1 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠷᠤᠨ ᠤ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠴᠡᠭᠴᠡᠯᠡᠨ ᠰᠠᠶᠢᠵᠢᠷᠠᠭᠤᠯᠬᠤ | ᠠᠵᠢᠯ ᠢ ᠲᠤᠬᠢᠷᠠᠭᠤᠯᠬᠤ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠡᠯ᠎ᠠ ᠠᠶᠢᠮᠠᠬ ᠬᠤᠳᠠ ᠪᠠ | ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠬᠤ ᠨᠢᠬᠡᠳᠦᠬᠡᠷ ᠡᠬᠡᠯᠵᠢ ᠠᠴᠠ ᠲᠤᠰᠬᠠᠭᠰᠠᠨ 49 ᠵᠦᠢᠯ ᠤᠨ ᠴᠡᠭᠴᠡᠯᠡᠨ | ᠰᠠᠶᠢᠵᠢᠷᠠᠭᠤᠯᠬᠤ ᠡᠬᠦᠷᠬᠡ᠂ 2018 ᠤᠨ ᠤ ᠪᠤᠴᠠᠵᠤ ᠪᠠᠶᠢᠴᠠᠭᠠᠨ ᠦᠵᠡᠬᠦ ᠠᠵᠢᠯᠯᠠᠭ᠎ᠠ ᠳᠤ ᠢᠯᠡᠷᠡᠭᠦᠯᠦᠭᠰᠡᠨ | 100 ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠵᠢᠴᠢ ᠤᠯᠠᠨ ᠲᠦᠮᠡᠨ ᠤ ᠢᠯᠡᠴᠢᠯᠡᠭᠰᠠᠨ | 2574ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠬᠰᠠᠨ ᠪᠠᠶᠢᠳᠠᠯ ᠢ ᠰᠣᠨᠣᠰᠣᠭᠰᠠᠨ ᠤ ᠬᠠᠮᠳᠤ᠂ ᠲᠠᠷᠠᠭᠠᠴᠢ ᠶᠢᠨ | ᠠᠯᠬᠤᠮ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠷᠢᠯᠠᠭᠤᠯᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠤᠷᠠᠯ ᠳᠤ ᠤᠷᠤᠯᠴᠠᠵᠦ ᠶᠠᠷᠢᠶ᠎ᠠ | ᠲᠠᠯᠪᠢᠵᠠᠢ᠃ | ᠪᠤᠤ ᠭᠠᠩ ᠴᠢᠬᠤᠯᠠᠴᠢᠯᠠᠭᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠳ ᠤᠯᠤᠰ | ᠲᠦᠷᠦ ᠶᠢᠨ ᠵᠤᠬᠰᠤᠴᠠ ᠪᠠᠨ ᠦᠨᠡᠨ ᠬᠦ ᠲᠡᠭᠡᠭᠰᠢᠯᠡᠬᠦᠯᠵᠦ᠂ ᠲᠡᠬᠡᠳᠤ ᠬᠡᠮᠵᠢᠶᠡᠨ ᠤ ᠤᠯᠤᠰ ᠲᠦᠷᠦ ᠶᠢᠨ ᠤᠬᠠᠮᠰᠠᠷ | ᠪᠠ ᠬᠠᠷᠢᠭᠤᠴᠠᠯᠭ᠎ᠠ ᠡᠬᠦᠷᠭᠡᠯᠡᠯ ᠢᠶᠠᠷ ᠴᠡᠭᠴᠡᠯᠡᠨ ᠰᠠᠶᠢᠵᠢᠷᠠᠭᠤᠯᠬᠤ ᠲᠦᠰᠦᠯ ᠳᠤ ᠲᠤᠭᠳᠠᠭᠠᠬᠰᠠᠨ ᠴᠠᠬ ᠤᠨ | ᠬᠢᠵᠠᠭᠠᠷᠯᠠᠯ᠂ ᠬᠠᠷᠠᠯᠳᠠ ᠪᠠ ᠠᠷᠭ᠎ᠠ ᠬᠡᠮᠵᠢᠶ᠎ᠠ ᠶᠤᠰᠤᠭᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠵᠦ᠂ ︽ | ᠬᠦᠯᠦᠨ ᠨᠠᠭᠤᠷ᠂ ᠤᠯᠠᠭᠠᠨᠰᠤᠬᠠᠢ᠂ ᠲᠠᠭ᠎ᠠ ᠶᠢᠨ ᠨᠠᠭᠤᠷ︾ ᠢ ᠵᠠᠰᠠᠬᠤ ᠵᠡᠷᠬᠡ ᠭᠤᠤᠯᠳᠠᠯᠭ᠎ᠠ ᠲᠠᠢ ᠡᠬᠦᠷᠬᠡ ᠶᠢ | ᠲᠤᠪᠤᠶᠢᠯᠭᠠᠨ ᠰᠠᠶᠢᠳᠤᠷ ᠠᠳᠬᠤᠨ᠂ ᠡᠬᠦᠷᠬᠡ ᠪᠠᠨ ᠪᠡᠶᠡᠯᠡᠬᠦᠯᠦᠬᠡᠳᠦᠢ ᠪᠣᠯ ᠪᠠᠷᠢᠯᠭ᠎ᠠ ᠶᠢ ᠲᠠᠭᠤᠰᠬᠠᠬᠤ ᠴᠠᠬ | ᠬᠤᠭᠤᠴᠠᠭ᠎ᠠ ᠶᠢ ᠲᠤᠭᠳᠠᠭᠠᠨ ᠠᠵᠢᠯ ᠤᠨ ᠠᠬᠢᠴᠠ ᠶᠢ ᠲᠦᠷᠬᠡᠳᠬᠡᠵᠦ᠂ ᠨᠢᠬᠡᠨᠳᠡ ᠪᠡᠶᠡᠯᠡᠬᠦᠯᠦᠭᠰᠡᠨ ᠪᠣᠯ ᠴᠠᠬ | ᠲᠤᠬᠠᠢ ᠳᠤ ᠨᠢ ᠰᠢᠯᠭᠠᠨ ᠬᠤᠷᠢᠶᠠᠵᠤ ᠲᠠᠩᠰᠠ ᠠᠴᠠ ᠬᠠᠰᠤᠨ᠂ ᠴᠡᠭᠴᠡᠯᠡᠨ ᠰᠠᠶᠢᠵᠢᠷᠠᠭᠤᠯᠤᠬᠰᠠᠨ ᠦᠷ᠎ᠠ | ᠪᠦᠲᠦᠬᠡᠯ ᠢ ᠪᠠᠬᠢᠵᠢᠬᠦᠯᠬᠦ ᠬᠡᠷᠡᠭᠳᠡᠢ᠃ ᠠᠶᠢᠮᠠᠬ ᠬᠤᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠ ᠲᠢᠩᠬᠢᠮ | ᠲᠤᠪᠴᠢᠶ᠎ᠠ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠬᠡᠵᠤ᠂ ᠵᠤᠬᠢᠴᠠᠭᠤᠯᠤᠨ | ᠲᠤᠬᠢᠷᠠᠭᠤᠯᠬᠤ ᠪᠠ ᠵᠠᠷᠯᠠᠨ ᠮᠡᠳᠡᠭᠳᠡᠬᠦ ᠬᠠᠷᠢᠭᠤᠴᠠᠯᠭ᠎ᠠ ᠲᠤᠯᠭᠠᠬᠤ ᠬᠦᠴᠦᠯᠡᠴᠡ ᠶᠢ ᠨᠡᠮᠡᠭᠳᠡᠬᠦᠯᠦᠨ᠂ ᠴᠡᠭᠴᠡᠯᠡᠨ | ᠰᠠᠶᠢᠵᠢᠷᠠᠭᠤᠯᠬᠤ ᠠᠵᠢᠯ ᠳᠤ ᠯᠠᠪᠳᠠᠭᠤᠨ ᠪᠠᠳᠤᠳᠠᠢ ᠦᠷ᠎ᠠ ᠪᠦᠲᠦᠮᠵᠢ ᠤᠯᠬᠤ ᠶᠢ ᠪᠠᠳᠤᠯᠠᠬᠤ ᠬᠡᠷᠡᠭᠳᠡᠢ ᠭᠡᠵᠡᠢ᠃ |