︽ᠳᠣᠮᠳᠠᠳᠣ ᠣᠯᠣᠰ ᠤᠨ ᠰᠦᠯᠵᠢᠶᠡᠨ ᠤ ᠬᠡᠷᠡᠭ ᠶᠠᠪᠤᠳᠠᠯ · ᠦᠪᠦᠷ ᠮᠤᠩᠭᠤᠯ ᠢ ᠲᠤᠬᠳᠤᠯᠤᠭᠤᠯᠤᠬᠰᠠᠳ ︾ 2018 ᠣᠨ ᠤ ᠰᠦᠯᠵᠢᠶᠡᠨ ᠤ ᠨᠦᠯᠦᠭᠡᠳᠦ ᠬᠦᠮᠦᠰ ᠤᠨ ᠰᠢᠯᠭᠠᠷᠠᠭᠤᠯᠣᠯᠳᠠ ᠶᠢᠨ ᠦᠷ᠎ᠠ ᠳ᠋ᠦᠩ ᠲᠤᠳᠤᠷᠠᠪᠠ  ᠪᠠᠢ ᠢᠤᠢ ᠭᠠᠩ ᠱᠠᠩᠨᠠᠯ ᠤᠯᠭᠤᠬᠤ ᠶᠤᠰᠤᠯᠠᠯ ᠳᠤ ᠤᠷᠤᠯᠴᠠᠵᠠᠢ
ᠨᠡᠶᠢᠲᠡᠯᠡᠭᠰᠡᠨ ᠴᠠᠭ᠄
2019/1/24
     1 ᠳ᠋ᠦ᠋ᠭᠡᠷ ᠰᠠᠷ᠎ᠠ ᠶᠢᠨ 23᠎ ᠤ ᠡᠳᠦᠷ ᠤᠨ ᠤᠷᠤᠢ᠂ ᠰᠢᠨᠬᠤᠸᠠ ᠰᠦᠯᠵᠢᠶ᠎ᠠ᠂ ᠦᠪᠡᠷᠳᠡᠬᠡᠨ ᠵᠠᠰᠠᠬᠤ ᠤᠷᠤᠨ ᠎ ᠤ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠠᠯᠪᠠᠨ ᠬᠡᠷ ᠠᠴᠠ ᠭᠤᠤᠯᠯᠠᠨ ᠡᠷᠬᠢᠯᠡᠵᠦ᠂ ᠰᠢᠨᠬᠤᠸᠠ ᠰᠦᠯᠵᠢᠶ᠎ᠠ ᠶᠢᠨ ᠦᠪᠦᠷ ᠮᠤᠩᠭᠤᠯ ᠤᠨ ᠬᠤᠪᠢᠶᠠᠷᠢ ᠺᠤᠮᠫᠠᠨᠢ ᠠᠴᠠ ᠲᠠᠭᠠᠭᠠᠴᠢᠯᠠᠨ ᠡᠷᠬᠢᠯᠡᠭᠰᠡᠨ ︽ᠳᠣᠮᠳᠠᠳᠣ ᠣᠯᠣᠰ ᠎ ᠤᠨ ᠰᠦᠯᠵᠢᠶᠡᠨ ᠤ ᠬᠡᠷᠡᠭ ᠶᠠᠪᠤᠳᠠᠯ · ᠦᠪᠦᠷ ᠮᠤᠩᠭᠤᠯ ᠢ ᠲᠤᠬᠳᠤᠯᠤᠭᠤᠯᠤᠬᠰᠠᠳ︾ 2018 ᠣᠨ ᠤ ᠰᠦᠯᠵᠢᠶᠡᠨ ᠤ ᠨᠦᠯᠦᠭᠡᠳᠦ ᠬᠦᠮᠦᠰ ᠤᠨ ᠰᠢᠯᠭᠠᠷᠠᠭᠤᠯᠣᠯᠳᠠ ᠶᠢᠨ ᠱᠠᠩᠨᠠᠯ ᠤᠯᠭᠤᠬᠤ ᠶᠤᠰᠤᠯᠠᠯ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠤᠬᠠᠭᠤᠯᠬᠤ ᠬᠡᠯᠳᠡᠰ ᠎ ᠤᠨ ᠲᠠᠷᠤᠭ᠎ᠠ ᠪᠠᠢ ᠢᠤᠢ ᠭᠠᠩ ᠱᠠᠩᠨᠠᠯ ᠤᠯᠭᠤᠬᠤ ᠶᠤᠰᠤᠯᠠᠯ ᠳᠤ ᠤᠷᠤᠯᠴᠠᠵᠠᠢ᠃      ᠰᠦᠯᠵᠢᠶᠡᠨ ᠢᠷᠬᠡᠳ ᠪᠢᠯᠧᠲ ᠦᠭᠬᠦ ᠪᠤᠯᠤᠨ ᠲᠤᠰᠬᠠᠢ ᠮᠡᠷᠬᠡᠵᠢᠯᠳᠡᠳ ᠬᠢᠨᠠᠨ ᠲᠤᠬᠳᠠᠭᠠᠬᠤ ᠪᠠᠷ ᠲᠠᠮᠵᠢᠨ᠂ ᠪᠤᠭᠤᠳᠤ ᠶᠢᠨ ᠬᠢᠯᠢ ᠶᠢᠨ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠮᠠᠨᠳᠤᠯ᠎ᠠ ᠬᠢᠯᠢ ᠶᠢᠨ ᠲᠤᠮᠢᠯᠠᠬᠰᠠᠨ ᠰᠠᠯᠪᠤᠷᠢ ᠶᠢᠨ ᠬᠢᠯᠢ ᠬᠠᠮᠠᠭᠠᠯᠠᠬᠴᠢ ᠠᠳᠢᠶ᠎ᠠ᠂ ᠦᠪᠦᠷ ᠮᠤᠩᠭᠤᠯ ᠤᠨ ᠶᠡᠭᠡ ᠬᠢᠩᠭᠠᠨ ᠲᠠᠪᠠᠭ᠎ᠠ ᠶᠢᠨ ᠰᠢᠭᠤᠶᠢᠳᠣ ᠤᠷᠤᠨ ᠤ ᠤᠢ ᠰᠢᠭᠤᠢ ᠶᠢᠨ ᠲᠦᠢᠮᠡᠷ ᠰᠡᠷᠬᠡᠶᠢᠯᠡᠬᠦ ᠪᠠᠷᠠᠯᠠᠨ ᠠᠵᠢᠭᠯᠠᠭᠴᠢ ᠯᠢ ᠰᠢ ᠫᠢᠩ᠂ ᠡᠷᠡᠬᠦᠯ ᠡᠩᠬᠡ ᠶᠢᠨ ᠡᠯᠴᠢ ᠮᠦᠩᠬᠡ᠂ ᠪᠠᠶᠠᠨᠨᠠᠭᠤᠷ ᠬᠤᠳᠠ ᠶᠢᠨ ᠡᠮᠨᠡᠯᠬᠡ ᠶᠢᠨ ᠬᠤᠷᠢᠶ᠎ᠠ ᠶᠢᠨ ᠪᠠᠴᠢᠮ ᠠᠶᠤᠯᠳᠠᠢ ᠬᠦᠨᠳᠦ ᠡᠪᠡᠳᠴᠢᠳᠡᠨ ᠢ ᠠᠪᠤᠷᠠᠨ ᠵᠠᠰᠠᠬᠤ ᠲᠦᠪ ᠤᠨ ᠰᠤᠪᠢᠯᠠᠬᠴᠢ ᠶᠢᠨ ᠲᠠᠷᠤᠭ᠎ᠠ ᠯᠢᠦ ᠪᠢᠨ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠰᠢᠨ᠎ᠠ ᠬᠤᠳᠠ ᠲᠤᠭᠤᠷᠢᠬ ᠤᠨ ᠶᠡᠭᠡ ᠠᠩᠬᠢ ᠶᠢᠨ ᠵᠠᠮ ᠬᠠᠷᠢᠯᠴᠠᠭᠠᠨ ᠤ ᠴᠠᠬᠳᠠᠭ᠎ᠠ ᠯᠢ ᠸᠧᠨ ᠫᠦ᠋᠂ ᠬᠤᠵᠢᠷᠯᠢᠬ ᠭᠠᠵᠠᠷ ᠢ ᠰᠠᠶᠢᠵᠢᠷᠠᠭᠤᠯᠬᠤ ᠲᠤᠰᠬᠠᠢ ᠮᠡᠷᠬᠡᠵᠢᠯᠳᠡᠨ ᠪᠠᠶᠠᠷᠳᠤ᠂ ᠦᠪᠦᠷ ᠮᠤᠩᠭᠤᠯ ᠤᠨ ᠬᠦᠨᠳᠦ ᠬᠦᠩᠬᠡᠨ ᠰᠫᠣᠷᠲ ᠤᠨ ᠲᠦᠪ ᠎ ᠤᠨ ᠠᠯᠬᠤᠭ᠎ᠠ ᠤᠷᠤᠯᠳᠤᠭᠠᠨ ᠤ ᠲᠠᠮᠢᠷᠴᠢᠨ ᠶᠠᠩ ᠵᠢᠶᠠ ᠢᠤᠢ᠂ ᠬᠠᠩᠬᠢᠨ ᠬᠤᠶᠢᠳᠤ ᠬᠤᠰᠢᠭᠤᠨ ᠤ ᠹᠧᠨ ᠳ᠋ᠸᠦ ᠪᠠᠭ᠎ᠠ ᠰᠤᠷᠭᠠᠭᠤᠯᠢ ᠶᠢᠨ ᠵᠠᠬᠢᠷᠣᠯ ᠴᠧᠨ ᠭᠤᠸᠠᠩ ᠶᠦᠨ᠂ ᠤᠯᠠᠭᠠᠠᠴᠠᠪ ᠬᠤᠳᠠ ᠶᠢᠨ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠬᠦᠬᠡᠪᠦᠷ ᠪᠠᠯᠭᠠᠰᠣᠨ ᠤ ᠠ ᠯᠢᠩ ᠴᠣᠣ ᠲᠤᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠲᠠᠷᠤᠭ᠎ᠠ ᠪᠦᠬᠡᠳ ᠨᠢᠬᠡᠳᠦᠬᠡᠷ ᠱᠦᠵᠢ ᠰᠢᠶᠧ ᠯᠢᠶᠠᠩ᠂ ᠤᠯᠤᠰ ᠤᠨ ᠴᠠᠬᠢᠯᠭᠠᠨ ᠤ ᠳᠣᠣᠷ ᠤᠨ ᠦᠪᠦᠷ ᠮᠤᠩᠭᠤᠯ ᠤᠨ ᠵᠡᠬᠦᠨ ᠬᠡᠰᠡᠭ ᠤᠨ ᠴᠠᠬᠢᠯᠭᠠᠨ ᠤ ᠬᠦᠴᠦᠨ ᠤ ᠺᠤᠮᠫᠠᠨᠢ ᠶᠢᠨ ᠤᠨᠴᠠ ᠦᠨᠳᠦᠷ ᠬᠦᠴᠦᠳᠡᠯᠳᠦ ᠴᠠᠬᠢᠯᠭᠠᠨ ᠬᠦᠷᠬᠡᠬᠦ ᠡᠮᠡᠭᠳᠡᠢ ᠶᠢᠨ ᠪᠠᠬ ᠵᠡᠷᠭᠡ 10 ᠬᠦᠮᠦᠨ ︵ᠠᠩᠬᠢ︶᠎ ᠢ ᠣᠨ ᠤ ᠰᠦᠯᠵᠢᠶᠡᠨ ᠤ ᠨᠦᠯᠦᠭᠡᠳᠦ ᠬᠦᠮᠦᠰ ᠢᠶᠠᠷ ᠰᠢᠯᠭᠠᠷᠠᠭᠤᠯᠣᠨ ᠭᠠᠷᠭᠠᠵᠠᠢ᠃ ᠮᠦᠩᠬᠡ ᠪᠠᠰᠠ ᠬᠦᠮᠦᠰ ᠤᠨ ᠠᠩᠬᠠᠷᠤᠯ ᠢ ᠬᠠᠮᠤᠬ ᠠᠴᠠ ᠲᠠᠳᠠᠬᠰᠠᠨ ᠰᠦᠯᠵᠢᠶᠡᠨ ᠤ ᠨᠦᠯᠦᠭᠡᠳᠦ ᠬᠦᠮᠦᠨ ᠢᠶᠠᠷ ᠦᠨᠡᠯᠡᠭᠳᠡᠵᠡᠢ᠃      ︽ᠲᠤᠮᠳᠠᠳᠤ ᠤᠯᠤᠰ ᠤᠨ ᠰᠦᠯᠵᠢᠶᠡᠨ ᠤ ᠬᠡᠷᠡᠭ ᠶᠠᠪᠤᠳᠠᠯ︾ ᠣᠨ ᠤ ᠰᠦᠯᠵᠢᠶᠡᠨ ᠤ ᠨᠦᠯᠦᠭᠡᠳᠦ ᠬᠦᠮᠦᠰ ᠎ ᠢ ᠰᠢᠯᠭᠠᠷᠠᠭᠤᠯᠬᠤ ᠠᠵᠢᠯᠯᠠᠭ᠎ᠠ ᠶᠢ ᠰᠢᠨᠬᠤᠸᠠ ᠬᠤᠷᠢᠶ᠎ᠠ ᠭᠤᠤᠯᠯᠠᠨ ᠡᠷᠬᠢᠯᠡᠵᠦ᠂ ᠰᠢᠨᠬᠤᠸᠠ ᠰᠦᠯᠵᠢᠶ᠎ᠡ᠂ ᠲᠤᠮᠳᠠᠳᠤ ᠤᠯᠤᠰ ᠤᠨ ᠰᠦᠯᠵᠢᠶᠡᠨ ᠤ ᠬᠡᠷᠡᠭ ᠶᠠᠪᠤᠳᠠᠯ ᠲᠠᠭᠠᠭᠠᠴᠢᠯᠠᠨ ᠡᠷᠬᠢᠯᠡᠵᠦ᠂ ᠪᠦᠬᠦ ᠤᠯᠤᠰ ᠲᠤ ᠬᠠᠮᠤᠬ ᠤᠨ ᠨᠦᠯᠦᠬᠡ ᠲᠠᠢ ᠰᠦᠯᠵᠢᠶᠡᠨ ᠤ ᠤᠬᠠᠭᠤᠯᠭ᠎ᠠ ᠶᠢᠨ ᠲᠦᠷᠦᠯ ᠲᠡᠮᠳᠡᠭ ᠪᠤᠯᠵᠠᠢ᠃ ︽ᠳᠣᠮᠳᠠᠳᠣ ᠣᠯᠣᠰ ᠤᠨ ᠰᠦᠯᠵᠢᠶᠡᠨ ᠤ ᠬᠡᠷᠡᠭ ᠶᠠᠪᠤᠳᠠᠯ · ᠦᠪᠦᠷ ᠮᠤᠩᠭᠤᠯ ᠢ ᠲᠤᠬᠳᠤᠯᠤᠭᠤᠯᠤᠬᠰᠠᠳ︾ ᠰᠦᠯᠵᠢᠶᠡᠨ ᠤ ᠨᠦᠯᠦᠭᠡᠳᠦ ᠬᠦᠮᠦᠰ ᠢ ᠰᠢᠯᠭᠠᠷᠠᠭᠤᠯᠬᠤ ᠠᠵᠢᠯᠯᠠᠭ᠎ᠠ ᠪᠤᠯ ︽ᠲᠤᠮᠳᠠᠳᠤ ᠤᠯᠤᠰ ᠤᠨ ᠰᠦᠯᠵᠢᠶᠡᠨ ᠤ ᠬᠡᠷᠡᠭ ᠶᠠᠪᠤᠳᠠᠯ︾᠎ ᠤᠨ ᠦᠪᠦᠷ ᠮᠤᠩᠭᠤᠯ ᠳᠠᠬᠢ ᠣᠷᠳᠣᠳᠬᠠᠯ ᠦᠷᠬᠦᠯᠵᠢᠯᠡᠯ ᠪᠤᠯᠤᠨ᠎ᠠ᠃ ᠰᠢᠯᠭᠠᠷᠠᠭᠤᠯᠬᠤ ᠠᠵᠢᠯᠯᠠᠭ᠎ᠠ ᠨᠢ 2018 ᠣᠨ ᠎ ᠤ 5 ᠳ᠋ᠤᠭᠠᠷ ᠰᠠᠷ᠎ᠠ ᠳᠤ ᠡᠬᠢᠯᠡᠭᠰᠡᠨ ᠠᠴᠠ ᠨᠠᠭᠠᠰᠢ᠂ ᠪᠦᠬᠦ ᠤᠷᠤᠨ ᠳᠤ ᠬᠠᠨᠳᠤᠭᠤᠯᠤᠨ ᠵᠢᠱᠢᠭᠳᠡᠭᠴᠢ ᠴᠤᠬᠯᠠᠭᠤᠯᠵᠤ᠂ ᠨᠡᠶᠢᠳᠡ 300 ᠭᠠᠷᠤᠢ ᠬᠦᠮᠦᠨ ︵ᠠᠩᠬᠢ︶ ᠨᠡᠷ᠎ᠡ ᠮᠡᠳᠡᠬᠦᠯᠦᠨ᠂ ᠵᠤᠬᠢᠶᠠᠨ ᠪᠠᠶᠢᠭᠤᠯᠬᠤ ᠺᠤᠮᠢᠰ 50 ᠵᠢᠱᠢᠭᠳᠡᠭᠴᠢ ᠶᠢ ᠰᠢᠯᠭᠠᠷᠠᠭᠤᠯᠵᠤ᠂ ᠰᠦᠯᠵᠢᠶ᠎ᠡ ᠪᠠᠷ ᠰᠢᠯᠭᠠᠷᠠᠭᠤᠯᠬᠤ ᠪᠠ ᠲᠤᠰᠬᠠᠢ ᠮᠡᠷᠬᠡᠵᠢᠯᠳᠡᠳ ᠤᠨ ᠬᠢᠨᠠᠨ ᠲᠤᠬᠳᠠᠭᠠᠬᠤ ᠭᠤᠬᠴᠤᠭ᠎ᠠ ᠳᠤ ᠤᠷᠤᠭᠤᠯᠵᠠᠢ᠃ ᠡᠬᠦᠨ ᠳᠤ᠂ ᠰᠦᠯᠵᠢᠶ᠎ᠠ ᠪᠠᠷ ᠰᠢᠯᠭᠠᠷᠠᠭᠤᠯᠬᠤ ᠱᠠᠳᠤᠨ ᠳᠤ᠂ ᠪᠢᠯᠧᠲ ᠦᠭᠬᠦᠭᠰᠡᠨ ᠬᠦᠮᠦᠨ ᠤ ᠲᠤᠭ᠎ᠠ 530 ᠲᠦᠮᠡᠨ ᠬᠦᠮᠦᠨ ᠤᠳᠠᠭ᠎ᠠ ᠶᠢ ᠲᠠᠪᠠᠵᠠᠢ᠃ ᠡᠴᠦᠰ ᠲᠤ᠂ ᠰᠦᠯᠵᠢᠶᠡᠨ ᠤ ᠪᠢᠯᠧᠲ ᠦᠭᠬᠦᠭᠰᠡᠨ ᠦᠷ᠎ᠡ ᠳ᠋ᠦᠩ ᠪᠤᠯᠤᠨ ᠲᠤᠰᠬᠠᠢ ᠮᠡᠷᠬᠡᠵᠢᠯᠳᠡᠳ ᠤᠨ ᠬᠢᠨᠠᠨ ᠲᠤᠬᠳᠠᠭᠠᠬᠰᠠᠨ ᠦᠷ᠎ᠡ ᠳ᠋ᠦᠩ ᠢ ᠦᠨᠳᠦᠰᠦᠯᠡᠨ᠂ 10 ᠬᠦᠮᠦᠨ ︵ᠠᠩᠬᠢ︶᠎ ᠢ 2018 ᠰᠦᠯᠵᠢᠶᠡᠨ ᠤ ᠨᠦᠯᠦᠭᠡᠳᠦ ᠬᠦᠮᠦᠰ ᠪᠤᠯᠤᠨ 2018 ᠬᠦᠮᠦᠰ ᠤᠨ ᠠᠩᠬᠠᠷᠤᠯ ᠢ ᠬᠠᠮᠤᠬ ᠠᠴᠠ ᠲᠠᠳᠠᠬᠰᠠᠨ ᠰᠦᠯᠵᠢᠶᠡᠨ ᠤ ᠨᠦᠯᠦᠭᠡᠳᠦ ᠬᠦᠮᠦᠨ ᠢ ᠰᠢᠯᠭᠠᠷᠠᠭᠤᠯᠣᠨ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号