ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ  ᠮᠠ ᠰᠢᠦᠸᠠᠢ ᠵᠢᠶᠦ᠋ᠨ ᠶᠠᠷᠢᠶ᠎ᠠ ᠳᠠᠯᠪᠢᠵᠤ ᠶᠠᠩ ᠸᠧᠢ ᠳ᠋ᠦᠡᠭ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2019/1/24
     1 ᠳ᠋ᠦ᠋ᠭᠡᠷ ᠰᠠᠷ᠎ᠠ ᠶᠢᠨ 23᠎ ᠤ ᠡᠳᠦᠷ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠵᠤ᠂ 2018 ᠤᠨ ᠤ ᠠᠵᠢᠯ ᠢᠶᠠᠨ ᠳ᠋ᠦᠡᠭᠨᠡᠵᠤ᠂ 2019 ᠤᠨ ᠤ ᠡᠬᠦᠷᠭᠡ ᠶᠢ ᠳᠤᠬᠢᠷᠠᠭᠤᠯᠤᠨ ᠪᠠᠶᠢᠷᠢᠯᠠᠭᠤᠯᠵᠤ᠂ ᠤᠨ ᠤ ᠡᠴᠤᠰ ᠵᠢᠯ ᠤᠨ ᠡᠬᠢᠨ ᠪᠠ ︽ᠬᠤᠶᠠᠷ ᠬᠤᠷᠠᠯ︾᠎ ᠤᠨ ᠬᠤᠭᠤᠴᠠᠭᠠᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠳᠤᠰᠬᠠᠢ ᠪᠠᠶᠢᠷᠢᠯᠠᠭᠤᠯᠤᠯᠲᠠ ᠬᠢᠪᠡ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠳᠡᠳ᠋ ᠳᠡᠷᠢᠬᠦᠯᠡᠭᠴᠢ ᠮᠠ ᠰᠢᠦᠸᠠᠢ ᠵᠢᠶᠦ᠋ᠨ ᠬᠤᠷᠠᠯ ᠳᠤ ᠤᠷᠤᠯᠴᠠᠵᠤ ᠶᠠᠷᠢᠶ᠎ᠠ ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠶᠠᠩ ᠸᠧᠢ ᠳ᠋ᠦᠡᠭ ᠬᠤᠷᠠᠯ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠡᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠳᠤᠬᠠᠢ ᠴᠢᠬᠤᠯᠠ ᠦᠬᠦᠯᠡᠮᠵᠢ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠤ᠂ ᠶᠡᠷᠦᠩᠬᠡᠢ ᠱᠦᠵᠢ ᠶᠢᠨ ᠮᠤᠵᠢ ᠶᠠᠮᠤᠨ ᠤ ᠳᠡᠰ ᠤᠨ ᠭᠤᠤᠯ ᠤᠳᠤᠷᠢᠳᠬᠤ ᠺᠠᠳ᠋ᠷ ᠤᠨ ᠳᠤᠰᠬᠠᠢ ᠰᠡᠳᠤᠪᠳᠤ ᠰᠤᠳᠤᠯᠤᠨ ᠶᠠᠷᠢᠯᠴᠠᠬᠤ ᠠᠩᠬᠢ ᠳᠡᠭᠡᠷ᠎ᠡ ᠴᠢᠬᠤᠯᠠᠴᠢᠯᠠᠭᠰᠠᠨ ᠨᠡᠶᠢᠭᠡᠮ ᠤᠨ ᠶᠡᠭᠡ ᠳᠠᠯ᠎ᠠ ᠶᠢᠨ ᠳᠤᠭᠳᠠᠭᠤᠨ ᠢ ᠪᠠᠳᠤᠯᠠᠨ ᠬᠠᠮᠠᠭᠠᠯᠠᠵᠤ᠂ ᠠᠮᠦᠷ ᠲᠦᠪᠰᠢᠨ ᠢ ᠪᠠᠳᠤᠯᠠᠵᠤ᠂ ᠳᠤᠭᠳᠠᠭᠤᠨ ᠢ ᠬᠠᠮᠠᠭᠠᠯᠠᠬᠤ ᠡᠯ᠎ᠡ ᠵᠦᠢᠯ ᠤᠨ ᠠᠷᠭ᠎ᠠ ᠠᠪᠴᠠᠯ ᠢ ᠦᠨᠡᠨᠬᠦ ᠨᠠᠶᠢᠳᠠᠪᠤᠷᠢᠵᠢᠭᠤᠯᠵᠤ᠂ ᠶᠡᠭᠡ ᠬᠦᠴᠦ ᠤᠷᠤᠭᠤᠯᠵᠤ ᠠᠷᠠᠳ ᠤᠯᠠᠨ ᠤ ᠳᠤᠰ ᠪᠡᠶ᠎ᠡ ᠶᠢᠨ ᠠᠰᠢᠭ ᠳᠤᠰᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠵᠤ᠂ ᠠᠶᠤᠯ ᠦᠭᠡᠢ ᠦᠢᠯᠡᠳᠪᠦᠷᠢᠯᠡᠯ᠂ ᠨᠡᠶᠢᠭᠡᠮ ᠤᠨ ᠠᠮᠦᠷ ᠲᠦᠪᠰᠢᠨ ᠵᠡᠷᠭᠡ ᠡᠯ᠎ᠡ ᠳᠠᠯ᠎ᠠ ᠶᠢᠨ ᠠᠵᠢᠯ ᠢ ᠪᠦᠬᠦ ᠳᠠᠯ᠎ᠠ ᠪᠠᠷ ᠰᠠᠶᠢᠲᠤᠷ ᠬᠢᠬᠦ ᠴᠢᠬᠤᠯᠠ ᠵᠢᠭᠠᠪᠤᠷᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ᠃ ︽ᠲᠦᠷᠪᠡᠨ ᠤᠬᠠᠮᠰᠠᠷ︾᠎ ᠢ ᠪᠠᠳᠤ ᠱᠤᠭᠤᠵᠤ᠂ ︽ᠲᠦᠷᠪᠡᠨ ᠢᠳᠡᠭᠡᠯ︾᠎ ᠢ ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠦᠨᠳᠦᠷᠴᠡ ᠳᠤ ᠬᠦᠷᠴᠤ᠂ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠴᠢᠬᠤᠯᠠ ᠶᠡᠭᠡ ᠠᠴᠢ ᠬᠤᠯᠪᠤᠭᠳᠠᠯ ᠢ ᠬᠦᠨᠵᠡᠬᠡᠢ ᠳᠠᠨᠢᠵᠤ᠂ ᠠᠶᠤᠯ ᠦᠭᠡᠢ ᠦᠢᠯᠡᠳᠪᠦᠷᠢᠯᠡᠯ ᠤᠨ ᠡᠯ᠎ᠡ ᠵᠦᠢᠯ ᠤᠨ ᠱᠠᠭᠠᠷᠳᠠᠯᠭ᠎ᠠ ᠶᠢ ᠳᠡᠷᠡ ᠶᠤᠰᠤᠭᠠᠷ ᠢᠶᠠᠷ ᠨᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠳᠠᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠠᠷᠠᠳ ᠲᠦᠮᠡᠨ ᠤ ᠠᠮᠢ ᠨᠠᠰᠤᠨ ᠤ ᠠᠮᠦᠷ ᠲᠦᠪᠰᠢᠨ ᠢ ᠪᠠᠳᠤᠯᠠᠬᠤ ᠶᠢ ᠲᠡᠷᠢᠬᠦᠨ ᠳᠤ ᠳᠠᠯᠪᠢᠬᠤ ᠶᠢ ᠡᠷᠡᠰ ᠪᠠᠷᠢᠮᠳᠠᠯᠠᠵᠤ᠂ ᠠᠶᠤᠯ ᠦᠭᠡᠢ ᠦᠢᠯᠡᠳᠪᠦᠷᠢᠯᠡᠯ ᠤᠨ ︽ᠳᠠᠪᠤᠨ ᠪᠠᠶᠢᠩᠭᠤᠵᠢᠯᠲᠠ︾᠎ ᠶᠢᠨ ᠱᠠᠭᠠᠷᠳᠠᠯᠭ᠎ᠠ ᠶᠢ ᠨᠠᠷᠢᠨ  ᠬᠢᠨᠠᠮᠠᠭᠠᠢ  ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠡᠬᠢ ᠡᠬᠦᠰᠦᠯᠳᠡ ᠶᠢᠨ ᠬᠠᠮᠢᠶᠠᠷᠤᠯᠳᠠ ᠶᠢ ᠰᠠᠶᠢᠲᠤᠷ ᠠᠳᠬᠤᠵᠤ᠂ ︽ᠭᠤᠷᠪᠠᠨ ᠪᠤᠭᠤᠮᠳᠠ︾᠎ ᠶᠢ ᠰᠠᠶᠢᠲᠤᠷ ᠰᠠᠬᠢᠵᠤ᠂ ᠬᠠᠤᠯᠢ ᠶᠤᠰᠤᠭᠠᠷ ᠠᠮᠦᠷ ᠲᠦᠪᠰᠢᠨ ᠤ ᠵᠠᠰᠠᠯᠳᠠ ᠬᠢᠬᠦ ᠶᠢ ᠰᠠᠶᠢᠲᠤᠷ ᠠᠳᠬᠤᠵᠤ᠂ ᠴᠢᠳᠠᠪᠤᠷᠢ ᠪᠠᠨ ᠳᠡᠭᠡᠭᠰᠢᠯᠡᠬᠦᠯᠵᠤ ︽ᠲᠦᠷᠪᠡᠨ ᠳᠡᠭᠡᠭᠰᠢᠯᠡᠯᠳᠡ︾᠎ ᠶᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠠᠭᠠᠯᠠᠯᠳᠠ ᠶᠢᠨ ᠱᠤᠭᠤᠮ ᠢ ᠪᠠᠬᠢᠵᠢᠬᠦᠯᠵᠤ᠂ ︽ᠭᠤᠷᠪᠠᠨ ᠨᠠᠷᠢᠯᠢᠭ︾᠎ ᠢ ᠰᠠᠶᠢᠲᠤᠷ ᠪᠡᠶᠡᠯᠡᠬᠦᠯᠵᠤ᠂ ᠪᠦᠬᠦ ᠤᠷᠤᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠦᠷᠬᠦᠯᠵᠢᠯᠡᠨ ᠰᠠᠶᠢᠵᠢᠷᠠᠭᠤᠯᠬᠤ ᠬᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号