ᠥᠪᠡᠷᠲᠡᠭᠡᠨ ᠵᠠᠰᠠᠬᠤ ᠤᠷᠤᠨ ᠤ ᠵᠧᠵᠢᠶᠠᠩ ᠤᠨ ︽ᠮᠢᠩᠭ᠎ᠠ ᠲᠦᠮᠠ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠵᠤ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠡ ᠪᠠᠷ ᠯᠠᠪᠳᠠᠭᠤᠨ ᠪᠠᠳᠤᠳᠠᠢ ᠠᠬᠢᠭᠤᠯᠬᠤ ᠬᠤᠷᠠᠯ ᠬᠤᠷᠠᠯᠳᠤᠪᠠ  ᠮᠠ ᠰᠢᠤᠸᠠᠢ ᠵᠢᠶᠦ᠋ᠨ ᠯᠢ ᠪᠢᠩ ᠷᠦᠩ ᠶᠠᠷᠢᠶ᠎ᠡ ᠲᠠᠯᠪᠢᠵᠠᠢ
ᠨᠡᠶᠢᠲᠡᠯᠡᠭᠰᠡᠨ ᠴᠠᠭ᠄
2019/1/25
     1 ᠳ᠋ᠦ᠋ᠭᠡᠷ ᠰᠠᠷ᠎ᠡ ᠶᠢᠨ 22᠎ ᠤᠨ ᠡᠳᠦᠷ ᠤᠨ ᠦᠳᠡ ᠶᠢᠨ ᠬᠤᠶᠢᠨ᠎ᠡ᠂ ᠦᠪᠡᠷᠳᠡᠭᠡᠨ ᠵᠠᠰᠠᠬᠤ ᠤᠷᠤᠨ ᠤ ᠵᠧᠵᠢᠶᠠᠩ ᠤᠨ ︽ᠮᠢᠩᠭ᠎ᠠ ᠲᠦᠮᠨ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠡ ᠪᠠᠷ ᠯᠠᠪᠳᠠᠭᠤᠨ ᠪᠠᠳᠤᠳᠠᠢ ᠠᠬᠢᠭᠤᠯᠬᠤ ᠬᠤᠷᠠᠯ ᠬᠦᠭᠡᠬᠤᠳᠠ ᠳᠤ ᠬᠤᠷᠠᠯᠳᠤᠪᠠ᠃ ᠬᠤᠷᠠᠯ ᠠᠴᠠ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠪᠦᠬᠦ ᠤᠯᠤᠰ ᠤᠨ ᠵᠧᠵᠢᠶᠠᠩ ᠎ ᠤᠨ ︽ᠮᠢᠩᠭ᠎ᠠ ᠲᠦᠮᠠ ᠶᠢᠨ ᠢᠨᠵᠧᠨᠧᠷᠢᠩ︾᠎ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠵᠤ᠂ ᠬᠦᠳᠡᠭᠡ ᠲᠤᠰᠬᠤᠨ ᠎ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠡ ᠪᠠᠷ ᠯᠠᠪᠳᠠᠭᠤᠨ ᠪᠠᠳᠤᠳᠠᠢ ᠠᠬᠢᠭᠤᠯᠬᠤ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠪᠡᠷᠳᠡᠭᠡᠨ ᠵᠠᠰᠠᠬᠤ ᠤᠷᠤᠨ ᠎ ᠤ 2019 ᠣᠨ ᠤ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠳᠤ ᠲᠤᠬᠢᠷᠠᠭᠤᠯᠤᠯᠳᠠ ᠪᠠᠶᠢᠷᠢᠯᠠᠭᠤᠯᠤᠯᠳᠠ ᠬᠢᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠡ ᠲᠠᠯᠪᠢᠪᠠ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠠᠢ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠤᠩᠭᠡᠢ ᠱᠦᠵᠢ ᠰᠢ ᠶᠢᠨ ᠫᠢᠩ ᠪᠤᠯᠤᠨ ᠨᠠᠮ ᠤᠨ ᠲᠦᠪ ᠬᠤᠷᠢᠶ᠎ᠡ ᠠᠴᠠ ᠬᠦᠳᠡᠭᠡ ᠲᠤᠰᠬᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ ᠡᠬᠦᠨ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠠᠩᠬᠠᠨ ᠤ ᠬᠠᠳᠠᠭᠤ ᠰᠢᠯᠭᠠᠯᠳᠠ ᠪᠠᠷ ᠲᠤᠬᠳᠠᠭᠠᠪᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠳ ᠤᠯᠤᠰ ᠲᠦᠷᠦ ᠶᠢᠨ ᠵᠤᠬᠰᠤᠴᠠ ᠪᠠᠨ ᠤᠯᠠᠮ ᠲᠡᠭᠡᠭᠰᠢᠯᠡᠬᠦᠯᠵᠤ᠂ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠡ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠦᠨᠵᠡᠭᠡᠢ ᠰᠤᠷᠤᠯᠴᠠᠨ ᠤᠢᠢᠯᠠᠭᠠᠵᠤ᠂ ᠵᠧᠵᠢᠶᠠᠩ ᠤᠨ ᠲᠤᠷᠰᠢᠯᠭ᠎ᠠ ᠶᠢ ᠬᠦᠨᠵᠡᠭᠡᠢ ᠰᠤᠷᠤᠯᠴᠠᠨ ᠠᠮᠢᠳᠤᠯᠢᠭ ᠬᠡᠷᠡᠭᠯᠡᠵᠤ᠂ ᠬᠦᠳᠡᠭᠡ ᠲᠤᠰᠬᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠎ ᠤᠨ ᠠᠵᠢᠯᠯᠠᠭᠠᠨ ᠤ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ ᠪᠤᠳᠠᠳᠤ ᠪᠠᠶᠢᠳᠠᠯ ᠳᠤ ᠪᠠᠨ ᠲᠤᠬᠢᠷᠠᠭᠤᠯᠵᠤ᠂ ᠮᠠᠨ ᠎ ᠤ ᠤᠷᠤᠨ ᠤ ᠠᠶᠢᠯ ᠲᠤᠰᠬᠤᠨ ᠢ ᠴᠡᠭᠴᠡᠯᠡᠨ ᠵᠠᠰᠠᠬᠤ ᠬᠡᠯᠪᠡᠷᠢ ᠮᠠᠶ᠋ᠢᠭ ᠪᠤᠯᠤᠨ ᠴᠡᠭᠴᠡᠯᠡᠨ ᠵᠠᠰᠠᠬᠤ ᠬᠠᠷᠠᠯᠳᠠ ᠡᠬᠦᠷᠭᠡ ᠶᠢ ᠰᠢᠨᠵᠢᠯᠡᠬᠦ ᠤᠬᠠᠭᠠᠨᠴᠢ ᠪᠠᠷ ᠲᠤᠬᠳᠠᠭᠠᠵᠤ᠂ ᠴᠡᠭ ᠠᠴᠠ ᠪᠦᠬᠦ ᠲᠠᠯ᠎ᠡ ᠲᠠᠶᠢᠰᠢ᠂ ᠬᠦᠴᠦᠳᠠᠢ ᠪᠦᠭᠡᠳ ᠡᠮᠬᠢ ᠵᠢᠷᠤᠮ ᠲᠠᠢ ᠪᠠᠷ ᠠᠬᠢᠭᠤᠯᠬᠤ ᠭᠡᠷᠡᠭᠳᠠᠢ᠃ ᠡᠯ᠎ᠡ ᠡᠬᠦᠷᠭᠡ ᠴᠢᠳᠠᠪᠬᠢᠳᠤ ᠰᠠᠯᠠᠭ᠎ᠠ ᠮᠦᠴᠢᠷ ᠤᠨ ᠦᠢᠯᠡᠳᠦᠯ ᠢ ᠢᠳᠡᠪᠬᠢᠳᠠᠢ  ᠪᠠᠳᠠᠷᠠᠭᠤᠯᠤᠨ᠂ ᠮᠠᠯᠴᠢᠨ ᠲᠠᠷᠢᠶᠠᠴᠢᠨ ᠤ ᠢᠳᠡᠪᠬᠢ ᠴᠢᠨᠠᠷ ᠰᠠᠨᠠᠭᠠᠴᠢᠯᠠᠭᠠᠳᠤ ᠴᠢᠨᠠᠷ ᠢ ᠬᠦᠢᠴᠡᠳ ᠲᠠᠶᠢᠴᠢᠯᠠᠵᠤ᠂ ᠨᠡᠶᠢᠯᠡᠯ ᠬᠦᠴᠦᠨ ᠢ ᠪᠦᠷᠢᠯᠳᠦᠬᠦᠯᠵᠤ ᠴᠡᠭᠴᠡᠯᠡᠨ ᠵᠠᠰᠠᠬᠤ ᠠᠵᠢᠯ ᠢ ᠠᠬᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠵᠤᠷᠯᠤᠩ ᠤᠨ ᠦᠭᠡᠷᠡᠴᠢᠯᠡᠯᠳᠠ᠂ ᠮᠠᠯ ᠵᠢᠬᠦᠷᠳᠠᠨ ᠤ ᠢᠯᠭᠠᠲᠠᠰᠤ ᠶᠢᠨ ᠪᠤᠬᠢᠷᠳᠤᠯ ᠢ ᠡᠬᠢ ᠪᠠᠶᠠᠯᠢᠬᠵᠢᠭᠤᠯᠤᠨ ᠠᠰᠢᠬᠯᠠᠬᠤ᠂ ᠠᠶᠢᠯ ᠲᠤᠰᠬᠤᠨ ᠢ ᠴᠡᠪᠡᠷᠰᠢᠬᠦᠯᠬᠦ ᠠᠵᠢᠯᠯᠠᠭ᠎ᠠ ᠵᠡᠷᠭᠡ ᠴᠡᠭᠴᠡᠯᠡᠨ ᠵᠠᠰᠠᠬᠤ ᠠᠵᠢᠯ ᠤᠨ ᠬᠠᠳᠠᠭᠤ ᠡᠬᠦᠷᠭᠡ ᠶᠢ ᠲᠤᠬᠳᠠᠬᠰᠡᠨ ᠬᠤᠭᠤᠴᠠᠭᠠᠨ ᠳᠤ ᠪᠦᠬᠦ ᠲᠠᠯ᠎ᠡ ᠪᠠᠷ ᠪᠠᠶᠠᠯᠡᠬᠦᠯᠬᠦ ᠶᠢ ᠦᠨᠡᠨ ᠬᠦ ᠪᠠᠳᠤᠯᠠᠵᠤ᠂ 2020 ᠣᠨ ᠪᠤᠯᠬᠤ ᠳᠤ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠭᠤᠷᠪᠡᠨ ᠵᠢᠯ ᠤᠨ ᠠᠵᠢᠯᠯᠠᠭᠠᠨ ᠤ ᠬᠠᠷᠠᠯᠳᠠ ᠡᠬᠦᠷᠭᠡ ᠶᠢ ᠪᠠᠶᠠᠯᠡᠬᠦᠯᠬᠦ ᠶᠢ ᠦᠨᠡᠨ ᠬᠦ ᠪᠠᠳᠤᠯᠠᠵᠤ᠂ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠳᠤ ᠪᠠᠳᠤ ᠰᠠᠭᠤᠷᠢ ᠲᠠᠯᠪᠢᠬᠤ ᠭᠡᠷᠡᠭᠳᠠᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号