| ᠥᠪᠥᠷ ᠵᠠᠰᠠᠭ ᠠᠯᠪᠠᠨ ᠲᠠᠷᠬᠠᠭᠠᠭᠰᠠᠨ ﹇2018﹈ 56 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠳᠤ᠄ | ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ ᠤᠨ ᠲᠤᠭᠲᠠᠭᠠᠭᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠠᠬᠢ ᠵᠤᠷᠯᠤᠩ ᠪᠠᠶᠢᠭᠤᠯᠵᠣ | ᠬᠠᠮᠢᠶᠠᠷᠬᠤ ᠭᠤᠷᠪᠠᠨ ᠵᠢᠯ ᠤᠨ ᠬᠡᠷᠡᠭᠵᠢᠭᠦᠯᠬᠦ ᠲᠦᠰᠦᠯ ︵2018 — 2020 ᠣᠨ︶︾ ᠢ ᠦᠪᠡᠷᠲᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠳᠠᠬᠢ ᠵᠤᠷᠯᠤᠩ ᠪᠠᠶᠢᠭᠤᠯᠵᠣ | ᠬᠠᠮᠢᠶᠠᠷᠬᠤ ᠭᠤᠷᠪᠠᠨ ᠵᠢᠯ ᠤᠨ ᠬᠡᠷᠡᠭᠵᠢᠭᠦᠯᠬᠦ ᠲᠦᠰᠦᠯ ︵2018 - 2020 ᠣᠨ︶ | ︵ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ 2018 ᠤᠨ ᠤ 8 ᠳ᠋ᠤᠭᠠᠷ ᠰᠠᠷ᠎ᠠ︶ | | | ᠣᠷᠣᠰᠢᠨ ᠰᠠᠭᠤᠷᠢᠰᠢᠬᠤ ᠤᠷᠴᠢᠨ ᠢ ᠤᠯᠠᠮ ᠨᠢᠭᠡ ᠠᠯᠬᠤᠮ ᠰᠠᠶᠢᠵᠢᠷᠠᠭᠤᠯᠣᠨ᠂ ᠤᠯᠠᠨ ᠲᠦᠮᠡᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠣ᠂ ︽ᠦᠵᠡᠮᠵᠢ ᠶᠢᠨ ᠰᠠᠶᠢᠬᠠᠨ ᠦᠪᠦᠷ ᠮᠤᠩᠭᠤᠯ︾ ︽ | ᠪᠤᠯᠪᠠᠰᠤᠨ ᠦᠪᠦᠷ ᠮᠤᠩᠭᠤᠯ︾ ᠤᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠤ᠂ ᠮᠠᠨ ᠤ ᠤᠷᠤᠨ ᠤ ᠬᠤᠲᠠ | ᠪᠠᠯᠭᠠᠰᠤ᠂ ᠮᠠᠯᠵᠢᠬᠤ ᠲᠠᠷᠢᠶᠠᠯᠠᠬᠤ ᠤᠷᠤᠨ ᠵᠢᠴᠢ ᠦᠵᠡᠮᠵᠢ ᠶᠢᠨ ᠤᠷᠤᠨ ︵ᠵᠢᠭᠤᠯᠴᠢᠯᠠᠯ ᠤᠨ ᠤᠷᠤᠨ᠂ ᠳᠤᠷᠤᠭᠰᠢ | ᠠᠳᠠᠯᠢ︶ ᠳᠠᠬᠢ ᠵᠤᠷᠯᠤᠩ ᠪᠠᠶᠢᠭᠤᠯᠵᠣ ᠬᠠᠮᠢᠶᠠᠷᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠵᠤᠷᠯᠤᠩ ᠤᠨ | ᠠᠷᠢᠭᠤᠨ ᠴᠡᠪᠡᠷ ᠤᠨ ᠴᠢᠨᠠᠷ ᠴᠢᠨᠰᠠᠭ᠎ᠠ ᠪᠠ ᠴᠡᠭᠴᠡᠯᠡᠨ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠰᠠᠶᠢᠵᠢᠷᠠᠭᠤᠯᠵᠣ ᠳᠡᠭᠡᠭᠰᠢᠯᠡᠭᠦᠯᠬᠦ ᠶᠢᠨ ᠲᠤᠰᠠᠳᠠ᠂ ᠲᠤᠰ ᠲᠦᠰᠦᠯ ᠢ ᠲᠤᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠤᠯᠤᠨ ᠶᠡᠷᠦᠩᠬᠡᠢ ᠱᠦᠵᠢ ᠰᠢ ᠶᠢᠨ | ᠫᠢᠡᠭ ᠤᠨ ︽ᠵᠤᠷᠯᠤᠩ ᠤᠨ ᠬᠤᠪᠢᠰᠤᠯᠲᠠ︾ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ | ᠬᠢᠨᠡᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠬᠡᠷᠡᠭᠯᠡᠬᠦ ᠳᠤ ᠲᠦᠭᠦᠮ ᠲᠤᠬᠢᠷᠠᠮᠵᠢᠲᠠᠢ᠂ ᠭᠠᠵᠠᠷ | ᠤᠷᠤᠨ ᠤ ᠪᠤᠲᠠᠲᠠᠢ ᠳᠤ ᠲᠣᠬᠢᠷᠠᠬᠤ᠂ ᠲᠤᠷᠰᠢᠯᠲᠠ ᠶᠢᠨ ᠴᠡᠭ ᠢᠶᠠᠷ ᠬᠦᠳᠦᠯᠦᠮᠵᠢ ᠪᠤᠯᠭᠠᠬᠤ᠂ ᠪᠠᠶᠢᠭᠤᠯᠬᠤ ᠪᠠ | ᠬᠠᠮᠢᠶᠠᠷᠬᠤ ᠶᠢ ᠬᠠᠮᠲᠤ ᠳᠤ ᠨᠢ ᠴᠢᠬᠤᠯᠴᠢᠯᠠᠬᠤ᠂ ᠬᠠᠷᠢᠭᠤᠴᠠᠯᠭ᠎ᠠ ᠶᠢ ᠲᠤᠳᠤᠷᠬᠠᠢ ᠪᠠᠶᠢᠯᠭᠠᠬᠤ ᠵᠠᠷᠴᠢᠮ ᠢ | ᠪᠠᠷᠢᠮᠲᠠᠯᠠᠨ᠂ ᠬᠢᠮᠳᠠ ᠮᠦᠷᠳᠡᠭᠡᠨ ᠲᠣᠬᠢᠯᠢᠬ᠂ ᠪᠠᠶᠢᠷᠢᠰᠢᠭᠤᠯᠣᠯᠳᠠ ᠨᠢ ᠵᠤᠬᠢᠰᠲᠠᠢ᠂ ᠲᠤᠭ᠎ᠠ ᠬᠡᠮᠵᠢᠶ᠎ᠡ ᠨᠢ | ᠲᠤᠬᠢᠷᠠᠮᠵᠢᠲᠠᠢ᠂ ᠪᠤᠬᠢᠷᠳᠤᠯ ᠦᠭᠡᠢ ᠪᠦᠭᠡᠣᠨ ᠤᠷᠴᠢᠨ ᠲᠤᠭᠤᠷᠢᠨ ᠢ ᠬᠠᠮᠠᠭᠠᠯᠠᠬᠰᠠᠨ᠂ ᠪᠠᠷᠢᠮᠵᠢᠶ᠎ᠠ ᠨᠢ | ᠵᠢᠷᠤᠮᠵᠢᠭᠰᠠᠨ ᠱᠠᠭᠠᠷᠳᠠᠯᠭ᠎ᠠ ᠶᠤᠰᠤᠭᠠᠷ᠂ ᠬᠤᠲᠠ ᠪᠠᠯᠭᠠᠰᠤ᠂ ᠦᠵᠡᠮᠵᠢ ᠶᠢᠨ ᠤᠷᠤᠨ ᠳᠤ ︽ᠨᠢᠭᠡ ᠪᠦᠯᠦᠭ ᠢ ᠨᠢ | ᠰᠢᠨ᠎ᠡ ᠪᠠᠷ ᠪᠠᠶᠢᠭᠤᠯᠵᠣ᠂ ᠨᠢᠭᠡ ᠪᠦᠯᠦᠭ ᠢ ᠨᠢ ᠦᠭᠡᠷᠡᠴᠢᠯᠡᠵᠣ ᠦᠷᠭᠡᠳᠭᠡᠨ ᠪᠠᠶᠢᠭᠤᠯᠵᠣ᠂ ᠨᠢᠭᠡ ᠪᠦᠯᠦᠭ ᠢ ᠨᠢ | ᠴᠢᠯᠦᠭᠡᠲᠡᠢ ᠨᠡᠬᠡᠭᠡᠬᠦ︾ ᠪᠠ ᠮᠠᠯᠵᠢᠬᠤ ᠲᠠᠷᠢᠶᠠᠯᠠᠬᠤ ᠤᠷᠤᠨ ᠳᠤ ᠲᠦᠷᠦ ᠶᠢᠨ ᠪᠤᠳᠤᠯᠭ᠎ᠠ ᠪᠠᠷ ᠵᠢᠯᠤᠭᠤᠳᠤᠮᠵᠢ | ᠪᠤᠯᠭᠠᠨ᠂ ᠮᠠᠯᠴᠢᠨ ᠲᠠᠷᠢᠶᠠᠴᠢᠣᠨ ᠰᠠᠶᠢᠨ ᠲᠤᠷ᠎ᠠ ᠠᠴᠠ ᠪᠠᠨ ᠪᠠᠶᠢᠬᠤ᠂ ᠨᠡᠶᠢᠭᠡᠮ ᠤᠨ ᠬᠢᠨ ᠤ ᠤᠷᠤᠯᠴᠠᠬᠤ᠂ | ᠱᠠᠲᠤᠴᠢᠯᠠᠨ ᠠᠬᠢᠭᠤᠯᠬᠤ ᠠᠵᠢᠯ ᠤᠨ ᠰᠡᠳᠬᠢᠮᠵᠢ ᠪᠠᠷ ᠵᠠᠰᠠᠭ ᠤᠨ ᠤᠷᠳᠤᠨ᠂ ᠨᠡᠶᠢᠭᠡᠮ᠂ ᠵᠠᠬ᠎ᠠ ᠳᠡᠯᠭᠡᠭᠦᠷ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠲᠠ ᠪᠠᠯᠭᠠᠰᠤ᠂ ᠦᠵᠡᠮᠵᠢ ᠶᠢᠨ ᠤᠷᠤᠨ ᠳᠤ ᠲᠤᠭᠲᠠᠮᠠᠯ ᠪᠠᠶᠢᠯᠭᠠᠬᠤ | ᠨᠡᠶᠢᠲᠡ ᠶᠢᠨ ᠵᠤᠷᠯᠤᠩ ᠢᠶᠠᠷ ᠭᠤᠤᠯᠯᠠᠭᠤᠯᠵᠤ᠂ ᠰᠢᠯᠵᠢᠭᠦᠯᠵᠣ ᠪᠣᠯᠬᠤ ᠨᠡᠶᠢᠲᠡ ᠶᠢᠨ ᠵᠤᠷᠯᠤᠩ ᠢ ᠬᠠᠪᠰᠤᠷᠭᠠᠨ᠂ | ᠵᠡᠭᠡᠯᠢ ᠳᠠᠠᠭᠤ ᠶᠢᠨ ᠬᠡᠰᠡᠭ ᠤᠯᠠᠨ ᠨᠡᠶᠢᠲᠡ ᠶᠢᠨ ᠪᠠᠷᠢᠯᠭ᠎ᠠ ᠶᠢᠨ ᠳᠤᠲᠤᠷᠠᠬᠢ ᠵᠤᠷᠯᠤᠩ ᠢ ᠴᠢᠯᠤᠭᠡᠲᠡᠢ ᠨᠡᠬᠡᠭᠡᠬᠦ ᠪᠠ | ᠮᠠᠯᠵᠢᠬᠤ ᠲᠠᠷᠢᠶᠠᠯᠠᠬᠤ ᠤᠷᠤᠨ ᠳᠤ ᠡᠷᠦᠬᠡ ᠪᠠᠷ ᠬᠡᠷᠡᠭᠯᠡᠬᠦ ᠠᠷᠢᠭᠤᠨ ᠴᠡᠪᠡᠷ ᠵᠤᠷᠯᠤᠩ ᠢᠶᠠᠷ ᠭᠤᠤᠯᠯᠠᠭᠤᠯᠬᠤ ᠶᠢᠨ | ᠬᠠᠮᠲᠦ᠂ ᠨᠡᠶᠢᠲᠡ ᠶᠢᠨ ᠵᠤᠷᠯᠤᠩ ᠢ ᠲᠣᠬᠢᠷᠠᠭᠤᠯᠣᠨ ᠪᠠᠶᠢᠭᠤᠯᠬᠤ ᠰᠢᠨ᠎ᠡ ᠲᠦᠯᠦᠪ ᠪᠠᠶᠢᠳᠠᠯ ᠢ ᠪᠤᠢ ᠪᠣᠯᠭᠠᠨ᠎ᠠ᠃ | ᠬᠤᠲᠠ ᠬᠦᠳᠡᠭᠡ ᠶᠢᠨ ᠨᠡᠶᠢᠲᠡ ᠶᠢᠨ ᠵᠤᠷᠯᠤᠩ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠡᠪᠬᠢ ᠶᠢ | ᠳᠡᠭᠡᠭᠰᠢᠯᠡᠭᠦᠯᠦᠨ᠂ ᠮᠠᠨ ᠤ ᠤᠷᠤᠨ ᠤ ᠬᠤᠲᠠ ᠭᠦᠳᠡᠭᠡ ᠶᠢᠨ ᠠᠷᠠᠳ ᠤᠯᠠᠨ ᠤ ᠬᠡᠷᠡᠭᠯᠡᠬᠦ ᠵᠤᠷᠯᠤᠩ ᠤᠨ ᠤᠷᠴᠢᠨ | ᠲᠤᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠬᠤᠲᠠ ᠭᠦᠳᠡᠭᠡ ᠶᠢᠨ ᠪᠤᠯᠪᠠᠰᠤᠨ ᠤ ᠪᠠᠶᠢᠭᠤᠯᠤᠯᠲᠠ ᠶᠢ | ᠠᠬᠢᠭᠤᠯᠤᠨ᠂ ᠵᠠᠰᠠᠭ ᠤᠨ ᠤᠷᠳᠤᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠣᠨ᠎ᠠ᠃ | ᠬᠤᠶᠠᠷ᠂ ᠠᠵᠢᠯ ᠤᠨ ᠬᠠᠷᠠᠯᠲᠠ | 2020 ᠤᠨ ᠤ ᠰᠡᠭᠦᠯᠴᠢ ᠪᠤᠯᠬᠤ ᠳᠤ᠂ ᠪᠦᠬᠦ ᠤᠷᠤᠨ ᠤ ᠬᠤᠲᠠ ᠪᠠᠯᠭᠠᠰᠤ᠂ ᠦᠵᠡᠮᠵᠢ ᠶᠢᠨ ᠤᠷᠤᠨ᠂ | ᠮᠠᠯᠵᠢᠬᠤ ᠲᠠᠷᠢᠶᠠᠯᠠᠬᠤ ᠤᠷᠤᠨ ᠤ ᠨᠡᠶᠢᠲᠡ ᠶᠢᠨ ᠵᠤᠷᠯᠤᠩ ᠤᠨ ᠲᠤᠭ᠎ᠠ᠂ ᠲᠠᠷᠬᠠᠯᠲᠠ᠂ ᠢᠯᠭᠠᠬᠤ ᠲᠡᠮᠳᠡᠭ᠂ | ᠪᠡᠯᠡᠳᠭᠡᠮᠵᠢ ᠪᠠ ᠬᠠᠮᠢᠶᠠᠷᠤᠯᠲᠠ ᠵᠡᠷᠭᠡ ᠲᠠᠯ᠎ᠠ ᠳᠤ ᠤᠷᠤᠰᠢᠵᠤ ᠪᠠᠶᠢᠭ᠎ᠠ ᠠᠰᠠᠭᠤᠳᠠᠯ ᠢ ᠦᠨᠳᠦᠰᠦᠨ ᠳᠤ ᠪᠠᠨ | ᠰᠢᠢᠳᠪᠦᠷᠢᠯᠡᠵᠦ᠂ ᠵᠤᠷᠯᠤᠩ ᠤᠨ ᠤᠷᠴᠢᠨ ᠲᠤᠭᠤᠷᠢᠨ ᠢ ᠢᠯᠡᠳᠲᠡ ᠰᠠᠶᠢᠵᠢᠷᠠᠭᠤᠯᠤᠨ᠎ᠠ᠃ ᠪᠦᠬᠦ ᠤᠷᠤᠨ ᠤ ᠬᠤᠲᠠ | ᠪᠠᠯᠭᠠᠰᠤᠨ ︵ᠵᠦᠪᠬᠡᠨ ᠬᠤᠲᠠ ᠶᠢᠨ ᠲᠡᠭᠦᠷᠭᠡ ᠶᠢᠨ ᠪᠠᠯᠭᠠᠰᠤ ᠪᠠᠭᠳᠠᠨ᠎ᠠ᠂ ᠳᠤᠷᠤᠭᠰᠢ ᠠᠳᠠᠯᠢ︶ ᠳᠤ 8257 | ᠵᠤᠷᠯᠤᠩ ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠨ ᠦᠷᠭᠡᠳᠭᠡᠵᠣ ᠪᠠᠶᠢᠭᠤᠯᠤᠨ᠎ᠠ᠂ ᠡᠭᠦᠨ ᠳᠤ 2851 | ᠵᠣᠷᠯᠣᠩ ᠢ ᠰᠢᠨ᠎ᠡ ᠪᠠᠷ ᠪᠠᠶᠢᠭᠤᠯᠵᠣ᠂ 5406 ᠵᠣᠷᠯᠣᠩ ᠢ ᠦᠭᠡᠷᠡᠴᠢᠯᠡᠵᠣ ᠦᠷᠭᠡᠳᠭᠡᠨ ᠪᠠᠶᠢᠭᠤᠯᠤᠨ᠎ᠠ︔ | ᠦᠵᠡᠮᠵᠢ ᠶᠢᠨ ᠤᠷᠤᠨ ᠳᠤ 2403 ᠵᠤᠷᠯᠤᠩ ᠢ ᠰᠢᠨ᠎ᠡ ᠪᠠᠷ ᠪᠠᠶᠢᠭᠤᠯᠬᠤ ᠪᠠ ᠦᠬᠡᠷᠡᠴᠢᠯᠡᠨ ᠦᠷᠭᠡᠳᠭᠡᠵᠣ | ᠪᠠᠶᠢᠭᠤᠯᠤᠨ᠎ᠠ᠂ ᠡᠭᠦᠨ ᠳᠤ 1981 ᠵᠣᠷᠯᠣᠩ ᠢ ᠰᠢᠨ᠎ᠡ ᠪᠠᠷ ᠪᠠᠶᠢᠭᠤᠯᠵᠣ᠂ 422 ᠵᠣᠷᠯᠣᠩ ᠢ ᠦᠭᠡᠷᠡᠴᠢᠯᠡᠵᠦ | ᠦᠷᠭᠡᠳᠭᠡᠨ ᠪᠠᠶᠢᠭᠤᠯᠤᠨ᠎ᠠ︔ ᠮᠠᠯᠵᠢᠬᠤ ᠲᠠᠷᠢᠶᠠᠯᠠᠬᠤ ᠤᠷᠤᠨ ᠳᠤ ᠵᠤᠷᠯᠤᠩ ᠤᠨ ᠲᠦᠭᠡᠮᠡᠯᠵᠢᠬᠦ ᠨᠤᠷᠮ᠎ᠠ ᠶᠢ | 85% ᠤᠷᠴᠢᠮ ᠪᠣᠯᠭᠠᠨ᠎ᠠ᠃ ᠨᠦᠬᠦᠴᠡᠯ ᠲᠠᠢ ᠭᠠᠵᠠᠷ ᠤᠷᠤᠨ ᠤ ᠬᠤᠲᠠ ᠪᠠᠯᠭᠠᠰᠤ᠂ ᠦᠵᠡᠮᠵᠢ ᠶᠢᠨ | ᠤᠷᠤᠨ ᠳᠠᠬᠢ ᠨᠡᠶᠢᠲᠡ ᠶᠢᠨ ᠵᠤᠷᠯᠤᠩ ᠤᠨ ᠤᠷᠴᠢᠨ ᠲᠤᠭᠤᠷᠢᠨ ᠠᠷᠢᠭᠤᠨ ᠴᠡᠪᠡᠷ ᠤᠨ ᠴᠢᠨᠠᠷ ᠴᠢᠨᠰᠠᠭ᠎ᠠ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠤᠰᠤ ᠪᠠᠷ ᠴᠡᠪᠡᠷᠯᠡᠬᠦ ᠵᠣᠷᠯᠣᠩ ᠤᠨ ᠪᠠᠷᠢᠮᠵᠢᠶ᠎ᠠ ᠳᠤ ᠭᠦᠷᠭᠡᠭᠦ ᠶᠢ | ᠦᠨᠳᠦᠰᠦᠨ ᠳᠤ ᠪᠠᠨ ᠪᠡᠶᠡᠯᠡᠭᠦᠯᠭᠦ ᠶᠢᠨ ᠬᠠᠮᠲᠤ᠂ ᠤᠷᠲᠤ ᠬᠤᠭᠤᠴᠠᠭᠠᠨ ᠤ ᠪᠦᠲᠦᠮᠵᠢᠲᠦ ᠬᠠᠮᠢᠶᠠᠷᠤᠯᠲᠠ ᠶᠢᠨ | ᠲᠤᠭᠲᠠᠴᠠ ᠶᠢ ᠪᠦᠷᠢᠯᠳᠦᠭᠦᠯᠵᠦ᠂ ᠮᠠᠯᠵᠢᠬᠤ ᠲᠠᠷᠢᠶᠠᠯᠠᠬᠤ ᠤᠷᠤᠨ ᠳᠠᠬᠢ ᠡᠷᠦᠬᠡ ᠭᠡᠷ ᠤᠨ ᠵᠤᠷᠯᠤᠩ᠂ ᠨᠡᠶᠢᠲᠡ ᠶᠢᠨ | ᠵᠤᠷᠯᠤᠩ ᠤᠨ ᠤᠷᠴᠢᠨ ᠲᠤᠭᠤᠷᠢᠨ ᠠᠷᠢᠭᠤᠨ ᠴᠡᠪᠡᠷ ᠤᠨ ᠴᠢᠨᠠᠷ ᠴᠢᠨᠰᠠᠭ᠎ᠠ ᠶᠢ ᠨᠠᠶᠢᠳᠡᠮ ᠳᠡᠭᠡᠭᠰᠢᠯᠡᠭᠦᠯᠦᠨ᠂ | ᠵᠤᠷᠯᠤᠩ ᠤᠨ ᠢᠯᠭᠠᠳᠠᠰᠤ ᠪᠤᠷᠲᠠᠭ ᠢ ᠠᠷᠢᠯᠭᠠᠨ ᠵᠠᠰᠠᠬᠤ ᠠᠵᠢᠯ ᠢ ᠵᠡᠷᠭᠡ ᠳᠤ ᠨᠢ ᠬᠡᠷᠡᠭᠵᠢᠭᠦᠯᠦᠨ᠎ᠡ︔ ᠪᠤᠰᠤᠳ | ᠭᠠᠵᠠᠷ ᠤᠷᠤᠨ ᠤ ᠬᠤᠲᠠ ᠪᠠᠯᠭᠠᠰᠤ᠂ ᠦᠵᠡᠮᠵᠢ ᠶᠢᠨ ᠤᠷᠤᠨ ᠳᠠᠬᠢ ᠨᠡᠶᠢᠲᠡ ᠶᠢᠨ ᠵᠤᠷᠯᠤᠩ ᠤᠨ ᠤᠷᠴᠢᠨ | ᠲᠤᠭᠤᠷᠢᠨ ᠠᠷᠢᠭᠤᠨ ᠴᠡᠪᠡᠷ ᠤᠨ ᠴᠢᠨᠠᠷ ᠴᠢᠨᠰᠠᠭ᠎ᠠ ᠶᠢ ᠨᠡᠶᠢᠳᠡᠮ ᠳᠤ ᠨᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ | ᠤᠷᠤᠨ ᠳᠠᠬᠢ ᠡᠷᠦᠬᠡ ᠭᠡᠷ ᠤᠨ ᠵᠤᠷᠯᠤᠩ᠂ ᠨᠡᠶᠢᠲᠡ ᠶᠢᠨ ᠵᠤᠷᠯᠤᠩ ᠤᠨ ᠤᠷᠴᠢᠨ ᠲᠤᠭᠤᠷᠢᠨ ᠠᠷᠢᠭᠤᠨ ᠴᠡᠪᠡᠷ ᠤᠨ | ᠴᠢᠨᠠᠷ ᠴᠢᠨᠰᠠᠭ᠎ᠠ ᠶᠢ ᠦᠨᠳᠦᠰᠦᠨ ᠳᠡᠭᠡᠨ ᠰᠠᠶᠢᠵᠢᠷᠠᠭᠤᠯᠵᠦ᠂ ᠲᠤᠬᠠᠢ ᠶᠢᠨ ᠭᠠᠵᠠᠷ ᠤᠨ ᠪᠤᠲᠠᠲᠤ ᠬᠢᠷᠢ | ᠲᠦᠪᠰᠢᠨ ᠳᠤ ᠲᠤᠬᠢᠷᠠᠭᠰᠠᠨ ᠡᠷᠦᠬᠡ ᠭᠡᠷ ᠤᠨ ᠠᠷᠢᠭᠤᠨ ᠴᠡᠪᠡᠷ ᠵᠤᠷᠯᠤᠩ ᠢ ᠲᠦᠭᠡᠮᠡᠯᠵᠢᠭᠦᠯᠬᠦ ᠶᠢᠨ ᠬᠠᠮᠲᠤ᠂ | ᠨᠡᠶᠢᠲᠡ ᠶᠢᠨ ᠠᠷᠢᠭᠤᠨ ᠴᠡᠪᠡᠷ ᠵᠤᠷᠯᠤᠩ ᠢ ᠵᠤᠬᠢᠬᠤ ᠬᠠᠷᠢᠴᠠᠯ ᠢᠶᠠᠷ ᠬᠠᠪᠰᠤᠷᠭᠠᠨ ᠪᠠᠶᠢᠭᠤᠯᠤᠨ᠎ᠠ᠃ | 2018 ᠤᠨ ᠳᠤ᠂ ᠪᠦᠬᠦ ᠤᠷᠤᠨ ᠤ ᠬᠤᠲᠠ ᠪᠠᠯᠭᠠᠰᠤᠨ ᠳᠤ ᠨᠡᠶᠢᠲᠡ ᠶᠢᠨ ᠵᠤᠷᠯᠤᠩ ᠢ 2064 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠤᠨ᠎ᠠ᠂ ᠡᠭᠦᠨ ᠳᠤ 712 ᠵᠣᠷᠯᠣᠩ ᠢ | ᠰᠢᠨ᠎ᠡ ᠪᠠᠷ ᠪᠠᠶᠢᠭᠤᠯᠵᠣ᠂ 1352 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠣᠨ᠂ ᠶᠠᠷᠦᠩᠬᠡᠢ ᠬᠠᠷᠠᠯᠲᠠ | ᠡᠭᠦᠷᠭᠡ ᠶᠢᠨ 25% ᠶᠢ ᠪᠡᠶᠡᠯᠡᠭᠦᠯᠦᠨ᠎ᠡ︔ ᠦᠵᠡᠮᠵᠢ ᠶᠢᠨ ᠤᠷᠤᠨ ᠳᠤ ᠨᠡᠶᠢᠲᠡ ᠶᠢᠨ ᠵᠤᠷᠯᠤᠩ ᠢ 829 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠤᠨ᠎ᠠ᠂ ᠡᠭᠦᠨ ᠳᠤ 680 ᠵᠣᠷᠯᠣᠩ ᠢ | ᠰᠢᠨ᠎ᠡ ᠪᠠᠷ ᠪᠠᠶᠢᠭᠤᠯᠵᠤ᠂ 149 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠣᠨ᠂ ᠶᠠᠷᠦᠩᠬᠡᠢ ᠬᠠᠷᠠᠯᠳᠠᠳᠣ | ᠡᠭᠦᠷᠭᠡ ᠶᠢᠨ 35% ᠶᠢ ᠪᠡᠶᠡᠯᠡᠭᠦᠯᠦᠨ᠎ᠡ︔ 2018 ᠤᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠪᠦᠬᠦ ᠤᠷᠤᠨ ᠤ ᠮᠠᠯᠵᠢᠬᠤ ᠲᠠᠷᠢᠶᠠᠯᠠᠬᠤ ᠤᠷᠤᠨ ᠳᠠᠬᠢ ᠡᠷᠦᠬᠡ ᠭᠡᠷ ᠤᠨ ᠵᠤᠷᠯᠤᠩ ᠪᠤᠯᠤᠨ ᠨᠡᠶᠢᠲᠡ ᠶᠢᠨ | ᠵᠤᠷᠯᠤᠩ ᠤᠨ ᠪᠠᠶᠢᠳᠠᠯ ᠢ ᠤᠶᠢᠯᠠᠭᠠᠵᠣ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠵᠦ᠂ 12 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠡᠯ᠎ᠡ ᠠᠶᠢᠮᠠᠭ ᠬᠤᠲᠠ ᠨᠢ ᠵᠤᠷᠯᠤᠩ ᠢ ᠦᠭᠡᠷᠡᠴᠢᠯᠡᠬᠦ ᠲᠤᠷᠰᠢᠯᠲᠠ ᠶᠢᠨ ᠴᠡᠭ ᠤᠨ | ᠠᠵᠢᠯ ᠢᠶᠠᠨ ᠪᠡᠶᠡᠯᠡᠭᠦᠯᠬᠦ ᠬᠡᠷᠡᠭᠲᠡᠢ᠃ | 2019 ᠤᠨ ᠳᠤ᠂ ᠪᠦᠬᠦ ᠤᠷᠤᠨ ᠤ ᠬᠤᠲᠠ ᠪᠠᠯᠭᠠᠰᠤᠨ ᠳᠤ ᠨᠡᠶᠢᠲᠡ ᠶᠢᠨ ᠵᠤᠷᠯᠤᠩ ᠢ 2890 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠤᠨ᠎ᠠ᠂ ᠡᠭᠦᠨ ᠳᠤ 998 ᠵᠣᠷᠯᠣᠩ ᠢ | ᠰᠢᠨ᠎ᠡ ᠪᠠᠷ ᠪᠠᠶᠢᠭᠤᠯᠵᠤ᠂ 1892 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠤᠨ᠂ ᠶᠠᠷᠦᠩᠬᠡᠢ ᠬᠠᠷᠠᠯᠳᠠᠳᠣ | ᠡᠭᠦᠷᠭᠡ ᠶᠢᠨ 35% ᠶᠢ ᠪᠡᠶᠡᠯᠡᠭᠦᠯᠦᠨ᠎ᠡ︔ ᠦᠵᠡᠮᠵᠢ ᠶᠢᠨ ᠤᠷᠤᠨ ᠳᠤ ᠨᠡᠶᠢᠲᠡ ᠶᠢᠨ ᠵᠤᠷᠯᠤᠩ ᠢ 770 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠨᠠ᠂ ᠡᠭᠦᠨ ᠳᠤ 632 ᠵᠣᠷᠯᠣᠩ ᠢ ᠰᠢᠨ᠎ᠡ ᠪᠠᠷ | ᠪᠠᠶᠢᠭᠤᠯᠵᠤ᠂ 138 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠣᠨ᠂ ᠶᠠᠷᠦᠩᠬᠡᠢ ᠬᠠᠷᠠᠯᠳᠠᠳᠣ ᠡᠭᠦᠷᠭᠡ ᠶᠢᠨ | 32% ᠢ ᠪᠡᠶᠡᠯᠡᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ ᠳᠤ ᠠᠷᠢᠭᠤᠨ ᠴᠡᠪᠡᠷ ᠵᠤᠷᠯᠤᠩ ᠪᠠᠶᠢᠭᠤᠯᠬᠤ ᠠᠵᠢᠯ ᠢ | ᠪᠦᠬᠦ ᠲᠠᠯ᠎ᠠ ᠪᠠᠷ ᠡᠬᠢᠯᠡᠭᠦᠯᠦᠨ᠎ᠡ᠃ | 2020 ᠤᠨ ᠳᠤ᠂ ᠪᠦᠬᠦ ᠤᠷᠤᠨ ᠤ ᠬᠤᠲᠠ ᠪᠠᠯᠭᠠᠰᠤᠨ ᠳᠤ ᠨᠡᠶᠢᠲᠡ ᠶᠢᠨ ᠵᠤᠷᠯᠤᠩ ᠢ 3303 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠤᠨ᠎ᠠ᠂ ᠡᠭᠦᠨ ᠳᠤ 1141 ᠵᠣᠷᠯᠣᠩ ᠢ | ᠰᠢᠨ᠎ᠡ ᠪᠠᠷ ᠪᠠᠶᠢᠭᠤᠯᠵᠣ᠂ 2162 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠣᠨ᠂ ᠶᠠᠷᠦᠩᠬᠡᠢ ᠬᠠᠷᠠᠯᠳᠠᠳᠣ | ᠡᠭᠦᠷᠭᠡ ᠶᠢᠨ 40% ᠶᠢ ᠪᠠᠶᠠᠯᠡᠭᠦᠯᠦᠨ᠎ᠡ᠂ ᠦᠵᠡᠮᠵᠢ ᠶᠢᠨ ᠤᠷᠤᠨ ᠳᠤ ᠨᠡᠶᠢᠲᠡ ᠶᠢᠨ ᠵᠤᠷᠯᠤᠩ ᠢ 804 | ᠰᠢᠨ᠎ᠡ ᠪᠠᠷ ᠪᠠᠶᠢᠭᠤᠯᠬᠤ ᠪᠠ ᠦᠭᠡᠷᠡᠴᠢᠯᠡᠵᠦ ᠦᠷᠭᠡᠳᠭᠡᠨ ᠪᠠᠶᠢᠭᠤᠯᠤᠨ᠎ᠠ᠂ ᠡᠭᠦᠨ ᠳᠤ 669 ᠵᠣᠷᠯᠣᠩ ᠢ | ᠰᠢᠨ᠎ᠡ ᠪᠠᠷ ᠪᠠᠶᠢᠭᠤᠯᠵᠣ᠂ 135 ᠵᠣᠷᠯᠣᠩ ᠢ ᠦᠭᠡᠷᠡᠴᠢᠯᠡᠵᠦ ᠦᠷᠭᠡᠳᠭᠡᠨ ᠪᠠᠶᠢᠭᠤᠯᠣᠨ᠂ ᠶᠠᠷᠦᠩᠬᠡᠢ ᠬᠠᠷᠠᠯᠳᠠᠳᠣ | ᠡᠭᠦᠷᠭᠡ ᠶᠢᠨ 33% ᠶᠢ ᠪᠡᠶᠡᠯᠡᠭᠦᠯᠦᠨ᠎ᠡ︔ ᠮᠠᠯᠵᠢᠬᠤ ᠲᠠᠷᠢᠶᠠᠯᠠᠬᠤ ᠤᠷᠤᠨ ᠤ ᠠᠷᠢᠭᠤᠨ ᠴᠡᠪᠡᠷ ᠵᠤᠷᠯᠤᠩ ᠤᠨ | ᠲᠦᠭᠡᠮᠡᠯᠵᠢᠯᠲᠡ ᠶᠢᠨ ᠨᠤᠷᠮ᠎ᠠ ᠶᠢ 85% ᠤᠷᠴᠢᠮ ᠪᠣᠯᠭᠠᠨ᠎ᠠ᠃ | ᠭᠤᠷᠪᠠ᠂ ᠭᠤᠤᠯ ᠡᠭᠦᠷᠭᠡ | ︵ᠨᠢᠭᠡ︶ ᠲᠦᠯᠦᠪᠵᠢᠭᠦᠯᠣᠨ ᠵᠢᠷᠣᠵᠣ ᠲᠦᠯᠦᠪᠯᠡᠬᠦ᠃ ︽ᠬᠤᠲᠠ ᠶᠢᠨ ᠤᠷᠴᠢᠨ ᠲᠤᠭᠤᠷᠢᠨ ᠤ ᠠᠷᠢᠭᠤᠨ | ᠴᠡᠪᠡᠷ ᠤᠨ ᠪᠡᠯᠡᠳᠭᠡᠮᠵᠢ ᠶᠢᠨ ᠲᠦᠯᠦᠪᠵᠢᠭᠦᠯᠭᠡ ᠶᠢᠨ ᠵᠢᠷᠤᠮᠵᠢᠯ︾ ︽ᠬᠤᠲᠠ ᠶᠢᠨ ᠨᠡᠶᠢᠲᠡ ᠶᠢᠨ ᠵᠤᠷᠯᠤᠩ ᠢ | ᠵᠢᠷᠣᠵᠣ ᠲᠦᠯᠦᠪᠯᠡᠬᠦ ᠪᠠᠷᠢᠮᠵᠢᠶ᠎ᠠ︾ ︽ᠭᠦᠳᠡᠭᠡ ᠲᠣᠰᠬᠤᠨ ᠤ ᠡᠷᠦᠬᠡ ᠭᠡᠷ ᠤᠨ ᠵᠤᠷᠯᠤᠩ ᠤᠨ ᠠᠷᠢᠭᠤᠨ | ᠴᠡᠪᠡᠷ ᠤᠨ ᠪᠠᠷᠢᠮᠵᠢᠶ᠎ᠠ︾ ︽ᠵᠢᠭᠤᠯᠴᠢᠯᠠᠯ ᠤᠨ ᠤᠷᠤᠨ ᠳᠠᠬᠢ ᠵᠤᠷᠯᠤᠩ ᠤᠨ ᠴᠢᠨᠠᠷ ᠴᠢᠨᠰᠠᠭ᠎ᠠ ᠶᠢᠨ ᠵᠡᠷᠭᠡ ᠳᠡᠰ ᠢ | ᠢᠯᠭᠠᠨ ᠬᠤᠪᠢᠶᠠᠷᠢᠶᠠᠯᠠᠬᠤ ᠬᠢᠭᠡᠳ ᠦᠨᠡᠯᠡᠨ ᠲᠤᠭᠲᠠᠭᠠᠬᠤ︾ ᠵᠡᠷᠭᠡ ᠮᠡᠷᠭᠡᠵᠢᠯ ᠤᠨ ᠵᠢᠷᠤᠮᠵᠢᠯ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠣᠨ᠎ᠠ᠃ ᠲᠦᠯᠦᠪᠵᠢᠭᠦᠯᠵᠣ ᠭᠦᠳᠣᠯᠣᠨ ᠳᠠᠭᠠᠭᠤᠯᠬᠤ ᠶᠢ ᠴᠢᠩᠭᠠᠳᠬᠠᠵᠤ᠂ ᠡᠯ᠎ᠡ ᠠᠶᠢᠮᠠᠭ | ᠬᠤᠲᠠ ᠨᠢ ᠬᠤᠲᠠ ᠪᠠᠯᠭᠠᠰᠤᠨ ᠤ ᠤᠷᠴᠢᠨ ᠲᠤᠭᠤᠷᠢᠨ ᠤ ᠠᠷᠢᠭᠤᠨ ᠴᠡᠪᠡᠷ ᠤᠨ ᠲᠤᠰᠬᠠᠢ ᠵᠦᠢᠯ ᠤᠨ | ᠲᠦᠯᠦᠪᠵᠢᠭᠦᠯᠭᠡ ᠪᠠᠨ ᠨᠠᠶᠢᠷᠠᠭᠤᠯᠵᠤ ᠲᠤᠭᠲᠠᠭᠠᠬᠤ ᠶᠢ ᠲᠦᠷᠭᠡᠳᠭᠡᠵᠦ᠂ ᠬᠤᠲᠠ ᠪᠠᠯᠭᠠᠰᠣᠨ ᠳᠠᠬᠢ ᠨᠡᠶᠢᠲᠡ ᠶᠢᠨ | ᠵᠤᠷᠯᠤᠩ ᠢᠶᠠᠷ ᠭᠤᠤᠯᠳᠠᠯᠭ᠎ᠠ ᠪᠤᠯᠭᠠᠨ᠂ ᠪᠦᠲᠦᠭᠡᠨ ᠪᠠᠶᠢᠭᠤᠯᠬᠤ᠂ ᠦᠭᠡᠷᠡᠴᠢᠯᠡᠬᠦ᠂ ᠪᠠᠶᠢᠷᠢᠰᠢᠭᠤᠯᠬᠤ ᠵᠡᠷᠭᠡ | ᠲᠦᠯᠦᠪᠵᠢᠭᠦᠯᠣᠨ ᠡᠵᠡᠮᠳᠡᠬᠦ ᠱᠠᠭᠠᠷᠳᠠᠯᠭ᠎ᠠ ᠪᠠᠨ ᠳᠤᠷᠠᠳᠬᠤ ᠬᠡᠷᠡᠭᠲᠡᠢ︔ ᠭᠠᠵᠠᠷ ᠤᠷᠤᠨ ᠤ ᠪᠤᠳᠠᠲᠠᠢ ᠲᠠᠢ | ᠤᠶᠠᠯᠳᠤᠭᠤᠯᠤᠨ ᠮᠠᠯᠵᠢᠬᠤ ᠲᠠᠷᠢᠶᠠᠯᠠᠬᠤ ᠤᠷᠤᠨ ᠳᠠᠬᠢ ᠵᠤᠷᠯᠤᠩ ᠢ ᠦᠭᠡᠷᠡᠴᠢᠯᠡᠬᠦ ᠲᠤᠰᠬᠠᠢ ᠲᠦᠯᠦᠪᠵᠢᠭᠦᠯᠭᠡ ᠪᠠᠨ | ᠲᠤᠭᠲᠠᠭᠠᠬᠤ ᠬᠡᠷᠡᠭᠲᠡᠢ︔ ᠵᠢᠭᠤᠯᠴᠢᠯᠠᠯ ᠤᠨ ᠰᠢᠰᠲ᠋ᠧᠮ ᠤᠨ ᠬᠢᠨ ᠤ ︽ᠵᠤᠷᠯᠤᠩ ᠤᠨ ᠬᠤᠪᠢᠰᠤᠯᠲᠠ︾ ᠶᠢᠨ | ᠬᠠᠮᠢᠶ᠎ᠠ ᠪᠦᠬᠦᠢ ᠲᠦᠯᠦᠪᠯᠡᠭᠡ ᠪᠠᠨ ᠦᠷᠭᠦᠯᠵᠢᠯᠡᠨ ᠠᠬᠢᠭᠤᠯᠬᠤ ᠬᠡᠷᠡᠭᠲᠡᠢ᠃ ᠨᠡᠶᠢᠲᠡ ᠶᠢᠨ ᠵᠤᠷᠯᠤᠩ ᠤᠨ ᠪᠦᠲᠦᠭᠡᠨ | ᠪᠠᠶᠢᠭᠤᠯᠬᠤ ᠲᠦᠷᠦᠯ ᠵᠦᠢᠯ ᠤᠨ ᠲᠦᠯᠦᠪᠵᠢᠭᠦᠯᠵᠦ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢ ᠵᠢᠷᠤᠮᠵᠢᠭᠤᠯᠵᠤ᠂ | ᠡᠯ᠎ᠡ ᠭᠠᠵᠠᠷ ᠤᠷᠤᠨ ᠨᠢ ᠵᠠᠰᠠᠭ ᠵᠠᠬᠢᠷᠭᠠᠨ ᠤ ᠤᠷᠤᠨ ᠪᠦᠰᠡ ᠳᠠᠬᠢ ᠪᠦᠭᠦ ᠵᠤᠷᠯᠤᠩ ᠤᠨ ᠤᠳᠤᠬᠢ ᠪᠠᠶᠢᠳᠠᠯ᠂ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠪᠠᠶᠢᠴᠠᠭᠠᠨ ᠤᠶᠢᠯᠠᠭᠠᠵᠤ᠂ ᠤᠯᠠᠨ ᠲᠦᠮᠡᠨ ᠳᠤ ᠵᠤᠷᠯᠤᠩ ᠬᠡᠷᠭᠯᠡᠬᠦ | ᠬᠡᠷᠡᠭᠴᠡᠭᠡ ᠱᠠᠭᠠᠷᠳᠠᠯᠭ᠎ᠠ ᠪᠠ ᠳᠦᠭᠦᠮ ᠦᠵᠡᠭᠦᠯᠭᠦ ᠠᠴᠠ ᠭᠠᠷᠳᠠᠵᠤ ᠨᠡᠶᠢᠲᠡ ᠶᠢᠨ ᠵᠤᠷᠯᠤᠩ ᠤᠨ ᠲᠤᠭ᠎ᠠ ᠪᠠ | ᠪᠠᠶᠢᠷᠢᠰᠢᠭᠤᠯᠣᠯᠳᠠ ᠶᠢ ᠲᠤᠭᠲᠠᠭᠠᠬᠤ ᠶᠢᠨ ᠬᠠᠮᠲᠤ᠂ ᠤᠷᠤᠨ ᠭᠠᠵᠠᠷ ᠰᠤᠩᠭᠤᠬᠤ ᠲᠦᠰᠦᠯ ᠭᠠᠷᠭᠠᠨ᠂ | ᠨᠡᠶᠢᠲᠡ ᠶᠢᠨ ᠵᠤᠷᠯᠤᠩ ᠤᠨ ᠤᠷᠤᠨ ᠭᠠᠵᠡᠷ ᠰᠤᠩᠭᠤᠬᠤ ᠲᠦᠰᠦᠯ ᠢᠶᠠᠨ ᠢᠯᠡ ᠵᠠᠷᠯᠠᠵᠤ᠂ ᠦᠷᠭᠡᠨ ᠢᠶᠠᠷ ᠰᠠᠨᠠᠯ | ᠬᠤᠷᠢᠶᠠᠬᠤ ᠬᠡᠷᠡᠭᠲᠡᠢ᠃ ᠲᠦᠷᠦᠯ ᠵᠦᠢᠯ ᠤᠨ ᠪᠦᠲᠦᠭᠡᠨ ᠪᠠᠶᠢᠭᠤᠯᠬᠤ ᠨᠢᠭᠡᠴᠢ ᠨᠢ ᠨᠢᠭᠡᠨᠲᠡ ᠲᠤᠭᠲᠠᠭᠠᠭᠰᠠᠨ | ᠨᠡᠶᠢᠲᠡ ᠶᠢᠨ ᠵᠤᠷᠯᠤᠩ ᠤᠨ ᠤᠷᠤᠨ ᠭᠠᠵᠡᠷ ᠰᠤᠩᠭᠤᠬᠤ ᠲᠦᠰᠦᠯ ᠶᠤᠰᠤᠭᠠᠷ᠂ ᠠᠰ ᠲᠤ ᠨᠢ ᠪᠠᠶᠢᠭᠤᠯᠬᠤ | ᠨᠡᠶᠢᠲᠡ ᠶᠢᠨ ᠵᠤᠷᠯᠤᠩ ᠤᠨ ᠪᠦᠲᠦᠭᠡᠨ ᠪᠠᠶᠢᠭᠤᠯᠬᠤ ᠲᠦᠷᠦᠯ ᠵᠦᠢᠯ ᠤᠨ ᠲᠦᠰᠦᠯ ᠢ ᠲᠣᠰᠠᠭᠠᠷ ᠵᠢᠷᠣᠭᠯᠠᠨ | ᠲᠦᠯᠣᠪᠯᠠᠵᠣ᠂ ᠪᠠᠶᠢᠭ᠎ᠠ ᠭᠠᠵᠠᠷ ᠤᠷᠤᠨ ᠤ ᠲᠦᠯᠦᠪᠵᠢᠭᠦᠯᠭᠡ ᠬᠠᠮᠢᠶᠠᠷᠤᠯᠲᠠ ᠶᠢᠨ ᠰᠠᠯᠠᠭ᠎ᠠ ᠮᠦᠴᠢᠷ ᠲᠤ | ᠮᠡᠳᠡᠭᠦᠯᠵᠦ᠂ ᠲᠦᠯᠦᠪᠵᠢᠭᠦᠯᠭᠡ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠢᠷᠣᠵᠣ ᠲᠦᠯᠣᠪᠯᠡᠭᠰᠠᠨ ᠢ ᠨᠢ ᠬᠢᠨᠠᠨ | ᠪᠠᠶᠢᠴᠠᠭᠠᠬᠤ ᠶᠢᠨ ᠬᠠᠮᠲᠤ᠂ ᠲᠦᠯᠦᠪᠵᠢᠭᠦᠯᠭᠡ ᠶᠢᠨ ᠰᠠᠨᠠᠯ ᠭᠠᠷᠭᠠᠵᠣ ᠦᠭᠭᠦ ᠬᠡᠷᠡᠭᠲᠡᠢ᠃ ᠲᠦᠷᠦᠯ ᠵᠦᠢᠯ ᠢ | ᠵᠢᠷᠣᠵᠣ ᠲᠦᠯᠦᠪᠯᠡᠬᠦ ᠶᠢ ᠨᠢ ᠵᠢᠷᠤᠮᠵᠢᠭᠤᠯᠵᠤ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠪᠤᠯᠤᠨ ᠰᠢᠨ᠎ᠡ | ᠲᠦᠬᠦᠭᠡᠷᠦᠮᠵᠢ ᠬᠡᠷᠡᠭᠯᠡᠬᠦ ᠡᠷᠴᠢᠮ ᠢ ᠴᠢᠩᠭᠠᠷᠠᠭᠤᠯᠵᠤ᠂ ᠵᠡᠮᠳᠡᠭ ᠪᠠᠭᠤᠷᠠᠢ᠂ ᠨᠠᠰᠤᠲᠠᠨ᠂ ᠬᠡᠦᠬᠡᠳ᠂ ᠡᠬᠡ ᠨᠢᠯᠬᠠᠰ | ᠵᠡᠷᠭᠡ ᠤᠨᠴᠠᠭᠠᠢ ᠭᠦᠮᠣᠰ ᠵᠢᠴᠢ ᠡᠮᠡᠭᠲᠡᠶᠢᠴᠦᠳ ᠤᠨ ᠵᠤᠷᠯᠤᠩ ᠬᠡᠷᠡᠭᠯᠡᠬᠦ ᠠᠰᠠᠭᠤᠳᠠᠯ ᠢ ᠴᠢᠬᠤᠯᠴᠢᠯᠠᠨ | ᠪᠤᠳᠤᠯᠬᠢᠯᠠᠵᠤ᠂ ᠵᠢᠷᠣᠵᠣ ᠲᠦᠯᠦᠪᠯᠡᠭᠦ ᠳᠤ ᠬᠢᠮᠳᠠ ᠪᠠᠶᠢᠯᠭᠠᠬᠤ ᠴᠢᠨᠠᠷ᠂ ᠪᠣᠳᠠᠳᠠᠢ ᠬᠡᠷᠡᠭᠯᠡᠭᠦ ᠴᠢᠨᠠᠷ᠂ ᠤᠷᠴᠢᠨ | ᠲᠤᠭᠤᠷᠢᠨ ᠢ ᠬᠠᠮᠠᠭᠠᠯᠠᠬᠤ ᠴᠢᠨᠠᠷ ᠢ ᠨᠢ ᠭᠦᠢᠴᠡᠳ ᠢᠯᠡᠷᠡᠭᠦᠯᠵᠦ᠂ ᠵᠤᠷᠯᠤᠩ ᠬᠡᠷᠡᠭᠯᠡᠬᠦ ᠳᠤ ᠳᠦᠭᠦᠮ ᠲᠦᠳᠡ | ᠪᠠᠶᠢᠬᠤ ᠴᠢᠨᠠᠷ ᠢ ᠨᠢ ᠨᠡᠮᠡᠭᠳᠡᠭᠦᠯᠬᠦ ᠬᠡᠷᠡᠭᠲᠡᠢ᠃ ᠨᠡᠶᠢᠲᠡ ᠶᠢᠨ ᠵᠤᠷᠯᠤᠩ ᠢ ᠵᠢᠷᠣᠵᠣ ᠲᠦᠯᠦᠪᠯᠡᠬᠦ ᠳᠤ ᠪᠠᠨ | ᠲᠤᠬᠠᠢ ᠶᠢᠨ ᠭᠠᠵᠡᠷ ᠤᠨ ᠰᠤᠶᠤᠯ᠂ ᠨᠤᠲᠤᠭ ᠪᠦᠰᠨ ᠶᠢᠨ ᠤᠨᠴᠠᠯᠢᠭ ᠲᠠᠢ ᠬᠠᠷᠢᠯᠴᠠᠨ ᠠᠭᠤᠰᠤᠯᠴᠠᠭᠤᠯᠬᠤ | ᠬᠡᠷᠡᠭᠲᠡᠢ᠃ | ︵ᠬᠤᠶᠠᠷ︶ ᠪᠦᠲᠦᠭᠡᠨ ᠪᠠᠶᠢᠭᠤᠯᠬᠤ ᠶᠢ ᠬᠢᠨᠠᠨ ᠵᠦᠪᠰᠢᠶᠡᠷᠡᠬᠦ᠃ ᠬᠤᠲᠠ ᠭᠦᠳᠡᠭᠡ ᠶᠢᠨ ᠨᠡᠶᠢᠲᠡ ᠶᠢᠨ | ᠵᠤᠷᠯᠤᠩ ᠤᠨ ᠲᠦᠷᠦᠯ ᠵᠦᠢᠯ ᠤᠨ ᠪᠦᠲᠦᠭᠡᠨ ᠪᠠᠶᠢᠭᠤᠯᠬᠤ ᠪᠠ ᠦᠭᠡᠷᠡᠴᠢᠯᠡᠨ ᠪᠠᠶᠢᠭᠤᠯᠬᠤ ᠳᠡᠰ ᠳᠠᠷᠠᠭᠠᠯᠠᠯ ᠤᠨ | ᠭᠠᠷᠲᠠᠮ ᠢ ᠳᠦᠭᠦᠮᠴᠢᠯᠡᠨ ᠵᠢᠷᠤᠮᠵᠢᠭᠤᠯᠵᠤ᠂ ᠡᠯ᠎ᠡ ᠭᠠᠵᠠᠷ ᠤᠷᠤᠨ ᠨᠢ ᠪᠤᠲᠠᠲᠠᠢ ᠲᠠᠢ ᠪᠠᠨ ᠤᠶᠠᠯᠳᠤᠭᠤᠯᠤᠨ᠂ | ᠲᠦᠷᠦᠯ ᠵᠦᠢᠯ ᠢ ᠬᠡᠷᠩᠵᠢᠭᠦᠯᠭᠦ ᠪᠠᠶᠢᠭᠤᠯᠭ᠎ᠠ ᠨᠢᠭᠡᠴᠢ ᠶᠢᠨ ᠬᠠᠮᠢᠶ᠎ᠠ ᠪᠦᠬᠦᠢ ᠭᠠᠷᠲᠠᠮ ᠢ ᠲᠦᠷᠭᠡᠨ ᠭᠦᠢᠴᠡᠳᠭᠡᠬᠦ ᠳᠤ | ᠲᠦᠬᠦᠮ ᠦᠵᠡᠭᠦᠯᠬᠦ ᠠᠴᠠ ᠭᠠᠷᠳᠠᠵᠤ᠂ ᠨᠡᠶᠢᠲᠡ ᠶᠢᠨ ᠵᠤᠷᠯᠥᠩ ᠤᠨ ᠪᠠᠷᠢᠯᠭ᠎ᠠ ᠶᠢ ᠪᠠᠶᠢᠭᠤᠯᠬᠤ ᠪᠠᠷ ᠮᠡᠳᠡᠭᠦᠯᠭᠦ᠂ | ᠪᠠᠷᠢᠯᠭ᠎ᠠ ᠶᠢ ᠬᠢᠨᠠᠨ ᠬᠠᠮᠢᠶᠠᠷᠬᠤ ︵ᠬᠢᠨᠠᠨ ᠭᠦᠢᠴᠡᠣᠡᠭᠡᠭᠦ︶᠂ ᠳᠠᠭᠤᠰᠤᠭᠰᠠᠨ ᠪᠠᠷᠢᠯᠭ᠎ᠠ ᠶᠢ ᠰᠢᠯᠭᠠᠵᠤ ᠬᠤᠷᠢᠶᠠᠨ | ᠠᠪᠬᠤ᠂ ᠪᠡᠯᠡ ᠤᠷᠤᠭᠤᠯᠣᠭᠰᠠᠨ ᠲᠦᠰᠣᠪ ᠤᠨ ᠭᠦᠢᠴᠡᠣᠡᠭᠡᠯ ᠢ ᠬᠢᠨᠠᠨ ᠪᠤᠳᠤᠬᠤ᠂ ᠳᠠᠩᠰᠠᠯᠠᠵᠤ ᠳᠠᠩᠰᠠ | ᠡᠪᠬᠢᠮᠡᠯ ᠳᠤ ᠤᠷᠤᠭᠤᠯᠬᠤ ᠵᠡᠷᠭᠡ ᠭᠤᠭᠴᠤᠭᠠᠨ ᠳᠠᠬᠢ ᠲᠦᠭᠦᠮ ᠢᠶᠠᠷ ᠬᠢᠨᠠᠨ ᠵᠦᠪᠰᠢᠶᠡᠷᠡᠬᠦ ᠳᠡᠰ ᠳᠠᠷᠠᠭᠠᠯᠠᠯ ᠢ | ᠲᠤᠭᠲᠠᠭᠠᠨ ᠲᠡᠭᠦᠯᠳᠡᠷᠵᠢᠭᠦᠯᠵᠦ᠂ ᠪᠦᠲᠦᠭᠡᠨ ᠪᠠᠶᠢᠭᠤᠯᠬᠤ ᠦᠪᠡᠷ ᠤᠨ ᠦᠷᠲᠡᠭ ᠢ ᠪᠠᠭᠤᠷᠠᠭᠤᠯᠵᠤ᠂ ᠪᠦᠲᠦᠭᠡᠨ | ᠪᠠᠶᠢᠭᠤᠯᠬᠤ ᠴᠢᠨᠠᠷ ᠴᠢᠨᠰᠠᠭ᠎ᠠ ᠪᠤᠯᠤᠨ ᠪᠠᠷᠢᠯᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ | ᠲᠦᠯᠦᠪᠵᠢᠭᠦᠯᠭᠡ᠂ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠰᠠᠯᠠᠭ᠎ᠠ | ᠮᠦᠴᠢᠷ ᠨᠢ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠳᠤ ᠬᠦᠷᠦᠭᠰᠡᠨ᠂ ᠨᠢᠭᠡᠨᠲᠡ ᠬᠡᠷᠡᠭᠯᠡᠯᠲᠡ ᠳᠤ ᠤᠷᠤᠭᠤᠯᠤᠭᠰᠠᠨ᠂ | ᠪᠦᠲᠦᠭᠡᠨ ᠪᠠᠶᠢᠭᠤᠯᠬᠤ ᠭᠠᠷᠲᠠᠮ ᠨᠢ ᠪᠦᠷᠢᠨ ᠭᠦᠢᠴᠡᠳ ᠪᠣᠰᠣ ᠪᠠᠶᠢᠭ᠎ᠠ ᠨᠡᠶᠢᠲᠡ ᠶᠢᠨ ᠵᠤᠷᠯᠤᠩ ᠳᠤ ᠳᠡᠮᠵᠢᠯᠭᠡ | ᠦᠵᠡᠭᠦᠯᠵᠦ᠂ ᠭᠦᠢᠴᠡᠳᠭᠡᠬᠦ ᠰᠠᠨᠠᠯ ᠢ ᠰᠤᠳᠤᠯᠤᠨ ᠳᠤᠷᠠᠳᠴᠤ᠂ ᠬᠠᠮᠢᠶ᠎ᠠ ᠪᠦᠬᠦᠢ ᠭᠠᠷᠲᠠᠮ ᠢ ᠨᠢ ᠨᠦᠬᠦᠨ | ᠭᠦᠢᠴᠡᠳᠭᠡᠯᠭᠡᠭᠦ ᠬᠡᠷᠡᠭᠲᠡᠢ︔ ᠭᠠᠷᠲᠠᠮ ᠢᠶᠠᠨ ᠨᠦᠬᠦᠨ ᠭᠦᠢᠴᠡᠳᠭᠡᠬᠦ ᠨᠦᠭᠦᠴᠡᠯ ᠢ ᠪᠦᠷᠢᠯᠳᠣᠭᠦᠯᠣᠭ᠍ᠰᠠᠨ ᠦᠭᠡᠢ | ᠪᠤᠯᠪᠠᠴᠤ ᠨᠢᠭᠡᠨᠲᠡ ᠦᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠬᠦ ᠪᠠᠷ ᠪᠠᠶᠢᠭ᠎ᠠ ᠨᠡᠶᠢᠲᠡ ᠶᠢᠨ ᠵᠤᠷᠯᠤᠩ ᠢ | ᠦᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠬᠦ ᠲᠦᠷᠦᠯ ᠵᠦᠢᠯ ᠢᠶᠠᠷ ᠰᠢᠭᠤᠳ ᠬᠠᠮᠢᠶ᠎ᠠ ᠪᠦᠬᠦᠢ ᠭᠠᠷᠲᠠᠮ ᠢ ᠨᠢ | ᠭᠦᠢᠴᠡᠳᠭᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠲᠦᠬᠦᠮᠴᠢᠯᠡᠭᠰᠡᠨ ᠳᠡᠰ ᠳᠠᠷᠠᠭᠠᠯᠠᠯ ᠢᠶᠠᠷ | ᠨᠡᠶᠢᠲᠡ ᠶᠢᠨ ᠵᠤᠷᠯᠤᠩ ᠪᠠᠶᠢᠭᠤᠯᠬᠤ ᠬᠠᠮᠢᠶ᠎ᠠ ᠪᠦᠬᠦᠢ ᠭᠠᠷᠲᠠᠮ ᠢ ᠤᠷᠢᠳᠠᠪᠡᠷ ᠭᠦᠢᠴᠡᠳᠭᠡᠬᠦ ᠪᠠ ᠬᠢᠨᠠᠨ | ᠵᠥᠪᠰᠢᠶᠡᠷᠡᠵᠦ᠂ ᠨᠡᠶᠢᠲᠡ ᠶᠢᠨ ᠵᠤᠷᠯᠤᠩ ᠤᠨ ᠤᠷᠤᠨ ᠭᠠᠵᠡᠷ ᠰᠤᠩᠭᠤᠬᠤ ᠳᠤ ᠬᠦᠴᠢᠷ ᠲᠠᠢ᠂ ᠭᠠᠷᠲᠠᠮ ᠢ ᠬᠢᠨᠠᠨ | ᠵᠥᠪᠰᠢᠶᠡᠷᠡᠭᠦᠯᠬᠦ ᠳᠤ ᠲᠦᠪᠡᠭ ᠲᠠᠢ ᠪᠤᠶᠤ ᠭᠠᠷᠲᠠᠮ ᠪᠠᠶᠢᠬᠤ ᠦᠭᠡᠢ ᠠᠰᠠᠭᠤᠳᠠᠯ ᠢ ᠦᠨᠡᠨ ᠬᠦ ᠰᠢᠢᠳᠪᠦᠷᠢᠯᠡᠬᠦ | ᠬᠡᠷᠡᠭᠲᠡᠢ᠃ | ︽ᠦᠪᠡᠷ ᠤᠨ ᠦᠷᠲᠡᠭ ᠢᠶᠠᠷ ᠳᠤᠤᠷ᠎ᠠ᠂ ᠡᠨᠧᠷᠬᠢ ᠶᠢᠨ ᠬᠤᠷᠤᠭᠳᠠᠯ ᠢᠶᠠᠷ ᠪᠠᠭ᠎ᠠ᠂ ᠠᠷᠠᠴᠢᠯᠠᠵᠤ | ᠬᠠᠮᠠᠭᠠᠯᠠᠬᠤ ᠳᠤ ᠠᠮᠠᠷᠬᠠᠨ᠂ ᠦᠷ᠎ᠡ ᠪᠦᠲᠦᠮᠵᠢ ᠪᠠᠷ ᠦᠨᠳᠦᠷ︾ ᠰᠢᠨ᠎ᠡ ᠮᠡᠷᠭᠡᠵᠢᠯ ᠢ ᠢᠳᠡᠪᠬᠢᠲᠡᠢ ᠠᠰᠢᠭᠯᠠᠬᠤ ᠪᠠ | ︽ᠤᠷᠴᠢᠨ ᠲᠤᠭᠤᠷᠢᠨ ᠢ ᠬᠠᠮᠠᠭᠠᠯᠠᠬᠤ᠂ ᠤᠰᠤ ᠠᠷᠪᠢᠯᠠᠬᠤ᠂ ᠡᠨᠧᠷᠬᠢ ᠠᠷᠪᠢᠯᠠᠬᠤ︾ ᠬᠡᠯᠪᠡᠷᠢ ᠶᠢᠨ ᠰᠢᠨ᠎ᠡ | ᠮᠠᠲ᠋ᠧᠷᠢᠶᠠᠯ᠂ ᠰᠢᠨ᠎ᠡ ᠲᠦᠬᠦᠭᠡᠷᠦᠮᠵᠢ ᠶᠢ ᠬᠡᠷᠡᠭᠯᠡᠨ᠂ ᠪᠤᠬᠢᠷᠳᠤᠯ ᠦᠭᠡᠢ ᠪᠦᠭᠡᠣᠨ ᠤᠷᠴᠢᠨ ᠲᠤᠭᠤᠷᠢᠨ ᠢ | ᠬᠠᠮᠠᠭᠠᠯᠠᠬᠤ ᠨᠡᠶᠢᠲᠡ ᠶᠢᠨ ᠵᠤᠷᠯᠤᠩ ᠢ ᠪᠠᠶᠢᠭᠤᠯᠬᠤ ᠬᠡᠷᠡᠭᠲᠡᠢ᠃ ᠤᠯᠤᠰ ᠠᠴᠠ ᠵᠠᠷᠯᠢᠭᠳᠠᠨ ᠰᠢᠭᠰᠢᠭᠳᠡᠭᠦᠯᠣᠭ᠍ᠰᠡᠨ | ᠤᠰᠣᠨ ᠤ ᠪᠠᠭᠠᠵᠢ ᠲᠦᠬᠦᠭᠡᠷᠦᠮᠵᠢ ᠬᠡᠷᠡᠭᠯᠡᠬᠦ ᠶᠢ ᠴᠠᠭᠠᠵᠠᠯᠠᠨ᠎ᠠ᠃ ᠳᠠᠬᠢᠯᠲᠠ ᠤᠰᠤ ᠶᠢ ᠬᠡᠷᠡᠭᠯᠡᠵᠤ ᠪᠤᠯᠬᠤ ᠪᠣᠯ᠂ | ᠡᠩ ᠲᠡᠷᠢᠭᠦᠨ ᠳᠤ ᠳᠠᠬᠢᠯᠲᠠ ᠤᠰᠤ ᠶᠢ ᠬᠡᠷᠡᠭᠯᠡᠬᠦ ᠬᠡᠷᠡᠭᠲᠡᠢ᠃ ᠵᠤᠷᠯᠤᠩ ᠤᠨ ᠠᠷᠢᠭᠤᠨ ᠴᠡᠪᠡᠷ ᠤᠨ ᠮᠡᠷᠭᠡᠵᠢᠯ ᠤᠨ | ᠪᠠᠷᠢᠮᠵᠢᠶ᠎ᠠ ᠪᠠ ᠵᠢᠷᠤᠮᠵᠢᠯ ᠢ ᠰᠤᠳᠤᠯᠤᠨ ᠲᠤᠭᠲᠠᠭᠠᠬᠤ ᠬᠡᠷᠡᠭᠲᠠᠢ᠃ | ︵ᠭᠤᠷᠪᠠ︶ ᠪᠦᠷᠢᠳᠦᠭᠦᠯᠦᠨ ᠪᠠᠶᠢᠭᠤᠯᠬᠤ ᠪᠠᠷᠢᠮᠵᠢᠶ᠎ᠠ᠃ ᠬᠤᠳᠠᠨ ᠳᠠᠬᠢ ᠨᠡᠶᠢᠲᠡ ᠶᠢᠨ ᠵᠤᠷᠯᠤᠩ | ᠪᠠᠶᠢᠭᠤᠯᠬᠤ ᠪᠠᠷᠢᠮᠵᠢᠶ᠎ᠠ ᠪᠠ ᠵᠢᠷᠤᠮᠵᠢᠯ ᠢᠶᠠᠷ᠂ ᠵᠡᠭᠡᠯᠢ ᠭᠤᠳᠤᠮᠵᠢ ᠳᠠᠭᠠᠤ ᠪᠤᠶᠤ ᠤᠯᠠᠨ ᠨᠡᠶᠢᠲᠡ ᠶᠢᠨ | ᠠᠵᠢᠯᠯᠠᠭᠠᠨ ᠤ ᠲᠠᠯᠠᠪᠤᠷ ᠭᠠᠵᠡᠷ ᠰᠢᠨ᠎ᠡ ᠪᠠᠷ ᠪᠠᠶᠢᠭᠤᠯᠬᠤ᠂ ᠦᠭᠡᠷᠡᠴᠢᠯᠡᠵᠦ ᠦᠷᠭᠡᠳᠭᠡᠨ ᠪᠠᠶᠢᠭᠤᠯᠬᠤ ᠲᠦᠷᠦᠯ | ᠵᠦᠢᠯ ᠪᠦᠭᠦᠨ ᠤ ᠨᠢᠭᠡᠳᠦᠭᠡᠷ ᠳᠠᠪᠬᠤᠷᠭ᠎ᠠ ᠳᠤ ᠴᠦᠮ ᠴᠢᠯᠣᠭᠡᠳᠠᠢ ᠬᠡᠷᠩᠯᠡᠭᠦ ᠨᠡᠶᠢᠲᠡ ᠶᠢᠨ ᠵᠤᠷᠯᠤᠩ ᠢ ᠲᠣᠰᠠᠭᠠᠷ | ᠪᠠᠶᠢᠭᠤᠯᠬᠤ ᠬᠡᠷᠡᠭᠲᠡᠢ︔ ᠰᠢᠨ᠎ᠡ ᠪᠠᠶᠢᠭᠤᠯᠤᠭᠰᠠᠨ ᠤᠷᠤᠨ ᠰᠠᠭᠤᠴᠠ ᠶᠢᠨ ᠲᠤᠭᠤᠷᠢᠭ᠂ ᠬᠤᠳᠠᠯᠳᠤᠭ᠎ᠠ᠂ ᠰᠤᠶᠤᠯ | ᠵᠤᠭ᠎ᠠ ᠴᠡᠩᠬᠡᠯ᠂ ᠡᠮᠴᠢᠯᠡᠭᠡ ᠡᠷᠡᠭᠦᠯ ᠬᠠᠮᠠᠭᠠᠯᠠᠯ᠂ ᠵᠠᠮ ᠪᠠ ᠲᠠᠯᠠᠪᠠᠢ ︵ᠠᠭᠤᠳᠠᠮ ᠲᠠᠯᠠᠪᠠᠢ᠂ ᠨᠡᠶᠢᠭᠡᠮ ᠤᠨ | ᠲᠡᠷᠭᠡᠨ ᠤ ᠵᠤᠭᠰᠤᠭᠠᠯ᠂ ᠲᠤᠰᠤ ᠨᠡᠮᠡᠬᠦ ᠦᠷᠲᠡᠭᠡ ᠵᠡᠷᠭᠡ︶᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ | ᠴᠡᠴᠡᠷᠯᠢᠭ ᠵᠦᠯᠭᠡ ᠭᠠᠵᠠᠷ ᠵᠡᠷᠭᠡ ᠪᠦᠲᠦᠭᠡᠨ ᠪᠠᠶᠢᠭᠤᠯᠬᠤ ᠲᠦᠷᠦᠯ ᠵᠦᠢᠯ ᠢ ᠲᠦᠯᠦᠪᠵᠢᠭᠦᠯᠵᠦ ᠵᠢᠷᠣᠵᠣ | ᠲᠦᠯᠦᠪᠯᠡᠬᠦ ᠱᠠᠲᠤᠨ ᠳᠤ ᠨᠢ ᠪᠦᠷᠢᠳᠦᠭᠦᠯᠦᠨ ᠪᠠᠶᠢᠭᠤᠯᠬᠤ ᠨᠡᠶᠢᠲᠡ ᠶᠢᠨ ᠵᠤᠷᠯᠤᠩ ᠤᠨ ᠲᠤᠭ᠎ᠠ᠂ ᠪᠠᠷᠢᠯᠭ᠎ᠠ ᠶᠢᠨ | ᠲᠠᠯᠠᠪᠡᠢ ᠪᠠ ᠡᠷᠡᠭᠲᠡᠢ ᠡᠮᠡᠭᠲᠡᠢ ᠵᠤᠷᠯᠤᠩ ᠤᠨ ᠬᠠᠷᠢᠴᠠᠯ ᠵᠡᠷᠭᠡ ᠶᠢ ᠲᠤᠳᠤᠷᠬᠠᠶᠢᠯᠠᠨ ᠲᠤᠭᠲᠠᠭᠠᠨ᠎ᠠ᠃ ᠡᠳ᠋ ᠤᠨ | ᠵᠠᠰᠠᠭ ᠤᠨ ᠪᠡᠯᠡ ᠮᠦᠡᠭᠭᠦ ᠪᠤᠶᠤ ᠨᠡᠶᠢᠭᠡᠮ ᠠᠴᠠ ᠪᠡᠯᠨ ᠮᠦᠡᠭᠭᠦ ᠬᠤᠷᠠᠮᠳᠤᠭᠤᠯᠵᠤ ᠪᠠᠶᠢᠭᠤᠯᠤᠭᠰᠠᠨ ᠲᠦᠷᠦᠯ | ᠵᠦᠢᠯ ᠤᠨ ᠬᠡᠷᠡᠭᠯᠡᠬᠦ ᠪᠦᠲᠦᠭᠡᠨ ᠪᠠᠶᠢᠭᠤᠯᠤᠯᠲᠠ ᠶᠢᠨ ᠪᠠᠯᠡ ᠮᠦᠡᠭᠭᠦ ᠶᠢ ᠪᠦᠲᠦᠭᠡᠨ ᠪᠠᠶᠢᠭᠤᠯᠬᠤ ᠲᠦᠷᠦᠯ ᠵᠦᠢᠯ ᠤᠨ | ᠪᠡᠯᠡ ᠤᠷᠤᠭᠤᠯᠬᠤ ᠲᠦᠯᠣᠪᠯᠡᠭᠡ ᠳᠤ ᠤᠷᠤᠭᠤᠯᠵᠤ᠂ ᠪᠤᠰᠤᠳ ᠲᠦᠷᠦᠯ ᠵᠦᠢᠯ ᠢ ᠨᠢ ᠪᠦᠲᠦᠭᠡᠨ ᠪᠠᠶᠢᠭᠤᠯᠬᠤ | ᠨᠢᠭᠡᠴᠢ ᠠᠴᠠ ᠨᠢᠭᠡᠲᠦᠯᠲᠡᠢ ᠲᠦᠯᠦᠪᠯᠡᠵᠣ ᠲᠤᠬᠢᠷᠠᠭᠤᠯᠣᠨ᠎ᠠ᠃ ᠲᠤᠭᠲᠠᠮᠠᠯ ᠬᠡᠯᠪᠡᠷᠢ ᠶᠢᠨ ᠨᠡᠶᠢᠲᠡ ᠶᠢᠨ ᠵᠤᠷᠯᠤᠩ | ᠪᠠᠶᠢᠭᠤᠯᠬᠤ ᠤᠷᠤᠨ ᠭᠠᠵᠡᠷ ᠢ ᠰᠤᠩᠭᠤᠬᠤ ᠳᠤ ᠨᠡᠯᠢᠶᠡᠳ ᠬᠦᠴᠢᠷ᠂ ᠨᠡᠭᠦᠳᠡᠯ ᠬᠦᠮᠦᠨ ᠠᠮᠠ ᠨᠢᠭᠲᠠ | ᠲᠦᠪᠯᠡᠷᠡᠭᠰᠡᠨ ᠭᠠᠵᠠᠷ ᠲᠤ᠂ ᠰᠢᠯᠵᠢᠭᠦᠯᠵᠣ ᠪᠣᠯᠬᠤ ᠬᠡᠯᠪᠡᠷᠢ ᠶᠢᠨ ᠨᠡᠶᠢᠲᠡ ᠶᠢᠨ ᠵᠤᠷᠯᠤᠩ ᠲᠤᠬᠢᠷᠠᠭᠤᠯᠵᠤ᠂ ᠰᠠᠭᠠᠳ | ᠦᠭᠡᠢ ᠬᠡᠷᠩᠯᠡᠭᠦ ᠪᠡᠯᠡᠳᠭᠡᠮᠵᠢ ᠨᠡᠮᠡᠬᠦ ᠬᠡᠷᠡᠭᠲᠡᠢ᠃ ᠪᠦᠷᠢᠳᠦᠭᠦᠯᠦᠨ ᠪᠠᠶᠢᠭᠤᠯᠬᠤ ᠨᠡᠶᠢᠲᠡ ᠶᠢᠨ ᠵᠤᠷᠯᠤᠩ ᠤᠨ ᠲᠤᠭ᠎ᠠ᠂ | ᠪᠠᠷᠢᠮᠵᠢᠶ᠎ᠠ ᠨᠢ ᠤᠯᠤᠰ ᠤᠨ ᠵᠢᠷᠣᠮᠵᠢᠭᠤᠯᠬᠤ ᠱᠠᠭᠠᠷᠳᠠᠯᠭ᠎ᠠ ᠳᠤ ᠬᠦᠷᠦᠭᠰᠡᠨ ᠦᠭᠡᠢ ᠪᠠᠶᠢᠪᠠᠯ᠂ ᠲᠤᠭᠲᠠᠭᠠᠭᠰᠠᠨ | ᠪᠠᠷᠢᠮᠵᠢᠶ᠎ᠠ ᠶᠤᠰᠤᠭᠠᠷ ᠨᠦᠬᠦᠵᠦ ᠪᠠᠶᠢᠭᠤᠯᠬᠤ ᠪᠤᠶᠤ ᠦᠭᠡᠷᠡᠴᠢᠯᠡᠵᠣ ᠳᠡᠭᠡᠭᠰᠢᠯᠡᠭᠦᠯᠣᠨ᠎ᠠ᠃ ᠬᠤᠲᠠ ᠪᠠᠯᠭᠠᠰᠤ ᠶᠢᠨ | ᠨᠡᠶᠢᠲᠡ ᠶᠢᠨ ᠬᠠᠭᠤᠴᠢᠷᠠᠬᠰᠠᠨ ᠪᠠ ᠬᠠᠭᠤᠴᠢᠨ ᠵᠤᠷᠯᠤᠩ ᠢ ᠦᠭᠡᠷᠡᠴᠢᠯᠡᠬᠦ ᠪᠠᠨ ᠲᠦᠷᠭᠡᠳᠭᠡᠨ ᠠᠬᠢᠭᠤᠯᠵᠤ᠂ | ᠬᠡᠳᠦᠷᠬᠡᠢ ᠬᠠᠭᠤᠴᠢᠷᠠᠭᠰᠠᠨ᠂ ᠴᠢᠳᠠᠮᠵᠢ ᠪᠠᠷ ᠬᠤᠴᠤᠷᠠᠩᠭᠤᠢ᠂ ᠤᠷᠴᠢᠨ ᠲᠤᠭᠤᠷᠢᠨ ᠨᠢ ᠪᠤᠵᠠᠷ ᠪᠤᠯᠠᠢ᠂ | ᠤᠯᠤᠰ ᠤᠨ ᠨᠡᠶᠢᠲᠡᠯᠡᠭᠰᠡᠨ ᠨᠡᠶᠢᠲᠡ ᠶᠢᠨ ᠵᠤᠷᠯᠤᠩ ᠤᠨ ᠪᠠᠷᠢᠮᠵᠢᠶ᠎ᠠ ᠠᠴᠠ ᠵᠦᠷᠢᠶ᠎ᠡ ᠨᠢ ᠨᠡᠯᠢᠶᠠᠣᠨ ᠶᠡᠭᠡ᠂ ᠤᠯᠠᠨ | ᠲᠦᠮᠡᠨ ᠤ ᠵᠤᠷᠯᠤᠩ ᠬᠡᠷᠩᠯᠡᠭᠦ ᠪᠠ ᠬᠤᠲᠠ ᠶᠢᠨ ᠪᠦᠬᠦᠯᠢ ᠴᠤᠭᠴᠠ ᠶᠢᠨ ᠳᠦᠷᠢ ᠲᠦᠷᠬᠦ ᠶᠢ ᠨᠦᠯᠦᠭᠡᠯᠡᠭᠰᠡᠨ | ᠨᠡᠶᠢᠲᠡ ᠶᠢᠨ ᠬᠠᠭᠤᠴᠢᠷᠠᠬᠰᠠᠨ ᠪᠠ ᠬᠠᠭᠤᠴᠢᠨ ᠵᠤᠷᠯᠤᠩ ᠢ ᠪᠦᠯᠦᠭ ᠬᠤᠪᠢᠶᠠᠨ ᠨᠤᠷᠠᠭᠠᠵᠤ ᠳᠠᠬᠢᠨ ᠪᠠᠶᠢᠭᠤᠯᠬᠤ | ᠪᠤᠶᠤ ᠦᠭᠡᠷᠡᠴᠢᠯᠡᠨ ᠪᠠᠶᠢᠭᠤᠯᠵᠤ ᠳᠡᠭᠡᠭᠰᠢᠯᠡᠭᠦᠯᠬᠦ ᠶᠢᠨ ᠬᠠᠮᠲᠤ᠂ ᠬᠦᠲᠦᠯᠦᠨ ᠵᠢᠯᠤᠭᠤᠳᠬᠤ ᠲᠡᠮᠲᠡᠭ ᠢ ᠨᠢ | ᠲᠡᠭᠦᠯᠳᠡᠷᠵᠢᠭᠦᠯᠣᠨ᠎ᠠ᠃ | ᠵᠢᠭᠤᠯᠴᠢᠯᠠᠯ ᠤᠨ ᠭᠠᠵᠡᠷ ᠲᠤ ᠵᠤᠷᠯᠤᠩ ᠪᠠᠶᠢᠭᠤᠯᠬᠤ ᠶᠢᠨ ᠪᠠᠷᠢᠮᠵᠢᠶ᠎ᠠ ᠪᠠ ᠵᠢᠷᠤᠮᠵᠢᠯ ᠢᠶᠠᠷ ᠮᠠᠨ ᠤ ᠤᠷᠤᠨ ᠤ | ᠨᠤᠲᠤᠭ ᠪᠠᠯᠴᠢᠭᠡᠷ ᠡᠯᠡᠰᠦ ᠮᠠᠩᠬ᠎ᠠ ᠣᠢ ᠰᠢᠭᠤᠢ ᠶᠢᠨ ᠤᠷᠤᠨ ᠪᠦᠰᠡ ᠪᠠᠷ ᠦᠷᠭᠡᠨ᠂ ᠤᠰᠤ ᠲᠣᠳᠠᠮᠠᠭ ᠪᠦᠭᠡᠣᠨ | ᠲᠡᠰᠬᠢᠮ᠎ᠡ ᠬᠦᠢᠲᠡᠨ ᠪᠠᠶᠢᠳᠠᠭ ᠵᠡᠷᠭᠡ ᠠᠭᠤᠷ ᠠᠮᠢᠰᠬᠤᠯ ᠤᠨ ᠤᠷᠴᠢᠨ ᠲᠤᠭᠤᠷᠢᠨ ᠤ ᠤᠨᠴᠠᠯᠢᠭ ᠲᠠᠢ | ᠤᠶᠠᠯᠳᠤᠭᠤᠯᠤᠨ᠂ ᠬᠡᠷᠡᠭᠯᠡᠭᠡᠨ ᠤ ᠴᠢᠨᠠᠷ ᠢ ᠪᠠᠲᠤᠯᠠᠬᠰᠠᠨ ᠰᠠᠭᠤᠷᠢᠨ ᠳᠡᠭᠡᠷ᠎ᠡ᠂ ᠰᠢᠨ᠎ᠡ ᠮᠡᠷᠭᠡᠵᠢᠯ᠂ ᠰᠢᠨ᠎ᠡ | ᠮᠠᠲ᠋ᠧᠷᠢᠶᠠᠯ ᠢ ᠢᠳᠡᠪᠬᠢᠲᠡᠢ ᠤᠷᠤᠭᠤᠯᠵᠤ ᠳᠡᠯᠭᠡᠷᠡᠭᠦᠯᠣᠨ᠎ᠠ᠃ ᠵᠢᠭᠤᠯᠴᠢᠯᠠᠬᠤ ᠦᠵᠡᠮᠵᠢ ᠶᠢᠨ ᠤᠷᠤᠨ᠂ | ᠵᠢᠭᠤᠯᠴᠢᠯᠠᠯ ᠤᠨ ᠭᠤᠤᠯ ᠵᠠᠮ ᠱᠤᠭᠤᠮ᠂ ᠬᠤᠲᠠ ᠪᠠᠯᠭᠠᠰᠤ ᠶᠢᠨ ᠵᠢᠭᠤᠯᠴᠢᠯᠠᠭᠴᠢᠳ ᠲᠦᠪᠯᠡᠷᠡᠭᠰᠡᠨ ᠤᠯᠠᠨ | ᠨᠡᠶᠢᠲᠡ ᠶᠢᠨ ᠭᠠᠵᠠᠷ᠂ ᠬᠦᠳᠡᠭᠡ ᠲᠤᠰᠬᠤᠨ ᠤ ᠭᠤᠤᠯ ᠪᠤᠯᠬᠤ ᠵᠢᠭᠤᠯᠴᠢᠯᠠᠯ ᠤᠨ ᠴᠡᠭ᠂ ᠵᠢᠭᠤᠯᠴᠢᠯᠠᠯ ᠤᠨ ᠵᠢᠵᠢᠭ | ᠪᠠᠯᠭᠠᠰᠤ᠂ ᠵᠢᠭᠤᠯᠴᠢᠯᠠᠬᠤ ᠠᠮᠠᠷᠠᠯᠲᠠ ᠶᠢᠨ ᠭᠠᠵᠠᠷ᠂ ᠵᠢᠭᠤᠯᠴᠢᠯᠠᠯ ᠤᠨ ᠴᠢᠬᠤᠯᠠ ᠶᠡᠭᠡ ᠲᠦᠷᠦᠯ ᠵᠦᠢᠯ ᠵᠡᠷᠭᠡ | ᠭᠠᠵᠠᠷ ᠤᠷᠤᠨ ᠤ ᠵᠢᠭᠤᠯᠴᠢᠯᠠᠯ ᠤᠨ ᠤᠷᠤᠨ ᠳᠠᠬᠢ ᠵᠤᠷᠯᠤᠩ ᠢ ᠪᠠᠶᠢᠭᠤᠯᠵᠤ ᠦᠭᠡᠷᠡᠴᠢᠯᠡᠬᠦ ᠶᠢ ᠲᠦᠷᠭᠡᠳᠭᠡᠨ | ᠠᠬᠢᠭᠤᠯᠣᠨ᠎ᠠ᠃ | ᠮᠠᠯᠵᠢᠬᠤ ᠲᠠᠷᠢᠶᠠᠯᠠᠬᠤ ᠤᠷᠤᠨ ᠤ ᠣᠷᠣᠰᠢᠨ ᠰᠠᠭᠤᠷᠢᠰᠢᠬᠤ ᠤᠷᠴᠢᠨ ᠢ ᠰᠠᠶᠢᠵᠢᠷᠠᠭᠤᠯᠬᠤ ᠪᠠ ᠦᠵᠡᠮᠵᠢᠳᠣ | ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠠᠷ ᠬᠠᠷᠠᠯᠲᠠ ᠪᠠᠨ ᠪᠤᠯᠭᠠᠵᠤ᠂ | ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ᠂ ᠮᠠᠯᠵᠢᠬᠤ ᠲᠠᠷᠢᠶᠠᠯᠠᠬᠤ ᠤᠷᠤᠨ ᠤ | ᠣᠷᠣᠰᠢᠨ ᠰᠠᠭᠤᠷᠢᠰᠢᠬᠤ ᠤᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ᠂ ᠮᠠᠯᠵᠢᠬᠤ ᠲᠠᠷᠢᠶᠠᠯᠠᠬᠤ | ᠤᠷᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠬᠤ ᠪᠠ ᠶᠠᠳᠠᠭᠤ ᠶᠢ ᠳᠡᠳᠭᠦᠨ ᠨᠡᠬᠡᠭᠡᠨ | ᠬᠦᠭᠵᠢᠭᠦᠯᠬᠦ ᠵᠢᠴᠢ ᠠᠷᠠᠳ ᠢ ᠨᠡᠭᠦᠯᠭᠡᠨ ᠰᠢᠯᠵᠢᠭᠦᠯᠬᠦ ᠵᠡᠷᠭᠡ ᠠᠵᠢᠯ ᠲᠠᠢ ᠤᠶᠠᠯᠳᠤᠭᠤᠯᠤᠨ᠂ ᠡᠯ᠎ᠡ ᠭᠠᠵᠠᠷ ᠤᠨ ᠬᠢᠨ | ᠠᠶᠢᠯ ᠲᠤᠰᠬᠤᠨ ᠤ ᠤᠷᠤᠨ ᠪᠠᠶᠢᠷᠢᠰᠢᠯ᠂ ᠲᠠᠷᠢᠶᠠᠴᠢᠨ ᠡᠷᠦᠬᠡ ᠶᠢᠨ ᠲᠤᠭ᠎ᠠ᠂ ᠲᠦᠪᠯᠡᠷᠡᠨ ᠰᠠᠭᠤᠷᠢᠰᠢᠭᠰᠠᠨ | ᠬᠡᠮᠵᠢᠶ᠎ᠡ ᠵᠡᠷᠭᠡ ᠬᠦᠴᠦᠨ ᠵᠦᠢᠯ ᠢ ᠨᠢᠭᠡᠳᠦᠯᠲᠡᠢ ᠲᠦᠯᠦᠪᠯᠡᠨ᠂ ᠤᠯᠠᠨ ᠲᠦᠮᠡᠨ ᠤ ᠬᠦᠯᠢᠶᠡᠨ ᠠᠪᠬᠤ᠂ ᠬᠢᠮᠳᠠ | ᠪᠦᠬᠡᠳ ᠲᠣᠬᠢᠯᠢᠬ᠂ ᠠᠷᠠᠴᠢᠯᠠᠵᠤ ᠪᠠᠬᠢᠯᠡᠭᠦ ᠳᠤ ᠳᠦᠬᠦᠮ᠂ ᠤᠯᠠᠨ ᠨᠡᠶᠢᠲᠡ ᠶᠢᠨ ᠤᠰᠤᠨ ᠴᠤᠭᠴᠠ ᠶᠢ | ᠪᠤᠬᠢᠷᠳᠤᠭᠤᠯᠬᠤ ᠦᠭᠡᠢ ᠪᠠᠶᠢᠬᠤ ᠱᠠᠭᠠᠷᠳᠠᠯᠭ᠎ᠠ ᠪᠠᠷ᠂ ᠮᠠᠯᠵᠢᠬᠤ ᠲᠠᠷᠢᠶᠠᠯᠠᠬᠤ ᠤᠷᠤᠨ ᠢ ᠭᠦᠳᠣᠯᠣᠨ ᠵᠢᠯᠣᠭᠤᠣᠡᠴᠣ | ᠪᠠᠶᠢᠭᠠᠣᠨ ᠨᠡᠶᠢᠲᠡ ᠶᠢᠨ ᠵᠤᠷᠯᠤᠩ ᠪᠤᠯᠤᠨ ᠮᠠᠯᠴᠢᠨ ᠲᠠᠷᠢᠶᠠᠴᠢᠨ ᠡᠷᠦᠬᠡ ᠭᠡᠷ ᠤᠨ ᠵᠤᠷᠯᠤᠩ ᠭᠠᠷᠭᠠᠬᠤ ᠪᠠ | ᠦᠭᠡᠷᠡᠴᠢᠯᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠤᠨ᠂ ᠠᠳᠠᠯᠢ ᠪᠤᠰᠤ ᠬᠢᠷᠢ ᠲᠦᠪᠰᠢᠨ ᠲᠠᠢ ᠠᠷᠢᠭᠤᠨ ᠴᠡᠪᠡᠷ | ᠵᠤᠷᠯᠤᠩ ᠢ ᠲᠦᠭᠡᠮᠡᠯᠵᠢᠭᠦᠯᠵᠦ᠂ ᠬᠦᠮᠦᠨ ᠠᠮᠠ ᠶᠢᠨ ᠬᠡᠪᠴᠢᠶ᠎ᠡ ᠪᠠᠷ ᠶᠡᠭᠡ ᠠᠶᠢᠯ ᠲᠤᠰᠬᠤᠨ ᠵᠢᠴᠢ ᠤᠯᠤᠰ᠂ | ᠮᠤᠵᠢ ᠶᠢᠨ ᠭᠤᠤᠯ ᠵᠠᠮ ᠱᠤᠭᠤᠮ ᠳᠠᠭᠠᠤ ᠳᠠᠬᠢ ᠠᠶᠢᠯ ᠲᠤᠰᠬᠤᠨ ᠤ ᠨᠡᠶᠢᠲᠡ ᠶᠢᠨ ᠵᠤᠷᠯᠤᠩ ᠢ ᠪᠦᠷᠢᠳᠦᠭᠦᠯᠦᠨ | ᠪᠠᠶᠢᠭᠤᠯᠣᠨ᠎ᠠ᠃ ᠡᠯ᠎ᠡ ᠭᠠᠵᠠᠷ ᠤᠨ ᠬᠢᠨ ᠬᠢᠮᠳᠠ᠂ ᠪᠣᠳᠠᠳᠠᠢ ᠬᠡᠷᠡᠭᠯᠡᠭᠡᠨ ᠲᠠᠢ᠂ ᠠᠷᠢᠭᠤᠨ ᠴᠡᠪᠡᠷ ᠪᠠᠶᠢᠬᠤ ᠵᠠᠷᠴᠢᠮ | ᠶᠤᠰᠤᠭᠠᠷ᠂ ᠬᠦᠳᠡᠭᠡ ᠲᠤᠰᠬᠤᠨ ᠤ ᠵᠤᠷᠯᠤᠩ ᠢ ᠪᠠᠶᠢᠭᠤᠯᠵᠤ ᠦᠭᠡᠷᠡᠴᠢᠯᠡᠬᠦ ᠪᠠᠷᠢᠮᠵᠢᠶ᠎ᠠ ᠪᠠᠨ ᠰᠢᠨᠵᠢᠯᠡᠬᠦ | ᠤᠬᠠᠭᠠᠨᠴᠢ ᠪᠠᠷ ᠵᠦᠢ ᠵᠤᠬᠢᠰᠲᠠᠢ ᠲᠤᠭᠲᠠᠭᠠᠵᠤ᠂ ᠠᠷᠢᠭᠤᠨ ᠴᠡᠪᠡᠷ ᠵᠤᠷᠯᠤᠩ ᠢ ᠭᠠᠵᠠᠷ ᠤᠷᠤᠨ ᠤ | ᠪᠠᠶᠢᠳᠠᠯ ᠳᠤ ᠪᠠᠨ ᠲᠤᠬᠢᠷᠠᠭᠤᠯᠤᠨ ᠪᠠᠶᠢᠭᠤᠯᠵᠣ᠂ ᠨᠦᠬᠦᠴᠡᠯ ᠲᠠᠢ ᠭᠠᠵᠠᠷ ᠤᠷᠤᠨ ᠨᠢ ᠤᠯᠤᠰ ᠠᠴᠠ ᠲᠤᠭᠲᠠᠭᠠᠭᠰᠠᠨ | ᠮᠡᠷᠭᠡᠵᠢᠯ ᠤᠨ ᠵᠢᠷᠤᠮᠵᠢᠯ᠂ ᠠᠷᠢᠭᠤᠨ ᠴᠡᠪᠡᠷ ᠤᠨ ᠪᠠᠷᠢᠮᠵᠢᠶ᠎ᠠ ᠪᠠᠷ ᠪᠠᠶᠢᠭᠤᠯᠬᠤ ᠬᠡᠷᠩᠳᠠᠢ᠂ ᠨᠢᠭᠡ ᠯᠡ ᠪᠠᠷᠢᠮᠵᠢᠶ᠎ᠠ ᠪᠠᠷ | ᠭᠦᠢᠴᠡᠳᠭᠡᠬᠦ ᠪᠠ ᠨᠢᠭᠡᠳᠣᠯᠳᠠᠢ ᠬᠢᠭᠦ ᠶᠢ ᠱᠠᠭᠠᠷᠳᠠᠬᠤ ᠦᠭᠡᠢ᠂ ᠰᠤᠬᠤᠷ ᠪᠠᠯᠠᠢ ᠪᠠᠷ ᠠᠳᠠᠯᠢᠳᠬᠠᠵᠤ᠂ ᠬᠤᠲᠠ ᠶᠢᠨ | ᠵᠠᠭᠪᠤᠷ ᠢ ᠲᠡᠷᠡ ᠬᠡᠪ ᠢᠶᠠᠷ ᠨᠢ ᠳᠠᠭᠤᠷᠢᠶᠠᠨ ᠬᠡᠷᠩᠯᠡᠵᠣ ᠪᠣᠯᠬᠤ ᠦᠭᠡᠢ᠃ ᠡᠯ᠎ᠡ ᠭᠠᠵᠠᠷ ᠤᠷᠤᠨ ᠨᠢ ᠦᠪᠡᠷ ᠤᠨ | ᠠᠵᠤ ᠠᠬᠤᠢ ᠶᠢᠨ ᠨᠦᠬᠦᠴᠡᠯ᠂ ᠬᠠᠮᠢᠶᠠᠷᠤᠯᠲᠠ ᠶᠢᠨ ᠴᠢᠳᠠᠪᠤᠷᠢ ᠪᠠ ᠤᠰᠤᠨ ᠤ ᠬᠠᠨᠭ᠍ᠭᠠᠯᠲᠠ ᠶᠢᠨ ᠪᠦᠷᠬᠦᠴᠡ | ᠪᠠᠶᠢᠳᠠᠯ ᠲᠠᠢ ᠪᠠᠨ ᠤᠶᠠᠯᠳᠤᠭᠤᠯᠤᠨ᠂ ᠪᠤᠬᠢᠷ ᠤᠰᠤᠨ ᠤ ᠬᠤᠭᠤᠯᠠᠢ ᠶᠢᠨ ᠤᠰᠤ ᠪᠠᠷ ᠤᠷᠤᠰᠬᠠᠨ ᠤᠭᠢᠶᠠᠬᠤ | ᠬᠡᠯᠪᠡᠷᠢ ᠶᠢᠨ ᠨᠡᠶᠢᠲᠡ ᠶᠢᠨ ᠵᠤᠷᠯᠤᠩ ᠪᠠ ᠮᠠᠯᠵᠢᠬᠤ ᠲᠠᠷᠢᠶᠠᠯᠠᠬᠤ ᠤᠷᠤᠨ ᠳᠠᠬᠢ ᠵᠤᠷᠯᠤᠩ ᠤᠨ ᠪᠤᠬᠢᠷ ᠤᠰᠤᠨ ᠤ | ᠬᠤᠭᠤᠯᠠᠢ ᠭᠤᠣᠷᠰᠣ ᠶᠢᠨ ᠲᠤᠤᠷ᠂ ᠪᠤᠬᠢᠷ ᠤᠰᠤ ᠶᠢ ᠴᠡᠪᠠᠷᠰᠢᠭᠦᠯᠭᠦ ᠪᠡᠯᠡᠳᠬᠡᠮᠵᠢ ᠶᠢ ᠡᠮᠬᠢ ᠵᠢᠷᠤᠮ ᠲᠠᠢ | ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠳᠠᠬᠢ ᠣᠣᠯ ᠤᠨ ᠶᠠᠪᠠᠭᠠᠨ ᠰᠠᠭᠤᠬᠤ ᠬᠠᠭᠤᠷᠢ ᠵᠤᠷᠯᠤᠩ᠂ ᠵᠠᠳᠠᠭᠠᠢ | ᠵᠤᠷᠯᠤᠩ ᠢ ᠠᠯᠬᠤᠮ ᠠᠯᠬᠤᠮ ᠢᠶᠠᠷ ᠦᠭᠡᠶᠢᠰᠭᠡᠭᠦ ᠬᠡᠷᠡᠭᠲᠡᠢ᠃ ᠵᠤᠷᠯᠤᠩ ᠬᠢᠭᠡᠳ ᠮᠠᠯᠵᠢᠬᠤ ᠲᠠᠷᠢᠶᠠᠯᠠᠬᠤ ᠤᠷᠤᠨ ᠤ | ᠠᠮᠢᠳᠤᠷᠠᠯ ᠤᠨ ᠪᠤᠬᠢᠷ ᠤᠰᠤ ᠵᠠᠰᠠᠬᠤ ᠶᠢ ᠤᠷᠭᠠᠨᠢᠭ ᠢᠶᠠᠷ ᠵᠤᠯᠭᠠᠭᠤᠯᠬᠤ ᠶᠢ ᠴᠢᠩᠭᠠᠣᠡᠬᠠᠨ᠎ᠠ᠃ ᠡᠯ᠎ᠡ ᠭᠠᠵᠠᠷ | ᠤᠷᠤᠨ ᠢ ᠵᠣᠷᠢᠬᠵᠢᠭᠤᠯᠵᠣ ᠪᠠᠶᠢᠭᠠᠣᠨ ᠪᠤᠲᠠᠲᠠᠢ ᠲᠠᠢ ᠪᠠᠨ ᠤᠶᠠᠯᠳᠤᠭᠤᠯᠤᠨ᠂ ᠵᠤᠷᠯᠤᠩ ᠤᠨ ᠢᠯᠭᠠᠳᠠᠰᠣ ᠪᠤᠷᠲᠠᠭ᠂ | ᠮᠠᠯ ᠵᠢᠭᠦᠷᠲᠡᠨ ᠲᠡᠵᠢᠭᠡᠪᠦᠷᠢ ᠶᠢᠨ ᠬᠠᠶᠠᠭᠳᠠᠮᠠᠯ ᠢ ᠴᠤᠭ ᠲᠤ ᠨᠢ ᠴᠡᠪᠡᠷᠯᠡᠬᠦ ᠶᠢᠨ ᠬᠠᠮᠲᠤ᠂ ᠡᠬᠢ ᠪᠠᠶᠠᠯᠢᠬᠵᠢᠭᠤᠯᠤᠨ | ᠠᠰᠢᠭᠯᠠᠬᠤ ᠪᠣᠯᠭᠠᠨ᠎ᠠ᠃ ᠨᠦᠬᠦᠴᠡᠯ ᠲᠠᠢ ᠭᠠᠵᠠᠷ ᠤᠷᠤᠨ ᠨᠢ ᠬᠤᠲᠠ ᠪᠠᠯᠭᠠᠰᠤ ᠶᠢᠨ ᠪᠤᠬᠢᠷ ᠤᠰᠤ ᠬᠤᠭ ᠨᠤᠪᠰᠢ | ᠴᠠᠪᠡᠷᠯᠡᠬᠦ ᠪᠡᠯᠡᠳᠬᠡᠮᠵᠢ ᠶᠢ ᠮᠠᠯᠵᠢᠬᠤ ᠲᠠᠷᠢᠶᠠᠯᠠᠬᠤ ᠤᠷᠤᠨ ᠳᠡᠶᠢᠰᠢ ᠣᠷᠳᠣᠣᠡᠬᠠᠬᠤ ᠶᠢ ᠠᠬᠢᠭᠤᠯᠵᠤ᠂ ᠮᠠᠯᠵᠢᠬᠤ | ᠲᠠᠷᠢᠶᠠᠯᠠᠬᠤ ᠤᠷᠤᠨ ᠤ ᠪᠤᠬᠢᠷ ᠤᠰᠤ ᠬᠤᠭ ᠨᠤᠪᠰᠢ ᠶᠢ ᠲᠦᠪᠯᠡᠷᠡᠭᠦᠯᠦᠨ ᠠᠷᠢᠯᠭᠠᠵᠤ ᠴᠡᠪᠡᠷᠯᠡᠬᠦ ᠬᠡᠷᠡᠭᠲᠡᠢ᠃ | ᠨᠡᠶᠢᠭᠡᠮ ᠤᠨ ᠵᠤᠷᠯᠤᠩ ᠢ ᠴᠢᠯᠣᠭᠡᠳᠠᠢ ᠬᠡᠷᠩᠯᠡᠭᠦ ᠶᠢ ᠠᠬᠢᠭᠤᠯᠣᠨ᠎ᠠ᠃ ᠡᠯ᠎ᠡ ᠭᠠᠵᠠᠷ ᠤᠨ ᠬᠢᠨ | ᠪᠤᠲᠡᠲᠡᠢ ᠲᠠᠢ ᠪᠠᠨ ᠤᠶᠠᠯᠳᠤᠭᠤᠯᠤᠨ᠂ ᠱᠠᠩᠨᠠᠵᠣ ᠨᠦᠬᠦᠪᠦᠷᠢᠯᠠᠨ ᠳᠡᠳᠬᠦᠬᠦ ᠵᠡᠷᠭᠡ ᠬᠠᠷᠠᠭᠠᠯᠵᠠᠯ ᠤᠨ ᠲᠦᠷᠦ ᠶᠢᠨ | ᠪᠤᠳᠤᠯᠭ᠎ᠠ ᠶᠢ ᠰᠤᠳᠤᠯᠤᠨ ᠲᠤᠭᠲᠠᠭᠠᠵᠤ᠂ ᠵᠠᠮ ᠳᠠᠭᠠᠤ ᠪᠠᠶᠢᠷᠢᠯᠠᠭᠰᠠᠨ ᠨᠠᠮ ᠵᠠᠰᠠᠭ ᠤᠨ ᠪᠠᠶᠢᠭᠤᠯᠭ᠎ᠠ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠵᠤᠷᠯᠤᠩ ᠢ ᠤᠯᠠᠨ ᠨᠡᠶᠢᠲᠡ ᠳᠤ ᠴᠢᠯᠣᠭᠡᠳᠠᠢ ᠬᠡᠷᠩᠯᠡᠭᠦᠯᠭᠦ ᠶᠢ | ᠵᠤᠷᠢᠬᠵᠢᠭᠤᠯᠤᠨ᠂ ᠬᠤᠭᠤᠯᠠᠨ ᠭᠡᠷ᠂ ᠬᠡᠳᠦ ᠳᠡᠯᠭᠡᠭᠦᠷ᠂ ᠲᠤᠰᠤ ᠨᠡᠮᠡᠬᠦ ᠦᠷᠲᠡᠭᠡ᠂ ᠬᠤᠳᠠᠯᠳᠤᠭ᠎ᠠ | ᠦᠢᠯᠡᠴᠢᠯᠡᠭᠡᠨ ᠤ ᠭᠠᠵᠡᠷ᠂ ᠪᠠᠭᠤᠳᠠᠯ ᠵᠡᠷᠭᠡ ᠨᠡᠶᠢᠭᠡᠮ ᠨᠢᠭᠡᠴᠢ ᠶᠢᠨ ᠵᠤᠷᠯᠤᠩ ᠢ ᠤᠯᠠᠨ ᠨᠡᠶᠢᠲᠡ ᠳᠤ ᠴᠢᠯᠣᠭᠡᠳᠠᠢ | ᠬᠡᠷᠩᠯᠡᠭᠦᠯᠭᠦ ᠶᠢ ᠵᠤᠷᠢᠬᠵᠢᠭᠤᠯᠵᠤ᠂ ᠵᠤᠷᠯᠤᠩ ᠤᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ | ᠳᠡᠭᠡᠭᠰᠢᠯᠡᠭᠦᠯᠦᠨ᠂ ᠨᠡᠶᠢᠲᠡ ᠶᠢᠨ ᠵᠤᠷᠯᠤᠩ ᠤᠨ ᠪᠦᠲᠦᠮᠵᠢᠲᠦ ᠬᠠᠨᠭ᠍ᠭᠠᠯᠭ᠎ᠠ ᠶᠢ ᠤᠯᠠᠨ ᠠᠷᠭ᠎ᠠ ᠵᠠᠮ ᠮᠦᠷ ᠢᠶᠠᠷ | ᠨᠡᠮᠡᠭᠳᠡᠭᠦᠯᠬᠦ ᠬᠡᠷᠡᠭᠲᠡᠢ᠃ | ︵ᠳᠦᠷᠪᠡ︶ ᠠᠵᠢᠯᠯᠠᠭᠤᠯᠵᠣ ᠬᠠᠮᠢᠶᠠᠷᠬᠤ᠃ ᠨᠡᠶᠢᠲᠡ ᠶᠢᠨ ᠵᠤᠷᠯᠤᠩ ᠤᠨ ᠠᠵᠢᠯᠯᠠᠭᠤᠯᠵᠣ ᠬᠠᠮᠢᠶᠠᠷᠬᠤ ᠶᠢᠨ | ᠵᠢᠷᠤᠮᠵᠢᠯᠲᠠ᠂ ᠪᠠᠷᠢᠮᠵᠢᠶᠠᠵᠢᠯᠲᠠ᠂ ᠨᠠᠷᠢᠯᠢᠬᠵᠢᠯᠲᠠ ᠶᠢ ᠠᠬᠢᠭᠤᠯᠣᠨ᠂ ︽ᠬᠤᠲᠠ ᠶᠢᠨ ᠨᠡᠶᠢᠲᠡ ᠶᠢᠨ ᠵᠤᠷᠯᠤᠩ ᠤᠨ | ᠬᠠᠮᠢᠶᠠᠷᠤᠯᠲᠠ ᠶᠢᠨ ᠠᠷᠭ᠎ᠠ︾ ᠵᠡᠷᠭᠡ ᠬᠤᠯᠪᠣᠭᠳᠠᠯ ᠪᠦᠬᠦᠢ ᠲᠤᠭᠲᠠᠭᠠᠯ ᠶᠤᠰᠤᠭᠠᠷ᠂ ᠨᠡᠶᠢᠲᠡ ᠶᠢᠨ ᠵᠤᠷᠯᠤᠩ ᠢ | ᠬᠠᠮᠢᠶᠠᠷᠬᠤ ᠬᠠᠷᠢᠭᠤᠴᠠᠯᠭᠠᠲᠤ ᠨᠢᠭᠡᠴᠢ ᠨᠢ ᠨᠡᠶᠢᠲᠡ ᠶᠢᠨ ᠵᠤᠷᠯᠤᠩ ᠤᠨ ᠠᠵᠢᠯᠯᠠᠭᠤᠯᠵᠣ ᠬᠠᠮᠢᠶᠠᠷᠬᠤ ᠤᠷᠲᠤ | ᠬᠤᠭᠤᠴᠠᠭᠠᠨ ᠤ ᠪᠦᠳᠣᠮᠵᠢᠳᠣ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠶᠢᠲᠡ ᠶᠢᠨ ᠵᠤᠷᠯᠤᠩ ᠢ | ᠬᠠᠮᠢᠶᠠᠷᠬᠤ ᠶᠢᠨ ᠬᠠᠮᠢᠶ᠎ᠠ ᠪᠦᠬᠦᠢ ᠠᠷᠭ᠎ᠠ ᠶᠢ ᠲᠤᠭᠲᠠᠭᠠᠵᠤ᠂ ᠡᠳᠦᠷ ᠲᠤᠲᠤᠮ ᠤᠨ ᠠᠷᠠᠴᠢᠯᠠᠵᠤ ᠬᠠᠮᠠᠭᠠᠯᠠᠬᠤ | ᠳᠦᠷᠢᠮ ᠢ ᠲᠤᠭᠲᠠᠭᠠᠨ᠂ ᠨᠡᠶᠢᠲᠡ ᠶᠢᠨ ᠵᠤᠷᠯᠤᠩ ᠤᠨ ᠪᠡᠯᠡᠳᠬᠡᠮᠵᠢ ᠲᠦᠬᠦᠭᠡᠷᠦᠮᠵᠢ ᠶᠢᠨ ᠪᠦᠷᠢᠨ ᠪᠦᠲᠦᠨ ᠪᠠ | ᠴᠡᠪᠡᠷ ᠪᠦᠭᠡᠣᠨ ᠦᠨᠦᠷ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠨᠡᠶᠢᠲᠡ ᠶᠢᠨ ᠵᠤᠷᠯᠤᠩ ᠤᠨ ᠬᠠᠮᠢᠶᠠᠷᠴᠤ | ᠠᠷᠠᠴᠢᠯᠠᠬᠤ ᠬᠦᠮᠦᠰ ᠢ ᠵᠤᠬᠢᠶᠠᠨ ᠪᠠᠶᠢᠭᠤᠯᠵᠤ ᠲᠤᠰᠬᠠᠢ ᠮᠡᠷᠭᠡᠵᠢᠯ ᠤᠨ ᠪᠤᠯᠪᠠᠰᠤᠷᠠᠯ ᠳᠤ ᠤᠷᠤᠯᠴᠠᠭᠤᠯᠵᠣ᠂ | ᠬᠠᠮᠢᠶᠠᠷᠴᠤ ᠠᠷᠠᠴᠢᠯᠠᠬᠤ ᠬᠦᠮᠦᠰ ᠤᠨ ᠶᠡᠷᠦᠩᠬᠡᠢ ᠬᠡᠪ ᠴᠢᠨᠠᠷ ᠢ ᠳᠡᠭᠡᠭᠰᠢᠯᠡᠭᠦᠯᠣᠨ᠎ᠠ᠃ ᠰᠤᠷᠭᠠᠭᠤᠯᠢ᠂ | ᠬᠤᠳᠠᠯᠳᠤᠭᠠᠨ ᠤ ᠲᠠᠯᠠᠪᠤᠷ᠂ ᠴᠡᠴᠡᠷᠯᠢᠭ᠂ ᠠᠭᠤᠳᠠᠮ ᠲᠠᠯᠠᠪᠠᠢ᠂ ᠵᠢᠭᠤᠯᠴᠢᠯᠠᠯ ᠤᠨ ᠲᠦᠪᠯᠡᠷᠡᠭᠰᠡᠨ ᠭᠠᠵᠠᠷ᠂ ᠵᠠᠮ | ᠬᠠᠷᠢᠯᠴᠠᠭᠠᠨ ᠤ ᠵᠠᠩᠭᠢᠯᠠᠭ᠎ᠠ ᠪᠣᠯᠬᠤ ᠵᠡᠷᠭᠡ ᠬᠦᠮᠦᠨ ᠠᠮᠠ ᠨᠢᠭᠳᠠᠷᠠᠭᠰᠠᠨ ᠤᠷᠤᠨ ᠳᠠᠬᠢ ᠵᠤᠷᠯᠤᠩ ᠤᠨ | ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠲᠡ ᠶᠢᠨ ᠵᠤᠷᠯᠤᠩ ᠤᠨ ᠠᠵᠢᠯᠯᠠᠭᠤᠯᠵᠣ ᠬᠠᠮᠢᠶᠠᠷᠬᠤ ᠲᠤᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠳᠠᠪᠰᠢᠭᠰᠠᠨ ᠭᠠᠵᠠᠷ ᠤᠷᠤᠨ ᠤ ᠬᠠᠮᠢᠶᠠᠷᠤᠯᠲᠠ ᠶᠢᠨ ᠲᠤᠷᠰᠢᠯᠭ᠎ᠠ ᠶᠢ ᠲᠣᠯᠢᠳᠠᠨ᠂ | ᠵᠠᠬ᠎ᠠ ᠳᠡᠯᠭᠡᠭᠦᠷᠵᠢᠭᠰᠡᠨ᠂ ᠨᠡᠶᠢᠬᠡᠮᠴᠢᠯᠡᠭᠰᠠᠨ ᠡᠬᠢ ᠪᠠᠶᠠᠯᠢᠭ ᠢ ᠪᠦᠲᠦᠮᠵᠢᠲᠡᠢ ᠨᠢᠭᠡᠳᠬᠡᠨ ᠠᠰᠢᠭᠯᠠᠵᠤ᠂ ︽ | ᠬᠤᠳᠠᠯᠳᠤᠭᠠᠨ ᠤ ᠬᠡᠯᠪᠡᠷᠢ ᠪᠠᠷ ᠵᠤᠷᠯᠤᠩ ᠪᠠᠶᠢᠭᠤᠯᠬᠤ᠂ ᠬᠤᠳᠠᠯᠳᠤᠭᠠᠨ ᠤ ᠬᠡᠯᠪᠡᠷᠢ ᠪᠠᠷ ᠵᠤᠷᠯᠤᠩ ᠠᠷᠠᠴᠢᠯᠠᠵᠣ | ᠬᠠᠮᠠᠭᠠᠯᠠᠬᠤ᠂ ᠬᠤᠳᠠᠯᠳᠤᠭᠠᠨ ᠤ ᠬᠡᠯᠪᠡᠷᠢ ᠪᠠᠷ ᠵᠤᠷᠯᠤᠩ ᠬᠠᠮᠢᠶᠠᠷᠬᠤ︾ ᠰᠢᠨ᠎ᠡ ᠵᠠᠭᠪᠤᠷ ᠢ ᠭᠠᠵᠠᠷ ᠤᠷᠤᠨ ᠤ | ᠪᠤᠲᠠᠲᠠᠢ ᠳᠤ ᠲᠣᠬᠢᠷᠠᠭᠤᠯᠵᠣ ᠬᠠᠶᠢᠨ ᠰᠦᠪᠡᠭᠴᠢᠯᠡᠨ᠎ᠡ᠃ ᠦᠢᠯᠡᠴᠢᠯᠡᠭᠡ ᠬᠤᠳᠠᠯᠳᠤᠨ ᠠᠪᠬᠤ ᠶᠢ ᠵᠣᠷᠢᠬᠵᠢᠭᠤᠯᠬᠤ | ᠵᠡᠷᠭᠡ ᠠᠷᠭ᠎ᠠ ᠮᠠᠶ᠋ᠢᠭ ᠢᠶᠠᠷ ᠨᠡᠶᠢᠭᠡᠮ ᠤᠨ ᠲᠤᠰᠬᠠᠢ ᠮᠡᠷᠭᠡᠵᠢᠯ ᠤᠨ ᠬᠦᠴᠦᠨ ᠢ ᠤᠷᠤᠭᠤᠯᠣᠨ᠂ ᠪᠠᠶᠢᠭᠤᠯᠵᠤ | ᠬᠠᠮᠢᠶᠠᠷᠬᠤ ᠳᠤ ᠨᠢᠭᠡ ᠴᠤᠭᠴᠠᠵᠢᠭᠤᠯᠬᠤ ᠶᠢ ᠬᠡᠷᠡᠭᠵᠢᠭᠦᠯᠵᠦ᠂ ᠨᠡᠶᠢᠲᠡ ᠶᠢᠨ ᠵᠤᠷᠯᠤᠩ ᠤᠨ ᠦᠢᠯᠡᠴᠢᠯᠡᠭᠦ ᠬᠢᠷᠢ | ᠲᠦᠪᠰᠢᠨ ᠢ ᠳᠡᠭᠡᠭᠰᠢᠯᠡᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠵᠤᠷᠯᠤᠩ ᠢ ᠦᠭᠡᠷᠡᠴᠢᠯᠡᠭᠰᠡᠨ ᠤ ᠳᠠᠷᠠᠭᠠᠬᠢ | ᠬᠠᠮᠢᠶᠠᠷᠴᠤ ᠵᠠᠰᠠᠬᠤ᠂ ᠢᠯᠭᠠᠳᠠᠰᠤ ᠪᠤᠷᠲᠠᠭ ᠢ ᠬᠤᠷᠢᠶᠠᠵᠤ ᠲᠡᠭᠡᠪᠦᠷᠢᠯᠡᠬᠦ ᠵᠡᠷᠭᠡ ᠠᠰᠠᠭᠤᠳᠠᠯ ᠢ ᠰᠠᠶᠢᠲᠤᠷ | ᠰᠢᠢᠳᠪᠦᠷᠢᠯᠡᠨ᠎ᠠ᠃ | ᠭᠠᠵᠠᠷ ᠤᠷᠤᠨ ᠤ ᠪᠤᠲᠠᠲᠠᠢ ᠲᠠᠢ ᠤᠶᠠᠯᠳᠤᠭᠤᠯᠵᠣ᠂ ᠨᠡᠶᠢᠲᠡ ᠶᠢᠨ ᠵᠤᠷᠯᠤᠩ ᠤᠨ ᠬᠦᠲᠦᠯᠦᠮᠵᠢ ᠶᠢᠨ | ᠰᠢᠰᠲ᠋ᠧᠮ ᠤᠨ ᠪᠠᠶᠢᠭᠤᠯᠤᠯᠲᠠ ᠶᠢ ᠦᠷᠨᠢᠭᠦᠯᠣᠨ᠂ ᠨᠡᠶᠢᠲᠡ ᠶᠢᠨ ᠵᠤᠷᠯᠤᠩ ᠤᠨ ᠢᠯᠭᠠᠬᠤ ᠲᠡᠮᠳᠡᠭ᠂ ᠢᠯᠡᠣᠡᠭᠡᠭᠦ | ᠲᠡᠮᠳᠡᠭ᠂ ᠬᠦᠲᠦᠯᠦᠮᠵᠢ᠂ ᠦᠰᠦᠭ᠂ ᠫᠠᠶᠢᠰᠠ᠂ ᠵᠢᠷᠤᠭ ᠵᠡᠷᠭᠡ ᠶᠢ ᠵᠢᠷᠤᠮᠵᠢᠭᠤᠨ ᠲᠤᠭᠲᠠᠭᠠᠨ᠎ᠠ᠃ ᠬᠤᠲᠠ | ᠭᠦᠳᠡᠭᠡ᠂ ᠦᠵᠡᠮᠵᠢ ᠶᠢᠨ ᠤᠷᠤᠨ ᠳᠠᠬᠢ ᠮᠦᠩᠭᠦ ᠬᠤᠷᠢᠶᠠᠬᠤ ᠦᠭᠡᠢ ᠬᠡᠷᠡᠭᠯᠡᠭᠦᠯᠬᠦ ᠪᠠᠷ ᠨᠡᠬᠡᠭᠡᠭᠰᠡᠨ ᠨᠡᠶᠢᠲᠡ ᠶᠢᠨ | ᠵᠤᠷᠯᠤᠩ ᠳᠤ ︽ᠦᠨ᠎ᠡ ᠬᠤᠷᠢᠶᠠᠬᠤ ᠦᠭᠡᠢ ᠨᠡᠶᠢᠲᠡ ᠶᠢᠨ ᠵᠤᠷᠯᠤᠩ︾ ᠬᠡᠮᠡᠬᠦ ᠵᠢᠭᠠᠯᠲᠠ ᠲᠤᠬᠢᠷᠠᠭᠤᠯᠬᠤ ᠶᠢᠨ | ᠬᠠᠮᠲᠤ᠂ ᠵᠢᠭᠠᠯᠲᠠ ᠳᠤ ᠵᠢᠭᠠᠬᠤ ᠰᠤᠮᠤᠨ ᠦᠵᠦᠭᠦᠷ ᠲᠠᠢ ᠪᠠᠶᠢᠯᠭᠠᠨ᠎ᠠ᠃ ᠵᠢᠭᠠᠬᠤ ᠰᠤᠮᠤᠨ ᠦᠵᠦᠭᠦᠷ ᠤᠨ ᠲᠤᠤᠷ᠎ᠠ | ᠲᠠᠯ᠎ᠠ ᠳᠤ ︽ᠠᠰ ᠶᠠᠪᠤᠬᠤ ︵ᠪᠤᠶᠤ ᠵᠡᠭᠦᠨᠰᠢ ᠪᠠᠨ᠂ ᠪᠠᠷᠠᠭᠤᠨᠰᠢ ᠪᠠᠨ︶ × ᠮᠧᠲᠷ︾ ︽ᠠᠰ ︵ᠪᠤᠶᠤ | ᠵᠡᠭᠦᠨᠰᠢ ᠪᠠᠨ᠂ ᠪᠠᠷᠠᠭᠤᠨᠰᠢ ᠪᠠᠨ︶ × ᠮᠧᠲᠷ ᠶᠠᠪᠣᠭᠰᠠᠨ ᠤ ᠳᠠᠷᠠᠭ᠎ᠠ ︵ᠪᠤᠶᠤ ᠵᠡᠭᠦᠡᠰᠢ ᠪᠠᠨ᠂ ᠪᠠᠷᠠᠭᠤᠨᠰᠢ ᠪᠠᠨ︶ | × ᠮᠧᠲᠷ ᠲᠤ︾ ᠶᠠᠪᠣᠬᠤ ᠭᠡᠵᠦ ᠵᠢᠭᠠᠨ ᠭᠦᠳᠣᠯᠭᠦ ᠶᠢ ᠦᠰᠦᠭ ᠢᠶᠠᠷ ᠲᠤᠳᠤᠷᠬᠠᠶᠢᠯᠠᠵᠣ ᠬᠠᠳᠠᠨ᠎ᠠ᠃ ᠵᠢᠭᠠᠯᠲᠠ ᠶᠢ | ᠭᠤᠤᠯ ᠪᠣᠯᠬᠤ ᠵᠠᠮ᠂ ᠨᠠᠷᠢᠨ ᠵᠠᠮ᠂ ᠭᠤᠳᠤᠮᠵᠢ ᠶᠢᠨ ᠦᠵᠣᠭᠦᠷ ᠲᠤ ᠲᠤᠬᠢᠷᠠᠭᠤᠯᠬᠤ ᠪᠦᠭᠡᠣᠨ ᠡᠳᠡᠭᠡᠷ ᠢ ᠢᠯᠡ | ᠪᠠᠶᠢᠬᠤ ᠵᠠᠮ ᠬᠠᠷᠢᠯᠴᠠᠭᠠᠨ ᠤ ᠪᠠᠭᠠᠨ᠎ᠠ ᠪᠤᠶᠤ ᠵᠠᠮ ᠤᠨ ᠳ᠋ᠸᠡᠭ ᠤᠨ ᠪᠠᠭᠠᠨ᠎ᠠ ᠵᠡᠷᠭᠡ ᠪᠡᠯᠡᠳᠬᠡᠮᠵᠢ ᠶᠢᠨ ᠳᠡᠭᠡᠷ᠎ᠡ | ᠬᠠᠷᠠᠭᠳᠠᠬᠤ ᠪᠠᠷ ᠲᠤᠬᠢᠷᠠᠭᠤᠯᠵᠤ ᠪᠤᠯᠤᠨ᠎ᠠ᠃ ᠢᠨᠲ᠋ᠧᠷ ᠰᠦᠯᠵᠢᠶ᠎ᠡ᠂ ᠡᠭᠦᠯᠡᠨ ᠲᠠᠪᠴᠠᠩ᠂ ᠲᠤᠮᠤ ᠳ᠋ᠠᠶᠢᠲ᠋ᠠ ᠵᠡᠷᠭᠡ | ᠮᠡᠳᠡᠭᠡ ᠵᠠᠩᠬᠢᠴᠢᠯᠠᠯᠳᠠ ᠶᠢᠨ ᠠᠷᠭ᠎ᠠ ᠠᠪᠴᠠᠯ ᠢ ᠠᠰᠢᠭᠯᠠᠨ᠂ ᠬᠤᠲᠠ ᠪᠠᠯᠭᠠᠰᠤ ᠶᠢᠨ ᠨᠡᠶᠢᠲᠡ ᠶᠢᠨ ᠵᠤᠷᠯᠤᠩ ᠤᠨ | ᠡᠯᠧᠺᠲᠷᠤᠨ ᠭᠠᠵᠠᠷ ᠤᠨ ᠵᠢᠷᠤᠭ ᠪᠠ ᠤᠬᠠᠭᠤᠯᠬᠤ ᠭᠠᠷ ᠳᠡᠪᠲᠡᠷ ᠢ ᠵᠤᠬᠢᠶᠠᠵᠤ᠂ ᠨᠡᠶᠢᠬᠡᠮ ᠨᠡᠶᠢᠲᠡ ᠪᠠᠷ ᠢᠶᠠᠨ | ᠸᠢᠴᠠᠲ᠂ ᠭᠠᠷ ᠤᠲᠠᠰᠤᠨ ᠤ APP᠂ ᠺᠤᠮᠫᠢᠦ᠋ᠲ᠋ᠧᠷ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠡᠶᠢᠲᠡ ᠶᠢᠨ | ᠵᠤᠷᠯᠤᠩ ᠤᠨ ᠤᠷᠤᠨ ᠪᠠᠶᠢᠷᠢ ᠶᠢ ᠬᠠᠶᠢᠬᠤ ᠳᠤ ᠲᠦᠬᠦᠮ ᠦᠵᠡᠭᠦᠯᠣᠨ᠎ᠠ᠃ | ︵ᠲᠠᠪᠤ︶ ᠲᠦᠰᠦᠯ ᠵᠢᠷᠣᠵᠣ ᠲᠦᠰᠦᠯᠡᠭᠦ᠃ ᠡᠯ᠎ᠡ ᠠᠶᠢᠮᠠᠭ ᠬᠤᠲᠠ ᠨᠢ ᠨᠠᠷᠢᠨ ᠪᠠᠶᠢᠳᠠᠯ ᠢ ᠲᠤᠳᠤᠷᠬᠠᠢ | ᠤᠶᠢᠯᠠᠭᠠᠵᠤ᠂ ᠪᠠᠶᠢᠴᠠᠭᠠᠨ ᠰᠤᠳᠤᠯᠤᠨ ᠳ᠋ᠦᠩᠨᠡᠭᠰᠠᠨ ᠰᠠᠭᠤᠷᠢᠨ ᠳᠡᠭᠡᠷ᠎ᠡ᠂ ᠲᠣᠰ ᠭᠠᠵᠠᠷ ᠤᠷᠤᠨ ᠤ ᠬᠤᠲᠠ | ᠪᠠᠯᠭᠠᠰᠤ᠂ ᠦᠵᠡᠮᠵᠢ ᠶᠢᠨ ᠤᠷᠤᠨ᠂ ᠮᠠᠯᠵᠢᠬᠤ ᠲᠠᠷᠢᠶᠠᠯᠠᠬᠤ ᠤᠷᠤᠨ ᠳᠤ ᠵᠤᠷᠯᠤᠩ ᠪᠠᠶᠢᠭᠤᠯᠵᠤ ᠦᠭᠡᠷᠡᠴᠢᠯᠡᠨ | ᠰᠢᠨᠡᠣᠡᠭᠡᠭᠦ ᠶᠢᠨ ᠬᠡᠷᠡᠭᠵᠢᠭᠦᠯᠬᠦ ᠲᠦᠰᠦᠯ ᠢᠶᠠᠨ ᠱᠠᠯᠠᠪᠳᠠᠨ ᠨᠠᠶᠢᠷᠠᠭᠤᠯᠵᠣ ᠲᠤᠭᠲᠠᠭᠠᠬᠤ ᠪᠤᠶᠤ ᠳᠡᠭᠦᠨ ᠳᠤ ᠵᠠᠰᠠᠪᠤᠷᠢ | ᠤᠷᠤᠭᠤᠯᠬᠤ ᠬᠡᠷᠡᠭᠲᠡᠢ᠃ ᠲᠦᠰᠦᠯ ᠳᠤ ᠲᠣᠰ ᠭᠠᠵᠠᠷ ᠤᠷᠤᠨ ᠤ ᠬᠠᠷᠠᠯᠳᠠᠳᠣ ᠡᠭᠦᠷᠭᠡ᠂ ᠬᠠᠷᠢᠭᠤᠴᠠᠯᠭᠠᠲᠤ ᠨᠢᠭᠡᠴᠢ᠂ | ᠪᠡᠯᠡ ᠮᠦᠡᠭᠭᠦ ᠴᠤᠭᠯᠠᠭᠤᠯᠬᠤ᠂ ᠤᠯᠠᠨ ᠲᠦᠮᠡᠨ ᠤᠷᠤᠯᠴᠠᠬᠤ᠂ ᠰᠢᠯᠭᠠᠨ ᠬᠢᠨᠠᠵᠤ ᠰᠢᠯᠭᠠᠨ ᠬᠤᠷᠢᠶᠠᠵᠣ ᠠᠪᠬᠤ | ᠵᠡᠷᠭᠡ ᠠᠭᠤᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠡᠯ᠎ᠡ ᠠᠶᠢᠮᠠᠭ ᠬᠤᠲᠠ ᠨᠢ 2018 ᠤᠨ ᠤ 9 ᠳ᠋ᠤᠭᠡᠷ | ᠰᠠᠷ᠎ᠠ ᠶᠢᠨ ᠰᠡᠭᠦᠯᠴᠢ ᠠᠴᠠ ᠡᠮᠦᠨ᠎ᠡ ᠬᠡᠷᠡᠭᠵᠢᠭᠦᠯᠬᠦ ᠲᠦᠰᠦᠯ ᠢᠶᠠᠨ ᠨᠠᠶᠢᠷᠠᠭᠤᠯᠵᠤ ᠲᠤᠭᠲᠠᠭᠠᠬᠤ ᠪᠤᠶᠤ ᠵᠠᠰᠠᠪᠤᠷᠢ | ᠤᠷᠤᠭᠤᠯᠬᠤ ᠠᠵᠢᠯ ᠢ ᠪᠡᠶᠡᠯᠡᠭᠦᠯᠬᠦ ᠶᠢᠨ ᠬᠠᠮᠲᠤ᠂ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ | ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠳᠤ ᠮᠡᠳᠡᠭᠦᠯᠦᠨ ᠳᠠᠩᠰᠠᠯᠠᠭᠤᠯᠵᠣ ᠬᠢᠨᠠᠭᠤᠯᠬᠤ ᠬᠡᠷᠡᠭᠲᠡᠢ᠃ | ︵ᠵᠢᠷᠭᠤᠭ᠎ᠠ︶ ᠵᠢᠱᠢᠶ᠎ᠡ ᠦᠵᠡᠭᠦᠯᠵᠦ ᠬᠦᠲᠦᠯᠦᠨ ᠳᠠᠭᠠᠭᠤᠯᠬᠤ᠃ ᠡᠯ᠎ᠡ ᠭᠠᠵᠠᠷ ᠤᠷᠤᠨ ᠨᠢ ᠳᠠᠪᠰᠢᠭᠰᠠᠨ | ᠭᠠᠵᠠᠷ ᠤᠷᠤᠨ ᠤ ᠠᠷᠭ᠎ᠠ ᠲᠤᠷᠰᠢᠯᠭ᠎ᠠ ᠶᠢ ᠲᠤᠯᠢᠳᠠᠨ᠂ ᠲᠣᠰ ᠭᠠᠵᠠᠷ ᠤᠷᠤᠨ ᠤ ᠪᠤᠲᠠᠲᠠᠢ ᠲᠠᠢ ᠪᠠᠨ | ᠤᠶᠠᠯᠳᠤᠭᠤᠯᠵᠤ ᠲᠤᠷᠰᠢᠯᠲᠠ ᠶᠢᠨ ᠴᠡᠭ ᠢᠶᠠᠷ ᠵᠢᠱᠢᠶ᠎ᠠ ᠦᠵᠡᠭᠦᠯᠭᠦ ᠶᠢ ᠭᠦᠨᠵᠡᠭᠡᠢ ᠦᠷᠨᠢᠭᠦᠯᠦᠨ᠂ ᠲᠤᠷᠰᠢᠯᠭ᠎ᠠ ᠪᠠᠨ | ᠳ᠋ᠦᠡᠭᠨᠡᠵᠦ᠂ ᠨᠢᠭᠡ ᠪᠦᠯᠦᠭ ᠳᠠᠭᠤᠷᠢᠶᠠᠵᠣ ᠪᠣᠯᠬᠤᠶᠢᠴᠨ᠂ ᠳᠡᠯᠭᠡᠷᠡᠭᠦᠯᠬᠦ ᠳᠤ ᠬᠢᠯᠪᠠᠷ ᠪᠦᠲᠦᠭᠡᠨ ᠪᠠᠶᠢᠭᠤᠯᠬᠤ ᠪᠠ | ᠬᠠᠮᠢᠶᠠᠷᠬᠤ ᠲᠤᠷᠰᠢᠯᠲᠠ ᠶᠢᠨ ᠴᠡᠭ ᠢ ᠲᠦᠷᠭᠡᠭᠡᠨ ᠪᠦᠷᠢᠯᠳᠦᠭᠦᠯᠵᠦ᠂ ᠯᠠᠪᠳᠠᠭᠤᠨ ᠢᠶᠠᠷ ᠠᠬᠢᠭᠤᠯᠬᠤ ᠬᠡᠷᠩᠳᠠᠢ᠃ | ᠦᠪᠡᠷᠲᠡᠭᠡᠨ ᠵᠠᠰᠠᠬᠤ ᠤᠷᠤᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠠᠵᠢᠯ ᠢ ᠵᠢᠯᠤᠭᠤᠣᠡᠬᠤ ᠪᠠᠨ | ᠴᠢᠩᠭᠠᠷᠠᠭᠤᠯᠵᠤ᠂ ᠲᠤᠷᠰᠢᠯᠭ᠎ᠠ ᠰᠤᠯᠢᠯᠴᠠᠬᠤ ᠶᠢ ᠴᠢᠩᠭᠠᠳᠬᠠᠨ᠂ ᠪᠠᠶᠢᠴᠠᠭᠠᠯᠲᠠ ᠬᠢᠬᠦ᠂ ᠦᠨᠡᠯᠡᠨ ᠵᠢᠱᠢᠬᠦ ᠪᠠ | ᠰᠢᠮᠳᠠᠭᠤᠯᠤᠨ ᠵᠢᠯᠤᠭᠤᠳᠬᠤ ᠶᠢ ᠴᠠᠭ ᠲᠤ ᠨᠢ ᠲᠤᠬᠢᠷᠠᠭᠤᠯᠣᠨ ᠦᠷᠨᠢᠭᠦᠯᠵᠦ᠂ ᠦᠪᠡᠷᠲᠡᠭᠡᠨ ᠵᠠᠰᠠᠬᠤ ᠤᠷᠤᠨ ᠤ | ᠬᠤᠲᠠ ᠪᠠᠯᠭᠠᠰᠣ᠂ ᠦᠵᠡᠮᠵᠢ ᠶᠢᠨ ᠤᠷᠤᠨ᠂ ᠮᠠᠯᠵᠢᠬᠤ ᠲᠠᠷᠢᠶᠠᠯᠠᠬᠤ ᠤᠷᠤᠨ ᠳᠠᠬᠢ ᠵᠤᠷᠯᠤᠩ ᠪᠠᠶᠢᠭᠤᠯᠵᠤ | ᠬᠠᠮᠢᠶᠠᠷᠬᠤ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ ᠪᠦᠬᠦᠯᠢ ᠴᠤᠭᠴᠠ ᠪᠠᠷ ᠨᠢ ᠳᠡᠭᠡᠭᠰᠢᠯᠡᠭᠦᠯᠬᠦ ᠶᠢ | ᠦᠨᠡᠨ ᠬᠦ ᠪᠠᠲᠤᠯᠠᠬᠤ ᠬᠡᠷᠡᠭᠲᠡᠢ᠃ | ᠳᠦᠷᠪᠡ᠂ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠤᠬᠢᠶᠠᠨ ᠪᠠᠶᠢᠭᠤᠯᠵᠣ ᠤᠳᠤᠷᠢᠣᠡᠬᠤ ᠶᠢ ᠴᠢᠩᠭᠠᠳᠬᠠᠨ᠎ᠠ᠃ ︽ᠵᠤᠷᠯᠤᠩ ᠤᠨ ᠬᠤᠪᠢᠰᠤᠯᠲᠠ︾ | ᠶᠢ ᠲᠦᠯᠬᠢᠨ ᠠᠬᠢᠭᠤᠯᠬᠤ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠨᠠᠶᠢᠳᠠᠪᠤᠷᠢᠵᠢᠭᠤᠯᠬᠤ ᠪᠠ ︽ᠳᠦᠷᠪᠡᠨ ᠦᠵᠡᠯ ᠤᠬᠠᠮᠰᠠᠷ︾ ᠢ ᠳᠡᠭᠡᠭᠰᠢᠯᠡᠭᠦᠯᠬᠦ ᠶᠢᠨ ᠴᠢᠬᠤᠯᠠ ᠶᠡᠭᠡ ᠠᠷᠭ᠎ᠠ | ᠬᠡᠮᠵᠢᠶ᠎ᠡ ᠪᠤᠯᠤᠨ᠎ᠠ᠂ ᠠᠷᠠᠳ ᠲᠤ ᠪᠤᠲᠠᠲᠠᠢ ᠠᠵᠢᠯ ᠬᠢᠵᠣ ᠭᠦᠢᠴᠡᠣᠡᠭᠡᠭᠦ ᠶᠢᠨ ᠴᠢᠬᠤᠯᠠ ᠢᠯᠡᠷᠡᠯ ᠪᠤᠯᠤᠨ᠎ᠠ᠃ ᠡᠯ᠎ᠡ | ᠭᠠᠵᠠᠷ ᠤᠷᠤᠨ ᠨᠢ ᠬᠤᠲᠠ ᠭᠦᠳᠡᠭᠡ ᠶᠢᠨ ᠪᠤᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠬᠦ᠂ ᠠᠷᠠᠳ ᠣᠯᠠᠨ ᠤ ᠵᠤᠯ | ᠵᠢᠷᠭᠠᠯᠳᠣ ᠰᠡᠳᠭᠢᠭᠳᠡᠯ ᠢ ᠨᠡᠮᠡᠭᠳᠡᠭᠦᠯᠬᠦ ᠳᠠᠯ᠎ᠠ ᠳᠠᠬᠢ ︽ᠵᠤᠷᠯᠤᠩ ᠤᠨ ᠬᠤᠪᠢᠰᠤᠯᠲᠠ︾ ᠶᠢ ᠲᠦᠯᠬᠢᠨ | ᠠᠬᠢᠭᠤᠯᠬᠤ ᠶᠢᠨ ᠴᠢᠬᠤᠯᠠ ᠠᠴᠢ ᠬᠤᠯᠪᠤᠭᠳᠠᠯ ᠢ ᠭᠦᠢᠴᠡᠳ ᠲᠠᠨᠢᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ | ᠤᠳᠤᠷᠢᠳᠤᠯᠭ᠎ᠠ ᠪᠠᠨ ᠴᠢᠩᠭᠠᠷᠠᠭᠤᠯᠵᠤ᠂ ᠭᠤᠤᠯ ᠴᠤᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ | ᠬᠠᠮᠲᠤ᠂ ᠲᠦᠷᠦᠭᠦᠯᠡᠬᠦ ᠰᠠᠯᠠᠭ᠎ᠠ ᠮᠦᠴᠢᠷ ᠪᠠ ᠬᠡᠷᠡᠭᠵᠢᠭᠦᠯᠬᠦ ᠭᠤᠤᠯ ᠴᠤᠭᠴᠠ ᠶᠢ ᠲᠤᠳᠤᠷᠬᠠᠶᠢᠯᠠᠵᠤ᠂ ᠲᠦᠷᠦ ᠶᠢᠨ | ᠪᠤᠳᠤᠯᠭ᠎ᠠ ᠪᠠ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠬᠠᠨᠭ᠍ᠭᠠᠨ᠂ ᠰᠠᠶᠢᠲᠤᠷ ᠬᠢᠨᠠᠯᠲᠠ ᠲᠠᠯᠪᠢᠵᠤ ᠰᠢᠯᠭᠠᠨ | ᠬᠢᠨᠠᠬᠤ ᠬᠡᠷᠡᠭᠲᠡᠢ᠃ ᠡᠯ᠎ᠠ ᠡᠭᠦᠷᠭᠡ ᠴᠢᠳᠠᠮᠵᠢᠳᠣ ᠰᠠᠯᠠᠭ᠎ᠠ ᠮᠦᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ᠂ ᠢᠳᠡᠪᠬᠢᠲᠡᠢ ᠵᠤᠬᠢᠴᠠᠭᠤᠯᠤᠨ ᠬᠠᠮᠵᠢᠯᠴᠠᠵᠤ᠂ ᠡᠯ᠎ᠡ ᠵᠦᠢᠯ ᠤᠨ ᠡᠭᠦᠷᠭᠡ ᠪᠠᠨ | ᠨᠠᠶᠢᠳᠠᠪᠤᠷᠢᠵᠢᠭᠤᠯᠤᠨ ᠪᠤᠲᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ | ᠦᠪᠡᠷᠲᠡᠭᠡᠨ ᠵᠠᠰᠠᠬᠤ ᠤᠷᠤᠨ ᠤ ᠬᠤᠲᠠ ᠭᠦᠳᠡᠭᠡ ᠳᠠᠬᠢ ᠨᠡᠶᠢᠲᠡ ᠶᠢᠨ ᠵᠤᠷᠯᠤᠩ ᠢ ᠪᠠᠶᠢᠭᠤᠯᠵᠤ ᠬᠠᠮᠢᠶᠠᠷᠬᠤ | ᠠᠵᠢᠯ ᠳᠤ ᠦᠪᠡᠷᠲᠡᠭᠡᠨ ᠵᠠᠰᠠᠬᠤ ᠤᠷᠤᠨ ᠤ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ ᠲᠦᠷᠦᠭᠦᠯᠡᠵᠦ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ | ᠲᠠᠷᠢᠶᠠᠯᠠᠬᠤ ᠮᠠᠯᠵᠢᠬᠤ ᠤᠷᠤᠨ ᠤ ᠠᠵᠢᠯ ᠤᠨ ᠠᠯᠪᠠᠨ ᠭᠡᠷ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠲᠢᠩᠬᠢᠮ᠂ ᠭᠠᠶᠢᠯᠢ ᠶᠢᠨ | ᠶᠠᠪᠤᠳᠠᠯ ᠤᠨ ᠲᠤᠪᠴᠢᠶ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠦᠳᠡᠯᠭᠡᠭᠡᠨ ᠤ ᠵᠦᠪᠯᠡᠯ ᠤᠨ | ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠵᠢᠯᠴᠠᠬᠤ | ᠬᠡᠷᠡᠭᠲᠡᠢ︔ ᠦᠵᠡᠮᠵᠢ ᠶᠢᠨ ᠤᠷᠤᠨ ᠳᠠᠬᠢ ᠨᠡᠶᠢᠲᠡ ᠶᠢᠨ ᠵᠤᠷᠯᠤᠩ ᠢ ᠪᠠᠶᠢᠭᠤᠯᠵᠤ ᠬᠠᠮᠢᠶᠠᠷᠬᠤ ᠠᠵᠢᠯ ᠳᠤ | ᠦᠪᠡᠷᠲᠡᠭᠡᠨ ᠵᠠᠰᠠᠬᠤ ᠤᠷᠤᠨ ᠤ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠲᠦᠷᠦᠭᠦᠯᠡᠵᠦ᠂ ᠦᠪᠡᠷᠲᠡᠭᠡᠨ | ᠵᠠᠰᠠᠬᠤ ᠤᠷᠤᠨ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠤᠷᠤᠨ | ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠤᠯᠤᠰ ᠤᠨ ᠭᠠᠵᠠᠷ ᠰᠢᠷᠤᠢ ᠡᠬᠢ | ᠪᠠᠶᠠᠯᠢᠭ ᠤᠨ ᠲᠢᠩᠬᠢᠮ᠂ ᠭᠠᠶᠢᠯᠢ ᠶᠢᠨ ᠶᠠᠪᠤᠳᠠᠯ ᠤᠨ ᠲᠤᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ | ᠬᠠᠮᠵᠢᠯᠴᠠᠬᠤ ᠬᠡᠷᠡᠭᠲᠡᠢ︔ ᠮᠠᠯᠵᠢᠬᠤ ᠲᠠᠷᠢᠶᠠᠯᠠᠬᠤ ᠤᠷᠤᠨ ᠳᠠᠬᠢ ᠡᠷᠦᠬᠡ ᠭᠡᠷ ᠤᠨ ᠵᠤᠷᠯᠤᠩ ᠢ ᠪᠠᠶᠢᠭᠤᠯᠵᠤ | ᠬᠠᠮᠢᠶᠠᠷᠬᠤ ᠠᠵᠢᠯ ᠳᠤ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠲᠦᠷᠦᠭᠦᠯᠡᠵᠦ᠂ ᠦᠪᠡᠷᠲᠡᠭᠡᠨ ᠵᠠᠰᠠᠬᠤ ᠤᠷᠤᠨ ᠤ ᠤᠯᠤᠰ ᠪᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠦᠳᠡᠯᠭᠡᠭᠡᠨ ᠤ ᠵᠦᠪᠯᠡᠯ ᠤᠨ ᠠᠯᠪᠠᠨ ᠭᠡᠷ᠂ ᠤᠷᠤᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠵᠢᠭᠤᠯᠴᠢᠯᠠᠯ ᠤᠨ ᠬᠦᠭᠵᠢᠭᠦᠯᠦᠯᠲᠡ ᠶᠢᠨ ᠵᠦᠪᠯᠡᠯ ᠬᠠᠷᠢᠭᠤᠴᠠᠬᠤ ᠬᠡᠷᠡᠭᠲᠡᠢ᠃ ᠡᠯ᠎ᠡ | ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠤᠭᠤᠷᠢᠭ︶ ᠨᠢ ᠵᠤᠷᠯᠤᠩ ᠤᠨ ᠪᠠᠶᠢᠭᠤᠯᠵᠣ | ᠬᠠᠮᠢᠶᠠᠷᠬᠤ ᠶᠢᠨ ᠬᠠᠷᠢᠭᠤᠴᠠᠯᠭᠠᠳᠣ ᠭᠤᠤᠯ ᠴᠤᠭᠴᠠ ᠪᠠᠶᠢᠵᠤ᠂ ᠵᠠᠰᠠᠭ ᠵᠠᠬᠢᠷᠭᠠᠨ ᠤ ᠤᠷᠤᠨ ᠪᠦᠰᠡ ᠳᠠᠬᠢ ᠬᠤᠲᠠ | ᠭᠦᠳᠡᠭᠡ᠂ ᠦᠵᠡᠮᠵᠢ ᠶᠢᠨ ᠤᠷᠤᠨ ᠤ ᠨᠡᠶᠢᠲᠡ ᠶᠢᠨ ᠵᠤᠷᠯᠤᠩ ᠪᠤᠯᠤᠨ ᠮᠠᠯᠵᠢᠬᠤ ᠲᠠᠷᠢᠶᠠᠯᠠᠬᠤ ᠤᠷᠤᠨ ᠳᠠᠬᠢ ᠡᠷᠦᠬᠡ | ᠭᠡᠷ ᠤᠨ ᠵᠤᠷᠯᠤᠩ ᠤᠨ ᠪᠠᠶᠢᠭᠤᠯᠬᠤ ᠶᠢ ᠵᠤᠬᠢᠶᠠᠨ ᠪᠠᠶᠢᠭᠤᠯᠵᠣ ᠬᠡᠷᠡᠭᠵᠢᠭᠦᠯᠬᠦ ᠶᠢ ᠬᠠᠷᠢᠭᠤᠴᠠᠵᠤ᠂ ᠪᠦᠲᠦᠭᠡᠨ | ᠪᠠᠶᠢᠭᠤᠯᠬᠤ ᠪᠡᠯᠡ ᠮᠦᠡᠭᠭᠦ ᠶᠢ ᠨᠠᠶᠢᠳᠠᠪᠤᠷᠢᠵᠢᠭᠤᠯᠵᠤ᠂ ᠰᠢᠯᠭᠠᠨ ᠬᠤᠷᠢᠶᠠᠵᠤ ᠬᠢᠨᠠᠨ ᠪᠠᠶᠢᠴᠠᠭᠠᠬᠤ ᠪᠠ | ᠠᠵᠢᠯᠯᠠᠭᠤᠯᠣᠨ ᠡᠵᠡᠮᠳᠠᠵᠣ ᠬᠠᠮᠢᠶᠠᠷᠬᠤ ᠶᠢ ᠵᠤᠬᠢᠶᠠᠨ ᠪᠠᠶᠢᠭᠤᠯᠬᠤ ᠬᠡᠷᠡᠭᠲᠡᠢ᠃ | ︵ᠬᠤᠶᠠᠷ︶ ᠲᠦᠷᠦ ᠶᠢᠨ ᠪᠤᠳᠤᠯᠭ᠎ᠠ ᠶᠢᠨ ᠳᠡᠮᠵᠢᠯᠭᠡ ᠪᠤᠯᠤᠨ ᠪᠡᠯᠡ ᠮᠦᠡᠭᠭᠦ ᠶᠢᠨ ᠤᠷᠤᠭᠤᠯᠤᠯᠲᠠ ᠶᠢ | ᠨᠡᠮᠡᠭᠳᠡᠭᠦᠯᠣᠨ᠎ᠠ᠃ ᠡᠯ᠎ᠡ ᠭᠠᠵᠠᠷ ᠤᠷᠤᠨ ᠨᠢ ᠵᠤᠷᠯᠤᠩ ᠪᠠᠷᠢᠬᠤ ᠳᠤ ᠬᠡᠷᠡᠭᠯᠡᠬᠦ ᠭᠠᠵᠠᠷ ᠢ ᠲᠦᠯᠦᠪᠵᠢᠭᠦᠯᠬᠦ᠂ | ᠪᠦᠲᠦᠭᠡᠨ ᠪᠠᠶᠢᠭᠤᠯᠬᠤ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠲᠠᠯ᠎ᠠ ᠪᠠᠷ ᠵᠤᠷᠯᠤᠩ ᠪᠠᠶᠢᠭᠤᠯᠬᠤ ᠶᠢ | ᠳᠡᠮᠵᠢᠵᠦ᠂ ᠵᠠᠰᠠᠭ ᠤᠨ ᠤᠷᠳᠤᠨ᠂ ᠨᠡᠶᠢᠭᠡᠮ ᠤᠨ ᠬᠢᠨ ᠤ ᠬᠠᠮᠲᠤ ᠪᠠᠷ ᠡᠭᠦᠷᠭᠡᠯᠡᠨ ᠬᠠᠷᠢᠭᠤᠴᠠᠬᠤ ᠪᠡᠯᠡ ᠮᠦᠡᠭᠭᠦ | ᠴᠤᠭᠯᠠᠭᠤᠯᠬᠤ ᠲᠤᠭᠲᠠᠴᠠ ᠶᠢ ᠰᠤᠳᠤᠯᠤᠨ ᠪᠠᠶᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ | ᠤᠷᠳᠤᠨ ᠨᠢ ᠪᠡᠯᠡ ᠮᠦᠡᠭᠭᠦ ᠶᠢᠨ ᠤᠷᠤᠭᠤᠯᠤᠯᠲᠠ ᠪᠠᠨ ᠨᠡᠮᠡᠭᠳᠡᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠤᠷᠴᠢᠨ | ᠲᠤᠭᠤᠷᠢᠨ ᠢ ᠴᠡᠭᠴᠡᠯᠡᠬᠦ᠂ ᠣᠷᠣᠰᠢᠨ ᠰᠠᠭᠤᠷᠢᠰᠢᠬᠤ ᠤᠷᠴᠢᠨ ᠢ ᠵᠠᠰᠠᠬᠤ ᠵᠡᠷᠭᠡ ᠲᠦᠷᠦᠯ ᠵᠦᠢᠯ ᠲᠠᠢ | ᠵᠤᠯᠭᠠᠯᠳᠤᠭᠤᠯᠵᠤ᠂ ᠲᠦᠷᠦᠯ ᠬᠤᠪᠢᠶᠠᠨ ᠨᠦᠬᠦᠪᠦᠷᠢᠯᠡᠭᠦ᠂ ᠱᠠᠩᠨᠠᠯ ᠢᠶᠠᠷ ᠨᠦᠬᠦᠪᠦᠷᠢ ᠶᠢ ᠤᠷᠤᠯᠠᠭᠤᠯᠬᠤ᠂ | ᠤᠷᠢᠳᠠᠪᠡᠷ ᠪᠠᠶᠢᠭᠤᠯᠵᠤ ᠳᠠᠷᠠᠭ᠎ᠠ ᠨᠢ ᠨᠦᠭᠦᠪᠣᠷᠢᠯᠡᠭᠦ᠂ ᠬᠦᠳᠡᠯᠮᠦᠷᠢᠯᠡᠭᠦ ᠪᠠᠷ ᠲᠡᠳᠭᠦᠭᠦ ᠶᠢ ᠤᠷᠤᠯᠠᠭᠤᠯᠬᠤ ᠵᠡᠷᠭᠡ | ᠤᠯᠠᠨ ᠵᠦᠢᠯ ᠤᠨ ᠠᠷᠭ᠎ᠠ ᠬᠡᠯᠪᠡᠷᠢ ᠪᠠᠷ ᠵᠠᠰᠠᠭ ᠤᠨ ᠤᠷᠳᠤᠨ ᠤ ᠪᠡᠯᠡ ᠤᠷᠤᠭᠤᠯᠵᠤ ᠬᠦᠲᠦᠯᠦᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠠᠵᠠᠷ ᠰᠢᠷᠤᠢ ᠶᠢ ᠬᠢᠮᠳᠠ ᠪᠠᠷ ᠬᠤᠳᠠᠯᠳᠤᠵᠣ ᠪᠦᠲᠦᠭᠡᠨ | ᠪᠠᠶᠢᠭᠤᠯᠬᠤ ᠲᠦᠷᠦᠯ ᠵᠦᠢᠯ ᠳᠤ ᠨᠡᠶᠢᠲᠡ ᠶᠢᠨ ᠵᠤᠷᠯᠤᠩ ᠢ ᠪᠦᠷᠢᠳᠦᠭᠦᠯᠦᠨ ᠪᠠᠶᠢᠭᠤᠯᠬᠤ ᠳᠤ᠂ ᠨᠡᠶᠢᠲᠡ ᠶᠢᠨ | ᠵᠤᠷᠯᠤᠩ ᠪᠠᠶᠢᠭᠤᠯᠬᠤ ᠶᠢ ᠬᠢᠮᠳᠠ ᠪᠠᠷ ᠬᠤᠳᠠᠯᠳᠤᠬᠤ ᠶᠢᠨ ᠨᠦᠬᠦᠴᠡᠯ ᠪᠤᠯᠭᠠᠬᠤ ᠶᠢᠨ ᠬᠠᠮᠲᠦ᠂ ᠪᠦᠲᠦᠭᠡᠨ | ᠪᠠᠶᠢᠭᠤᠯᠬᠤ ᠭᠤᠤᠯ ᠴᠤᠭᠴᠠᠲᠤ ᠲᠦᠷᠦᠯ ᠵᠦᠢᠯ ᠲᠠᠢ ᠵᠡᠷᠭᠡ ᠳᠤ ᠨᠢ ᠪᠦᠲᠦᠭᠡᠨ ᠪᠠᠶᠢᠭᠤᠯᠵᠤ᠂ ᠵᠡᠷᠭᠡ ᠳᠤ ᠨᠢ | ᠰᠢᠯᠭᠠᠵᠤ ᠬᠤᠷᠢᠶᠠᠨ ᠠᠪᠬᠤ ᠬᠡᠷᠡᠭᠲᠡᠢ᠃ ᠭᠠᠵᠠᠷ ᠲᠤᠤᠷᠠᠬᠢ ᠤᠷᠤᠨ ᠵᠠᠢ ᠶᠢ ᠠᠰᠢᠭᠯᠠᠵᠤ ᠨᠡᠶᠢᠲᠡ ᠶᠢᠨ ᠵᠤᠷᠯᠤᠩ ᠢ | ᠨᠡᠬᠡᠭᠡᠨ ᠪᠠᠶᠢᠭᠤᠯᠬᠤ ᠶᠢ ᠵᠤᠷᠢᠬᠵᠢᠭᠤᠯᠤᠨ᠎ᠠ᠃ | ︵ᠭᠤᠷᠪᠠ︶ ᠰᠢᠮᠳᠠᠭᠤᠯᠤᠨ ᠬᠢᠨᠠᠵᠣ ᠪᠠᠶᠢᠴᠠᠭᠠᠨ ᠰᠢᠯᠭᠠᠬᠤ ᠶᠢ ᠴᠢᠩᠭᠠᠳᠬᠠᠨ᠎ᠠ᠃ ︽ᠵᠤᠷᠯᠤᠩ ᠤᠨ | ᠬᠤᠪᠢᠰᠤᠯᠲᠠ︾ ᠲᠠᠢ ᠬᠤᠯᠪᠣᠭᠳᠠᠬᠤ ᠠᠵᠢᠯ ᠤᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ | ᠬᠢᠭᠡᠳ ᠰᠢᠯᠭᠠᠨ ᠬᠢᠨᠠᠬᠤ ᠪᠠᠨ ᠴᠢᠩᠭᠠᠷᠠᠭᠤᠯᠵᠤ᠂ ︽ᠵᠤᠷᠯᠤᠩ ᠤᠨ ᠬᠤᠪᠢᠰᠤᠯᠲᠠ︾ ᠯᠤᠭ᠎ᠠ ᠬᠤᠯᠪᠣᠭᠲᠠᠬᠤ | ᠭᠦᠢᠴᠡᠳᠭᠡᠯ ᠲᠤᠭ᠎ᠠ ᠶᠢ ᠵᠠᠪᠡᠯ ᠭᠦᠢᠴᠡᠳᠭᠡᠬᠦ ᠨᠦᠬᠦᠴᠡᠯ ᠪᠤᠯᠭᠠᠨ᠂ ᠠᠷᠢᠭᠤᠨ ᠴᠡᠪᠡᠷ ᠬᠤᠲᠠ ᠪᠠᠯᠭᠠᠰᠤ᠂ ᠡᠷᠡᠭᠦᠯ | ᠡᠩᠬᠡ ᠬᠤᠲᠠ ᠪᠠᠯᠭᠠᠰᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠵᠢᠱᠢᠶ᠎ᠠ ᠦᠵᠡᠭᠦᠯᠭᠦ ᠬᠤᠲᠠ | ᠰᠢᠶᠠᠨ ᠵᠡᠷᠭᠡ ᠡᠯ᠎ᠡ ᠲᠦᠷᠦᠯ ᠤᠨ ᠡᠭᠦᠳᠦᠨ ᠪᠠᠶᠢᠭᠤᠯᠬᠤ ᠠᠵᠢᠯᠯᠠᠭ᠎ᠠ ᠪᠤᠯᠤᠨ ᠦᠵᠡᠮᠵᠢ ᠶᠢᠨ ᠤᠷᠤᠨ᠂ ᠭᠦᠳᠡᠭᠡ | ᠲᠤᠰᠬᠤᠨ ᠤ ᠵᠢᠭᠤᠯᠴᠢᠯᠠᠯ ᠢ ᠭᠦᠯᠢᠶᠠᠨ ᠠᠪᠬᠤ ᠡᠷᠦᠬᠡ ᠭᠡᠷ ᠤᠨ ᠴᠢᠨᠠᠷ ᠴᠢᠨᠰᠠᠭ᠎ᠠ ᠶᠢᠨ ᠵᠡᠷᠭᠡ ᠳᠡᠰ ᠢ ᠦᠨᠡᠯᠡᠨ | ᠲᠤᠭᠲᠠᠭᠠᠬᠤ ᠵᠡᠷᠭᠡ ᠠᠵᠢᠯ ᠤᠨ ᠠᠭᠤᠯᠭ᠎ᠠ ᠳᠤ ᠤᠷᠤᠭᠤᠯᠣᠨ᠎ᠠ᠃ ᠲᠤᠭᠲᠠᠮᠠᠯ ᠬᠤᠭᠤᠴᠠᠭ᠎ᠠ ᠲᠠᠢ ᠪᠠᠷ ᠰᠢᠮᠳᠠᠭᠤᠯᠤᠨ | ᠪᠠᠶᠢᠴᠠᠭᠠᠬᠤ᠂ ᠦᠨᠡᠯᠡᠨ ᠵᠢᠱᠢᠬᠦ ᠪᠠ ᠰᠢᠯᠭᠠᠨ ᠬᠢᠨᠠᠬᠤ ᠶᠢ ᠦᠷᠨᠢᠭᠦᠯᠵᠦ᠂ ᠠᠵᠢᠯ ᠤᠨ ᠡᠷᠴᠢᠮ ᠨᠢ ᠰᠤᠯᠠ᠂ | ᠠᠬᠢᠴᠠ ᠨᠢ ᠤᠳᠠᠭᠠᠨ᠂ ᠪᠦᠲᠦᠭᠡᠨ ᠪᠠᠶᠢᠭᠤᠯᠵᠣ ᠬᠠᠮᠢᠶᠠᠷᠬᠤ ᠬᠠᠷᠠᠯᠳᠠᠳᠣ ᠡᠭᠦᠷᠭᠡ ᠪᠠᠨ ᠱᠠᠭᠠᠷᠳᠠᠯᠭ᠎ᠠ ᠶᠤᠰᠤᠭᠠᠷ | ᠪᠡᠶᠡᠯᠡᠭᠦᠯᠦᠭᠰᠡᠨ ᠦᠭᠡᠢ ᠪᠠᠶᠢᠪᠠᠯ᠂ ᠪᠦᠬᠦ ᠤᠷᠤᠨ ᠳᠤ ᠨᠡᠪᠲᠡᠷᠡᠭᠦᠯᠣᠨ ᠮᠡᠳᠡᠭᠡᠯᠡᠭᠦ ᠶᠢᠨ ᠬᠠᠮᠲᠤ ᠤᠷᠤᠨ ᠨᠣᠳᠤᠭ ᠤᠨ | ᠵᠠᠰᠠᠭ ᠤᠨ ᠤᠷᠳᠤᠨ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠤᠣᠯ ᠤᠳᠤᠷᠢᠳᠤᠯᠭ᠎ᠠ ᠵᠢᠴᠢ ᠬᠠᠮᠢᠶ᠎ᠠ | ᠪᠦᠬᠦᠢ ᠬᠦᠮᠦᠰ ᠢ ᠪᠤᠯᠵᠤᠨ ᠶᠠᠷᠢᠯᠴᠠᠵᠤ ᠬᠠᠷᠢᠭᠤᠴᠠᠯᠭ᠎ᠠ ᠬᠡᠯᠡᠯᠴᠡᠨ᠎ᠡ᠃ | ︵ᠲᠥᠷᠪᠡ︶ ᠤᠬᠠᠭᠤᠯᠵᠤ ᠬᠦᠲᠦᠯᠦᠨ ᠵᠢᠯᠤᠭᠤᠳᠬᠤ ᠶᠢ ᠴᠢᠩᠭᠠᠷᠠᠭᠤᠯᠣᠨ᠎ᠠ᠃ ᠡᠯ᠎ᠡ ᠭᠠᠵᠠᠷ ᠤᠷᠤᠨ ᠨᠢ | ᠤᠬᠠᠭᠤᠯᠬᠤ ᠡᠷᠴᠢᠮ ᠢᠶᠠᠨ ᠴᠢᠩᠭᠠᠷᠠᠭᠤᠯᠵᠣ᠂ ᠬᠠᠮᠲᠤ ᠪᠠᠷ ᠠᠷᠭ᠎ᠠ ᠭᠠᠷᠭᠠᠵᠤ᠂ ᠬᠠᠮᠲᠤ ᠪᠠᠷ ᠪᠠᠶᠢᠭᠤᠯᠬᠤ᠂ | ᠬᠠᠮᠲᠤ ᠪᠠᠷ ᠵᠠᠰᠠᠬᠤ ᠪᠠ ᠪᠤᠯᠪᠠᠰᠤᠨ ᠢᠶᠠᠷ ᠵᠤᠷᠯᠤᠩ ᠬᠡᠷᠡᠭᠯᠡᠬᠦ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠰᠤᠨᠢᠨ ᠰᠡᠳᠭᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠸᠢᠴᠠᠲ᠂ ᠵᠠᠰᠠᠭ ᠤᠨ ᠤᠷᠳᠤᠨ ᠤ ᠰᠦᠯᠵᠢᠶ᠎ᠡ ᠵᠡᠷᠭᠡ | ᠤᠯᠠᠨ ᠵᠦᠢᠯ ᠤᠨ ᠠᠷᠭ᠎ᠠ ᠬᠡᠯᠪᠡᠷᠢ ᠶᠢ ᠭᠦᠢᠴᠡᠳ ᠠᠰᠢᠭᠯᠠᠨ᠂ ︽ᠵᠤᠷᠯᠤᠩ ᠤᠨ ᠬᠤᠪᠢᠰᠤᠯᠲᠠ︾ ᠶᠢᠨ | ᠳᠠᠯ᠎ᠠ ᠪᠠᠷ ᠬᠢ ᠨᠡᠶᠢᠲᠡᠯᠢᠭ ᠵᠢᠱᠢᠶ᠎ᠡ ᠶᠢ ᠰᠤᠩᠭᠤᠵᠤ᠂ ᠦᠷᠭᠡᠨ ᠢᠶᠠᠷ ᠤᠬᠠᠭᠤᠯᠤᠨ᠂ ᠤᠯᠠᠨ ᠲᠦᠮᠡᠨ ᠤ | ᠰᠠᠨᠠᠭᠠᠴᠢᠯᠠᠭ᠎ᠠ ᠠᠴᠠ ᠪᠠᠨ ᠠᠮᠢᠳᠤᠷᠠᠯ ᠤᠨ ᠤᠷᠴᠢᠨ ᠲᠤᠭᠤᠷᠢᠨ ᠢᠶᠠᠨ ᠰᠠᠶᠢᠵᠢᠷᠠᠭᠤᠯᠬᠤ ᠶᠢ ᠵᠤᠷᠢᠬᠵᠢᠭᠤᠯᠵᠤ᠂ | ᠡᠷᠡᠭᠦᠯ ᠦᠭᠡᠳᠡᠷᠬᠡᠭ ᠪᠤᠯᠪᠠᠰᠤᠨ ᠬᠡᠪ ᠰᠤᠷᠲᠠᠯ ᠢ ᠪᠤᠢ ᠪᠤᠯᠭᠠᠬᠤ ᠬᠡᠷᠩᠳᠠᠢ᠃ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠣ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ᠂ | ᠳᠡᠯᠡᠬᠡᠢ ᠶᠢᠨ ᠡᠷᠡᠭᠦᠯ ᠬᠠᠮᠠᠭᠠᠯᠠᠯ ᠤᠨ ᠡᠳᠦᠷ ᠵᠡᠷᠭᠡ ᠠᠵᠢᠯᠯᠠᠭ᠎ᠠ ᠲᠠᠢ ᠤᠶᠠᠯᠳᠤᠭᠤᠯᠤᠨ᠂ ᠰᠤᠷᠤᠭᠴᠢᠳ ᠲᠤ ᠡᠷᠡᠭᠦᠯ | ᠮᠡᠨᠳᠦ ᠶᠢᠨ ᠬᠦᠮᠦᠵᠢᠯ ᠬᠢᠬᠦ ᠶᠢ ᠴᠢᠩᠭᠠᠳᠬᠠᠵᠤ᠂ ᠤᠯᠠᠨ ᠲᠦᠮᠡᠨ ᠢ ᠬᠦᠲᠦᠯᠦᠨ ᠵᠢᠯᠤᠭᠤᠳᠴᠤ ᠪᠠᠶᠢᠭᠠᠳ | ᠪᠤᠯᠪᠠᠰᠤᠨ ᠡᠷᠡᠭᠦᠯ ᠮᠡᠨᠳᠦ ᠪᠠᠶᠢᠬᠤ ᠠᠷᠢᠭᠤᠨ ᠴᠡᠪᠡᠷ ᠤᠨ ᠳᠠᠳᠬᠠᠯ ᠢ ᠬᠦᠮᠦᠵᠢᠭᠦᠯᠦᠨ᠎ᠡ᠃ ᠠᠵᠤ ᠠᠬᠤᠶᠢᠯᠠᠯ | ᠪᠤᠯᠤᠨ ᠨᠡᠶᠢᠭᠡᠮ ᠤᠨ ᠪᠤᠰᠤᠳ ᠵᠤᠬᠢᠶᠠᠨ ᠪᠠᠶᠢᠭᠤᠯᠤᠯᠲᠠ ᠶᠢ ᠵᠣᠷᠢᠬᠵᠢᠭᠤᠯᠵᠣ ᠪᠠᠶᠢᠭᠠᠣᠨ ᠨᠡᠶᠢᠲᠡ ᠶᠢᠨ ᠵᠤᠷᠯᠤᠩ ᠢ | ᠪᠠᠶᠢᠭᠤᠯᠵᠣ ᠬᠠᠮᠢᠶᠠᠷᠬᠤ ᠳᠤ ᠢᠳᠡᠪᠬᠢᠲᠡᠢ ᠤᠷᠤᠯᠴᠠᠭᠤᠯᠵᠣ᠂ ᠨᠡᠶᠢᠭᠡᠮ ᠤᠨ ᠦᠮᠴᠢᠯᠡᠬᠦ ᠡᠷᠬᠡᠲᠦ | ᠨᠢᠭᠡᠴᠢ ᠶᠢᠨ ᠬᠢᠨ ᠤ ᠵᠤᠷᠯᠤᠩ ᠢᠶᠠᠨ ᠦᠨ᠎ᠡ ᠲᠦᠯᠦᠪᠦᠷᠢ ᠦᠭᠡᠢ ᠪᠠᠷ ᠤᠯᠠᠨ ᠨᠡᠶᠢᠲᠡ ᠳᠤ ᠴᠢᠯᠣᠭᠡᠳᠠᠢ ᠨᠡᠬᠡᠭᠡᠬᠦ ᠶᠢ | ᠰᠠᠨᠠᠭᠠᠴᠢᠯᠠᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠢ ᠵᠣᠷᠢᠬᠵᠢᠭᠤᠯᠵᠣ ᠪᠠᠶᠢᠭᠠᠣᠨ ᠨᠡᠶᠢᠲᠡ ᠶᠢᠨ ᠵᠤᠷᠯᠤᠩ ᠢ | ᠪᠠᠶᠢᠭᠤᠯᠵᠣ ᠬᠠᠮᠢᠶᠠᠷᠬᠤ ᠳᠤ ᠠᠷᠭ᠎ᠠ ᠪᠣᠳᠣᠯᠭ᠎ᠠ ᠭᠠᠷᠭᠠᠯᠭᠠᠵᠣ᠂ ᠪᠤᠯᠪᠠᠰᠤᠨ ᠪᠤᠰᠤ ᠪᠠᠷ ᠵᠤᠷᠯᠤᠩ ᠬᠡᠷᠡᠭᠯᠡᠬᠦ | ᠠᠵᠢᠯᠯᠠᠭ᠎ᠠ ᠳᠤ ᠤᠯᠠᠨ ᠲᠦᠮᠡᠨ ᠤ ᠢᠳᠡᠪᠬᠢᠲᠠᠢ ᠬᠢᠨᠠᠯᠲᠠ ᠲᠠᠯᠪᠢᠵᠤ ᠬᠤᠷᠢᠭᠯᠠᠬᠤ ᠶᠢ ᠰᠠᠨᠠᠭᠠᠴᠢᠯᠠᠨ᠎ᠠ᠃ | ᠨᠡᠶᠢᠲᠡ ᠶᠢᠨ ᠵᠤᠷᠯᠤᠩ ᠤᠨ ᠳᠠᠯ᠎ᠠ ᠳᠠᠬᠢ ᠡᠷᠡᠭᠦᠯ ᠮᠡᠨᠳᠦ ᠰᠤᠶᠤᠯ ᠤᠨ ᠪᠠᠶᠢᠭᠤᠯᠤᠯᠲᠠ ᠶᠢ ᠴᠢᠩᠭᠠᠳᠬᠠᠵᠤ᠂ | ᠬᠤᠲᠠ ᠶᠢᠨ ᠠᠷᠠᠳ ᠤᠨ ᠪᠤᠯᠪᠠᠰᠤᠨ ᠤ ᠬᠡᠪ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠪᠤᠯᠪᠠᠰᠤᠨ ᠤ ᠳᠦᠷᠢ | ᠳᠦᠷᠬᠦ ᠶᠢ ᠳᠡᠭᠡᠭᠰᠢᠯᠡᠭᠦᠯᠵᠦ᠂ ᠨᠡᠶᠢᠲᠡ ᠶᠢᠨ ᠵᠤᠷᠯᠤᠩ ᠢ ᠪᠠᠶᠢᠭᠤᠯᠵᠣ ᠬᠠᠮᠢᠶᠠᠷᠬᠤ ᠶᠢ ᠪᠦᠬᠦ ᠨᠡᠶᠢᠭᠡᠮ ᠢᠶᠠᠷ ᠢᠶᠠᠨ | ᠬᠠᠯᠠᠮᠵᠢᠯᠠᠬᠤ᠂ ᠳᠡᠮᠵᠢᠬᠦ᠂ ᠤᠷᠤᠯᠴᠠᠬᠤ ᠪᠠᠶᠢᠳᠠᠯ ᠢ ᠪᠤᠢ ᠪᠤᠯᠭᠠᠨ᠎ᠠ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |