ᠥᠪᠡᠷᠲᠡᠭᠡᠨ ᠵᠠᠰᠠᠬᠤ ᠣᠷᠣᠨ ᠤ 12 ᠰᠠᠯᠠᠭ᠎ᠠ ᠮᠥᠴᠢᠷ ︽ᠡᠷᠡᠭᠦᠯᠵᠢᠯ︾᠎ ᠤᠨ ᠵᠠᠬ᠎ᠠ ᠳᠡᠯᠭᠡᠭᠦᠷ ᠤᠨ ᠡᠮᠬᠢ ᠦᠬᠡᠢ ᠪᠠᠶᠢᠳᠠᠯ ᠢ ᠬᠠᠮᠲᠤ ᠪᠠᠷ ᠴᠡᠭᠴᠡᠯᠡᠵᠡᠢ
ᠨᠡᠶᠢᠲᠡᠯᠡᠭᠰᠡᠨ ᠴᠠᠭ᠄
2019/1/25
     ︽ᠡᠷᠡᠭᠦᠯᠵᠢᠯ︾᠎ ᠤᠨ ᠵᠠᠬ᠎ᠠ ᠳᠡᠯᠭᠡᠭᠦᠷ ᠤᠨ ᠡᠮᠬᠢ ᠦᠬᠡᠢ ᠪᠠᠶᠢᠳᠠᠯ ᠢ ᠴᠡᠭᠴᠡᠯᠡᠨ ᠵᠠᠰᠠᠵᠤ᠂ ᠠᠷᠠᠳ ᠤᠯᠠᠨ ᠤ ᠬᠠᠯᠠᠮᠰᠢᠯ ᠠᠰᠠᠭᠤᠳᠠᠯ ᠳᠤ ᠬᠠᠷᠢᠭᠤᠯᠲᠠ ᠥᠭᠴᠦ᠂ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠵᠡᠷᠭᠡ 13 ᠶᠠᠮᠤᠨ ᠵᠥᠪᠯᠡᠯ ᠤᠨ ︽︿ᠡᠷᠡᠭᠦᠯᠵᠢᠯ﹀᠎ ᠤᠨ ᠵᠠᠬ᠎ᠠ ᠳᠡᠯᠭᠡᠭᠦᠷ ᠤᠨ ᠡᠮᠬᠢ ᠦᠬᠡᠢ ᠪᠠᠶᠢᠳᠠᠯ ᠢ ᠬᠠᠮᠲᠤ ᠪᠠᠷ ᠴᠡᠭᠴᠡᠯᠡᠨ ᠵᠠᠰᠠᠬᠤ ︿ᠵᠠᠭᠤᠨ ᠡᠳᠤᠷ ᠤᠨ ᠠᠵᠢᠯᠯᠠᠭ᠎ᠠ﹀᠎ ᠶᠢ ᠦᠷᠨᠢᠭᠦᠯᠬᠦ ᠲᠤᠬᠠᠢ ᠮᠡᠳᠡᠭᠳᠡᠯ︾᠎ ᠢ ᠦᠨᠳᠦᠰᠦᠯᠡᠨ᠂ ᠲᠦᠷᠦᠭᠦᠬᠡᠨ᠂ ᠮᠠᠨ ᠤ ᠣᠷᠣᠨ ︽ᠵᠠᠭᠤᠨ ᠡᠳᠤᠷ ᠤᠨ ᠠᠵᠢᠯᠯᠠᠭ᠎ᠠ︾᠎ ᠶᠢ ᠦᠷᠨᠢᠭᠦᠯᠵᠡᠢ᠃      ᠲᠤᠰ ᠤᠳᠠᠭᠠᠨ ᠤ ︽ᠵᠠᠭᠤᠨ ᠡᠳᠤᠷ ᠤᠨ ᠠᠵᠢᠯᠯᠠᠭ᠎ᠠ︾᠎ ᠶᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠷᠢᠭᠦᠯᠡᠵᠦ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠠᠷᠢᠶᠠᠯᠠᠩ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ ᠵᠡᠷᠭᠡ 12 ᠲᠢᠩᠬᠢᠮ ᠲᠣᠪᠴᠢᠶ᠎ᠠ ᠬᠠᠮᠲᠤᠷᠠᠨ ᠲᠤᠰᠬᠠᠢ ᠠᠵᠢᠯ ᠤᠨ ᠲᠤᠭᠤᠶᠢᠯᠠᠩ ᠪᠠᠶᠢᠭᠤᠯᠵᠤ ᠶᠠᠪᠤᠭᠳᠠᠭᠤᠯᠵᠠᠢ᠃ ᠴᠡᠭᠴᠡᠯᠡᠨ ᠵᠠᠰᠠᠬᠤ ᠠᠭᠤᠯᠭ᠎ᠠ ᠳᠤ ᠬᠤᠳᠠᠯ ᠬᠠᠭᠤᠷᠮᠠᠭ ᠤᠬᠠᠭᠤᠯᠭ᠎ᠠ ᠶᠢᠨ ᠤᠶᠢᠯᠠ ᠠᠵᠢᠯᠯᠠᠭ᠎ᠠ᠂ ᠵᠣᠴᠢᠳ ᠤᠨ ᠪᠠᠭᠤᠳᠠᠯ᠂ ᠪᠠᠭᠤᠳᠠᠯ ᠵᠡᠷᠭᠡ ᠭᠠᠵᠠᠷ ᠢ ᠠᠰᠢᠭᠯᠠᠨ ᠬᠡᠷᠡᠭᠯᠡᠭᠡᠨ ᠤ ᠬᠠᠮᠲᠤᠯᠢᠭ ᠢ ᠲᠥᠪᠯᠡᠷᠡᠭᠦᠯᠵᠦ᠂ ᠢᠳᠡᠭᠡᠨ᠂ ᠡᠷᠡᠭᠦᠯᠵᠢᠯ ᠤᠨ ᠢᠳᠡᠭᠡᠨ᠂ ᠡᠮᠴᠢᠯᠡᠭᠡᠨ ᠤ ᠪᠠᠭᠠᠵᠢ ᠬᠡᠷᠡᠭᠰᠡᠯ ᠢ ᠵᠣᠬᠢᠶᠠᠨ ᠪᠠᠶᠢᠭᠤᠯᠤᠯᠲᠠ ᠲᠠᠢ ᠪᠠᠷ ᠪᠣᠷᠣᠯᠠᠭᠤᠯᠬᠤ ᠵᠡᠷᠭᠡ ᠲᠠᠸᠠᠷ ᠤᠨ ᠦᠢᠯᠡ ᠠᠵᠢᠯᠯᠠᠭ᠎ᠠ ᠶᠢ ᠪᠠᠭᠲᠠᠭᠠᠨ᠎ᠠ᠃ ᠳᠤᠰ ᠣᠳᠠᠭᠠᠨ ᠤ ᠠᠵᠢᠯᠯᠠᠭ᠎ᠠ ᠳᠤ ᠬᠤᠳᠠᠯ ᠬᠠᠭᠤᠷᠮᠠᠭ ᠤᠬᠠᠭᠤᠯᠭ᠎ᠠ᠂ ᠬᠤᠳᠠᠯ ᠬᠠᠭᠤᠷᠮᠠᠭ ᠠᠷᠠᠯᠵᠢᠶ᠎ᠠ ᠶᠢ ᠵᠣᠬᠢᠶᠠᠨ ᠪᠠᠶᠢᠭᠤᠯᠬᠤ ᠶᠢ ᠪᠠᠶᠢᠴᠠᠭᠠᠨ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ︔ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠵᠠᠷ ᠮᠡᠳᠡᠭᠡ ᠶᠢᠨ ᠬᠠᠤᠯᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠭᠤᠤᠯᠳᠠᠭᠤ ᠡᠮ ᠡᠮᠨᠡᠯᠭᠡ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠡᠷᠡᠭᠦᠯᠵᠢᠯ ᠤᠨ ᠢᠳᠡᠭᠡᠨ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭᠠᠨ ᠳᠠᠬᠢ ᠬᠠᠤᠯᠢ ᠠᠴᠠ ᠵᠥᠷᠢᠴᠡᠭᠰᠡᠨ ᠵᠠᠷ ᠮᠡᠳᠡᠭᠡ ᠶᠢ ᠪᠠᠶᠢᠴᠠᠭᠠᠨ ᠰᠢᠢᠳᠪᠦᠷᠢᠯᠡᠨ᠎ᠡ︔ ᠡᠷᠡᠭᠦᠯᠵᠢᠯ ᠤᠨ ᠢᠳᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢ ᠪᠦᠷᠢᠨᠰᠢᠭᠦᠯᠵᠦ᠂ ᠡᠷᠡᠭᠦᠯᠵᠢᠯ ᠤᠨ ᠢᠳᠡᠭᠡᠨ ᠢ ᠦᠢᠯᠡᠳᠪᠦᠷᠢᠯᠡᠵᠤ ᠡᠵᠡᠩᠨᠡᠬᠦ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔  ᠬᠠᠭᠤᠷᠮᠠᠭ ᠮᠠᠭᠤ ᠲᠠᠸᠠᠷ ᠢ ᠦᠢᠯᠡᠳᠴᠦ ᠪᠣᠷᠣᠯᠠᠭᠤᠯᠬᠤ ᠥᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠶᠳᠪᠦᠷᠢᠯᠡᠨ᠎ᠠ︔  ᠬᠡᠷᠡᠭᠯᠡᠭᠴᠢᠳ ᠤᠨ ᠵᠦᠢ ᠶᠣᠰᠣᠨ ᠤ ᠱᠠᠭᠠᠷᠳᠠᠯᠭ᠎ᠠ ᠶᠢ ᠵᠣᠷᠢᠭᠤᠳᠠ ᠤᠳᠠᠭᠠᠰᠢᠷᠠᠭᠤᠯᠤᠭᠰᠠᠨ ᠪᠤᠶᠤ ᠰᠢᠯᠲᠠᠭᠠᠨ ᠦᠭᠡᠢ ᠪᠠᠷ ᠥᠭᠬᠦ ᠶᠢ ᠲᠡᠪᠴᠢᠬᠦ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠎ᠠ︔ ᠲᠣᠭᠲᠠᠭᠠᠯ ᠠᠴᠠ ᠵᠥᠷᠢᠴᠡᠭᠰᠡᠨ ᠰᠢᠭᠤᠳ ᠪᠣᠷᠣᠯᠠᠭᠤᠯᠬᠤ ᠪᠠ ᠳᠠᠮᠵᠢᠭᠤᠯᠤᠨ ᠪᠣᠷᠣᠯᠠᠭᠤᠯᠬᠤ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号