ᠥᠪᠥᠷ ᠮᠣᠩᠭᠤᠯ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠲᠤᠬᠠᠢ ᠬᠡᠷᠡᠭᠵᠢᠭᠦᠯᠬᠦ ᠰᠠᠨᠠᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2019/1/23
     ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ︽ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠬᠦ ᠲᠤᠬᠠᠶ ᠬᠡᠷᠡᠭᠵᠢᠭᠦᠯᠬᠦ ᠰᠠᠨᠠᠯ︾᠎ ᠢ ᠨᠡᠶᠢᠲᠡᠯᠡᠵᠦ᠂ ᠤᠯᠠᠨ ᠲᠦᠮᠡᠨ ᠤ ᠰᠡᠳᠬᠢᠯ ᠲᠠᠯᠪᠢᠵᠤ ᠪᠠᠶᠢᠭ᠎ᠠ ︽ᠰᠤᠷᠭᠠᠭᠤᠯᠢ ᠰᠣᠩᠭᠤᠬᠤ ᠬᠠᠯᠠᠮᠰᠢᠯ︾ ︽ᠲᠤᠮᠤ ᠠᠩᠬᠢ ᠶᠢᠨ ᠣᠷᠣᠨ ᠲᠤᠭ᠎ᠠ︾ ᠵᠡᠷᠭᠡ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃      ᠰᠠᠨᠠᠯ ᠳᠤ ᠳᠤᠷᠠᠳᠤᠭᠰᠠᠨ ᠨᠢ᠂ ᠡᠯ᠎ᠡ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠵᠦᠢ ᠵᠣᠬᠢᠰᠲᠠᠶ ᠪᠠᠶᠢᠷᠢᠰᠢᠭᠤᠯᠵᠤ᠂ ︽ᠬᠡᠢ ᠬᠤᠭᠤᠰᠣᠨ ᠰᠤᠷᠭᠠᠭᠤᠯᠢ︾ ᠪᠤᠯᠬᠤ ᠶᠢ ᠰᠡᠷᠭᠡᠶᠢᠯᠡᠬᠦ ᠬᠡᠷᠡᠭᠲᠡᠶ᠃ ᠬᠤᠲᠠ ᠬᠥᠳᠡᠭᠡ ᠶᠢᠨ ᠨᠢᠭᠡᠳᠦᠭᠦᠯᠬᠦ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠪᠠᠬᠢᠵᠢᠭᠦᠯᠦᠨ ᠪᠦᠷᠢᠨᠰᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠢᠭᠡᠳᠦᠯᠲᠡᠶ ᠰᠠᠭᠤᠷᠢ ᠲᠤᠭ᠎ᠠ ᠶᠢ ᠬᠡᠷᠡᠭᠵᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠪᠠᠭ᠎ᠠ ᠬᠡᠪᠴᠢᠶᠡᠨ ᠤ ᠰᠤᠷᠭᠠᠭᠤᠯᠢ ᠪᠣᠯᠤᠨ ᠰᠤᠮᠤ ᠰᠢᠶᠠᠩ ᠪᠠᠯᠭᠠᠰᠤᠨ ᠤ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠳᠠᠯ ᠢ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠪᠠ ᠳᠠᠩᠰᠠ ᠺᠠᠷᠲ ᠲᠠᠢ ᠵᠡᠷᠭᠡ ᠬᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯᠲᠡᠶ ᠰᠤᠷᠤᠭᠴᠢ ᠲᠡᠶᠢᠰᠢ ᠬᠦᠴᠦᠯᠡᠨ ᠬᠡᠯᠪᠡᠶᠢᠯᠭᠡᠵᠦ᠂ ᠰᠤᠷᠭᠠᠭᠤᠯᠢ ᠶᠢᠨ ᠨᠠᠰᠤᠨ ᠤ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠤᠷᠤᠭᠰᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠢᠴᠢᠶᠡᠯ ᠤᠨ ᠥᠭᠡᠷᠡᠴᠢᠯᠡᠯᠲᠡ ᠶᠢ ᠬᠠᠮᠵᠢᠯᠴᠠᠭᠤᠯᠤᠨ ᠠᠬᠢᠭᠤᠯᠬᠤ ᠶᠢ ᠳᠡᠮᠵᠢᠵᠦ᠂ ᠰᠤᠷᠤᠭᠴᠢᠳ ᠤᠨ ᠪᠦᠬᠦ ᠲᠠᠯ᠎ᠠ ᠪᠠᠷ ᠥᠪᠡᠷᠮᠢᠴᠡ ᠵᠠᠩ ᠲᠠᠢ ᠪᠠᠷ ᠬᠦᠭᠵᠢᠬᠦ ᠶᠢ ᠠᠬᠢᠭᠤᠯᠬᠤ ᠬᠡᠷᠡᠭᠲᠡᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠳᠠᠳᠤᠯᠭ᠎ᠠ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠮᠣᠷᠠᠯ ᠮᠡᠷᠭᠡᠵᠢᠯ ᠢ ᠵᠡᠷᠭᠡᠪᠡᠷ ᠰᠤᠷᠬᠤ᠂ ᠠᠵᠢᠯᠯᠠᠵᠤ ᠰᠤᠷᠤᠯᠴᠠᠬᠤ ᠶᠢ ᠤᠶᠠᠯᠳᠤᠭᠤᠯᠤᠭᠰᠠᠨ ᠬᠦᠮᠦᠵᠢᠯ ᠤᠨ ᠲᠣᠭᠲᠠᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠲᠤᠰᠬᠠᠶ ᠮᠡᠷᠭᠡᠵᠢᠯ ᠤᠨ ᠪᠦᠲᠦᠴᠡ ᠪᠠᠨ ᠰᠢᠯᠢᠳᠡᠭᠵᠢᠭᠦᠯᠬᠦ ᠶᠢ ᠨᠢ ᠳᠡᠮᠵᠢᠵᠦ᠂ ᠪᠠᠴᠢᠮ ᠬᠡᠷᠡᠭᠴᠡᠭᠡᠲᠡᠶ ᠳᠤᠲᠠᠭᠳᠠᠵᠤ ᠪᠠᠶᠢᠭ᠎ᠠ ᠲᠤᠰᠬᠠᠶ ᠮᠡᠷᠭᠡᠵᠢᠯ ᠤᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠢ᠃      ᠡᠯ᠎ᠡ ᠭᠠᠵᠠᠷ ᠣᠷᠣᠨ ᠪᠠᠭᠰᠢ ᠶᠢᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠭᠤᠣᠯᠳᠠᠯᠭ᠎ᠠ ᠪᠣᠯᠭᠠᠨ ᠤᠷᠢᠳᠠᠪᠠᠷ ᠪᠠᠲᠤᠯᠠᠵᠤ᠂ ᠰᠢᠯᠢᠳᠡᠭ ᠴᠢᠳᠠᠪᠤᠷᠢᠲᠠᠨ ᠢ ᠰᠤᠷᠭᠠᠨ ᠬᠥᠮᠦᠵᠢᠯ ᠤᠨ ᠦᠢᠯᠡᠰ ᠲᠤ ᠲᠠᠲᠠᠨ ᠤᠷᠤᠯᠴᠠᠭᠤᠯᠬᠤ ᠶᠢ ᠵᠤᠷᠢᠭᠵᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠤᠷᠭᠠᠨ ᠬᠥᠮᠦᠵᠢᠯ ᠤᠨ ᠵᠠᠷᠤᠳᠠᠯ ᠢ ᠬᠡᠷᠡᠭᠯᠡᠬᠦ ᠲᠠᠯ᠎ᠠ ᠪᠠᠷ ᠡᠩ ᠲᠡᠷᠢᠭᠦᠨ ᠳᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠴᠠᠯᠢᠩ ᠢ ᠦᠭᠬᠦ ᠶᠢ ᠪᠠᠲᠤᠯᠠᠵᠤ᠂ ᠬᠤᠳᠠ ᠬᠥᠳᠡᠭᠡ ᠨᠢᠭᠡᠳᠦᠯᠲᠡᠶ ᠪᠠᠶᠢᠬᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠪᠠᠷᠢᠮᠵᠢᠶ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠨᠦᠭᠦᠴᠡᠯ ᠳᠤ ᠨᠡᠶᠢᠴᠡᠬᠦ ᠣᠷᠣᠨ ᠲᠤᠭ᠎ᠠ ᠦᠭᠡᠢ ᠪᠠᠶᠢᠬᠤ ᠪᠠᠭᠰᠢ ᠶᠢ ᠲᠣᠭᠲᠠᠭᠰᠠᠨ ᠳᠡᠰ ᠳᠠᠷᠠᠭᠠᠯᠠᠯ ᠢᠶᠠᠷ ᠲᠦᠷᠭᠡᠨ ᠤᠷᠤᠨ ᠲᠤᠭᠠᠨ ᠳᠤ ᠤᠷᠤᠭᠤᠯᠬᠤ ᠶᠢᠨ ᠬᠠᠮᠲᠤ ᠠᠳᠠᠯᠢ ᠠᠵᠢᠯ ᠳᠤ ᠠᠳᠠᠯᠢ ᠬᠥᠯᠥᠰᠥ ᠣᠯᠭᠤᠬᠤ ᠶᠢ ᠬᠡᠷᠡᠭᠵᠢᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号