ᠥᠪᠥᠷ ᠵᠠᠰᠠᠭ ᠠᠯᠪᠠᠨ ᠲᠠᠷᠬᠠᠭᠠᠭᠰᠠᠨ ﹇2018﹈ 55 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ︽ᠣᠢ ᠰᠢᠭᠤᠢ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ︵ᠲᠥᠪ ᠲᠠᠷᠬᠠᠭᠠᠭᠰᠠᠨ | ﹇2003﹈ 9 ᠳ᠋ᠤᠭᠡᠷ ᠲᠣᠭᠠᠲᠤ︶ ︽ᠪᠥᠬᠦ ᠤᠯᠤᠰ ᠤᠨ ︿13·5﹀ ᠶᠢᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠣᠢ ᠰᠢᠭᠤᠢ ᠣᠭᠲᠣᠯᠬᠤ ᠶᠢᠨ ᠣᠨ ᠤ ᠬᠢᠵᠠᠭᠠᠷᠯᠠᠬᠤ ᠲᠤᠭ᠎ᠠ ᠶᠢᠨ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠴᠣᠬᠤᠯᠠᠪᠤᠷᠢ︾ ︵ᠲᠥᠷᠥ ᠵᠠᠬᠢᠳᠠᠯ ﹇2016﹈ 32 ᠳ᠋ᠤᠭᠠᠷ ᠲᠣᠭᠠᠲᠤ︶ ᠵᠢᠴᠢ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠣᠢ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠨ ᠬᠥᠭᠵᠢᠭᠦᠯᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ | ᠲᠦᠷᠭᠡᠳᠬᠡᠨ ᠪᠠᠶᠢᠭᠤᠯᠵᠤ ᠪᠥᠷᠢᠨᠰᠢᠭᠦᠯᠦᠨ᠂ ᠣᠢ ᠰᠢᠭᠤᠢ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ | ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠪᠡ᠄ | ᠨᠢᠭᠡ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠬᠤ ᠬᠡᠷᠡᠭᠲᠡᠢ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠬᠦ ᠪᠣᠯ ︽ᠬᠥᠬᠡᠮᠳᠦᠭ ᠴᠡᠩᠭᠡᠭ ᠠᠭᠤᠯᠠ | ᠤᠰᠤ ᠪᠣᠯ ᠠᠯᠲᠠ ᠮᠥᠩᠭᠦᠨ ᠠᠭᠤᠯᠠ︾ ᠪᠣᠯᠬᠤ ᠣᠨᠣᠯᠵᠢᠬᠤᠨ ᠢ ᠪᠠᠲᠤ ᠪᠣᠢ ᠪᠣᠯᠭᠠᠬᠤ ᠪᠦᠭᠡᠳ | ᠦᠢᠯᠡᠳᠦᠯᠭᠡᠵᠢᠭᠦᠯᠦᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ | ᠣᠷᠴᠢᠨ ᠨᠥᠬᠦᠴᠡᠯ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠬᠦᠯᠬᠦ ᠶᠢᠨ ᠴᠢᠬᠤᠯᠠ ᠠᠷᠭ᠎ᠠ ᠬᠡᠮᠵᠢᠶ᠎ᠡ | ᠪᠣᠯᠣᠨ᠎ᠠ︔ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠬᠤ ᠪᠠᠨ ᠴᠢᠩᠭᠠᠳᠬᠠᠬᠤ᠂ ᠠᠮᠢ ᠠᠬᠤᠢ ᠶᠢᠨ ᠣᠷᠴᠢᠨ | ᠨᠥᠬᠦᠴᠡᠯ ᠢ ᠰᠠᠶᠢᠵᠢᠷᠠᠭᠤᠯᠬᠤ᠂ ᠣᠢ ᠰᠢᠭᠤᠢ ᠶᠢᠨ ᠦᠢᠯᠡᠰ ᠤᠨ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠳᠤ | ᠳᠦᠷᠢᠮ ᠤᠨ ᠲᠠᠯ᠎ᠠ ᠪᠠᠷ ᠬᠢ ᠴᠢᠬᠤᠯᠠ ᠪᠠᠲᠤᠯᠠᠭ᠎ᠠ ᠮᠥᠨ᠃ ᠮᠠᠨ ᠤ ᠣᠷᠣᠨ ᠪᠣᠯ ᠡᠬᠡ ᠤᠯᠤᠰ ᠤᠨ | ᠤᠮᠠᠷᠠᠲᠤ ᠳᠠᠬᠢ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠪᠠᠶᠢᠵᠤ᠂ ᠣᠯᠠᠨ ᠵᠢᠯ ᠤᠨ | ᠪᠦᠲᠦᠭᠡᠨ ᠪᠠᠶᠢᠭᠤᠯᠵᠤ ᠬᠠᠮᠠᠭᠠᠯᠠᠬᠤ ᠪᠠᠷ ᠳᠠᠮᠵᠢᠭᠠᠳ ᠣᠢ ᠰᠢᠭᠤᠢ ᠶᠢᠨ ᠲᠠᠯᠠᠪᠠᠢ ᠪᠣᠯᠣᠨ ᠬᠠᠳᠠᠭᠠᠯᠠᠭᠴᠠ ᠨᠢ 30 | ᠭᠠᠷᠤᠢ ᠵᠢᠯ ᠳᠠᠷᠠᠭᠠᠯᠠᠨ ︽ᠬᠤᠣᠰ ᠨᠡᠮᠡᠭᠳᠡᠯ︾ ᠲᠠᠢ ᠪᠠᠶᠢᠬᠤ ᠪᠠᠨ ᠦᠷᠭᠦᠯᠵᠢᠯᠡᠨ ᠪᠠᠲᠤᠯᠠᠵᠤ᠂ ᠣᠢ ᠰᠢᠭᠤᠢ ᠶᠢᠨ | ᠲᠠᠯᠠᠪᠠᠢ ᠪᠠᠷ ᠪᠥᠬᠦ ᠤᠯᠤᠰ ᠲᠤ ᠣᠷᠦ᠋ᠢᠯᠠᠪᠠ᠂ ᠠᠮᠢ ᠠᠬᠤᠢ ᠶᠢᠨ ᠣᠷᠴᠢᠨ ᠨᠥᠬᠦᠴᠡᠯ ᠳᠤ ︽ᠪᠦᠬᠦᠯᠢ | ᠴᠣᠭᠴᠠ ᠳᠤ ᠨᠢ ᠬᠤᠷᠢᠭᠯᠠᠵᠤ᠂ ᠬᠡᠰᠡᠭ ᠪᠦᠯᠦᠭ ᠢᠶᠠᠷ ᠰᠠᠶᠢᠵᠢᠷᠠᠬᠤ︾ ᠪᠠᠶᠢᠳᠠᠯ ᠢᠯᠡᠷᠡᠵᠦ᠂ ᠠᠮᠢ ᠠᠬᠤᠢ ᠶᠢᠨ | ᠠᠮᠤᠷ ᠲᠦᠪᠰᠢᠨ ᠢ ᠬᠠᠮᠠᠭᠠᠯᠠᠨ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ | ᠠᠬᠢᠭᠤᠯᠬᠤ ᠳᠤ ᠰᠠᠭᠤᠷᠢ ᠠᠴᠠ ᠨᠢ ᠪᠠᠲᠤᠯᠠᠬᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ ᠭᠡᠪᠡᠴᠦ᠂ | ᠮᠠᠨ ᠤ ᠣᠷᠣᠨ ᠶᠡᠷᠦᠩᠬᠡᠢ ᠳᠤ ᠪᠠᠨ ᠮᠥᠨ ᠯᠠ ᠣᠶᠢᠵᠢᠭᠤᠯᠵᠤ ᠨᠣᠭᠤᠭᠠᠷᠠᠭᠤᠯᠬᠤ ᠪᠠᠷ ᠬᠦᠷᠦᠯᠴᠡᠬᠦ ᠦᠭᠡᠢ᠂ ᠠᠮᠢ | ᠠᠬᠤᠢ ᠶᠢᠨ ᠪᠠᠶᠢᠳᠠᠯ ᠢᠶᠠᠷ ᠲᠤᠩ ᠬᠡᠪᠡᠷᠡᠭ ᠭᠠᠵᠠᠷ ᠣᠷᠣᠨ ᠳᠤ ᠪᠠᠭᠲᠠᠭᠳᠠᠵᠤ᠂ ᠣᠢ ᠰᠢᠭᠤᠢ ᠶᠢᠨ ᠡᠬᠢ | ᠪᠠᠶᠠᠯᠢᠭ ᠤᠨ ᠶᠡᠷᠦᠩᠬᠡᠢ ᠬᠡᠮᠵᠢᠶ᠎ᠡ ᠪᠠᠷ ᠭᠦᠢᠴᠡᠳ ᠪᠤᠰᠤ᠂ ᠲᠠᠷᠬᠠᠯᠳᠠ ᠪᠠᠷ ᠲᠡᠩᠴᠡᠭᠦᠨ ᠪᠤᠰᠤ᠂ ᠴᠢᠨᠠᠷ | ᠴᠢᠨᠰᠠᠭ᠎ᠠ ᠪᠠᠷ ᠰᠠᠶᠢᠨ ᠪᠤᠰᠤ᠂ ᠦᠷ᠎ᠡ ᠠᠰᠢᠭ ᠢᠶᠠᠷ ᠳᠣᠣᠷ᠎ᠠ ᠪᠠᠶᠢᠬᠤ ᠵᠡᠷᠭᠡ ᠠᠰᠠᠭᠤᠳᠠᠯ ᠮᠥᠨ ᠨᠡᠯᠢᠶᠡᠳ | ᠳᠣᠪᠤᠶᠢᠮ᠎ᠠ ᠪᠠᠶᠢᠨ᠎ᠠ᠂ ᠵᠠᠷᠢᠮ ᠭᠠᠵᠠᠷ ᠣᠷᠣᠨ ᠳᠤ ᠣᠢ ᠰᠢᠭᠤᠢ ᠲᠠᠢ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠬᠦ᠂ ᠳᠤᠷ᠎ᠠ ᠲᠠᠪᠠ ᠪᠠᠷ ᠢᠶᠠᠨ ᠬᠢᠷᠭᠠᠵᠤ ᠣᠭᠲᠣᠯᠬᠤ᠂ ᠣᠢ ᠰᠢᠭᠤᠢ ᠶᠢ ᠰᠦᠢᠳᠬᠡᠨ ᠬᠠᠭᠠᠯᠪᠤᠷᠢᠯᠠᠬᠤ᠂ | ᠳᠤᠷ᠎ᠠ ᠪᠠᠷ ᠢᠶᠠᠨ ᠠᠩᠨᠠᠵᠤ ᠪᠠᠷᠢᠬᠤ ᠵᠡᠷᠭᠡ ᠣᠢ ᠰᠢᠭᠤᠢ ᠵᠢᠴᠢ ᠵᠡᠷᠯᠢᠭ ᠠᠮᠢᠲᠠᠨ ᠬᠡᠭᠡᠷ᠎ᠡ ᠶᠢᠨ ᠤᠷᠭᠤᠮᠠᠯ ᠤᠨ ᠡᠬᠢ | ᠪᠠᠶᠠᠯᠢᠭ ᠢ ᠬᠥᠨᠥᠭᠡᠵᠦ ᠰᠦᠢᠳᠬᠡᠬᠦ ᠦᠵᠡᠭᠳᠡᠯ ᠪᠠᠶᠢᠨ ᠪᠠᠶᠢᠨ ᠭᠠᠷᠴᠤ᠂ ᠣᠢ ᠰᠢᠭᠤᠢ ᠶᠢᠨ ᠡᠬᠢ ᠪᠠᠶᠠᠯᠢᠭ ᠢ | ᠬᠠᠮᠠᠭᠠᠯᠠᠬᠤ ᠪᠠᠶᠢᠳᠠᠯ ᠲᠤᠩ ᠬᠦᠨᠳᠦ ᠨᠦᠰᠡᠷ ᠪᠠᠶᠢᠨ᠎ᠠ᠃ ᠡᠭᠦᠨ ᠤ ᠳᠠᠭᠠᠤ ᠳᠤ᠂ ᠮᠠᠨ ᠤ ᠣᠷᠣᠨ ᠤ ᠠᠭᠤᠷ | ᠠᠮᠢᠰᠬᠤᠯ ᠭᠠᠩ ᠬᠠᠭᠤᠷᠠᠢ᠂ ᠠᠶᠠᠨᠳᠠᠭᠠᠨ ᠤᠷᠭᠤᠬᠤ ᠨᠥᠬᠦᠴᠡᠯ ᠢᠶᠠᠷ ᠮᠠᠭᠤ᠂ ᠣᠶᠢᠵᠢᠭᠤᠯᠵᠤ ᠰᠢᠭᠤᠢ | ᠪᠣᠯᠭᠠᠬᠤ ᠳᠤ ᠬᠦᠴᠢᠷ ᠲᠠᠢ ᠪᠣᠯᠬᠤᠷ᠂ ᠣᠢ ᠰᠢᠭᠤᠢ ᠶᠢᠨ ᠡᠬᠢ ᠪᠠᠶᠠᠯᠢᠭ ᠢ ᠬᠥᠭᠵᠢᠭᠦᠯᠬᠦ ᠡᠭᠦᠷᠭᠡ ᠲᠤᠩ ᠬᠠᠲᠠᠭᠤ | ᠪᠡᠷᠬᠡᠰᠢᠶᠡᠯ ᠲᠠᠢ ᠪᠠᠶᠢᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠢ ᠶᠢᠨ ᠡᠬᠢ | ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠠᠷᠢᠭᠤᠴᠠᠬᠤ ᠭᠤᠣᠯ ᠴᠣᠭᠴᠠ ᠶᠢ ᠲᠣᠳᠣᠷᠬᠠᠶᠢᠯᠠᠨ᠂ ᠵᠠᠰᠠᠭ ᠤᠨ ᠣᠷᠳᠣᠨ ᠤ ᠭᠤᠣᠯ | ᠤᠳᠤᠷᠢᠳᠤᠯᠭ᠎ᠠ ᠪᠣᠯ ᠣᠢ ᠰᠢᠭᠤᠢ ᠶᠢ ᠪᠦᠲᠦᠭᠡᠨ ᠪᠠᠶᠢᠭᠤᠯᠬᠤ ᠬᠢᠭᠡᠳ ᠬᠠᠮᠠᠭᠠᠯᠠᠬᠤ ᠶᠢᠨ ᠨᠢᠭᠡᠳᠦᠭᠡᠷ | ᠬᠠᠷᠢᠭᠤᠴᠠᠯᠭ᠎ᠠ ᠲᠠᠢ ᠬᠥᠮᠥᠨ ᠪᠣᠯᠬᠤ ᠪᠠ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠣᠯ ᠭᠤᠣᠯ | ᠬᠠᠷᠢᠭᠤᠴᠠᠯᠭ᠎ᠠ ᠲᠠᠢ ᠬᠥᠮᠥᠨ ᠪᠣᠯᠬᠤ ᠶᠢ ᠨᠠᠶᠢᠳᠠᠪᠤᠷᠢᠵᠢᠭᠤᠯᠵᠤ᠂ ᠬᠠᠷᠠᠯᠲᠠ ᠲᠠᠢ᠂ ᠲᠣᠭᠲᠠᠭᠰᠠᠨ ᠲᠤᠭ᠎ᠠ ᠲᠠᠢ᠂ | ᠳᠦᠷᠢᠮ ᠲᠠᠢ ᠪᠠᠷ ᠬᠠᠮᠢᠶᠠᠷᠬᠤ ᠠᠷᠭ᠎ᠠ ᠶᠢ ᠬᠡᠷᠡᠭᠯᠡᠨ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ | ᠰᠢᠭᠤᠢ ᠶᠢ ᠬᠠᠮᠠᠭᠠᠯᠠᠵᠤ ᠬᠥᠭᠵᠢᠭᠦᠯᠬᠦ ᠬᠠᠷᠠᠯᠲᠠ ᠪᠠᠨ ᠪᠡᠶᠡᠯᠡᠭᠦᠯᠦᠭᠰᠡᠨ ᠪᠠᠶᠢᠳᠠᠯ ᠢ ᠦᠨᠡᠯᠡᠵᠦ ᠰᠢᠯᠭᠠᠨ ᠬᠢᠨᠠᠬᠤ | ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠢ ᠰᠢᠭᠤᠢ ᠶᠢᠨ ᠡᠬᠢ | ᠪᠠᠶᠠᠯᠢᠭ ᠢ ᠬᠠᠮᠠᠭᠠᠯᠠᠵᠤ ᠭᠥᠭᠵᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠭᠦᠷᠭᠡᠲᠦ ᠰᠡᠳᠬᠢᠯᠭᠡ ᠪᠠᠨ | ᠴᠢᠩᠭᠠᠷᠠᠭᠤᠯᠤᠨ᠂ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠪᠠᠨ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ | ᠠᠪᠴᠤ ᠪᠠᠶᠢᠭᠠᠳ ᠰᠠᠶᠢᠳᠤᠷ ᠨᠠᠶᠢᠳᠠᠪᠤᠷᠢᠵᠢᠭᠤᠯᠤᠨ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ ᠪᠤᠳᠠᠲᠠᠶᠢᠵᠢᠭᠤᠯᠬᠤ ᠪᠠᠨ ᠦᠨᠡᠨ | ᠬᠦ ᠪᠠᠲᠤᠯᠠᠬᠤ ᠬᠡᠷᠡᠭᠲᠡᠢ᠃ | ᠬᠤᠶᠠᠷ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠡᠭᠦᠷᠭᠡ ᠶᠢ | ᠲᠣᠭᠲᠠᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠤᠯᠤᠰ ᠠᠷᠠᠳ ᠤᠨ ᠠᠵᠤ ᠠᠬᠤᠢ ᠪᠣᠯᠣᠨ | ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠢ ᠰᠢᠭᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠦᠨᠳᠦᠰᠦᠯᠡᠨ᠂ ᠪᠥᠬᠦ ᠣᠷᠣᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠪᠣᠯᠣᠨ ᠣᠨ ᠤ ᠬᠠᠷᠠᠯᠲᠠᠲᠤ ᠡᠭᠦᠷᠭᠡ ᠶᠢ ᠲᠣᠭᠲᠠᠭᠠᠬᠤ ᠶᠢᠨ ᠬᠠᠮᠲᠤ᠂ ᠠᠶᠢᠮᠠᠭ | ᠬᠤᠲᠠ ᠳᠤ ᠬᠤᠪᠢᠶᠠᠷᠢᠯᠠᠨ ᠪᠠᠭᠤᠯᠭᠠᠨ᠎ᠠ᠃ ᠡᠯ᠎ᠡ ᠠᠶᠢᠮᠠᠭ ᠬᠤᠲᠠ ᠨᠢ ᠣᠢ ᠰᠢᠭᠤᠢ ᠶᠢᠨ ᠡᠬᠢ ᠪᠠᠶᠠᠯᠢᠭ ᠤᠨ | ᠪᠠᠶᠢᠴᠠᠭᠠᠨ ᠰᠤᠳᠤᠯᠤᠭᠰᠠᠨ ᠲᠤᠭ᠎ᠠ ᠪᠦᠷᠢᠳᠬᠡᠯ᠂ ᠦᠨᠡᠯᠡᠵᠦ ᠵᠢᠱᠢᠯᠲᠡ᠂ ᠬᠥᠳᠡᠯᠥᠩᠭᠦᠢ ᠬᠢᠨᠠᠨ ᠰᠢᠨᠵᠢᠯᠲᠡ᠂ ᠣᠢ | ᠰᠢᠭᠤᠢ ᠶᠢᠨ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠤᠭ᠎ᠠ ᠪᠠᠷᠢᠮᠲᠠ ᠶᠢ ᠦᠨᠳᠦᠰᠦᠯᠡᠨ᠂ ᠲᠤᠰ ᠠᠶᠢᠮᠠᠭ | ᠬᠤᠲᠠ ᠶᠢᠨ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢᠨ ᠰᠠᠭᠤᠷᠢ ᠲᠤᠭ᠎ᠠ ᠪᠣᠯᠣᠨ ᠲᠥᠰᠥᠭᠡᠯᠡᠭᠰᠡᠨ | ᠬᠠᠷᠠᠯᠲᠠᠲᠤ ᠥᠷᠲᠡᠭ ᠢ ᠶᠡᠷᠦᠩᠬᠡᠶᠢᠯᠡᠨ ᠪᠣᠳᠣᠯᠬᠢᠯᠠᠵᠤ ᠲᠣᠭᠲᠠᠭᠠᠬᠤ ᠪᠦᠭᠡᠳ ᠥᠪᠡᠷᠲᠡᠭᠡᠨ ᠵᠠᠰᠠᠬᠤ ᠣᠷᠣᠨ ᠠᠴᠠ | ᠲᠣᠭᠲᠠᠭᠠᠭᠰᠠᠨ ᠪᠥᠬᠦ ᠣᠷᠣᠨ ᠤ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠭᠡᠳ | ᠬᠠᠮᠠᠭᠠᠯᠠᠬᠤ ᠶᠢᠨ ᠣᠨ ᠤ ᠬᠠᠷᠠᠯᠲᠠᠲᠤ ᠡᠭᠦᠷᠭᠡ ᠶᠢᠨ ᠲᠣᠭᠤᠷᠢᠨ ᠳᠤ᠂ ᠲᠤᠰ ᠠᠶᠢᠮᠠᠭ ᠬᠤᠲᠠ ᠶᠢᠨ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠪᠣᠯᠣᠨ ᠣᠨ ᠤ ᠬᠠᠷᠠᠯᠲᠠᠲᠤ ᠡᠭᠦᠷᠭᠡ ᠶᠢ ᠲᠤᠭᠤᠷᠪᠢᠨ ᠲᠣᠭᠲᠠᠭᠠᠵᠤ᠂ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠲᠢᠩᠬᠢᠮ ᠬᠢᠨᠠᠵᠤ ᠪᠠᠶᠢᠴᠠᠭᠠᠬᠤ ᠪᠠᠷ ᠳᠠᠮᠵᠢᠵᠤ ᠰᠠᠨᠠᠯ | ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠠᠷᠭᠤᠭᠤᠯᠤᠨ | ᠲᠣᠭᠲᠠᠭᠠᠯᠭᠠᠨ᠎ᠠ᠃ ᠬᠠᠷᠠᠯᠲᠠᠲᠤ ᠡᠭᠦᠷᠭᠡ ᠪᠠᠨ ᠲᠣᠭᠲᠠᠭᠠᠭᠰᠠᠨ ᠤ ᠳᠠᠷᠠᠭ᠎ᠠ᠂ ᠳᠤᠷ᠎ᠠ ᠪᠠᠷ ᠬᠤᠪᠢᠷᠠᠭᠤᠯᠤᠨ | ᠥᠭᠡᠷᠡᠴᠢᠯᠡᠵᠦ ᠪᠣᠯᠬᠤ ᠦᠭᠡᠢ᠂ ᠦᠨᠡᠨ ᠬᠦ ᠬᠤᠪᠢᠷᠠᠭᠤᠯᠵᠤ ᠲᠣᠬᠢᠷᠠᠭᠤᠯᠬᠤ ᠴᠢᠬᠤᠯᠠ ᠲᠠᠢ ᠪᠣᠯ᠂ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ | ᠬᠡᠷᠡᠭᠲᠡᠢ᠃ | ︵ᠬᠤᠶᠠᠷ︶ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠠᠭᠤᠯᠭ᠎ᠠ ᠶᠢᠨ ᠰᠢᠰᠲ᠋ᠧᠮᠵᠢ ᠶᠢ | ᠲᠡᠭᠦᠯᠳᠡᠷᠵᠢᠭᠦᠯᠬᠦ ᠬᠡᠷᠡᠭᠲᠡᠢ᠃ ᠮᠠᠨ ᠤ ᠣᠷᠣᠨ ᠤ ᠪᠣᠳᠠᠲᠠᠢ ᠪᠠᠨ ᠦᠨᠳᠦᠰᠦᠯᠡᠨ᠂ ᠣᠢ ᠰᠢᠭᠤᠢ ᠶᠢᠨ ᠡᠬᠢ | ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠠᠭᠤᠯᠭ᠎ᠠ ᠶᠢ | ᠬᠤᠪᠢᠶᠠᠷᠢᠯᠠᠪᠠᠯ᠄ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠪᠠᠶᠢᠭᠤᠯᠤᠯᠲᠠ᠂ ᠣᠢ ᠰᠢᠭᠤᠢ ᠶᠢᠨ ᠠᠮᠢ | ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠣᠢ ᠰᠢᠭᠤᠢ ᠶᠢᠨ ᠡᠬᠢ ᠪᠠᠶᠠᠯᠢᠭ ᠤᠨ ᠬᠠᠮᠠᠭᠠᠯᠠᠯᠲᠠ | ᠵᠡᠷᠭᠡ ᠣᠨ ᠤ ᠬᠠᠷᠠᠯᠲᠠ ᠪᠣᠯᠣᠨ ᠣᠢ ᠰᠢᠭᠤᠢ ᠶᠢᠨ ᠡᠬᠢ ᠪᠠᠶᠠᠯᠢᠭ ᠤᠨ ᠶᠡᠷᠦᠩᠬᠡᠢ ᠪᠠᠶᠢᠳᠠᠯ ᠳᠠᠬᠢ ᠲᠠᠪᠤᠨ ᠵᠢᠯ ᠤᠨ | ᠲᠥᠯᠥᠪᠵᠢᠭᠦᠯᠭᠡ ᠶᠢᠨ ᠬᠠᠷᠠᠯᠲᠠ ᠪᠣᠯᠣᠨ᠎ᠠ᠃ ᠣᠨ ᠤ ᠬᠠᠷᠠᠯᠲᠠᠲᠤ ᠡᠭᠦᠷᠭᠡ ᠳᠤ ᠭᠤᠣᠯᠳᠠᠭᠤ᠄ ᠣᠢ ᠰᠢᠭᠤᠢ ᠶᠢᠨ | ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠦᠭᠰᠡᠨ ᠨᠣᠷᠮ᠎ᠠ ᠪᠣᠯᠣᠨ ᠬᠢᠷᠢ | ᠲᠡᠩᠴᠡᠭᠰᠡᠨ ᠨᠣᠷᠮ᠎ᠠ᠂ ᠣᠢ ᠰᠢᠭᠤᠢ ᠶᠢᠨ ᠲᠠᠯ᠎ᠠ ᠪᠠᠷ ᠬᠢ ᠬᠠᠤᠯᠢ ᠬᠡᠷᠡᠭᠵᠢᠭᠦᠯᠦᠭᠰᠡᠨ᠂ ᠣᠢ ᠰᠢᠭᠤᠢ ᠶᠢᠨ ᠡᠬᠢ | ᠪᠠᠶᠠᠯᠢᠭ ᠤᠨ ᠬᠠᠮᠠᠭᠠᠯᠠᠯᠲᠠ ᠵᠡᠷᠭᠡ ᠠᠭᠤᠯᠭ᠎ᠠ ᠪᠠᠭᠲᠠᠨ᠎ᠠ︔ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠳᠤ᠄ | ᠣᠢ ᠰᠢᠭᠤᠢ ᠶᠢᠨ ᠪᠦᠷᠬᠦᠴᠡ᠂ ᠣᠢ ᠰᠢᠭᠤᠢ ᠶᠢᠨ ᠬᠠᠳᠠᠭᠠᠯᠠᠭᠴᠠ᠂ ᠣᠢ ᠲᠠᠢ ᠪᠠᠶᠢᠬᠤ ᠭᠠᠵᠠᠷ ᠤᠨ ᠬᠡᠮᠵᠢᠶ᠎ᠡ᠂ | ᠪᠠᠶᠢᠭᠠᠯᠢ ᠶᠢᠨ ᠣᠢ ᠶᠢ ᠬᠠᠮᠠᠭᠠᠯᠠᠭᠰᠠᠨ ᠪᠠᠶᠢᠳᠠᠯ ᠵᠡᠷᠭᠡ ᠠᠭᠤᠯᠭ᠎ᠠ ᠪᠠᠭᠲᠠᠨ᠎ᠠ᠃ | ︵ᠭᠤᠷᠪᠠ︶ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ ᠢ ᠲᠣᠭᠲᠠᠭᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠠᠴᠠ ᠬᠠᠷᠭᠤᠭᠤᠯᠤᠨ ᠲᠣᠭᠲᠠᠭᠠᠭᠰᠠᠨ ᠬᠠᠷᠠᠯᠲᠠᠲᠤ ᠡᠭᠦᠷᠭᠡ ᠶᠢᠨ ᠬᠤᠪᠢᠶᠠᠷᠢᠯᠠᠯ ᠢ ᠨᠠᠶᠢᠳᠠᠪᠤᠷᠢᠵᠢᠭᠤᠯᠬᠤ | ᠲᠥᠰᠥᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ᠂ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ | ᠣᠷᠳᠣᠨ ᠲᠠᠢ ᠱᠠᠲᠤ ᠱᠠᠲᠤ ᠪᠠᠷ ︽ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ | ᠬᠠᠷᠢᠭᠤᠴᠠᠯᠭ᠎ᠠ ᠶᠢᠨ ᠪᠢᠴᠢᠭ︾ ᠢ ᠲᠣᠭᠲᠠᠵᠤ᠂ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠪᠣᠯᠣᠨ ᠣᠨ ᠤ | ᠬᠠᠷᠠᠯᠲᠠᠲᠤ ᠡᠭᠦᠷᠭᠡ ᠶᠢ ᠲᠣᠳᠣᠷᠬᠠᠶᠢᠯᠠᠬᠤ ᠬᠡᠷᠡᠭᠲᠡᠢ᠃ ᠬᠤᠰᠢᠭᠤ ᠰᠢᠶᠠᠨ ︵ᠬᠤᠲᠠ᠂ ᠲᠣᠭᠤᠷᠢᠭ︶ ᠨᠢ ︽ | ᠪᠣᠳᠠᠲᠠᠢ ᠳᠤ ᠨᠡᠶᠢᠴᠡᠭᠰᠡᠨ᠂ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠭᠰᠠᠨ᠂ ᠵᠦᠢ ᠵᠣᠬᠢᠰᠲᠠᠢ ᠬᠤᠪᠢᠶᠠᠷᠢᠯᠠᠭᠰᠠᠨ᠂ | ᠠᠵᠢᠯᠯᠠᠬᠤ ᠳᠤ ᠳᠥᠭᠦᠮ ᠠᠪᠰᠠᠷᠬᠠᠨ︾ ᠪᠠᠶᠢᠯᠭᠠᠬᠤ ᠵᠠᠷᠴᠢᠮ ᠶᠣᠰᠣᠭᠠᠷ᠂ ᠣᠨ ᠤ ᠬᠠᠷᠠᠯᠲᠠᠲᠤ ᠡᠭᠦᠷᠭᠡ ᠶᠢᠨ | ᠭᠦᠢᠴᠡᠳᠬᠡᠯ ᠲᠤᠭ᠎ᠠ ᠶᠢ ᠰᠤᠮᠤ ᠰᠢᠶᠠᠩ ᠪᠠᠯᠭᠠᠰᠤᠨ ︵ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ︶ | ᠳᠤ ᠬᠤᠪᠢᠶᠠᠷᠢᠯᠠᠨ ᠨᠠᠶᠢᠳᠠᠪᠤᠷᠢᠵᠢᠭᠤᠯᠬᠤ ᠶᠢᠨ ᠬᠠᠮᠲᠤ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠬᠦᠯᠢᠶᠡᠰᠦᠯᠡᠬᠦ | ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠦᠨᠡᠯᠡᠵᠦ ᠰᠢᠯᠭᠠᠨ ᠬᠢᠨᠠᠬᠤ ᠶᠢ ᠴᠢᠩᠭᠠᠳᠬᠠᠵᠤ᠂ | ᠬᠠᠷᠢᠭᠤᠴᠠᠯᠭ᠎ᠠ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ᠃ | ︵ᠳᠥᠷᠪᠡ︶ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠳᠤ ᠬᠢᠨᠠᠯᠲᠠ ᠲᠠᠯᠪᠢᠵᠤ ᠪᠠᠶᠢᠴᠠᠭᠠᠬᠤ ᠪᠠ | ᠦᠨᠡᠯᠡᠵᠦ ᠰᠢᠯᠭᠠᠨ ᠬᠢᠨᠠᠬᠤ ᠳᠦᠷᠢᠮ ᠢ ᠪᠠᠶᠢᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠡᠯ᠎ᠡ | ᠠᠶᠢᠮᠠᠭ ᠬᠤᠲᠠ ᠶᠢᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ ᠦᠨᠡᠯᠡᠯᠲᠡ᠂ ᠲᠠᠪᠤᠨ ᠵᠢᠯ ᠳᠠᠬᠢ | ᠰᠢᠯᠭᠠᠨ ᠬᠢᠨᠠᠬᠤ ᠳᠦᠷᠢᠮ ᠢ ᠬᠡᠷᠡᠭᠵᠢᠭᠦᠯᠬᠦ ᠪᠦᠭᠡᠳ ᠥᠪᠡᠷᠲᠡᠭᠡᠨ ᠵᠠᠰᠠᠬᠤ ᠣᠷᠣᠨ ᠤ ᠠᠵᠢᠯ ᠤᠨ ᠠᠮᠵᠢᠯᠲᠠ | ᠪᠦᠲᠦᠮᠵᠢ ᠶᠢᠨ ᠦᠨᠡᠯᠡᠵᠦ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠬᠡᠷᠡᠭᠲᠡᠢ᠃ ᠠᠶᠢᠮᠠᠭ ᠬᠤᠲᠠ ᠶᠢᠨ | ᠦᠨᠡᠯᠡᠨ ᠰᠢᠯᠭᠠᠵᠤ ᠬᠢᠨᠠᠭᠰᠠᠨ ᠳᠤ ᠬᠢᠨᠠᠯᠲᠠ ᠲᠠᠯᠪᠢᠵᠤ ᠪᠠᠶᠢᠴᠠᠭᠠᠬᠤ ᠳᠤ ᠪᠠᠨ ᠬᠡᠰᠡᠭ ᠬᠤᠰᠢᠭᠤ ᠰᠢᠶᠠᠨ ︵ᠬᠤᠲᠠ᠂ | ᠲᠣᠭᠤᠷᠢᠭ︶ ᠢ ᠰᠤᠭᠤᠴᠢᠨ ᠪᠠᠶᠢᠴᠠᠭᠠᠬᠤ ᠠᠷᠭ᠎ᠠ ᠶᠢ ᠬᠡᠷᠡᠭᠯᠡᠨ ᠶᠠᠪᠤᠭᠳᠠᠭᠤᠯᠵᠤ᠂ ᠦᠷ᠎ᠡ ᠳ᠋ᠦᠩ ᠢ ᠨᠢ ᠠᠶᠢᠮᠠᠭ | ᠬᠤᠲᠠ ᠶᠢ ᠦᠨᠡᠯᠡᠵᠦ ᠰᠢᠯᠭᠠᠨ ᠬᠢᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠦᠨᠡᠯᠡᠵᠦ ᠰᠢᠯᠭᠠᠨ ᠬᠢᠨᠠᠬᠤ ᠳᠤ | ᠨᠢᠭᠡᠳᠦᠯᠲᠡᠢ ᠠᠷᠭ᠎ᠠ ᠠᠪᠴᠤ᠂ ᠳᠡᠰ ᠳᠠᠷᠠᠭᠠᠯᠠᠯ ᠢ ᠴᠢᠩᠳᠠᠯᠠᠨ᠂ ᠦᠷ᠎ᠡ ᠳ᠋ᠦᠩ ᠢ ᠨᠢ ᠬᠡᠷᠡᠭᠯᠡᠬᠦ ᠳᠤ ᠰᠢᠨᠵᠢᠯᠡᠬᠦ | ᠤᠬᠠᠭᠠᠨᠴᠢ ᠪᠦᠭᠡᠳ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠡᠯᠡᠵᠦ ᠰᠢᠯᠭᠠᠨ ᠬᠢᠨᠠᠬᠤ ᠳᠤ | ᠠᠵᠢᠯ ᠤᠨ ᠪᠣᠳᠠᠲᠤ ᠠᠮᠵᠢᠯᠲᠠ ᠪᠠᠷ ᠭᠤᠣᠯᠯᠠᠭᠤᠯᠵᠤ᠂ ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠣᠭᠠᠨ ᠤ | ᠰᠢᠰᠲ᠋ᠧᠮᠵᠢ ᠪᠠᠷ ᠪᠠᠷᠢᠮᠵᠢᠶ᠎ᠠ ᠪᠣᠯᠭᠠᠨ᠂ ᠦᠨᠡᠯᠡᠵᠦ ᠰᠢᠯᠭᠠᠨ ᠬᠢᠨᠠᠬᠤ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠵᠤ᠂ | ᠬᠠᠷᠠᠯᠲᠠᠲᠤ ᠡᠭᠦᠷᠭᠡ ᠶᠢᠨ ᠨᠠᠶᠢᠳᠠᠪᠤᠷᠢᠵᠢᠭᠰᠠᠨ ᠪᠠᠶᠢᠳᠠᠯ ᠪᠣᠯᠣᠨ ᠣᠯᠣᠭᠰᠠᠨ ᠦᠷ᠎ᠡ ᠪᠦᠲᠦᠭᠡᠮᠵᠢ ᠶᠢ ᠭᠦᠢᠴᠡᠳ | ᠢᠯᠡᠷᠡᠭᠦᠯᠬᠦ ᠬᠡᠷᠡᠭᠲᠡᠢ᠃ ᠦᠨᠡᠯᠡᠵᠦ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ | ᠲᠢᠩᠬᠢᠮ ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠯᠴᠠᠨ ᠬᠡᠷᠡᠭᠵᠢᠭᠦᠯᠦᠨ᠎ᠡ᠃ ᠦᠨᠡᠯᠡᠵᠦ ᠰᠢᠯᠭᠠᠨ ᠬᠢᠨᠠᠭᠰᠠᠨ ᠦᠷ᠎ᠡ ᠳ᠋ᠦᠩ ᠢ ᠥᠪᠡᠷᠲᠡᠭᠡᠨ | ᠵᠠᠰᠠᠬᠤ ᠣᠷᠣᠨ ᠤ ᠣᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠠᠮᠵᠢᠯᠲᠠ ᠪᠦᠲᠦᠮᠵᠢ ᠶᠢ | ᠰᠢᠯᠭᠠᠨ ᠬᠢᠨᠠᠬᠤ ᠶᠢᠨ ᠬᠠᠷᠠᠯᠲᠠᠲᠤ ᠰᠢᠯᠭᠠᠨ ᠬᠢᠨᠠᠬᠤ ᠳᠤᠭᠤᠶᠢᠯᠠᠩ ᠳᠤ ᠮᠡᠳᠡᠭᠦᠯᠦᠨ ᠬᠦᠷᠭᠡᠵᠦ᠂ ᠥᠪᠡᠷᠲᠡᠭᠡᠨ | ᠵᠠᠰᠠᠬᠤ ᠣᠷᠣᠨ ᠤ ᠣᠨ ᠤ ᠠᠵᠢᠯ ᠤᠨ ᠠᠮᠵᠢᠯᠲᠠ ᠪᠦᠲᠦᠮᠵᠢ ᠶᠢᠨ ᠰᠢᠯᠭᠠᠨ ᠬᠢᠨᠠᠭᠰᠠᠨ ᠦᠷ᠎ᠡ ᠳ᠋ᠦᠩ ᠢᠶᠠᠷ | ᠬᠡᠷᠡᠭᠯᠡᠨ᠎ᠡ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠦᠨᠡᠯᠡᠵᠦ ᠰᠢᠯᠭᠠᠨ ᠬᠢᠨᠠᠬᠤ ᠠᠵᠢᠯ ᠢ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠡᠯ᠎ᠡ ᠰᠤᠮᠤ ᠰᠢᠶᠠᠩ ᠪᠠᠯᠭᠠᠰᠤᠨ ᠳᠤ ᠦᠨᠡᠯᠡᠵᠦ ᠰᠢᠯᠭᠠᠨ ᠬᠢᠨᠠᠬᠤ ᠠᠵᠢᠯ ᠢ ᠬᠤᠰᠢᠭᠤ ᠰᠢᠶᠠᠨ ︵ᠬᠤᠲᠠ᠂ | ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ᠭᠤᠷᠪᠠ᠂ ᠪᠠᠲᠤᠯᠠᠬᠤ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠤᠳᠤᠷᠢᠳᠤᠯᠭ᠎ᠠ ᠪᠠᠨ | ᠦᠨᠡᠨ ᠭᠦ ᠴᠢᠩᠭᠠᠳᠬᠠᠨ᠂ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠣᠢ ᠪᠣᠯᠭᠠᠬᠤ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠣᠢ ᠰᠢᠭᠤᠢ ᠶᠢᠨ ᠲᠢᠩᠬᠢᠮ ᠨᠢ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠡᠳᠦᠷ ᠲᠤᠲᠤᠮ ᠤᠨ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ | ᠬᠠᠷᠢᠭᠤᠴᠠᠵᠤ᠂ ᠬᠢᠨᠠᠯᠲᠠ ᠲᠠᠯᠪᠢᠵᠤ ᠪᠠᠶᠢᠴᠠᠭᠠᠬᠤ ᠳᠡᠰ ᠳᠠᠷᠠᠭᠠᠯᠠᠯ ᠪᠣᠯᠣᠨ ᠠᠷᠭ᠎ᠠ ᠶᠢ ᠴᠢᠩᠭᠠᠯᠠᠨ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠵᠤ ᠪᠠᠶᠢᠭᠠᠳ ᠠᠶᠢᠮᠠᠭ ᠬᠤᠲᠠ ᠶᠢ ᠦᠨᠡᠯᠡᠵᠦ ᠰᠢᠯᠭᠠᠨ ᠬᠢᠨᠠᠵᠤ᠂ | ᠦᠨᠡᠯᠡᠵᠦ ᠰᠢᠯᠭᠠᠨ ᠬᠢᠨᠠᠭᠰᠠᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠨ᠎ᠠ᠃ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠲᠥᠪ ᠤᠨ ᠲᠥᠰᠥᠪ ᠤᠨ ᠳᠣᠲᠣᠷᠠᠬᠢ ᠣᠢ ᠰᠢᠭᠤᠢ ᠶᠢᠨ ᠠᠮᠢ | ᠠᠬᠤᠢ ᠶᠢᠨ ᠪᠦᠲᠦᠭᠡᠨ ᠪᠠᠶᠢᠭᠤᠯᠬᠤ ᠲᠥᠷᠥᠯ ᠵᠦᠢᠯ ᠢ ᠵᠣᠬᠢᠴᠠᠭᠤᠯᠵᠤ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠣᠢ ᠰᠢᠭᠤᠢ ᠶᠢᠨ ᠠᠮᠢ ᠠᠬᠤᠢ ᠪᠦᠲᠦᠭᠡᠨ | ᠪᠠᠶᠢᠭᠤᠯᠬᠤ ᠲᠥᠷᠥᠯ ᠵᠦᠢᠯ ᠤᠨ ᠪᠡᠯᠡ ᠮᠥᠩᠭᠦ ᠶᠢ ᠰᠠᠯᠭᠠᠨ ᠥᠭᠬᠦ ᠪᠠ ᠬᠡᠷᠡᠭᠯᠡᠭᠰᠡᠨ ᠪᠠᠶᠢᠳᠠᠯ ᠳᠤ ᠬᠢᠨᠠᠯᠲᠠ | ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠵᠠᠷ ᠰᠢᠷᠣᠢ ᠡᠬᠢ | ᠪᠠᠶᠠᠯᠢᠭ ᠤᠨ ᠲᠢᠩᠬᠢᠮ ᠨᠢ ᠣᠢ ᠰᠢᠭᠤᠢ ᠶᠢᠨ ᠡᠷᠬᠡ ᠶᠢᠨ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠬᠦ᠂ ᠣᠢ | ᠰᠢᠭᠤᠢ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠨ ᠲᠡᠮᠳᠡᠭᠯᠡᠬᠦ ᠵᠡᠷᠭᠡ ᠠᠵᠢᠯ ᠳᠤ ᠬᠠᠮᠵᠢᠯᠴᠠᠨ ᠲᠤᠰᠠᠯᠠᠬᠤ ᠶᠢ | ᠬᠠᠷᠢᠭᠤᠴᠠᠨ᠎ᠠ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠭᠤᠣᠯ | ᠤᠳᠤᠷᠢᠳᠤᠯᠭ᠎ᠠ ᠨᠠᠷ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠪᠣᠳᠠᠲᠠᠢ ᠬᠡᠷᠡᠭᠵᠢᠭᠦᠯᠬᠦ ᠠᠵᠢᠯ ᠢ ᠲᠦᠷᠦᠭᠦᠯᠡᠨ | ᠰᠠᠶᠢᠳᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢᠶᠠᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ᠂ | ᠪᠠᠶᠢᠴᠠᠭᠠᠬᠤ᠂ ᠮᠡᠳᠡᠭᠡᠯᠡᠨ ᠨᠡᠪᠲᠡᠷᠡᠭᠦᠯᠬᠦ᠂ ᠰᠢᠯᠭᠠᠨ ᠬᠢᠨᠠᠬᠤ᠂ ᠱᠠᠩᠨᠠᠵᠤ ᠲᠣᠷᠭᠠᠬᠤ ᠵᠡᠷᠭᠡ ᠳᠦᠷᠢᠮ ᠢ | ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠤᠨ᠂ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠬᠠᠷᠠᠯᠲᠠᠳᠤ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠳᠠᠵᠤ ᠪᠣᠳᠠᠲᠠᠶᠢᠵᠢᠬᠤ ᠶᠢ ᠦᠨᠡᠨ | ᠬᠦ ᠪᠠᠲᠤᠯᠠᠬᠤ ᠬᠡᠷᠡᠭᠲᠡᠢ᠃ | ︵ᠬᠤᠶᠠᠷ︶ ᠣᠢ ᠰᠢᠭᠤᠢ ᠶᠢᠨ ᠡᠬᠢ ᠪᠠᠶᠠᠯᠢᠭ ᠢ ᠬᠢᠨᠠᠨ ᠰᠢᠨᠵᠢᠵᠦ ᠦᠨᠡᠯᠡᠨ ᠵᠢᠱᠢᠬᠦ ᠶᠢ ᠴᠢᠩᠭᠠᠷᠠᠭᠤᠯᠤᠨ᠎ᠠ᠃ | ᠣᠢ ᠰᠢᠭᠤᠢ ᠶᠢᠨ ᠡᠬᠢ ᠪᠠᠶᠠᠯᠢᠭ ᠢ ᠬᠢᠨᠠᠨ ᠰᠢᠨᠵᠢᠵᠦ ᠦᠨᠡᠯᠡᠨ ᠵᠢᠱᠢᠬᠦ ᠵᠡᠷᠭᠡ ᠰᠠᠭᠤᠷᠢ ᠴᠢᠳᠠᠪᠤᠷᠢ ᠶᠢᠨ | ᠪᠠᠶᠢᠭᠤᠯᠤᠯᠲᠠ ᠶᠢ ᠲᠦᠷᠭᠡᠳᠬᠡᠨ᠂ ᠬᠢᠨᠠᠨ ᠰᠢᠨᠵᠢᠵᠦ ᠦᠨᠡᠯᠡᠨ ᠵᠢᠱᠢᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠠᠨᠰᠠᠷ ᠤᠨ ᠠᠯᠤᠰ ᠮᠡᠳᠡᠷᠡᠮᠵᠢ ᠶᠢᠨ ᠳ᠋ᠠᠶᠢᠲ᠋ᠠ᠂ ᠭᠠᠵᠠᠷ ᠵᠦᠢ ᠶᠢᠨ ᠮᠡᠳᠡᠭᠡ ᠵᠠᠩᠭᠢ ᠵᠡᠷᠭᠡ ᠣᠳᠣ ᠦᠶ᠎ᠡ ᠶᠢᠨ | ᠮᠡᠷᠭᠡᠵᠢᠯ ᠢ ᠠᠰᠢᠭᠯᠠᠵᠤ᠂ ᠣᠢ ᠰᠢᠭᠤᠢ ᠶᠢᠨ ᠡᠬᠢ ᠪᠠᠶᠠᠯᠢᠭ ᠤᠨ ᠲᠥᠯᠥᠪᠵᠢᠭᠦᠯᠭᠡ ᠶᠢ ᠵᠢᠷᠤᠭᠯᠠᠨ ᠲᠥᠯᠥᠪᠯᠡᠬᠦ ᠳᠤ | ᠪᠠᠶᠢᠴᠠᠭᠠᠬᠤ᠂ ᠪᠦᠷᠢᠳᠬᠡᠬᠦ᠂ ᠬᠢᠨᠠᠨ ᠰᠢᠨᠵᠢᠬᠦ ᠠᠵᠢᠯ ᠢ ᠵᠣᠬᠢᠶᠠᠨ ᠪᠠᠶᠢᠭᠤᠯᠵᠤ ᠥᠷᠨᠢᠭᠦᠯᠦᠨ᠂ ᠣᠢ ᠰᠢᠭᠤᠢ ᠶᠢᠨ | ᠡᠬᠢ ᠪᠠᠶᠠᠯᠢᠭ ᠤᠨ ᠳ᠋ᠠᠶᠢᠲ᠋ᠠ ᠬᠥᠮᠥᠷᠭᠡ ᠶᠢ ᠪᠣᠳᠠᠲᠠᠢ ᠴᠠᠭ ᠲᠤ ᠨᠢ ᠰᠢᠨᠡᠳᠬᠡᠬᠦ ᠶᠢᠨ ᠬᠠᠮᠲᠤ ᠣᠢ ᠰᠢᠭᠤᠢ ᠶᠢᠨ ᠡᠬᠢ | ᠪᠠᠶᠠᠯᠢᠭ ᠤᠨ ᠬᠤᠪᠢᠷᠠᠯᠲᠠ ᠶᠢᠨ ᠬᠥᠳᠡᠯᠦᠯ ᠪᠠᠶᠢᠳᠠᠯ ᠢ ᠴᠠᠭ ᠲᠤᠬᠠᠢ ᠳᠤ ᠨᠢ ᠡᠵᠡᠮᠰᠢᠨ᠎ᠡ᠃ ᠬᠢᠨᠠᠯᠲᠠ ᠲᠠᠯᠪᠢᠵᠤ | ᠪᠠᠶᠢᠴᠠᠭᠠᠬᠤ ᠡᠩᠨᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠶᠢᠴᠠᠭᠠᠭᠰᠠᠨ ᠪᠠ ᠬᠢᠨᠠᠨ | ᠰᠢᠨᠵᠢᠭᠰᠡᠨ ᠳ᠋ᠠᠶᠢᠲ᠋ᠠ ᠶᠢᠨ ᠰᠢᠨᠵᠢᠯᠡᠬᠦ ᠤᠬᠠᠭᠠᠨᠴᠢ᠂ ᠣᠨᠣᠪᠴᠢᠲᠠᠢ᠂ ᠴᠠᠭ ᠲᠤᠬᠠᠢ ᠶᠢᠨ ᠪᠠᠶᠢᠬᠤ ᠶᠢ ᠦᠨᠡᠨ ᠬᠦ | ᠪᠠᠲᠤᠯᠠᠵᠤ᠂ ᠣᠢ ᠰᠢᠭᠤᠢ ᠶᠢᠨ ᠡᠬᠢ ᠪᠠᠶᠠᠯᠢᠭ ᠤᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠦᠨᠡᠯᠡᠯᠲᠡ ᠬᠢᠵᠦ ᠰᠢᠯᠭᠠᠨ ᠬᠢᠨᠠᠬᠤ ᠳᠤ ᠨᠠᠶᠢᠳᠠᠪᠤᠷᠢᠲᠠᠢ ᠦᠨᠳᠦᠰᠦᠯᠡᠯ | ᠬᠠᠩᠭᠠᠵᠤ ᠥᠭᠭᠦᠨ᠎ᠡ᠃ | ︵ᠭᠤᠷᠪᠠ︶ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠪᠠ ᠨᠡᠬᠡᠮᠵᠢᠯᠡᠬᠦ ᠶᠢ ᠲᠥᠪ ᠴᠢᠩᠭ᠎ᠠ ᠪᠣᠯᠭᠠᠨ᠎ᠠ᠃ | ᠡᠯ᠎ᠡ ᠭᠠᠵᠠᠷ ᠣᠷᠣᠨ ᠨᠢ ᠰᠢᠯᠭᠠᠨ ᠬᠢᠨᠠᠵᠤ ᠬᠠᠷᠢᠭᠤᠴᠠᠯᠭ᠎ᠠ ᠬᠡᠯᠡᠯᠴᠡᠬᠦ ᠪᠠ ᠨᠡᠬᠡᠮᠵᠢᠯᠡᠬᠦ ᠲᠤᠬᠳᠠᠴᠠ ᠶᠢ ᠪᠠᠶᠢᠭᠤᠯᠤᠨ | ᠪᠥᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠠᠴᠠ ᠡᠯ᠎ᠡ ᠠᠶᠢᠮᠠᠭ ᠬᠤᠲᠠ ᠶᠢᠨ ᠰᠢᠯᠭᠠᠨ ᠬᠢᠨᠠᠭᠰᠠᠨ ᠳ᠋ᠦᠩ ᠢ | ᠣᠷᠣᠨ ᠨᠤᠲᠤᠭ ᠤᠨ ᠤᠳᠤᠷᠢᠳᠬᠤ ᠺᠠᠳ᠋ᠷᠴᠤᠳ ᠢ ᠶᠡᠷᠦᠩᠬᠡᠶᠢᠯᠡᠨ ᠦᠨᠡᠯᠡᠬᠦ ᠴᠢᠬᠤᠯᠠ ᠦᠨᠳᠦᠰᠦᠯᠡᠯ ᠤᠨ ᠨᠢᠭᠡ | ᠪᠣᠯᠭᠠᠨ᠎ᠠ᠃ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠬᠢᠷᠢ ᠪᠦᠲᠦᠮᠵᠢ ᠪᠠᠷ | ᠲᠣᠪᠤᠶᠢᠮ᠎ᠠ ᠨᠢᠭᠡᠴᠢ ᠪᠣᠯᠣᠨ ᠬᠤᠪᠢ ᠬᠥᠮᠥᠨ ᠢ ᠰᠠᠶᠢᠰᠢᠶᠠᠨ ᠭᠦᠬᠢᠭᠦᠯᠦᠨᠡ᠃ ᠣᠢ ᠰᠢᠭᠤᠢ ᠶᠢᠨ ᠡᠬᠢ ᠪᠠᠶᠠᠯᠢᠭ ᠢ | ᠡᠪᠳᠡᠭᠰᠡᠨ ᠳᠤ ᠨᠠᠰᠤᠨ ᠲᠤᠷᠰᠢᠲᠠ ᠳᠤ ᠨᠢ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠬᠡᠷᠡᠭᠵᠢᠭᠦᠯᠦᠨ᠎ᠡ᠃ | ᠬᠠᠷᠠᠯᠳᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠢᠶᠠᠷ ᠰᠤᠯᠠᠪᠳᠤᠷ᠂ ᠲᠤᠰᠢᠶᠠᠯ ᠢᠶᠠᠨ | ᠭᠤᠲᠤᠭᠠᠵᠤ ᠬᠠᠷᠢᠭᠤᠴᠠᠯᠭ᠎ᠠ ᠪᠠᠨ ᠠᠯᠳᠠᠭᠰᠠᠨ᠂ ᠳᠤᠷ᠎ᠠ ᠪᠠᠷ ᠠᠵᠢᠯᠯᠠᠭᠰᠠᠨ ᠵᠡᠷᠭᠡ ᠠᠴᠠ ᠣᠢ ᠰᠢᠭᠤᠢ ᠶᠢᠨ | ᠲᠠᠯᠠᠪᠠᠢ ᠬᠠᠰᠤᠭᠳᠠᠵᠤ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠪᠠᠭᠤᠷᠠᠭᠰᠠᠨ᠂ ᠣᠢ ᠮᠣᠳᠣ ᠶᠢ ᠳᠤᠷ᠎ᠠ ᠪᠠᠷ | ᠣᠭᠲᠣᠯᠣᠭᠰᠠᠨ ᠪᠠ ᠣᠶᠢᠲᠤ ᠭᠠᠵᠠᠷ ᠢ ᠳᠤᠷ᠎ᠠ ᠪᠠᠷ ᠬᠠᠭᠠᠯᠪᠤᠷᠢᠯᠠᠵᠤ ᠡᠵᠡᠯᠡᠭᠰᠡᠨ ᠵᠡᠷᠭᠡ ᠣᠢ ᠰᠢᠭᠤᠢ ᠳᠤ | ᠬᠤᠯᠪᠣᠭᠳᠠᠭᠰᠠᠨ ᠬᠡᠷᠡᠭ ᠣᠯᠠᠨ ᠭᠠᠷᠤᠭᠰᠠᠨ᠂ ᠡᠰᠡᠬᠦᠯ᠎ᠡ ᠣᠢ ᠰᠢᠭᠤᠢ ᠶᠢᠨ ᠬᠦᠨᠳᠦ ᠬᠡᠴᠡᠭᠦᠦ ᠭᠠᠯ ᠲᠦᠢᠮᠡᠷ | ᠭᠠᠷᠤᠭᠰᠠᠨ ᠪᠠ ᠣᠢ ᠰᠢᠭᠤᠢ ᠵᠢᠴᠢ ᠬᠡᠭᠡᠷ᠎ᠡ ᠶᠢᠨ ᠠᠮᠢᠲᠠᠨ ᠤᠷᠭᠤᠮᠠᠯ ᠢ ᠨᠡᠯᠢᠶᠡᠳ ᠶᠡᠭᠡ ᠪᠠᠷ ᠡᠪᠳᠡᠵᠦ ᠠᠩᠨ᠋ᠬᠠᠰᠠᠨ | ᠬᠡᠷᠡᠭ ᠡᠭᠦᠰᠦᠭᠰᠡᠨ᠂ ᠬᠤᠣᠷᠳᠠᠭᠳᠠᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠭᠰᠠᠨ ᠢᠶᠠᠷ ᠰᠤᠯᠠ ᠪᠣᠯᠣᠭᠰᠠᠨ ᠠᠴᠠ | ᠭᠡᠮ ᠬᠢᠵᠢᠭ ᠳᠡᠯᠭᠡᠷᠡᠭᠰᠡᠨ ᠵᠢᠴᠢ ᠨᠡᠶᠢᠭᠡᠮ ᠳᠤ ᠨᠡᠯᠢᠶᠡᠳ ᠶᠡᠭᠡ ᠨᠥᠯᠥᠭᠡ ᠪᠣᠯᠣᠭᠰᠠᠨ ᠪᠤᠰᠤᠳ ᠬᠡᠷᠡᠭ ︵ᠤᠴᠢᠷ︶ | ᠵᠡᠷᠭᠡ ᠬᠦᠨᠳᠦ ᠨᠣᠴᠢᠲᠠᠢ ᠠᠰᠠᠭᠤᠳᠠᠯ ᠳᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ | ᠬᠡᠯᠡᠯᠴᠡᠬᠦ ᠳᠦᠷᠢᠮ︾ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ | ᠳᠦᠷᠢᠮ︾ ︽ᠨᠠᠮ ᠵᠠᠰᠠᠭ ᠤᠨ ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠨᠦᠬᠦᠴᠡᠯ ᠤᠨ | ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠠ ︽ᠨᠠᠮ ᠵᠠᠰᠠᠭ ᠤᠨ | ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠨᠥᠬᠦᠴᠡᠯ ᠤᠨ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ | ᠲᠤᠬᠠᠢ ᠬᠡᠷᠡᠭᠵᠢᠭᠦᠯᠬᠦ ᠨᠠᠷᠢᠨ ᠳᠦᠷᠢᠮ ︵ᠲᠤᠷᠰᠢᠨ ᠬᠡᠷᠡᠭᠵᠢᠭᠦᠯᠬᠦ︶︾ ᠵᠡᠷᠭᠡ ᠲᠣᠭᠲᠠᠭᠠᠯ ᠢ ᠵᠢᠷᠤᠮᠯᠠᠨ᠂ | ᠬᠠᠷᠢᠭᠤᠴᠠᠯᠭ᠎ᠠ ᠬᠡᠯᠡᠯᠴᠡᠬᠦ ᠪᠠ ᠨᠡᠬᠡᠮᠵᠢᠯᠡᠬᠦ ᠶᠢ ᠲᠥᠪ ᠴᠢᠩᠭ᠎ᠠ ᠪᠣᠯᠭᠠᠵᠤ᠂ ᠶᠠᠯ᠎ᠠ ᠳᠤ ᠬᠦᠷᠦᠭᠰᠡᠨ ᠪᠠᠶᠢᠪᠠᠯ ᠬᠠᠤᠯᠢ | ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃ | ︵ᠳᠥᠷᠪᠡ︶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ | ᠣᠷᠣᠨ ᠨᠢ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠ ᠪᠣᠯᠣᠨ ᠡᠭᠦᠷᠭᠡ ᠶᠢᠨ | ᠲᠣᠭᠤᠷᠢᠨ ᠳᠤ᠂ ᠣᠶᠢᠵᠢᠭᠤᠯᠵᠤ ᠨᠣᠭᠤᠭᠠᠷᠠᠭᠤᠯᠬᠤ᠂ ᠣᠶᠢᠲᠤ ᠭᠠᠵᠠᠷ ᠢ ᠬᠠᠮᠠᠭᠠᠯᠠᠬᠤ᠂ ᠣᠢ ᠰᠢᠭᠤᠢ ᠶᠢ | ᠣᠭᠲᠣᠯᠬᠤ᠂ ᠣᠢ ᠰᠢᠭᠤᠢ ᠶᠢ ᠡᠵᠡᠩᠨᠡᠬᠦ᠂ ᠪᠠᠶᠢᠭᠠᠯᠢ ᠶᠢᠨ ᠣᠢ ᠶᠢ ᠬᠠᠮᠠᠭᠠᠯᠠᠬᠤ᠂ ᠬᠠᠤᠯᠢ ᠬᠡᠷᠡᠭᠵᠢᠭᠦᠯᠵᠦ ᠬᠢᠨᠠᠯᠲᠠ | ᠲᠠᠯᠪᠢᠬᠤ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠬᠡᠷᠡᠭᠵᠢᠭᠦᠯᠦᠨ᠎ᠡ᠃ | ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠬᠤ ᠡᠷᠴᠢᠮ ᠢ ᠦᠨᠡᠨ ᠬᠦ ᠴᠢᠩᠭᠠᠷᠠᠭᠤᠯᠵᠤ᠂ | ᠣᠶᠢᠵᠢᠭᠤᠯᠬᠤ ᠴᠢᠨᠠᠷ ᠴᠢᠨᠰᠠᠭ᠎ᠠ ᠪᠣᠯᠣᠨ ᠦᠷ᠎ᠡ ᠠᠰᠢᠭ ᠢ ᠳᠡᠭᠡᠭᠰᠢᠯᠡᠭᠦᠯᠦᠨ᠂ ᠣᠢ ᠰᠢᠭᠤᠢ ᠶᠢᠨ ᠲᠠᠯᠠᠪᠠᠢ ᠶᠢ | ᠲᠠᠰᠤᠷᠠᠯᠲᠠ ᠦᠭᠡᠢ ᠥᠷᠭᠡᠳᠬᠡᠨ᠎ᠡ᠃ ᠣᠢ ᠰᠢᠭᠤᠢ ᠶᠢ ᠠᠷᠠᠴᠢᠯᠠᠨ ᠪᠤᠶᠢᠵᠢᠭᠤᠯᠬᠤ᠂ ᠠᠭᠤᠯᠠ ᠶᠢ ᠪᠢᠲᠡᠭᠦᠮᠵᠢᠯᠡᠨ | ᠣᠢ ᠶᠢ ᠪᠤᠶᠢᠵᠢᠭᠤᠯᠬᠤ᠂ ᠰᠡᠶᠢᠷᠡᠭᠵᠢᠭᠰᠡᠨ ᠣᠢ ᠶᠢᠨ ᠬᠦᠢ ᠶᠢ ᠪᠤᠶᠢᠵᠢᠭᠤᠯᠤᠨ ᠰᠡᠷᠭᠦᠭᠡᠬᠦ ᠵᠡᠷᠭᠡ ᠣᠢ | ᠪᠤᠶᠢᠵᠢᠭᠤᠯᠬᠤ ᠠᠷᠭ᠎ᠠ ᠬᠡᠮᠵᠢᠶ᠎ᠡ ᠶᠢ ᠬᠦᠴᠦᠲᠡᠢ ᠬᠡᠷᠡᠭᠵᠢᠭᠦᠯᠦᠨ᠂ ᠣᠢ ᠶᠢᠨ ᠬᠦᠢ ᠶᠢᠨ ᠪᠦᠲᠦᠴᠡ ᠶᠢ | ᠰᠢᠯᠢᠳᠡᠭᠵᠢᠭᠦᠯᠵᠦ᠂ ᠣᠢ ᠰᠢᠭᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠣᠶᠢᠲᠤ ᠭᠠᠵᠠᠷ ᠢ ᠳᠤᠷ᠎ᠠ ᠪᠠᠷ | ᠡᠵᠡᠯᠡᠭᠰᠡᠨ᠂ ᠣᠢ ᠶᠢ ᠰᠦᠢᠳᠬᠡᠵᠦ ᠭᠠᠵᠠᠷ ᠬᠠᠭᠠᠯᠪᠤᠷᠢᠯᠠᠭᠰᠠᠨ᠂ ᠣᠢ ᠮᠣᠳᠣ ᠶᠢ ᠳᠤᠷ᠎ᠠ ᠪᠠᠷ ᠣᠭᠲᠣᠯᠣᠭᠰᠠᠨ | ᠵᠡᠷᠭᠡ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ᠣᠢ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ | ᠦᠷ᠎ᠡ ᠪᠦᠲᠦᠭᠡᠯ ᠢ ᠪᠠᠬᠢᠵᠢᠭᠦᠯᠦᠨ᠎ᠡ᠃ ᠣᠢ ᠰᠢᠭᠤᠢ ᠳᠤ ᠬᠤᠣᠷᠳᠠᠭᠳᠠᠯ ᠲᠠᠢ ᠠᠮᠢᠳᠤ ᠪᠣᠳᠠᠰ᠂ ᠣᠢ ᠶᠢ ᠬᠠᠮᠠᠭᠠᠯᠠᠨ | ᠲᠦᠢᠮᠡᠷ ᠢ ᠰᠡᠷᠭᠡᠶᠢᠯᠡᠬᠦ ᠵᠡᠷᠭᠡ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠣᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ︵ᠲᠠᠪᠤ︶ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠨᠢ ᠨᠡᠶᠢᠭᠡᠮ ᠤᠨ ᠬᠢᠨ ᠳᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠦᠭᠰᠡᠨ | ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ | ᠨᠡᠶᠢᠲᠡᠯᠢᠭ ᠬᠡᠷᠡᠭ ᠢ ᠴᠠᠭ ᠲᠤᠬᠠᠢ ᠳᠤ ᠨᠢ ᠢᠯᠡᠷᠡᠭᠦᠯᠦᠨ ᠢᠯᠡᠴᠢᠯᠡᠵᠦ ᠨᠡᠶᠢᠲᠡᠯᠡᠬᠦ ᠬᠡᠷᠡᠭᠲᠡᠢ᠃ ᠤᠬᠠᠭᠤᠯᠤᠨ | ᠬᠥᠮᠥᠵᠢᠭᠦᠯᠵᠦ ᠬᠥᠲᠥᠯᠥᠨ ᠵᠢᠯᠣᠭᠤᠳᠬᠤ ᠶᠢ ᠴᠢᠩᠭᠠᠳᠬᠠᠨ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ | ᠡᠵᠡᠮᠳᠡᠵᠦ᠂ ᠪᠥᠬᠦ ᠨᠡᠶᠢᠭᠡᠮ ᠤᠨ ᠬᠢᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠠᠵᠢᠯ ᠤᠨ | ᠴᠢᠬᠤᠯᠠ ᠴᠢᠨᠠᠷ ᠤᠨ ᠲᠠᠯ᠎ᠠ ᠪᠠᠷ ᠬᠢ ᠲᠠᠨᠢᠯᠲᠠ ᠶᠢ ᠳᠡᠭᠡᠭᠰᠢᠯᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ | ᠠᠮᠢ ᠠᠬᠤᠢ ᠶᠢ ᠴᠢᠬᠤᠯᠠᠴᠢᠯᠠᠬᠤ ᠪᠠ ᠠᠮᠢ ᠠᠬᠤᠢ ᠶᠢ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠬᠤ ᠬᠡᠷᠡᠭᠲᠡᠢ᠃ | ᠰᠣᠨᠢᠨ ᠮᠡᠳᠡᠭᠡᠨ ᠤ ᠵᠠᠭᠤᠴᠢᠯᠠᠭᠤᠷ ᠤᠨ ᠬᠢᠨ ᠤ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠥᠷᠭᠡᠨ ᠣᠯᠠᠨ ᠲᠦᠮᠡᠨ ᠢ ᠳᠠᠶᠢᠴᠢᠯᠠᠵᠤ ᠪᠠᠶᠢᠭᠠᠳ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠬᠡᠷᠡᠭ ᠤᠨ | ᠰᠦᠪᠡᠭᠴᠢ ᠬᠠᠩᠭᠠᠯᠭᠠᠵᠤ᠂ ᠨᠡᠶᠢᠭᠡᠮ ᠤᠨ ᠬᠢᠨ ᠤ ᠬᠢᠨᠠᠯᠲᠠ ᠲᠠᠯᠪᠢᠯᠲᠠ ᠶᠢ ᠬᠦᠯᠢᠶᠡᠬᠦ ᠬᠡᠷᠡᠭᠲᠡᠢ᠃ | ᠳᠠᠭᠠᠯᠳᠤᠭᠤᠯᠤᠯ᠄ | 1. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ | ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠦᠨᠡᠯᠡᠵᠦ ᠰᠢᠯᠭᠠᠨ ᠬᠢᠨᠠᠬᠤ ᠠᠷᠭ᠎ᠠ ︵ | ᠲᠤᠷᠰᠢᠨ ᠬᠡᠷᠡᠭᠵᠢᠭᠦᠯᠬᠦ︶ | 2. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ | ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠣᠨ ᠤ ᠬᠠᠷᠠᠯᠲᠠ ᠶᠢ ᠦᠨᠡᠯᠡᠵᠦ ᠬᠤᠪᠢ | ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | 3. ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ | ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠲᠠᠪᠤᠨ ᠵᠢᠯ ᠤᠨ ᠲᠥᠯᠥᠪᠵᠢᠭᠦᠯᠭᠡ ᠶᠢᠨ | ᠬᠠᠷᠠᠯᠲᠠ ᠶᠢ ᠰᠢᠯᠭᠠᠨ ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | 4. ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠪᠣᠳᠣᠬᠤ ᠠᠷᠭ᠎ᠠ | ᠳᠠᠭᠠᠯᠳᠤᠭᠤᠯᠤᠯ 1 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ | ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠤᠨ ᠦᠨᠡᠯᠡᠵᠦ ᠰᠢᠯᠭᠠᠨ ᠬᠢᠨᠠᠬᠤ ᠠᠷᠭ᠎ᠠ ︵ᠲᠤᠷᠰᠢᠨ ᠬᠡᠷᠡᠭᠵᠢᠭᠦᠯᠬᠦ︶ | ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠨᠠᠶᠢᠳᠠᠪᠤᠷᠢᠵᠢᠯᠠᠭᠳᠠᠨ ᠪᠣᠳᠠᠲᠠᠶᠢᠵᠢᠬᠤ ᠶᠢ ᠦᠨᠡᠨ ᠬᠦ ᠪᠠᠲᠤᠯᠠᠵᠤ᠂ ᠦᠨᠡᠯᠡᠵᠦ ᠰᠢᠯᠭᠠᠨ ᠬᠢᠨᠠᠬᠤ ᠶᠢᠨ ᠤᠳᠤᠷᠢᠳᠤᠮᠵᠢ | ᠪᠣᠯᠬᠤ᠂ ᠤᠷᠮᠠᠰᠢᠭᠤᠯᠬᠤ ᠪᠠ ᠬᠢᠵᠠᠭᠠᠷᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠲᠤᠰ | ᠠᠷᠭ᠎ᠠ ᠶᠢ ᠲᠣᠭᠲᠠᠭᠠᠪᠠ᠄ | ᠨᠢᠭᠡ᠂ ᠦᠨᠡᠯᠡᠵᠦ ᠰᠢᠯᠭᠠᠨ ᠬᠢᠨᠠᠬᠤ ᠵᠣᠬᠢᠶᠠᠨ ᠪᠠᠶᠢᠭᠤᠯᠤᠯᠲᠠ | ᠦᠨᠡᠯᠡᠵᠦ ᠰᠢᠯᠭᠠᠨ ᠬᠢᠨᠠᠬᠤ ᠠᠵᠢᠯ ᠢ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠲᠢᠩᠬᠢᠮ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠯᠴᠠᠨ ᠪᠣᠳᠠᠲᠠᠢ ᠬᠡᠷᠡᠭᠵᠢᠭᠦᠯᠦᠨ᠎ᠡ᠃ ᠦᠨᠡᠯᠡᠭᠦᠯᠵᠦ ᠰᠢᠯᠭᠠᠭᠤᠯᠤᠨ ᠬᠢᠨᠠᠭᠤᠯᠬᠤ ᠡᠲᠡᠭᠡᠳ ᠨᠢ ᠪᠣᠯ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠣᠯᠣᠨ᠎ᠠ᠃ | ᠬᠤᠶᠠᠷ᠂ ᠦᠨᠡᠯᠡᠵᠦ ᠰᠢᠯᠭᠠᠨ ᠬᠢᠨᠠᠬᠤ ᠠᠷᠭ᠎ᠠ | ︵ᠨᠢᠭᠡ︶ ᠬᠢᠨᠠᠯᠲᠠ ᠲᠠᠯᠪᠢᠵᠤ ᠪᠠᠶᠢᠴᠠᠭᠠᠨ᠎ᠠ᠃ ᠵᠠᠷᠢᠮ ᠬᠤᠰᠢᠭᠤ ᠰᠢᠶᠠᠨ ︵ᠬᠤᠲᠠ᠂ ᠲᠣᠭᠤᠷᠢᠭ︶ ᠤ | ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠣᠨ ᠤ ᠰᠤᠭᠤᠴᠢᠨ | ᠪᠠᠶᠢᠴᠠᠭᠠᠯᠲᠠ ᠬᠢᠭᠰᠡᠨ ᠦᠷ᠎ᠡ ᠳ᠋ᠦᠩ ᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠢ ᠦᠨᠡᠯᠡᠵᠦ ᠰᠢᠯᠭᠠᠨ ᠬᠢᠨᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠪᠠᠶᠢᠴᠠᠭᠠᠬᠤ ᠳᠤ ᠬᠠᠷᠢᠭᠤ | ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ᠂ ᠠᠬᠤᠢ ᠲᠠᠯᠠᠪᠠᠢ ᠳᠤ ᠨᠢ ᠪᠠᠶᠢᠴᠠᠭᠠᠨ ᠰᠤᠳᠤᠯᠵᠤ | ᠬᠠᠷᠭᠤᠭᠤᠯᠬᠤ ᠵᠡᠷᠭᠡ ᠠᠷᠭ᠎ᠠ ᠶᠢ ᠬᠡᠷᠡᠭᠯᠡᠨ᠂ ᠣᠨ ᠤ ᠡᠯ᠎ᠡ ᠵᠦᠢᠯ ᠤᠨ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ | ᠪᠠᠶᠢᠳᠠᠯ ᠪᠣᠯᠣᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠡᠯ᠎ᠡ ᠵᠦᠢᠯ ᠤᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠢ ᠭᠤᠣᠯᠳᠠᠯᠭ᠎ᠠ ᠲᠠᠢ ᠪᠠᠶᠢᠴᠠᠭᠠᠨ᠎ᠠ᠃ | ︵ᠬᠤᠶᠠᠷ︶ ᠭᠦᠢᠴᠡᠳᠬᠡᠯ ᠲᠤᠭ᠎ᠠ ᠪᠠᠷ ᠬᠤᠪᠢ ᠥᠭᠭᠦᠨ᠎ᠡ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠤᠨ ᠣᠨ ᠤ ᠬᠠᠷᠠᠯᠲᠠ ᠶᠢ ᠦᠨᠡᠯᠡᠵᠦ ᠬᠤᠪᠢ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ | ᠰᠢᠯᠭᠠᠨ ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠪᠠᠷ ᠬᠠᠷᠢᠴᠠᠭᠤᠯᠵᠤ᠂ | ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ᠂ ᠪᠠᠶᠢᠴᠠᠭᠠᠭᠳᠠᠬᠤ ᠬᠤᠰᠢᠭᠤ ᠰᠢᠶᠠᠨ ︵ᠬᠤᠲᠠ᠂ ᠲᠣᠭᠤᠷᠢᠭ︶ | ᠤ ᠬᠢᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠵᠦᠢᠯ ᠳᠠᠷᠠᠭᠠᠯᠠᠨ | ᠬᠤᠪᠢ ᠥᠭᠴᠦ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢ ᠲᠣᠭᠲᠠᠭᠠᠭᠰᠠᠨ ᠪᠠᠶᠢᠳᠠᠯ ᠢ | ᠶᠡᠷᠦᠩᠬᠡᠢ ᠳᠤ ᠨᠢ ᠰᠤᠭᠤᠴᠢᠨ ᠪᠠᠶᠢᠴᠠᠭᠠᠵᠤ ᠪᠠᠶᠢᠭᠠᠳ ᠠᠶᠢᠮᠠᠭ ᠬᠤᠲᠠ ᠳᠤ ᠦᠨᠡᠯᠡᠨ ᠰᠢᠯᠭᠠᠵᠤ ᠬᠢᠨᠠᠭᠰᠠᠨ ᠤ | ᠵᠡᠷᠭᠡ ᠳᠡᠰ ᠢ ᠨᠢ ᠬᠤᠪᠢᠶᠠᠷᠢᠯᠠᠨ᠎ᠠ᠃ ᠦᠨᠡᠯᠡᠨ ᠰᠢᠯᠭᠠᠵᠤ ᠬᠢᠨᠠᠭᠰᠠᠨ ᠤ ᠵᠡᠷᠭᠡ ᠳᠡᠰ ᠢ ᠨᠢ ᠰᠢᠯᠢᠳᠡᠭ᠂ ᠰᠠᠶᠢᠨ᠂ | ᠬᠢᠷᠢ ᠲᠡᠩᠴᠡᠭᠰᠡᠨ᠂ ᠥᠯᠥ ᠬᠢᠷᠢ ᠲᠡᠩᠴᠡᠭᠰᠡᠨ ᠭᠡᠵᠦ ᠬᠤᠪᠢᠶᠠᠨ᠎ᠠ᠃ 90 ᠬᠤᠪᠢ ᠠᠴᠠ ᠳᠡᠭᠡᠭᠰᠢᠬᠢ ᠶᠢ ᠨᠢ | ᠰᠢᠯᠢᠳᠡᠭ ᠢᠶᠠᠷ᠂ 75 ᠠᠴᠠ 89 ᠬᠤᠪᠢ ᠲᠠᠢ ᠶᠢ ᠨᠢ ᠰᠠᠶᠢᠨ ᠢᠶᠠᠷ᠂ 60 ᠠᠴᠠ 74 ᠬᠤᠪᠢ ᠲᠠᠢ ᠶᠢ ᠨᠢ ᠬᠢᠷᠢ | ᠲᠡᠩᠴᠡᠭᠰᠡᠨ ᠢᠶᠠᠷ᠂ 59 ᠬᠤᠪᠢ ᠠᠴᠠ ᠳᠣᠭᠤᠭᠰᠢᠬᠢ ᠶᠢ ᠨᠢ ᠥᠯᠥ ᠬᠢᠷᠢ ᠲᠡᠩᠴᠡᠭᠰᠡᠨ ᠢᠶᠠᠷ ᠲᠣᠭᠲᠠᠭᠠᠨ᠎ᠠ᠃ | ᠭᠤᠷᠪᠠ᠂ ᠦᠨᠡᠯᠡᠵᠦ ᠰᠢᠯᠭᠠᠨ ᠬᠢᠨᠠᠬᠤ ᠶᠢᠨ ᠬᠡᠷᠡᠭᠵᠢᠭᠦᠯᠦᠯᠲᠡ | ︵ᠨᠢᠭᠡ︶ ᠣᠨ ᠤ ᠬᠠᠷᠠᠯᠲᠠ ᠶᠢᠨ ᠦᠨᠡᠯᠡᠯᠲᠡ᠃ | 1. ᠦᠨᠡᠯᠡᠭᠳᠡᠬᠦ ᠡᠲᠡᠭᠡᠳ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠃ | 2. ᠦᠨᠡᠯᠡᠬᠦ ᠭᠦᠢᠴᠡᠳᠬᠡᠯ ᠲᠤᠭ᠎ᠠ᠄ ᠳᠡᠭᠡᠷ᠎ᠡ ᠨᠢᠭᠡ ᠣᠨ ᠤ ᠬᠠᠷᠠᠯᠲᠠᠲᠤ ᠡᠭᠦᠷᠭᠡ ᠪᠠᠨ ᠪᠡᠶᠡᠯᠡᠭᠦᠯᠦᠭᠰᠡᠨ | ᠪᠠᠶᠢᠳᠠᠯ ᠢ ᠨᠢ ᠭᠤᠣᠯᠳᠠᠯᠭ᠎ᠠ ᠲᠠᠢ ᠦᠨᠡᠯᠡᠨ᠎ᠡ᠂ ᠡᠭᠦᠨ ᠳᠤ ᠬᠠᠷᠠᠯᠲᠠᠲᠤ ᠡᠭᠦᠷᠭᠡ ᠶᠢᠨ ᠬᠠᠷᠢᠭᠤᠴᠠᠯᠭ᠎ᠠ ᠶᠢᠨ | ᠳᠦᠷᠢᠮ ᠢᠶᠠᠨ ᠪᠦᠷᠢᠨᠰᠢᠭᠦᠯᠦᠭᠰᠡᠨ᠂ ᠣᠢ ᠰᠢᠭᠤᠢ ᠶᠢᠨ ᠡᠬᠢ ᠪᠠᠶᠠᠯᠢᠭ ᠤᠨ ᠪᠦᠲᠦᠭᠡᠨ ᠪᠠᠶᠢᠭᠤᠯᠬᠤ ᠡᠭᠦᠷᠭᠡ ᠪᠠᠨ | ᠪᠡᠶᠡᠯᠡᠭᠦᠯᠦᠭᠰᠡᠨ ᠨᠣᠷᠮ᠎ᠠ ᠵᠢᠴᠢ ᠬᠢᠷᠢ ᠲᠡᠩᠴᠡᠭᠰᠡᠨ ᠨᠣᠷᠮ᠎ᠠ᠂ ᠣᠢ ᠰᠢᠭᠤᠢ ᠶᠢᠨ ᠲᠠᠯ᠎ᠠ ᠪᠠᠷ ᠬᠠᠤᠯᠢ | ᠬᠡᠷᠡᠭᠵᠢᠭᠦᠯᠦᠭᠰᠡᠨ᠂ ᠣᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠣᠢ ᠰᠢᠭᠤᠢ ᠶᠢᠨ ᠭᠠᠯ ᠲᠦᠢᠮᠡᠷ ᠢ | ᠰᠡᠷᠭᠡᠶᠢᠯᠡᠵᠦ ᠤᠨᠲᠠᠷᠠᠭᠠᠬᠤ ᠵᠡᠷᠭᠡ ᠣᠨ ᠤ 7 ᠵᠦᠢᠯ ᠤᠨ ᠦᠨᠡᠯᠡᠬᠦ ᠭᠦᠢᠴᠡᠳᠬᠡᠯ ᠲᠤᠭ᠎ᠠ ᠶᠢ ᠪᠠᠭᠲᠠᠭᠠᠨ᠎ᠠ᠃ | 3. ᠦᠨᠡᠯᠡᠬᠦ ᠴᠠᠭ ᠬᠤᠭᠤᠴᠠᠭ᠎ᠠ᠄ ᠵᠢᠯ ᠪᠦᠷᠢ ᠳᠤ 1 ᠤᠳᠠᠭ᠎ᠠ ᠥᠷᠨᠢᠭᠦᠯᠦᠨ᠎ᠡ᠂ ᠦᠨᠡᠯᠡᠬᠦ ᠴᠠᠭ | ᠬᠤᠭᠤᠴᠠᠭ᠎ᠠ ᠨᠢ ᠪᠣᠯ 7 ᠳ᠋ᠤᠭᠠᠷ ᠰᠠᠷ᠎ᠠ ᠠᠴᠠ 11 ᠳ᠋ᠤᠭᠡᠷ ᠰᠠᠷ᠎ᠠ ᠬᠦᠷᠲᠡᠯ᠎ᠡ᠃ | 4. ᠦᠨᠡᠯᠡᠬᠦ ᠳᠡᠰ ᠳᠠᠷᠠᠭᠠᠯᠠᠯ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠨᠢ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠳᠡᠭᠡᠷ᠎ᠡ ᠨᠢᠭᠡ ᠵᠢᠯ ᠤᠨ ᠣᠨ ᠤ ᠦᠨᠡᠯᠡᠬᠦ | ᠭᠦᠢᠴᠡᠳᠬᠡᠯ ᠲᠤᠭ᠎ᠠ ᠶᠢᠨ ᠪᠡᠶᠡᠯᠡᠭᠦᠯᠦᠭᠰᠡᠨ ᠪᠠᠶᠢᠳᠠᠯ ᠳᠤ ᠪᠠᠨ ᠥᠪᠡᠰᠦᠪᠡᠨ ᠪᠠᠶᠢᠴᠠᠭᠠᠵᠤ ᠥᠪᠡᠰᠦᠪᠡᠨ | ᠦᠨᠡᠯᠡᠬᠦ ᠶᠢᠨ ᠬᠠᠮᠲᠤ ᠮᠡᠳᠡᠭᠦᠯᠦᠯᠲᠡ ᠪᠢᠴᠢᠵᠦ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠲᠢᠩᠬᠢᠮ ᠳᠤ | ᠮᠡᠳᠡᠭᠦᠯᠦᠨ ᠬᠦᠷᠭᠡᠬᠦ ᠶᠢᠨ ᠲᠠᠭᠠᠤ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠳᠤ | ᠬᠠᠭᠤᠯᠤᠨ ᠢᠯᠡᠭᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ ᠲᠢᠩᠬᠢᠮ ᠨᠢ ᠬᠠᠮᠢᠶ᠎ᠠ ᠪᠦᠬᠦᠢ | ᠰᠠᠯᠠᠭ᠎ᠠ ᠮᠥᠴᠢᠷ ᠲᠠᠢ ᠬᠠᠮᠲᠤᠷᠠᠯᠴᠠᠵᠤ ᠬᠢᠨᠠᠨ ᠬᠠᠷᠭᠤᠭᠤᠯᠬᠤ ᠶᠢᠨ ᠬᠠᠮᠲᠤ᠂ 10 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠣᠨ ᠤ ᠬᠠᠷᠠᠯᠲᠠ ᠶᠢᠨ ᠬᠡᠷᠡᠭᠵᠢᠭᠦᠯᠦᠭᠰᠡᠨ ᠪᠠᠶᠢᠳᠠᠯ ᠢ ᠨᠢ ᠰᠤᠭᠤᠴᠢᠨ ᠪᠠᠶᠢᠴᠠᠭᠠᠵᠤ | ᠳᠠᠭᠤᠰᠬᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠬᠤᠰᠢᠭᠤ ᠰᠢᠶᠠᠨ ︵ᠬᠤᠲᠠ᠂ ᠲᠣᠭᠤᠷᠢᠭ︶ ᠢ ᠰᠤᠭᠤᠴᠢᠨ | ᠪᠠᠶᠢᠴᠠᠭᠠᠵᠤ ᠤᠯᠤᠨᠨᠰᠠᠨ ᠬᠤᠪᠢ ᠶᠢᠨ ᠪᠠᠶᠢᠳᠠᠯ ᠢ ᠨᠢ ᠬᠤᠷᠢᠶᠠᠩᠭᠤᠶᠢᠯᠠᠨ᠂ ᠠᠶᠢᠮᠠᠭ ᠬᠤᠲᠠ ᠳᠤ ᠬᠤᠪᠢ | ᠲᠣᠭᠲᠠᠭᠠᠬᠤ ᠶᠢᠨ ᠬᠠᠮᠲᠤ ᠣᠨ ᠤ ᠬᠠᠷᠠᠯᠲᠠ ᠶᠢ ᠦᠨᠡᠯᠡᠵᠦ ᠵᠡᠷᠭᠡ ᠳᠡᠰ ᠢ ᠨᠢ ᠲᠣᠭᠲᠠᠭᠠᠨ᠎ᠠ᠃ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠰᠠᠨᠠᠯ ᠢ ᠠᠪᠤᠭᠰᠠᠨ ᠤ ᠳᠠᠷᠠᠭ᠎ᠠ᠂ ᠣᠨ ᠤ ᠬᠠᠷᠠᠯᠲᠠ ᠶᠢ ᠦᠨᠡᠯᠡᠭᠰᠡᠨ ᠰᠠᠨᠠᠯ ᠢ ᠭᠠᠷᠭᠠᠵᠤ᠂ | ᠦᠨᠡᠯᠡᠬᠦ ᠵᠡᠷᠭᠡ ᠳᠡᠰ ᠢ ᠬᠤᠪᠢᠶᠠᠷᠢᠯᠠᠬᠤ ᠪᠠ ᠦᠨᠡᠯᠡᠭᠰᠡᠨ ᠦᠷ᠎ᠡ ᠳ᠋ᠦᠩ ᠢ ᠰᠢᠢᠳᠪᠦᠷᠢᠯᠡᠬᠦ ᠵᠡᠷᠭᠡ ᠰᠠᠨᠠᠭᠤᠯᠭ᠎ᠠ | ᠳᠤᠷᠠᠳᠬᠤ ᠶᠢᠨ ᠬᠠᠮᠲᠤ᠂ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨ ᠤ ᠦᠨᠡᠯᠡᠯᠲᠡ ᠶᠢᠨ | ᠮᠡᠳᠡᠭᠦᠯᠦᠯᠲᠡ ᠭᠠᠷᠭᠠᠬᠤ ᠬᠡᠷᠡᠭᠲᠡᠢ᠃ | 5. ᠣᠨ ᠤ ᠦᠨᠡᠯᠡᠯᠲᠡ ᠶᠢ ᠦᠭᠡᠶᠢᠰᠬᠡᠬᠦ ᠭᠦᠢᠴᠡᠳᠬᠡᠯ ᠲᠤᠭ᠎ᠠ᠄ ᠰᠤᠭᠤᠴᠢᠨ ᠪᠠᠶᠢᠴᠠᠭᠠᠭᠳᠠᠭᠰᠠᠨ | ᠬᠤᠰᠢᠭᠤ ᠰᠢᠶᠠᠨ ︵ᠬᠤᠲᠠ᠂ ᠲᠣᠭᠤᠷᠢᠭ︶ ᠳᠤ ᠳᠣᠣᠷᠠᠬᠢ ᠪᠠᠶᠢᠳᠠᠯ ᠤᠨ ᠨᠢᠭᠡ ᠨᠢ ᠭᠠᠷᠤᠭᠰᠠᠨ ᠪᠠᠶᠢᠪᠠᠯ᠂ ᠲᠤᠰ | ᠬᠤᠰᠢᠭᠤ ᠰᠢᠶᠠᠨ ︵ᠬᠤᠲᠠ᠂ ᠲᠣᠭᠤᠷᠢᠭ︶ ᠢ ᠪᠠᠶᠢᠴᠠᠭᠠᠭᠰᠠᠨ ᠦᠷ᠎ᠡ ᠳ᠋ᠦᠩ ᠳᠤ ᠨᠢᠭᠡ ᠪᠢᠯᠧᠲ ᠢᠶᠠᠷ | ᠦᠭᠡᠶᠢᠰᠬᠡᠬᠦ ᠶᠢ ᠬᠡᠷᠡᠭᠵᠢᠭᠦᠯᠦᠨ᠂ ᠥᠯᠥ ᠬᠢᠷᠢ ᠲᠡᠩᠴᠡᠭᠰᠡᠨ ᠢᠶᠠᠷ ᠰᠢᠭᠤᠳ ᠲᠣᠭᠲᠠᠭᠠᠨ᠎ᠠ᠃ | ︵1︶ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠤᠭᠰᠠᠨ ᠦᠭᠡᠢ᠃ | ︵2︶ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠬᠤ᠂ ᠰᠢᠯᠭᠠᠨ ᠦᠨᠡᠯᠡᠬᠦ ᠵᠢᠴᠢ ᠦᠨᠡᠯᠡᠵᠦ ᠰᠢᠯᠭᠠᠨ ᠬᠢᠨᠠᠬᠤ ᠦᠷ᠎ᠡ ᠳ᠋ᠦᠩ ᠤᠨ ᠬᠡᠷᠡᠭᠯᠡᠯᠲᠡ ᠳᠤ | ᠬᠤᠳᠠᠯ ᠬᠠᠭᠤᠷᠮᠠᠭ ᠢᠶᠠᠷ ᠦᠢᠯᠡᠳᠦᠭᠰᠡᠨ ᠦᠢᠯᠡ ᠠᠵᠢᠯᠯᠠᠭ᠎ᠠ ᠲᠠᠢ ᠪᠠᠶᠢᠬᠤ᠃ | ︵3︶ ᠪᠠᠶᠢᠴᠠᠭᠠᠭᠳᠠᠭᠰᠠᠨ ᠣᠨ ᠳᠤ᠂ ᠪᠠᠶᠢᠴᠠᠭᠠᠭᠳᠠᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠰᠠᠷᠠᠮᠵᠢ ᠶᠢᠨ ᠣᠢ ᠮᠣᠳᠣ ᠲᠠᠢ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ ᠲᠠᠯᠠᠪᠠᠢ ᠨᠢ 70 | ᠾᠧᠺᠲ᠋ᠡᠷ ᠠᠴᠠ ᠢᠯᠡᠭᠦᠦ ᠪᠣᠯᠣᠭᠰᠠᠨ᠂ ᠪᠤᠰᠤᠳ ᠣᠶᠢᠲᠤ ᠭᠠᠵᠠᠷ ᠤᠨ ᠲᠠᠯᠠᠪᠠᠢ ᠨᠢ 200 ᠾᠧᠺᠲ᠋ᠡᠷ ᠠᠴᠠ | ᠢᠯᠡᠭᠦᠦ ᠪᠣᠯᠣᠭᠰᠠᠨ᠂ ᠡᠰᠡᠬᠦᠯ᠎ᠡ ᠣᠢ ᠰᠢᠭᠤᠢ ᠶᠢᠨ ᠡᠬᠢ ᠪᠠᠶᠠᠯᠢᠭ ᠢ ᠡᠪᠳᠡᠭᠰᠡᠨ ᠤᠨᠴᠠ ᠭᠦᠨᠳᠦ ᠶᠡᠭᠡ ᠬᠡᠷᠡᠭ | ᠭᠠᠷᠤᠭᠰᠠᠨ ᠮᠥᠷᠲᠡᠭᠡᠨ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ ᠪᠤᠳᠠᠲᠠᠶᠢᠵᠢᠭᠤᠯᠤᠭᠰᠠᠨ ᠦᠭᠡᠢ᠃ | ︵4︶ ᠣᠢ ᠰᠢᠭᠤᠢ ᠶᠢᠨ ᠡᠬᠢ ᠪᠠᠶᠠᠯᠢᠭ ᠤᠨ ᠪᠠᠶᠢᠴᠠᠭᠠᠨ ᠰᠤᠳᠤᠯᠤᠯᠲᠠ᠂ ᠣᠶᠢᠲᠤ ᠭᠠᠵᠠᠷ ᠢ | ᠬᠤᠪᠢᠷᠠᠭᠠᠭᠰᠠᠨ ᠪᠠᠶᠢᠳᠠᠯ ᠤᠨ ᠪᠠᠶᠢᠴᠠᠭᠠᠨ ᠰᠤᠳᠤᠯᠤᠯᠲᠠ ᠵᠡᠷᠭᠡ ᠬᠠᠮᠤᠭ ᠤᠨ ᠰᠢᠨ᠎ᠡ ᠬᠢᠨᠠᠨ ᠰᠢᠨᠵᠢᠭᠰᠡᠨ | ᠳ᠋ᠠᠶᠢᠲ᠋ᠠ ᠪᠠᠷ ᠬᠠᠷᠢᠴᠠᠭᠤᠯᠵᠤ ᠠᠳᠠᠯᠢᠳᠬᠠᠭᠠᠳ ᠰᠤᠭᠤᠴᠢᠨ ᠪᠠᠶᠢᠴᠠᠭᠠᠭᠳᠠᠭᠰᠠᠨ ᠬᠤᠰᠢᠭᠤ ᠰᠢᠶᠠᠨ ︵ᠬᠤᠲᠠ᠂ | ᠲᠣᠭᠤᠷᠢᠭ︶ ᠤ ᠣᠢ ᠰᠢᠭᠤᠢ ᠶᠢᠨ ᠪᠦᠷᠬᠦᠴᠡ᠂ ᠣᠢ ᠰᠢᠭᠤᠢ ᠶᠢᠨ ᠬᠠᠳᠠᠭᠠᠯᠠᠭᠴᠠ ᠵᠡᠷᠭᠡ ᠨᠢ ᠣᠶᠢᠲᠤ ᠭᠠᠵᠠᠷ ᠢ | ᠬᠠᠤᠯᠢ ᠪᠤᠰᠤ ᠪᠠᠷ ᠡᠵᠡᠯᠡᠨ ᠬᠡᠷᠡᠭᠯᠡᠭᠰᠡᠨ᠂ ᠣᠢ ᠶᠢ ᠰᠦᠢᠳᠬᠡᠨ ᠭᠠᠵᠠᠷ ᠬᠠᠭᠠᠯᠪᠤᠷᠢᠯᠠᠭᠰᠠᠨ᠂ ᠣᠢ ᠮᠣᠳᠣ ᠶᠢ | ᠳᠤᠷ᠎ᠠ ᠪᠠᠷ ᠣᠭᠲᠣᠯᠣᠭᠰᠠᠨ᠂ ᠳᠠᠬᠢᠵᠤ ᠬᠤᠬᠢᠷᠠᠯ ᠰᠦᠢᠳᠦᠯ ᠭᠠᠷᠭᠠᠭᠰᠠᠨ ᠵᠡᠷᠭᠡ ᠪᠠᠶᠢᠭᠠᠯᠢ ᠶᠢᠨ ᠪᠤᠰᠤ ᠭᠠᠢ | ᠭᠠᠮᠰᠢᠭ ᠠᠴᠠ ᠡᠭᠦᠰᠦᠭᠰᠡᠨ ᠰᠥᠷᠭᠡᠦ ᠨᠡᠮᠡᠭᠳᠡᠯ ᠤᠨ ᠪᠠᠶᠢᠳᠠᠯ ᠲᠠᠢ ᠪᠣᠯᠣᠭᠰᠠᠨ ᠢ ᠨᠢ ᠮᠡᠳᠡᠭᠰᠡᠨ᠃ | ︵ᠬᠤᠶᠠᠷ︶ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢᠨ ᠰᠢᠯᠭᠠᠨ ᠬᠢᠨᠠᠯᠲᠠ᠃ | 1. ᠰᠢᠯᠭᠠᠨ ᠬᠢᠨᠠᠭᠤᠯᠬᠤ ᠡᠲᠡᠭᠡᠳ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ᠃ | 2. ᠰᠢᠯᠭᠠᠨ ᠬᠢᠨᠠᠬᠤ ᠠᠭᠤᠯᠭ᠎ᠠ᠄ ᠣᠢ ᠰᠢᠭᠤᠢ ᠶᠢᠨ ᠪᠦᠷᠬᠦᠴᠡ᠂ ᠣᠢ ᠰᠢᠭᠤᠢ ᠶᠢᠨ ᠬᠠᠳᠠᠭᠠᠯᠠᠭᠴᠠ᠂ | ᠣᠢ ᠲᠠᠢ ᠪᠠᠶᠢᠬᠤ ᠭᠠᠵᠠᠷ ᠤᠨ ᠬᠡᠮᠵᠢᠶ᠎ᠡ ᠪᠣᠯᠣᠨ ᠪᠠᠶᠢᠭᠠᠯᠢ ᠶᠢᠨ ᠣᠢ ᠶᠢᠨ ᠬᠠᠮᠠᠭᠠᠯᠠᠯᠲᠠ᠂ ᠣᠨ ᠤ ᠦᠨᠡᠯᠡᠭᠰᠡᠨ | ᠦᠷ᠎ᠡ ᠳ᠋ᠦᠩ ᠵᠡᠷᠭᠡ 5 ᠵᠦᠢᠯ ᠤᠨ ᠭᠦᠢᠴᠡᠳᠬᠡᠯ ᠲᠤᠭ᠎ᠠ ᠪᠠᠭᠲᠠᠨ᠎ᠠ᠃ | 3. ᠰᠢᠯᠭᠠᠨ ᠬᠢᠨᠠᠬᠤ ᠴᠠᠭ ᠬᠤᠭᠤᠴᠠᠭ᠎ᠠ᠄ ᠲᠠᠪᠤᠨ ᠵᠢᠯ ᠳᠤ 1 ᠤᠳᠠᠭ᠎ᠠ ᠥᠷᠨᠢᠭᠦᠯᠦᠨ᠎ᠡ᠂ ᠣᠢ | ᠰᠢᠭᠤᠢ ᠶᠢᠨ ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠᠷ ᠨᠢᠭᠡ ᠤᠳᠠᠭ᠎ᠠ ᠶᠢᠨ | ᠰᠢᠯᠭᠠᠨ ᠬᠢᠨᠠᠬᠤ ᠦᠶᠡᠯᠡᠯ ᠪᠣᠯᠭᠠᠨ᠎ᠠ᠃ ᠰᠢᠯᠭᠠᠨ ᠬᠢᠨᠠᠬᠤ ᠴᠠᠭ ᠬᠤᠭᠤᠴᠠᠭ᠎ᠠ ᠨᠢ ᠪᠣᠯ ᠣᠢ ᠰᠢᠭᠤᠢ ᠶᠢᠨ | ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠵᠢᠯ ᠤᠨ 7 | ᠳ᠋ᠤᠭᠠᠷ ᠰᠠᠷ᠎ᠠ ᠠᠴᠠ 11 ᠳ᠋ᠤᠭᠡᠷ ᠰᠠᠷ᠎ᠠ ᠬᠦᠷᠬᠦ ᠪᠣᠯᠣᠨ᠎ᠠ᠃ | 4. ᠰᠢᠯᠭᠠᠨ ᠬᠢᠨᠠᠬᠤ ᠳᠡᠰ ᠳᠠᠷᠠᠭᠠᠯᠠᠯ᠄ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ ᠣᠢ ᠰᠢᠭᠤᠢ ᠶᠢᠨ ᠬᠥᠭᠵᠢᠯᠲᠡ ᠶᠢᠨ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭ᠎ᠠ ᠳᠠᠭᠤᠰᠤᠭᠰᠠᠨ ᠤ ᠳᠠᠷᠠᠭᠠᠬᠢ ᠵᠢᠯ ᠤᠨ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ | ᠬᠠᠷᠠᠯᠲᠠ ᠶᠢᠨ ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠤᠭ᠎ᠠ ᠲᠠᠢ ᠬᠠᠷᠢᠴᠠᠭᠤᠯᠵᠤ ᠪᠠᠶᠢᠭᠠᠳ ᠥᠪᠡᠰᠦᠪᠡᠨ | ᠪᠠᠶᠢᠴᠠᠭᠠᠵᠤ ᠥᠪᠡᠰᠦᠪᠡᠨ ᠦᠨᠡᠯᠡᠬᠦ ᠶᠢᠨ ᠬᠠᠮᠲᠤ ᠮᠡᠳᠡᠭᠦᠯᠦᠯᠲᠡ ᠪᠢᠴᠢᠵᠦ᠂ ᠥᠪᠡᠷᠲᠡᠭᠡᠨ ᠵᠠᠰᠠᠬᠤ ᠣᠷᠣᠨ ᠤ ᠣᠢ | ᠰᠢᠭᠤᠢ ᠶᠢᠨ ᠲᠢᠩᠬᠢᠮ ᠳᠤ ᠮᠡᠳᠡᠭᠦᠯᠦᠨ ᠬᠦᠷᠭᠡᠬᠦ ᠶᠢᠨ ᠳᠠᠭᠠᠤ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ ᠬᠠᠭᠤᠯᠤᠨ ᠢᠯᠡᠭᠡᠨ᠎ᠡ᠃ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ | ᠲᠢᠩᠬᠢᠮ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠣᠢ ᠰᠢᠭᠤᠢ ᠶᠢᠨ ᠬᠥᠭᠵᠢᠯᠲᠡ ᠶᠢᠨ | ᠲᠠᠪᠤᠨ ᠵᠢᠯ ᠤᠨ ᠲᠥᠯᠥᠪᠵᠢᠭᠦᠯᠭᠡ ᠶᠢᠨ ᠳ᠋ᠠᠶᠢᠲ᠋ᠠ ᠶᠢ ᠣᠶᠢᠲᠤ ᠭᠠᠵᠠᠷ ᠤᠨ ᠬᠤᠪᠢᠷᠠᠭᠠᠭᠰᠠᠨ ᠪᠠᠶᠢᠳᠠᠯ ᠤᠨ | ᠪᠠᠶᠢᠴᠠᠭᠠᠨ ᠰᠤᠳᠤᠯᠤᠯᠲᠠ᠂ ᠣᠶᠢᠲᠤ ᠭᠠᠵᠠᠷ ᠤᠨ ︽ᠬᠠᠮ ᠵᠢᠷᠤᠭ︾᠂ ᠣᠢ ᠰᠢᠭᠤᠢ ᠶᠢᠨ ᠡᠬᠢ ᠪᠠᠶᠠᠯᠢᠭ ᠤᠨ | ᠲᠣᠳᠣᠷᠬᠠᠢ ᠪᠠᠶᠢᠴᠠᠭᠠᠯᠲᠠ ᠵᠡᠷᠭᠡ ᠬᠢᠨᠠᠨ ᠰᠢᠨᠵᠢᠭᠰᠡᠨ ᠳ᠋ᠠᠶᠢᠲ᠋ᠠ ᠲᠠᠢ ᠬᠠᠷᠢᠴᠠᠭᠤᠯᠵᠤ᠂ ᠲᠥᠯᠥᠪᠵᠢᠭᠦᠯᠭᠡ ᠶᠢᠨ | ᠭᠦᠢᠴᠡᠳᠬᠡᠯ ᠲᠣᠭᠠᠨ ᠤ ᠪᠡᠶᠡᠯᠡᠭᠦᠯᠦᠭᠰᠡᠨ ᠪᠠᠶᠢᠳᠠᠯ ᠢ ᠬᠠᠷᠭᠤᠭᠤᠯᠤᠨ᠂ 10 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠥᠪᠡᠰᠦᠪᠡᠨ ᠪᠠᠶᠢᠴᠠᠭᠠᠵᠤ ᠥᠪᠡᠰᠦᠪᠡᠨ ᠦᠨᠡᠯᠡᠭᠰᠡᠨ ᠪᠠᠶᠢᠳᠠᠯ ᠳᠤ ᠰᠤᠭᠤᠴᠢᠨ ᠪᠠᠶᠢᠴᠠᠭᠠᠬᠤ ᠶᠢ | ᠳᠠᠭᠤᠰᠬᠠᠵᠤ᠂ ᠡᠯ᠎ᠡ ᠠᠶᠢᠮᠠᠭ ᠬᠤᠲᠠ ᠶᠢᠨ ᠲᠠᠪᠤᠨ ᠵᠢᠯ ᠤᠨ ᠬᠠᠷᠠᠯᠲᠠ ᠶᠢ ᠰᠢᠯᠭᠠᠨ ᠬᠢᠨᠠᠬᠤ ᠳᠤ ᠣᠯᠣᠭᠰᠠᠨ | ᠪᠣᠳᠠᠲᠠᠢ ᠬᠤᠪᠢ ᠶᠢ ᠨᠢ ᠬᠢᠨᠠᠨ ᠬᠠᠷᠭᠤᠭᠤᠯᠵᠤ ᠬᠤᠷᠢᠶᠠᠩᠭᠤᠶᠢᠯᠠᠭᠠᠳ ᠣᠨ ᠤ ᠬᠠᠷᠠᠯᠲᠠ ᠶᠢᠨ ᠦᠨᠡᠯᠡᠭᠰᠡᠨ ᠦᠷ᠎ᠡ | ᠳ᠋ᠦᠩ ᠵᠡᠷᠭᠡ ᠪᠠᠶᠢᠳᠠᠯ ᠢ ᠨᠢ ᠶᠡᠷᠦᠩᠬᠡᠶᠢᠯᠡᠨ ᠪᠠᠶᠢᠵᠤ᠂ ᠰᠢᠯᠭᠠᠨ ᠬᠢᠨᠠᠭᠰᠠᠨ ᠵᠡᠷᠭᠡ ᠳᠡᠰ ᠤᠨ ᠬᠤᠪᠢᠶᠠᠷᠢᠯᠠᠬᠤ ᠪᠠ | ᠰᠢᠯᠭᠠᠨ ᠬᠢᠨᠠᠭᠰᠠᠨ ᠦᠷ᠎ᠡ ᠳ᠋ᠦᠩ ᠤᠨ ᠰᠢᠢᠳᠪᠦᠷᠢᠯᠡᠬᠦ ᠵᠡᠷᠭᠡ ᠶᠢᠨ ᠰᠠᠨᠠᠭᠤᠯᠭ᠎ᠠ ᠶᠢ ᠳᠤᠷᠠᠳᠤᠨ᠂ ᠰᠢᠯᠭᠠᠨ | ᠬᠢᠨᠠᠭᠰᠠᠨ ᠮᠡᠳᠡᠭᠦᠯᠦᠯᠲᠡ ᠶᠢ ᠭᠠᠷᠭᠠᠨ᠎ᠠ᠃ | ᠳᠥᠷᠪᠡ᠂ ᠬᠠᠮᠢᠶ᠎ᠠ ᠪᠦᠬᠦᠢ ᠱᠠᠭᠠᠷᠳᠠᠯᠭ᠎ᠠ | ︵ᠨᠢᠭᠡ︶ ᠦᠨᠡᠯᠡᠵᠦ ᠰᠢᠯᠭᠠᠨ ᠬᠢᠨᠠᠬᠤ ᠴᠢᠨᠠᠷ ᠴᠢᠨᠰᠠᠭ᠎ᠠ ᠶᠢ ᠦᠨᠡᠨ ᠬᠦ ᠪᠠᠲᠤᠯᠠᠨ᠎ᠠ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ | ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠤᠨ ᠦᠨᠡᠯᠡᠵᠦ ᠰᠢᠯᠭᠠᠨ ᠬᠢᠨᠠᠬᠤ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ | ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠣᠢ | ᠰᠢᠭᠤᠢ ᠶᠢᠨ ᠲᠢᠩᠬᠢᠮ ᠨᠢ ᠵᠣᠬᠢᠶᠠᠨ ᠪᠠᠶᠢᠭᠤᠯᠵᠤ ᠵᠣᠬᠢᠴᠠᠭᠤᠯᠬᠤ ᠪᠠ ᠡᠳᠦᠷ ᠲᠤᠲᠤᠮ ᠤᠨ ᠬᠢᠨᠠᠯᠲᠠ ᠲᠠᠯᠪᠢᠵᠤ | ᠪᠠᠶᠢᠴᠠᠭᠠᠬᠤ ᠠᠵᠢᠯ ᠢ ᠰᠠᠶᠢᠳᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠤᠯᠤᠰ ᠤᠨ ᠭᠠᠵᠠᠷ ᠰᠢᠷᠣᠢ ᠡᠬᠢ ᠪᠠᠶᠠᠯᠢᠭ ᠤᠨ ᠲᠢᠩᠬᠢᠮ ᠵᠡᠷᠭᠡ | ᠰᠠᠯᠠᠭ᠎ᠠ ᠮᠥᠴᠢᠷ ᠨᠢ ᠢᠳᠡᠪᠬᠢᠲᠡᠢ ᠬᠠᠮᠵᠢᠯᠴᠠᠨ ᠠᠵᠢᠯᠯᠠᠵᠤ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠪᠣᠯᠣᠨ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠢᠳᠡᠪᠬᠢᠳᠡᠢ | ᠤᠶᠠᠯᠳᠤᠨ ᠬᠠᠮᠵᠢᠬᠤ ᠬᠡᠷᠡᠭᠲᠡᠢ᠃ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠴᠠᠭ ᠲᠤᠬᠠᠢ ᠳᠤ ᠨᠢ ᠴᠤᠭᠯᠠᠭᠤᠯᠬᠤ᠂ | ᠬᠤᠷᠢᠶᠠᠩᠭᠤᠶᠢᠯᠠᠬᠤ ᠪᠠ ᠳᠡᠭᠡᠭᠰᠢ ᠮᠡᠳᠡᠭᠦᠯᠦᠨ᠂ ᠴᠢᠩᠭ᠎ᠠ ᠬᠢᠨᠠᠵᠦ᠂ ᠲᠤᠭ᠎ᠠ ᠪᠠᠷᠢᠮᠲᠠ ᠶᠢᠨ ᠰᠢᠨᠵᠢᠯᠡᠬᠦ ᠤᠬᠠᠭᠠᠨᠴᠢ | ᠪᠦᠭᠡᠳ ᠣᠨᠣᠪᠴᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠴᠢᠬᠤᠯᠠ ᠲᠠᠢ ᠪᠣᠯ ᠦᠨᠡᠯᠡᠵᠦ ᠰᠢᠯᠭᠠᠨ | ᠬᠢᠨᠠᠭᠰᠠᠨ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠦᠨᠡᠯᠡᠭᠦᠯᠵᠦ ᠰᠢᠯᠭᠠᠨ ᠬᠢᠨᠠᠭᠤᠯᠬᠤ ᠨᠢᠭᠡᠴᠢ ᠲᠠᠢ ᠤᠯᠠᠮ | ᠨᠢᠭᠡ ᠠᠯᠬᠤᠮ ᠬᠠᠷᠭᠤᠭᠤᠯᠤᠨ ᠲᠣᠳᠣᠯᠠᠵᠤ᠂ ᠬᠠᠷᠠᠯᠳᠠᠲᠤ ᠬᠠᠷᠢᠭᠤᠴᠠᠯᠭ᠎ᠠ ᠶᠢᠨ ᠳᠦᠷᠢᠮ ᠤᠨ ᠦᠨᠡᠯᠡᠵᠦ ᠰᠢᠯᠭᠠᠨ | ᠬᠢᠨᠠᠬᠤ ᠠᠵᠢᠯ ᠤᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ | ︵ᠬᠤᠶᠠᠷ︶ ᠦᠨᠡᠯᠡᠵᠦ ᠰᠢᠯᠭᠠᠨ ᠬᠢᠨᠠᠬᠤ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠦᠨᠡᠯᠡᠵᠦ ᠰᠢᠯᠭᠠᠨ | ᠬᠢᠨᠠᠬᠤ ᠭᠦᠢᠴᠡᠳᠬᠡᠯ ᠲᠤᠭ᠎ᠠ ᠪᠣᠯᠣᠨ ᠠᠵᠢᠯ ᠤᠨ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ᠦᠨᠡᠯᠡᠵᠦ ᠰᠢᠯᠭᠠᠨ | ᠬᠢᠨᠠᠬᠤ ᠳᠤ ᠣᠷᠣᠯᠴᠠᠭᠰᠠᠨ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠪᠤᠰᠤᠳᠴᠢ ᠪᠦᠭᠡᠳ ᠭᠤᠣᠯᠴᠢ ᠪᠠᠷ᠂ | ᠰᠢᠨᠵᠢᠯᠡᠬᠦ ᠤᠬᠠᠭᠠᠨᠴᠢ ᠪᠦᠭᠡᠳ ᠵᠢᠷᠤᠮᠵᠢᠯ ᠲᠠᠢ᠂ ᠭᠤᠣᠯᠳᠠᠯᠭ᠎ᠠ ᠶᠢ ᠳᠣᠪᠤᠶᠢᠯᠭᠠᠨ᠂ ᠪᠣᠳᠠᠲᠤ ᠦᠷ᠎ᠡ ᠠᠰᠢᠭ ᠢ | ᠴᠢᠬᠤᠯᠠᠴᠢᠯᠠᠬᠤ ᠵᠠᠷᠴᠢᠮ ᠢ ᠦᠨᠳᠦᠰᠦᠯᠡᠨ᠂ ᠦᠨᠡᠯᠡᠵᠦ ᠰᠢᠯᠭᠠᠨ ᠬᠢᠨᠠᠭᠰᠠᠨ ᠲᠤᠭ᠎ᠠ ᠪᠠᠷᠢᠮᠲᠠ ᠶᠢ ᠮᠠᠭᠠᠳᠯᠠᠬᠤ᠂ | ᠪᠦᠷᠢᠳᠬᠡᠬᠦ ᠪᠠ ᠬᠠᠷᠭᠤᠭᠤᠯᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠦᠨᠡᠯᠡᠵᠦ ᠰᠢᠯᠭᠠᠨ | ᠬᠢᠨᠠᠬᠤ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠳᠤᠷ ᠬᠢᠬᠦ ᠬᠡᠷᠡᠭᠲᠡᠢ᠃ | ︵ᠭᠤᠷᠪᠠ︶ ᠦᠨᠡᠯᠡᠵᠦ ᠰᠢᠯᠭᠠᠨ ᠬᠢᠨᠠᠬᠤ ᠶᠢᠨ ᠰᠠᠬᠢᠯᠭ᠎ᠠ ᠪᠠᠲᠤ ᠶᠢ ᠴᠢᠩᠳᠠᠯᠠᠨ᠎ᠠ᠃ ᠦᠨᠡᠯᠡᠵᠦ ᠰᠢᠯᠭᠠᠨ | ᠬᠢᠨᠠᠬᠤ ᠠᠵᠢᠯ ᠢ ᠬᠡᠷᠡᠭᠵᠢᠭᠦᠯᠬᠦ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠠᠵᠢᠯᠲᠠᠳ ᠨᠢ | ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠦᠨ᠂ ᠵᠠᠷᠴᠢᠮ ᠢ ᠪᠠᠷᠢᠮᠲᠠᠯᠠᠵᠤ᠂ ᠦᠨᠡᠨ ᠠᠴᠠ ᠵᠥᠪ ᠢ ᠡᠷᠢᠬᠦ | ᠬᠡᠷᠡᠭᠲᠡᠢ᠃ ᠡᠯ᠎ᠡ ᠠᠶᠢᠮᠠᠭ ᠬᠤᠲᠠ ᠶᠢᠨ ᠣᠢ ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠦᠭᠡᠳ | ᠭᠤᠣᠯᠴᠢ ᠪᠠᠷ ᠦᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠪᠢ ᠶᠢᠨ ᠨᠠᠶᠢᠷ ᠲᠠᠯ᠎ᠠ ᠬᠠᠷᠠᠵᠤ ᠬᠠᠤᠯᠢ | ᠶᠣᠰᠣ ᠶᠢ ᠵᠥᠷᠢᠴᠡᠭᠰᠡᠨ᠂ ᠨᠢᠭᠤᠭᠠᠳ ᠮᠡᠳᠡᠭᠦᠯᠬᠦ ᠦᠭᠡᠢ ᠪᠠ ᠬᠤᠳᠠᠯ ᠢᠶᠠᠷ ᠮᠡᠳᠡᠭᠦᠯᠦᠭᠰᠡᠨ᠂ ᠲᠤᠭ᠎ᠠ ᠪᠠᠷᠢᠮᠲᠠ ᠶᠢ | ᠥᠭᠡᠷᠡᠴᠢᠯᠡᠵᠦ ᠭᠠᠵᠢᠭᠤᠳᠠᠭᠤᠯᠤᠭᠰᠠᠨ᠂ ᠮᠠᠲ᠋ᠧᠷᠢᠶᠠᠯ ᠢᠶᠠᠨ ᠬᠠᠭᠤᠷᠮᠠᠭᠯᠠᠨ ᠵᠣᠬᠢᠶᠠᠭᠰᠠᠨ ᠵᠡᠷᠭᠡ ᠠᠴᠠ ᠲᠤᠭ᠎ᠠ | ᠪᠠᠷᠢᠮᠲᠠ ᠨᠢ ᠪᠣᠳᠠᠲᠠᠢ ᠪᠤᠰᠤ ᠪᠣᠯᠣᠭᠰᠠᠨ᠂ ᠦᠨᠡᠯᠡᠵᠦ ᠰᠢᠯᠭᠠᠨ ᠬᠢᠨᠠᠭᠰᠠᠨ ᠦᠷ᠎ᠡ ᠳ᠋ᠦᠩ ᠨᠢ ᠦᠨᠡᠨ ᠪᠤᠰᠤ | ᠪᠣᠯᠣᠭᠰᠠᠨ᠂ ᠮᠠᠭᠤ ᠨᠥᠯᠥᠭᠡ ᠭᠠᠷᠭᠠᠭᠰᠠᠨ ᠪᠣᠯ᠂ ᠦᠢᠯᠡ ᠪᠠᠶᠢᠳᠠᠯ ᠢ ᠨᠢ ᠦᠵᠡᠵᠦ ᠪᠠᠶᠢᠭᠠᠳ ᠬᠠᠮᠢᠶ᠎ᠠ ᠪᠦᠬᠦᠢ | ᠬᠠᠷᠢᠭᠤᠴᠠᠯᠭ᠎ᠠ ᠲᠠᠢ ᠬᠥᠮᠥᠰ ᠲᠤ ᠨᠠᠮ ᠪᠣᠯᠣᠨ ᠵᠠᠰᠠᠭ ᠤᠨ ᠰᠠᠬᠢᠯᠭ᠎ᠠ ᠪᠠᠲᠤ ᠶᠢᠨ ᠵᠣᠬᠢᠬᠤ ᠰᠢᠢᠳᠬᠡᠯ ᠥᠭᠭᠦᠨ᠎ᠡ᠃ | | ᠳᠠᠭᠠᠯᠳᠤᠭᠤᠯᠤᠯ 2 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ | ᠰᠢᠭᠤᠢ ᠶᠢᠨ ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ | ᠬᠠᠷᠢᠭᠤᠴᠠᠯᠭ᠎ᠠ ᠶᠢᠨ ᠳᠦᠷᠢᠮ ᠤᠨ ᠣᠨ ᠤ ᠬᠠᠷᠠᠯᠲᠠ ᠶᠢ ᠦᠨᠡᠯᠡᠵᠦ | ᠬᠤᠪᠢ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | ᠬᠦᠰᠦᠨᠦᠭ1 | ᠬᠦᠰᠦᠨᠦᠭ2 | ᠳᠠᠭᠠᠯᠳᠤᠭᠤᠯᠤᠯ 3 | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠶᠢᠨ | ᠡᠬᠢ ᠪᠠᠶᠠᠯᠢᠭ ᠢ ᠬᠠᠮᠠᠭᠠᠯᠠᠵᠤ ᠬᠥᠭᠵᠢᠭᠦᠯᠬᠦ ᠬᠠᠷᠠᠯᠲᠠᠲᠤ ᠬᠠᠷᠢᠭᠤᠴᠠᠯᠭ᠎ᠠ ᠶᠢᠨ | ᠳᠦᠷᠢᠮ ᠤᠨ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ ᠰᠢᠯᠭᠠᠨ | ᠬᠢᠨᠠᠵᠤ ᠬᠤᠪᠢ ᠲᠣᠭᠲᠠᠭᠠᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | ᠬᠦᠰᠦᠨᠦᠭ3 | ᠳᠠᠭᠠᠯᠳᠤᠭᠤᠯᠤᠯ 4 | ᠦᠨᠡᠯᠡᠵᠦ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠪᠣᠳᠣᠬᠤ ᠠᠷᠭ᠎ᠠ | ᠨᠢᠭᠡ᠂ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠬᠤ ᠡᠭᠦᠷᠭᠡ ᠶᠢ | ᠪᠡᠶᠡᠯᠡᠭᠦᠯᠦᠭᠰᠡᠨ ᠨᠣᠷᠮ᠎ᠠ = ︵ᠣᠶᠢᠵᠢᠭᠤᠯᠤᠭᠰᠠᠨ ᠢᠶᠠᠨ ᠪᠦᠷᠢᠳᠬᠡᠵᠦ ᠳᠡᠭᠡᠭᠰᠢ ᠮᠡᠳᠡᠭᠦᠯᠦᠭᠰᠡᠨ ᠲᠠᠯᠠᠪᠠᠢ / | ᠳᠡᠭᠡᠳᠦ ᠱᠠᠲᠤᠨ ᠠᠴᠠ ᠣᠶᠢᠵᠢᠭᠤᠯᠬᠤ ᠪᠠᠷ ᠪᠠᠭᠤᠯᠭᠠᠭᠰᠠᠨ ᠡᠭᠦᠷᠭᠡ ᠶᠢᠨ ᠬᠡᠮᠵᠢᠶ᠎ᠡ︶ × 100%︔ | ᠬᠤᠶᠠᠷ᠂ ᠣᠢ ᠰᠢᠭᠤᠢ ᠶᠢᠨ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠬᠤ ᠳᠤ ᠬᠢᠷᠢ | ᠲᠡᠩᠴᠡᠭᠰᠡᠨ ᠨᠣᠷᠮ᠎ᠠ = ︵ᠣᠶᠢᠵᠢᠭᠤᠯᠤᠭᠠᠳ ᠬᠢᠷᠢ ᠲᠡᠩᠴᠡᠭᠰᠡᠨ ᠲᠠᠯᠠᠪᠠᠢ / ᠣᠶᠢᠵᠢᠭᠤᠯᠤᠭᠰᠠᠨ ᠢᠶᠠᠨ | ᠪᠦᠷᠢᠳᠬᠡᠵᠦ ᠳᠡᠭᠡᠭᠰᠢ ᠮᠡᠳᠡᠭᠦᠯᠦᠭᠰᠡᠨ ᠲᠠᠯᠠᠪᠠᠢ︶ × 100%︔ | ᠭᠤᠷᠪᠠ᠂ ᠣᠢ ᠰᠢᠭᠤᠢ ᠳᠤ ᠬᠤᠯᠪᠣᠭᠳᠠᠭᠰᠠᠨ ᠬᠡᠷᠡᠭ ᠢ ᠪᠠᠶᠢᠴᠠᠭᠠᠵᠤ ᠰᠢᠢᠳᠪᠦᠷᠢᠯᠡᠭᠰᠡᠨ ᠨᠣᠷᠮ᠎ᠠ = ︵ | ᠣᠢ ᠰᠢᠭᠤᠢ ᠳᠤ ᠬᠤᠯᠪᠣᠭᠳᠠᠭᠰᠠᠨ ᠬᠡᠷᠡᠭ ᠢ ᠰᠢᠢᠳᠪᠦᠷᠢᠯᠡᠵᠦ ᠭᠦᠢᠴᠡᠳᠬᠡᠭᠰᠡᠨ ᠲᠤᠭ᠎ᠠ / ᠣᠢ ᠰᠢᠭᠤᠢ ᠳᠤ | ᠬᠤᠯᠪᠣᠭᠳᠠᠭᠰᠠᠨ ᠬᠡᠷᠡᠭ ᠡᠭᠦᠰᠦᠭᠰᠡᠨ ᠲᠤᠭ᠎ᠠ︶ × 100%︔ | ᠳᠥᠷᠪᠡ᠂ ᠣᠭᠲᠣᠯᠵᠤ ᠬᠤᠪᠢᠷᠠᠭᠰᠠᠨ ᠨᠣᠷᠮ᠎ᠠ = ︵ᠣᠭᠲᠣᠯᠵᠤ ᠬᠤᠪᠢᠷᠠᠭᠰᠠᠨ ᠲᠠᠯᠠᠪᠠᠢ / | ᠣᠭᠲᠣᠯᠣᠭᠰᠠᠨ ᠪᠥᠬᠦ ᠲᠠᠯᠠᠪᠠᠢ︶ × 100%︔ | ᠲᠠᠪᠤ᠂ ᠣᠢ ᠮᠣᠳᠣᠨ ᠤ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠵᠦ ᠰᠢᠢᠳᠪᠦᠷᠢᠯᠡᠭᠰᠡᠨ ᠨᠣᠷᠮ᠎ᠠ = ﹇ | ᠣᠨ ᠳᠠᠬᠢ ᠵᠢᠭᠤᠷᠠᠯᠳᠤᠭᠠᠨ ᠢ ᠡᠶᠡᠳᠡᠭᠦᠯᠬᠦ ᠪᠠᠷ ᠰᠢᠢᠳᠪᠦᠷᠢᠯᠡᠵᠦ ᠭᠦᠢᠴᠡᠳᠬᠡᠭᠰᠡᠨ ᠨᠣᠷᠮ᠎ᠠ / ︵ | ᠥᠩᠭᠡᠷᠡᠭᠰᠡᠨ ᠠᠴᠠ ᠦᠯᠡᠳᠡᠭᠳᠡᠵᠦ ᠢᠷᠡᠭᠰᠡᠨ ᠵᠢᠭᠤᠷᠠᠯᠳᠤᠭᠠᠨ ᠤ ᠲᠤᠭ᠎ᠠ + ᠲᠤᠰ ᠣᠨ ᠳᠠᠬᠢ ᠵᠢᠭᠤᠷᠠᠯᠳᠤᠭᠠᠨ ᠢ | ᠬᠦᠯᠢᠶᠡᠨ ᠠᠪᠴᠤ ᠰᠢᠢᠳᠪᠦᠷᠢᠯᠡᠭᠰᠡᠨ ᠲᠤᠭ᠎ᠠ︶﹈ × 100%︔ | ᠵᠢᠷᠭᠤᠭ᠎ᠠ᠂ ᠣᠢ ᠰᠢᠭᠤᠢ ᠶᠢᠨ ᠭᠠᠯ ᠲᠦᠢᠮᠡᠷ ᠲᠤ ᠲᠠᠭᠠᠷᠢᠭᠳᠠᠭᠰᠠᠨ ᠲᠠᠯᠠᠪᠠᠢ ᠳᠠᠬᠢ ᠬᠤᠬᠢᠷᠠᠯ ᠤᠨ | ᠨᠣᠷᠮ᠎ᠠ = ︵ᠣᠢ ᠰᠢᠭᠤᠢ ᠶᠢᠨ ᠭᠠᠯ ᠲᠦᠢᠮᠡᠷ ᠲᠤ ᠲᠠᠭᠠᠷᠢᠭᠳᠠᠭᠰᠠᠨ ᠣᠢ ᠰᠢᠭᠤᠢ ᠶᠢᠨ ᠲᠠᠯᠠᠪᠠᠢ / ᠣᠢ | ᠰᠢᠭᠤᠢ ᠶᠢᠨ ᠪᠥᠬᠦ ᠲᠠᠯᠠᠪᠠᠢ︶ × 1000‰︔ | ᠳᠣᠯᠤᠭ᠎ᠠ᠂ ᠬᠤᠣᠷᠳᠠᠭᠳᠠᠯ ᠲᠠᠢ ᠠᠮᠢᠳᠤ ᠪᠣᠳᠠᠰ ᠢ ᠨᠡᠶᠢᠲᠡ ᠳᠤ ᠬᠤᠣᠷᠳᠠᠭᠳᠠᠯ ᠦᠭᠡᠢ ᠪᠠᠷ ᠰᠡᠷᠭᠡᠶᠢᠯᠡᠨ | ᠵᠠᠰᠠᠭᠰᠠᠨ ᠨᠣᠷᠮ᠎ᠠ = ︵ᠬᠤᠣᠷᠳᠠᠭᠳᠠᠯ ᠲᠠᠢ ᠠᠮᠢᠳᠤ ᠪᠣᠳᠠᠰ ᠢ ᠨᠡᠶᠢᠲᠡ ᠳᠤ ᠬᠤᠣᠷᠳᠠᠭᠳᠠᠯ ᠦᠭᠡᠢ ᠪᠠᠷ | ᠰᠡᠷᠭᠡᠶᠢᠯᠡᠨ ᠵᠠᠰᠠᠭᠰᠠᠨ ᠲᠠᠯᠠᠪᠠᠢ / ᠬᠤᠣᠷᠳᠠᠭᠳᠠᠯ ᠲᠠᠢ ᠠᠮᠢᠳᠤ ᠪᠣᠳᠠᠰ ᠢ ᠰᠡᠷᠭᠡᠶᠢᠯᠡᠨ ᠵᠠᠰᠠᠭᠰᠠᠨ ᠪᠥᠬᠦ ᠲᠠᠯᠠᠪᠠᠢ︶ | × 100%︔ | ᠨᠠᠢᠮᠠ᠂ ᠬᠤᠣᠷᠳᠠᠭᠳᠠᠯ ᠲᠠᠢ ᠠᠮᠢᠳᠤ ᠪᠣᠳᠠᠰ ᠤᠨ ᠭᠠᠮᠰᠢᠭ ᠪᠣᠯᠬᠤ ᠨᠣᠷᠮ᠎ᠠ = ︵ᠬᠤᠣᠷᠳᠠᠭᠳᠠᠯ ᠲᠠᠢ | ᠠᠮᠢᠳᠤ ᠪᠣᠳᠠᠰ ᠤᠨ ᠭᠠᠮᠰᠢᠭ ᠪᠣᠯᠬᠤ ᠲᠠᠯᠠᠪᠠᠢ / ᠣᠢ ᠰᠢᠭᠤᠢ ᠶᠢᠨ ᠲᠠᠯᠠᠪᠠᠢ︶ × 1000‰︔ | ᠶᠢᠰᠦ᠂ ᠣᠶᠢᠲᠤ ᠭᠠᠵᠠᠷ ᠢ ᠬᠡᠷᠡᠭᠯᠡᠬᠦ ᠪᠠᠨ ᠬᠢᠨᠠᠨ ᠬᠠᠷᠭᠤᠭᠤᠯᠤᠭᠰᠠᠨ ᠨᠣᠷᠮ᠎ᠠ = ﹇ᠬᠢᠨᠠᠨ ᠬᠠᠷᠭᠤᠭᠤᠯᠵᠤ | ᠬᠢᠨᠠᠨ ᠵᠥᠪᠰᠢᠶᠡᠷᠡᠭᠦᠯᠦᠭᠰᠡᠨ ᠲᠥᠷᠥᠯ ᠵᠦᠢᠯ ᠤᠨ ᠲᠤᠭ᠎ᠠ / ᠣᠶᠢᠲᠤ ᠭᠠᠵᠠᠷ ᠢ ᠡᠵᠡᠯᠡᠨ ᠬᠡᠷᠡᠭᠯᠡᠭᠰᠡᠨ | ᠲᠠᠲᠠᠪᠤᠷᠢᠯᠠᠨ ᠬᠡᠷᠡᠭᠯᠡᠭᠰᠡᠨ ᠲᠥᠷᠥᠯ ᠵᠦᠢᠯ ᠤᠨ ᠲᠤᠭ᠎ᠠ ︵ᠣᠶᠢᠲᠤ ᠭᠠᠵᠠᠷ ᠢ ᠬᠠᠤᠯᠢ ᠪᠤᠰᠤ ᠪᠠᠷ ᠡᠵᠡᠯᠡᠨ | ᠬᠡᠷᠡᠭᠯᠡᠭᠰᠡᠨ ᠢ ᠨᠢ ᠮᠡᠳᠡᠭᠰᠡᠨ ᠲᠥᠷᠥᠯ ᠵᠦᠢᠯ ᠤᠨ ᠲᠤᠭ᠎ᠠ ᠪᠠᠭᠲᠠᠨ᠎ᠠ︶﹈ × 100%︔ | ᠠᠷᠪᠠ᠂ ᠣᠢ ᠰᠢᠭᠤᠢ ᠶᠢᠨ ᠪᠦᠷᠬᠦᠴᠡ = ﹇︵ᠣᠢ ᠲᠠᠢ ᠪᠠᠶᠢᠬᠤ ᠭᠠᠵᠠᠷ ᠤᠨ ᠲᠠᠯᠠᠪᠠᠢ + | ᠤᠯᠤᠰ ᠠᠴᠠ ᠣᠨᠴᠠᠭᠠᠢ ᠲᠣᠭᠲᠠᠭᠠᠭᠰᠠᠨ ᠪᠣᠳᠠ ᠮᠣᠳᠣᠨ ᠤ ᠣᠶᠢᠲᠤ ᠭᠠᠵᠠᠷ ᠤᠨ ᠲᠠᠯᠠᠪᠠᠢ︶ / ᠭᠠᠵᠠᠷ | ᠰᠢᠷᠣᠢ ᠶᠢᠨ ᠪᠥᠬᠦ ᠲᠠᠯᠠᠪᠠᠢ﹈ × 100%︔ | ᠠᠷᠪᠠᠨ ᠨᠢᠭᠡ᠂ ᠣᠢ ᠰᠢᠭᠤᠢ ᠶᠢᠨ ᠬᠠᠳᠠᠭᠠᠯᠠᠭᠴᠠ ᠭᠡᠳᠡᠭ ᠪᠣᠯ ᠴᠡᠭᠡᠵᠢᠨ ᠳ᠋ᠢᠶᠠᠮᠧᠲᠷ ᠨᠢ 5 | ᠰᠡᠨᠲ᠋ᠢᠮᠧᠲᠷ ᠠᠴᠠ ᠳᠠᠪᠠᠭᠰᠠᠨ ᠣᠢ ᠮᠣᠳᠣᠨ ᠤ ᠬᠡᠰᠡᠭᠯᠡᠯ ᠳᠠᠬᠢ ᠣᠢ ᠮᠣᠳᠣᠨ ᠤ ᠬᠠᠳᠠᠭᠠᠯᠠᠭᠴᠠ ᠶᠢ ᠵᠢᠭᠠᠵᠤ ᠪᠣᠢ᠃ | | |