᠠᠴᠠ ᠶᠡᠷᠡᠭᠡᠳ ᠣᠨ ᠤ ᠰᠡᠭᠦᠯᠴᠢ ᠪᠣᠯᠲᠠᠯᠠᠬᠢ ᠮᠠᠯ ᠠᠵᠤ ᠠᠬᠤᠶ ᠶᠢᠨ ᠭᠠᠮᠰᠢᠭ ᠢ ᠰᠡᠷᠭᠡᠶᠢᠯᠡᠬᠦ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠠᠴᠠ ᠰᠢᠨ᠎ᠡ ᠡᠷᠡᠨ ᠤ ᠬᠦᠭᠵᠢᠭᠦᠯᠦᠨ ᠪᠦᠲᠦᠭᠡᠨ ᠪᠠᠶᠢᠭᠤᠯᠬᠤ ᠬᠡᠯᠪᠡᠷᠢ ᠶᠢᠨ | ᠮᠠᠯ ᠠᠵᠤ ᠠᠬᠤᠶ ᠨᠢ ᠮᠠᠨ ᠤ ᠣᠷᠣᠨ ᠤ ᠮᠠᠯ ᠠᠵᠤ ᠠᠬᠤᠶ ᠶᠢ ︽ᠶᠡᠭᠡ ᠭᠠᠮᠰᠢᠭ ᠲᠤ ᠬᠤᠷᠢᠶᠠᠯᠲᠠ ᠶᠡᠭᠡ ᠪᠠᠷ | ᠬᠠᠰᠤᠭᠳᠠᠵᠤ᠂ ᠪᠠᠭ᠎ᠠ ᠭᠠᠮᠰᠢᠭ ᠲᠤ ᠬᠤᠷᠢᠶᠠᠯᠲᠠ ᠪᠠᠭ᠎ᠠ ᠪᠠᠷ ᠬᠠᠰᠤᠭᠳᠠᠬᠤ︾ ᠪᠠᠶᠢᠳᠠᠯ ᠠᠴᠠ ᠨᠢ ᠪᠦᠬᠦᠯᠢ | ᠴᠣᠭᠴᠠ ᠪᠠᠷ ᠠᠩᠭᠢᠵᠢᠷᠠᠭᠤᠯᠵᠤ᠂ ᠮᠠᠯ ᠠᠵᠤ ᠠᠬᠤᠶ ᠶᠢᠨ ᠶᠡᠭᠡ ᠬᠥᠭᠵᠢᠯᠲᠡ ᠶᠢ ᠪᠠᠲᠤᠯᠠᠵᠠᠢ᠃ ᠭᠠᠮᠰᠢᠭ ᠤᠨ | ᠳᠠᠷᠠᠭ᠎ᠠ ᠡᠷᠭᠢᠴᠡᠭᠦᠯᠦᠨ ᠳ᠋ᠦᠩᠨᠡᠯᠲᠡ ᠬᠢᠬᠦ ᠪᠠᠷ ᠳᠠᠮᠵᠢᠨ᠂ ᠮᠠᠯ ᠠᠵᠤ ᠠᠬᠤᠶ ᠶᠢᠨ ᠦᠢᠯᠡᠳᠪᠦᠷᠢᠯᠡᠯ | ᠡᠵᠡᠩᠨᠡᠯᠲᠡ ᠶᠢ ᠪᠣᠬᠢᠷᠲᠤᠯ ᠦᠭᠡᠢ ᠴᠢᠨᠠᠷ ᠰᠠᠶᠢᠲᠠᠢ ᠬᠦᠭᠵᠢᠭᠦᠯᠬᠦ ᠨᠤᠲᠤᠭ ᠪᠡᠯᠴᠢᠭᠡᠷ ᠤᠨ ᠠᠮᠢ ᠠᠬᠤᠶ ᠶᠢᠨ ᠵᠢᠮ᠎ᠡ | ᠶᠣᠰᠣ ᠲᠠᠢ ᠵᠣᠬᠢᠴᠠᠯᠳᠤᠭᠰᠠᠨ ᠠᠷᠭ᠎ᠠ ᠬᠡᠮᠵᠢᠶ᠎ᠡ ᠠᠪᠬᠤ ᠬᠡᠷᠡᠭᠲᠡᠢ ᠭᠡᠳᠡᠭ ᠢ ᠣᠯᠵᠤ ᠮᠡᠳᠡᠪᠡ᠃ ᠮᠠᠯᠵᠢᠬᠤ | ᠣᠷᠣᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠷᠳᠤ ᠬᠤᠭᠤᠴᠠᠭᠠᠨ ᠤ ᠦᠷ᠎ᠡ ᠪᠦᠲᠦᠮᠵᠢᠲᠡᠶ | ᠲᠣᠭᠲᠠᠴᠠ ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠳᠤ ᠮᠠᠯᠵᠢᠬᠤ ᠣᠷᠣᠨ ᠤ ᠡᠪᠡᠰᠦ ᠪᠤᠷᠳᠣᠭᠠᠨ ᠤ | ᠪᠠᠲᠤᠯᠠᠭ᠎ᠠ ᠶᠢᠨ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠲᠥᠯᠥᠭᠡ᠂ ᠡᠷᠥᠭᠡ ᠪᠠᠷ ᠨᠥᠭᠡᠴᠡᠯᠡᠬᠦ | ᠵᠢᠵᠢᠭ ᠬᠡᠯᠪᠡᠷᠢ ᠶᠢᠨ ᠲᠡᠵᠢᠭᠡᠯ ᠡᠪᠡᠰᠦᠨ ᠤ ᠬᠥᠮᠥᠷᠭᠡ ᠪᠠᠷ ᠭᠤᠣᠯ ᠪᠣᠯᠭᠠᠨ᠂ ᠰᠤᠮᠤ ᠭᠠᠴᠠᠭᠠᠨ ᠤ ᠳᠤᠮᠳᠠ | ᠬᠡᠯᠪᠡᠷᠢ ᠶᠢᠨ ᠨᠥᠭᠡᠴᠡᠯᠡᠬᠦ ᠬᠥᠮᠥᠷᠭᠡ ᠪᠠᠷ ᠬᠠᠪᠰᠤᠷᠤᠮᠵᠢ ᠪᠣᠯᠭᠠᠵᠤ᠂ ᠬᠤᠰᠢᠭᠤ ᠰᠢᠶᠠᠨ ᠤ ᠲᠣᠮᠣ ᠬᠡᠯᠪᠡᠷᠢ ᠶᠢᠨ | ᠪᠠᠴᠢᠮ ᠪᠠᠶᠢᠳᠠᠯ ᠢ ᠠᠷᠭᠠᠴᠠᠭᠠᠬᠤ ᠨᠦᠬᠡᠴᠡᠯᠡᠬᠦ ᠬᠥᠮᠥᠷᠭᠡ ᠪᠠᠶᠢᠭᠤᠯᠬᠤ ᠪᠠᠷ ᠨᠥᠬᠦᠪᠥᠷᠢ ᠪᠣᠯᠭᠠᠭᠰᠠᠨ ᠡᠪᠡᠰᠦ | ᠪᠣᠷᠳᠤᠭ᠎ᠠ ᠨᠥᠭᠡᠴᠡᠯᠡᠬᠦ ᠲᠣᠭᠲᠠᠴᠠ ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠪᠠ︔ ᠲᠠᠷᠢᠶᠠᠯᠠᠬᠤ ᠣᠷᠣᠨ᠂ | ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠤ ᠬᠥᠬᠡ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠰᠢᠮ᠎ᠡ | ᠰᠠᠶᠢᠲᠠᠶ ᠡᠪᠡᠰᠦ ᠪᠣᠷᠳᠤᠭ᠎ᠠ ᠳᠠᠷᠢᠬᠤ ᠶᠢ ᠶᠡᠬᠡᠪᠡᠷ ᠬᠥᠭᠵᠢᠭᠦᠯᠵᠦ᠂ ᠲᠠᠷᠢᠶᠠᠯᠠᠩ ᠣᠷᠣᠨ ᠠᠴᠠ ᠬᠥᠬᠡ ᠳᠠᠷᠤᠰᠢ | ᠲᠣᠬᠢᠷᠠᠭᠤᠯᠤᠨ ᠣᠷᠣᠭᠤᠯᠬᠤ ᠪᠠ ᠡᠰᠢ ᠰᠦᠷᠡᠯ ᠢ ᠪᠣᠯᠪᠠᠰᠤᠷᠠᠭᠤᠯᠤᠨ ᠬᠤᠷᠢᠶᠠᠵᠤ ᠬᠠᠳᠠᠭᠠᠯᠠᠬᠤ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠮᠠᠯᠵᠢᠬᠤ ᠣᠷᠣᠨ ᠤ ᠡᠪᠡᠰᠦ ᠪᠣᠷᠳᠣᠭᠠᠨ ᠤ ᠨᠥᠭᠡᠴᠡ ᠶᠢᠨ ᠬᠠᠩᠭᠠᠯᠭ᠎ᠠ ᠶᠢ 3 | ᠰᠠᠷ᠎ᠠ ᠪᠠᠲᠤᠯᠠᠵᠤ ᠪᠠᠶᠢᠭᠰᠠᠨ ᠠᠴᠠ ᠨᠢ 6 ᠰᠠᠷ᠎ᠠ ᠪᠣᠯᠭᠠᠵᠤ᠂ ᠭᠠᠮᠰᠢᠭ ᠪᠣᠯᠤᠨ ᠱᠠᠳᠤ ᠦᠶ᠎ᠡ ᠶᠢᠨ ᠴᠢᠨᠠᠷᠲᠠᠶ | ᠮᠠᠯᠵᠢᠬᠤ ᠶᠢ ᠴᠠᠭᠠᠵᠠᠯᠠᠬᠤ ᠬᠡᠷᠡᠭᠴᠡᠭᠡ ᠳᠤ ᠵᠣᠬᠢᠴᠠᠭᠤᠯᠵᠠᠢ᠃ | ᠡᠭᠦᠨ ᠠᠴᠠ ᠭᠠᠳᠠᠨ᠎ᠠ᠂ ᠮᠠᠨ ᠤ ᠣᠷᠣᠨ ᠮᠠᠯᠵᠢᠬᠤ ᠣᠷᠣᠨ ᠤ ᠰᠢᠨ᠎ᠡ ᠬᠡᠯᠪᠡᠷᠢ ᠶᠢᠨ ᠡᠵᠡᠩᠨᠡᠯᠲᠡ ᠶᠢᠨ | ᠭᠤᠣᠯ ᠴᠣᠭᠴᠠ ᠶᠢ ᠢᠳᠡᠪᠬᠢᠲᠡᠢ ᠪᠣᠶᠢᠵᠢᠭᠤᠯᠤᠨ᠂ ᠮᠠᠯᠵᠢᠬᠤ ᠣᠷᠣᠨ ᠤ ᠬᠡᠷ ᠪᠦᠯᠢ ᠶᠢᠨ ᠠᠮᠢ ᠠᠬᠤᠶ ᠶᠢᠨ | ᠮᠠᠯᠵᠢᠯ ᠤᠨ ᠲᠠᠯᠠᠪᠠᠶ᠂ ᠮᠠᠯᠴᠢᠳ ᠤᠨ ᠬᠤᠷᠰᠢᠶ᠎ᠠ ᠵᠢᠴᠢ ᠮᠠᠯᠴᠢᠨ ᠲᠠᠷᠢᠶᠠᠴᠢᠳ ᠤᠨ ᠬᠤᠷᠰᠢᠶ᠎ᠠ ᠶᠢᠨ ᠬᠤᠯᠪᠣᠭᠠᠲᠤ | ᠴᠣᠭᠴᠠ ᠶᠢ ᠶᠡᠬᠡᠪᠡᠷ ᠬᠥᠭᠵᠢᠭᠦᠯᠦᠨ᠂ ᠨᠤᠲᠤᠭ ᠪᠡᠯᠴᠢᠭᠡᠷ ᠤᠨ ᠬᠡᠪᠴᠢᠶᠡᠵᠢᠭᠰᠡᠨ ᠡᠵᠡᠩᠨᠡᠯᠲᠡ ᠶᠢ ᠲᠦᠷᠭᠡᠳᠬᠡᠨ | ᠠᠬᠢᠭᠤᠯᠵᠤ᠂ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠢᠯᠠᠵᠤ ᠰᠡᠯᠭᠦᠭᠡᠨ ᠮᠠᠯᠵᠢᠬᠤ ᠳᠤ ᠨᠥᠬᠦᠴᠡᠯ | ᠪᠦᠷᠢᠯᠳᠦᠭᠦᠯᠦᠨ ᠦᠭᠭᠦᠭᠰᠡᠨ ᠤ ᠬᠠᠮᠲᠤ ᠭᠡᠳᠡᠷᠭᠦ ᠰᠢᠬᠠᠬᠤ ᠲᠣᠭᠲᠠᠴᠠ ᠶᠢ ᠠᠰᠢᠭᠯᠠᠨ ᠠᠮᠠᠷᠬᠠᠨ ᠭᠠᠮᠰᠢᠭᠳᠠᠬᠤ | ᠮᠠᠯᠵᠢᠬᠤ ᠣᠷᠣᠨ ᠳᠤ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠬᠤ ᠲᠤᠷᠰᠢᠯᠲᠠ | ᠬᠢᠵᠡᠢ᠃ ᠮᠠᠨ ᠤ ᠣᠷᠣᠨ ᠪᠠᠰᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠬᠦᠴᠦᠯᠡᠨ | ᠠᠬᠢᠭᠤᠯᠵᠤ᠂ ᠪᠡᠯᠴᠢᠭᠡᠷᠯᠡᠭᠦᠯᠬᠦ ᠪᠠ ᠳᠡᠵᠢᠭᠡᠯ ᠪᠣᠷᠳᠤᠭ᠎ᠠ ᠨᠡᠮᠡᠬᠦ ᠶᠢ ᠬᠠᠪᠰᠤᠷᠭᠠᠬᠤ ᠶᠢ ᠢᠳᠡᠪᠬᠢᠲᠡᠶ ᠲᠦᠯᠬᠢᠨ | ᠠᠬᠢᠭᠤᠯᠵᠤ᠂ ᠡᠪᠦᠯ ᠤᠨ ᠲᠥᠯ ᠲᠤᠰᠬᠤ ᠪᠠ ᠬᠠᠪᠤᠷ ᠡᠷᠲᠡ ᠶᠢᠨ ᠲᠦᠯ ᠲᠤᠰᠬᠤ ᠶᠢ ᠶᠡᠬᠡᠪᠡᠷ ᠳᠡᠯᠭᠡᠷᠡᠭᠦᠯᠦᠨ᠂ | ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠵᠤ᠂ ᠬᠦᠢᠲᠡᠨ ᠤᠯᠠᠷᠢᠯ ᠤᠨ ᠪᠡᠯᠴᠢᠭᠡᠷ ᠤᠨ | ᠪᠠᠭᠲᠠᠭᠠᠮᠵᠢ ᠪᠠ ᠡᠪᠡᠰᠦ ᠪᠣᠷᠳᠣᠭᠠᠨ ᠤ ᠬᠤᠷᠣᠭᠳᠠᠭᠤᠯᠤᠯ ᠢ ᠪᠠᠭᠠᠰᠬᠠᠵᠤ᠂ ᠦᠢᠯᠡᠳᠪᠦᠷᠢᠯᠡᠯ ᠤᠨ ᠥᠪᠡᠷ ᠤᠨ | ᠦᠷᠲᠡᠭ ᠢ ᠪᠠᠭᠤᠷᠠᠭᠤᠯᠤᠨ᠂ ᠪᠠᠶᠢᠭᠠᠯᠢ ᠶᠢᠨ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠪᠡ᠃ | | |