1 ᠳ᠋ᠦ᠋ᠭᠡᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ | ᠰᠤᠨᠢᠨ ᠮᠡᠳᠡᠭᠡ ᠨᠡᠶᠢᠲᠡᠯᠡᠬᠦ ᠬᠤᠷᠠᠯ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠬᠤᠷᠠᠯ ᠤᠨ ᠲᠢᠩᠬᠢᠮ ᠳᠤ ᠬᠤᠷᠠᠯᠳᠤᠪᠠ᠃ ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ | 25 ᠠᠴᠠ 29 ᠤ ᠡᠳᠦᠷ ᠪᠤᠯᠲᠠᠯ᠎ᠠ ᠬᠦᠬᠡᠬᠤᠲᠠ ᠳᠤ ᠬᠤᠷᠠᠯᠳᠤᠵᠤ᠂ 5 ᠡᠳᠦᠷ ᠶᠠᠪᠤᠭᠳᠠᠨ᠎ᠠ ᠭᠡᠵᠦ | ᠨᠡᠶᠢᠲᠡᠯᠡᠵᠡᠢ᠃ | ᠬᠤᠷᠠᠯ ᠠᠴᠠ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ | ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠪᠡᠯᠡᠳᠭᠡᠯ ᠪᠠᠶᠢᠳᠠᠯ ᠪᠤᠯᠤᠨ ᠦᠪᠡᠷᠲᠡᠭᠡᠨ ᠵᠠᠰᠠᠬᠤ ᠤᠷᠤᠨ | ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ | ᠬᠤᠷᠠᠯ ᠠᠴᠠ ᠨᠠᠭᠠᠰᠢᠬᠢ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠮᠡᠳᠡᠭᠳᠡᠵᠡᠢ᠃ | ᠲᠤᠰ ᠤᠳᠠᠭ᠎ᠠ ᠶᠢᠨ ᠶᠡᠭᠡ ᠬᠤᠷᠠᠯ ᠳᠤ ᠨᠡᠶᠢᠲᠡ 6 ᠤᠳᠠᠭ᠎ᠠ ᠶᠢᠨ ᠪᠦᠬᠦᠳᠡ ᠬᠤᠷᠠᠯ ᠪᠤᠯᠤᠨ 5 | ᠤᠳᠠᠭ᠎ᠠ ᠶᠢᠨ ᠳᠤᠭᠤᠶᠢᠯᠠᠩ ᠤᠨ ᠶᠠᠷᠢᠯᠴᠠᠭ᠎ᠠ ᠲᠤᠬᠢᠷᠠᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠵᠠᠰᠠᠬ ᠤᠨ | ᠭᠤᠤᠯ ᠤᠳᠤᠷᠢᠳᠤᠯᠭ᠎ᠠ 2 ᠤᠳᠠᠭ᠎ᠠ ᠡᠲᠡᠭᠡᠳ ᠢᠯᠭᠠᠯ ᠤᠨ ᠳᠤᠭᠤᠶᠢᠯᠠᠩ ᠤᠨ ᠬᠠᠮᠳᠤᠷᠠᠭᠰᠠᠨ ᠶᠠᠷᠢᠯᠴᠠᠭ᠎ᠠ ᠳᠤ | ᠤᠷᠤᠯᠴᠠᠬᠤ ᠪᠤᠯᠤᠨ᠎ᠠ᠃ | ᠤᠶᠢᠯᠠᠭᠠᠭᠰᠠᠨ ᠢᠶᠠᠷ᠂ ᠡᠨᠡ ᠵᠢᠯ ᠪᠠᠰᠠ ᠠᠩᠬ᠎ᠠ ᠤᠳᠠᠭ᠎ᠠ ︽ᠭᠡᠰᠢᠬᠦᠳ ᠤᠨ ᠰᠤᠷᠪᠤᠯᠵᠢᠯᠠᠭ᠎ᠠ ᠬᠦᠯᠢᠶᠠᠬᠦ | ᠵᠠᠮ︾ ᠢ ᠨᠡᠪᠲᠡᠷᠡᠬᠦᠯᠬᠦ ᠪᠦᠬᠡᠳ ᠬᠡᠰᠢᠬᠦᠳ ᠤᠨ ᠰᠠᠭᠤᠭ᠎ᠠ ᠪᠠᠭᠤᠳᠠᠯ ᠳᠤ ᠰᠤᠷᠪᠤᠯᠵᠢᠯᠠᠬᠤ ᠦᠷᠤᠭᠡ ᠭᠠᠷᠭᠠᠵᠤ᠂ | ᠰᠤᠷᠪᠤᠯᠵᠢᠯᠠᠬᠴᠢᠳ ᠤᠨ ᠰᠤᠷᠪᠤᠯᠵᠢᠯᠠᠨ ᠮᠡᠳᠡᠭᠡᠯᠡᠬᠦ ᠳᠤ ᠲᠦᠬᠦᠮ ᠦᠵᠡᠭᠦᠯᠦᠨ ᠬᠡᠰᠢᠬᠦᠳ ᠤᠨ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠵᠤ ᠪᠠᠶᠢᠭ᠎ᠠ ᠦᠡᠭᠭᠡ ᠭᠠᠯᠪᠢᠷ ᠪᠤᠯᠤᠨ ᠦᠪᠡᠷᠲᠡᠭᠡᠨ ᠵᠠᠰᠠᠬᠤ ᠤᠷᠤᠨ ᠤ ᠤᠯᠤᠰ | ᠲᠦᠷᠦ ᠶᠢᠨ ᠵᠦᠪᠯᠡᠯᠬᠡᠨ ᠤ ᠠᠵᠢᠯ ᠤᠨ ᠬᠢᠯᠠᠰ ᠴᠢᠭ ᠢ ᠤᠯᠠᠨ ᠤ ᠬᠠᠷᠠᠭᠠᠨ ᠳᠤ ᠲᠤᠳᠤᠷᠠᠭᠤᠯᠬᠤ ᠪᠤᠯᠤᠨ᠎ᠠ᠃ |