ᠪᠦᠬᠦ ᠤᠷᠤᠨ ᠤ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠤᠷᠠᠯ ᠬᠤᠷᠠᠯᠳᠤᠪᠠ  ᠪᠤᠤ ᠭᠠᠩ ᠶᠠᠷᠢᠶ᠎ᠡ ᠲᠠᠯᠪᠢᠵᠠᠢ
ᠨᠡᠶᠢᠲᠡᠯᠡᠭᠰᠡᠨ ᠴᠠᠭ᠄
2019/1/24
     1 ᠳ᠋ᠦ᠋ᠭᠡᠷ ᠰᠠᠷ᠎ᠡ ᠶᠢᠨ 21᠎ ᠤ ᠡᠳᠦᠷ᠂ ᠪᠦᠬᠦ ᠤᠷᠤᠨ ᠤ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠨᠠᠮ ᠤᠨ ᠲᠦᠪ ᠬᠤᠷᠢᠶ᠎ᠡ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2018 ᠤᠨ ᠎ ᠤ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠳ᠋ᠦᠡᠭᠨᠡᠵᠤ᠂ ᠲᠤᠯᠭᠠᠷᠠᠵᠤ ᠪᠦᠬᠦᠢ ᠪᠠᠶᠢᠳᠠᠯ ᠪᠠ ᠠᠰᠠᠭᠤᠳᠠᠯ ᠢ ᠵᠠᠳᠠᠯᠵᠤ᠂ 2019 ᠤᠨ ᠤ ᠭᠤᠤᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠪᠤᠤ ᠭᠠᠩ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃      ᠪᠤᠤ ᠭᠠᠩ ᠵᠢᠭᠠᠭᠰᠠᠨ ᠨᠢ᠂ ᠤᠯᠤᠰ ᠲᠦᠷᠦ ᠶᠢᠨ ᠵᠤᠬᠰᠤᠯᠳᠠ ᠪᠠᠨ ᠦᠨᠡᠨ ᠬᠦ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ᠡᠷᠡᠰ ᠪᠠᠳᠤ ᠰᠠᠨᠠᠭᠠᠴᠢᠯᠠᠭ᠎ᠠ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ‌ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠷᠤᠨ ᠰᠠᠭᠤᠴᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠬᠦᠳᠦᠯᠤᠨ ᠲᠠᠭᠠᠭᠤᠯᠵᠤ᠂ ᠦᠨᠳᠦᠷ ᠵᠤᠬᠰᠤᠴᠠ ᠠᠴᠠ ᠦᠵᠡᠬᠦ᠂ ᠦᠨᠳᠦᠰᠤᠨ ᠱᠠᠲᠤᠨ ᠳᠤ ᠭᠦᠨᠵᠡᠭᠡᠶᠢᠷᠡᠬᠦ᠂ ᠪᠤᠳᠠᠳᠠᠢ ᠠᠵᠢᠯ ᠢ ᠬᠢᠬᠦ ᠶᠢ ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠬᠤ ᠲᠡᠭᠡᠷ᠎ᠡ ᠬᠦᠴᠦ ᠤᠷᠤᠭᠤᠯᠵᠤ᠂ ᠪᠤᠳᠠᠳᠤ ᠠᠵᠢᠯᠯᠠᠭ᠎ᠠ ᠪᠠ ᠠᠵᠢᠯ ᠤᠨ ᠦᠷ᠎ᠡ ᠪᠦᠳᠦᠮᠵᠢ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠬᠦᠯᠬᠦ ᠭᠡᠷᠡᠭᠳᠠᠢ ᠭᠡᠵᠡᠢ᠃ ᠪᠤᠤ ᠭᠠᠩ ᠴᠢᠬᠤᠯᠠᠴᠢᠯᠠᠭᠰᠠᠨ ᠨᠢ᠂ ᠤᠳᠤᠬᠠᠨ ᠤ ᠪᠠᠶᠢᠳᠠᠯ ᠳᠤ ᠪᠤᠰᠤᠳᠴᠢ ᠤᠶᠤᠨᠴᠢ ᠪᠠᠷ ᠬᠠᠨᠳᠤᠵᠤ᠂ ᠭᠡᠷ ᠭᠠᠵᠠᠷ ᠬᠦᠷᠤᠩᠭᠡ ᠶᠢᠨ ᠵᠠᠬ᠎ᠠ ᠲᠡᠯᠬᠡᠬᠦᠷ ᠤᠨ ᠲᠤᠬᠳᠠᠭᠤᠨ ᠬᠦᠭᠵᠢᠯᠳᠠ ᠶᠢ ᠬᠦᠴᠦᠯᠠᠨ ᠠᠬᠢᠭᠤᠯᠵᠤ᠂ ᠬᠤᠳᠠ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠦᠪᠰᠢᠨ ᠢ ᠲᠡᠭᠡᠭᠰᠢᠯᠡᠬᠦᠯᠵᠤ᠂ ᠬᠤᠳᠠ ᠬᠦᠳᠡᠭᠡ ᠶᠢᠨ ᠤᠷᠤᠨ ᠰᠠᠭᠤᠴᠠ ᠶᠢᠨ ᠨᠦᠬᠦᠴᠡᠯ ᠢ ᠰᠠᠶᠢᠵᠢᠷᠠᠭᠤᠯᠵᠤ᠂ ᠤᠷᠤᠨ ᠰᠠᠭᠤᠴᠠ ᠪᠠ ᠬᠤᠳᠠ ᠬᠦᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠦᠢᠯᠡᠰ ᠤᠨ ᠴᠢᠨᠠᠷ ᠰᠠᠶᠢᠲᠠᠢ ᠬᠦᠭᠵᠢᠯᠳᠠ ᠲᠡᠭᠡᠷ᠎ᠡ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠤᠯᠬᠤ ᠶᠢ ᠠᠬᠢᠭᠤᠯᠬᠤ ᠭᠡᠷᠡᠭᠳᠠᠢ᠃ ᠨᠠᠮ ᠤᠨ ᠲᠦᠪ ᠬᠤᠷᠢᠶᠠᠨ ᠠᠴᠠ ᠳᠤᠷᠠᠳᠤᠭᠰᠠᠨ ᠵᠢᠬᠰᠠᠭᠠᠯ ᠤᠨ ᠭᠠᠵᠠᠷ ᠢᠶᠠᠨ ᠪᠠᠳᠤ ᠰᠠᠬᠢᠬᠤ᠂ ᠦᠷ᠎ᠡ ᠪᠦᠳᠦᠭᠡᠯ ᠢᠶᠠᠨ ᠪᠠᠭᠢᠵᠢᠬᠦᠯᠬᠦ ᠱᠠᠭᠠᠷᠳᠠᠯᠭ᠎ᠠ ᠶᠢᠨ ᠶᠤᠰᠤᠭᠠᠷ᠂ ᠪᠤᠬᠢᠷᠳᠤᠯ ᠢ ᠰᠡᠷᠭᠡᠶᠢᠯᠡᠨ ᠵᠠᠰᠠᠬᠤ ᠭᠤᠷᠪᠡᠨ ᠶᠡᠭᠡ ᠬᠠᠮᠠᠭᠠᠯᠠᠯᠳᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠲᠤᠰᠬᠠᠭᠰᠠᠨ ᠭᠤᠷᠪᠡᠨ ᠵᠦᠢᠯ ᠤᠨ ᠴᠢᠬᠤᠯᠠ ᠡᠬᠦᠷᠭᠡ ᠶᠢ ᠰᠠᠶᠢᠲᠤᠷ ᠠᠳᠬᠤᠵᠤ᠂ ᠡᠬᠢ ᠡᠬᠦᠰᠦᠯ ᠠᠴᠠ ᠨᠢ ᠪᠤᠬᠢᠷᠳᠦᠯ ᠢ ᠵᠠᠰᠠᠬᠤ ᠲᠦᠷᠪᠡᠨ ᠶᠡᠭᠡ ᠲᠤᠰᠬᠠᠢ ᠠᠵᠢᠯᠯᠠᠭ᠎ᠠ ᠶᠢ ᠬᠦᠨᠵᠡᠭᠡᠢ ᠰᠠᠶᠢᠲᠤᠷ ᠬᠢᠵᠤ᠂ ᠡᠯ᠎ᠡ ᠲᠠᠯ᠎ᠡ ᠶᠢᠨ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠤᠳᠠᠳᠠᠢ ᠬᠡᠷᠡᠭᠵᠢᠬᠦᠯᠵᠤ᠂ ᠦᠪᠤᠷ ᠮᠤᠩᠭᠤᠯ ᠢ ᠮᠠᠨ ᠤ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠤᠯᠤᠨ ᠡᠭᠡ ᠤᠯᠤᠰ ᠎ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠬᠤ ᠭᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号