ᠥᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠳᠤ ᠤᠷᠤᠯᠴᠠᠬᠤ ᠲᠦᠯᠦᠭᠡᠯᠡᠭᠴᠢᠳ ᠬᠡᠰᠢᠬᠦᠳ ᠬᠦᠬᠡᠬᠤᠲᠠ ᠳᠤ ᠬᠦᠷᠴᠦ ᠢᠷᠡᠪᠡ
ᠨᠡᠶᠢᠲᠡᠯᠡᠭᠰᠡᠨ ᠴᠠᠭ᠄
2019/1/25
     2019 ᠣᠨ ᠤ ᠦᠪᠡᠷᠲᠡᠭᠡᠨ ᠵᠠᠰᠠᠬᠤ ᠤᠷᠤᠨ ᠤ ᠬᠤᠶᠠᠷ ᠬᠤᠷᠠᠯ ᠲᠤᠰ ᠲᠤᠰ 1 ᠳ᠋ᠦ᠋ᠭᠡᠷ ᠰᠠᠷ᠎ᠠ ᠶᠢᠨ 25 ᠪᠠ 26᠎ ᠤ ᠡᠳᠦᠷ ᠬᠦᠬᠡᠬᠤᠳᠠ ᠳᠤ ᠡᠬᠢᠯᠡᠬᠦ ᠪᠣᠯᠣᠨ᠎ᠠ᠃ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠦᠯᠢᠶᠡᠭᠰᠡᠨ ᠪᠦᠬᠦ ᠣᠷᠣᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠠᠴᠠ ᠢᠷᠡᠭᠰᠡᠨ ᠠᠷᠠᠳ ᠤᠨ ᠲᠦᠯᠦᠭᠡᠯᠡᠭᠴᠢᠳ᠂ ᠣᠯᠣᠰ ᠲᠦᠷᠦ ᠶᠢᠨ ᠵᠦᠪᠯᠡᠯᠭᠡᠨ ᠤ ᠭᠡᠰᠢᠬᠦᠳ 1 ᠳ᠋ᠦ᠋ᠭᠡᠷ ᠰᠠᠷ᠎ᠠ ᠶᠢᠨ 24᠎ ᠤ ᠡᠳᠦᠷ ᠪᠣᠯᠳᠠᠯ᠎ᠠ ᠪᠦᠬᠦᠨ ᠢᠶᠠᠷ ᠢᠶᠠᠨ ᠬᠦᠬᠡᠬᠤᠳᠠ ᠳᠤ ᠬᠦᠷᠦᠯᠴᠡᠨ ᠢᠷᠡᠵᠦ᠂ ᠬᠤᠶᠠᠷ ᠬᠤᠷᠠᠯ ᠳᠤ ᠣᠷᠣᠯᠴᠠᠬᠤ ᠪᠠᠷ ᠨᠡᠷ᠎ᠡ ᠮᠡᠳᠡᠬᠦᠯᠪᠡ᠃      2019 ᠣᠨ ᠪᠤᠯ ᠰᠢᠨ᠎ᠡ ᠳᠤᠮᠳᠠᠳᠦ ᠤᠯᠤᠰ ᠪᠠᠶᠢᠭᠤᠯᠤᠬᠳᠠᠬᠰᠠᠨ 70 ᠵᠢᠯ ᠤᠨ ᠤᠢ ᠪᠣᠯᠬᠤ ᠮᠦᠷᠳᠡᠭᠡᠨ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠃ ᠬᠤᠶᠠᠷ ᠬᠤᠷᠠᠯ ᠳᠤ ᠤᠷᠤᠯᠴᠠᠬᠤ ᠲᠦᠯᠦᠭᠡᠯᠡᠭᠴᠢᠳ ᠬᠡᠰᠢᠬᠦᠳ᠂ ᠰᠢ ᠶᠢᠨ ᠫᠢᠩ ᠤᠨ ᠰᠢᠨ᠎ᠠ ᠴᠠᠬ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠴᠢᠨᠠᠷ ᠰᠠᠶᠢᠲᠠᠢ ᠬᠦᠭᠵᠢᠯᠲᠡ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠬᠤᠷᠠᠯ ᠤᠨ ᠭᠤᠣᠯ ᠰᠡᠳᠦᠪ ᠤᠨ ᠲᠤᠭᠤᠷᠢᠨ ᠳᠤ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠨ᠎ᠡ ᠭᠡᠵᠦ ᠶᠠᠷᠢᠵᠠᠭᠠᠪᠠ᠃      ᠲᠤᠯᠤᠨ ᠨᠣᠣᠷ ᠰᠢᠶᠠᠨ ᠤ ᠲᠤᠯᠤᠨ ᠨᠣᠣᠷ ᠪᠠᠯᠭᠠᠰᠦ ᠶᠢᠨ ᠾᠸᠢ ᠱᠠᠨ ᠽᠦᠢ ᠲᠤᠰᠬᠤᠨ ᠠᠴᠠ ᠢᠷᠡᠭᠰᠡᠨ ᠦᠨᠳᠦᠰᠦᠨ ᠱᠠᠳᠤᠨ  ᠎ ᠤ ᠲᠦᠯᠦᠭᠡᠯᠡᠭᠴᠢ ᠵᠠᠩ ᠰᠢᠨ ᠯᠦᠡᠭ ᠦᠷᠭᠡᠨ ᠤᠯᠠᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠠᠰᠠᠭᠤᠳᠠᠯ ᠢ ᠬᠠᠮᠤᠭ ᠠᠴᠠ ᠠᠩᠬᠠᠷᠤᠨ ᠬᠠᠯᠠᠮᠵᠢᠯᠠᠨ᠎ᠠ᠃ ᠳᠡᠷᠡ ᠡᠨᠡ ᠣᠳᠠᠭ᠎ᠠ ᠶᠢᠨ ᠬᠤᠷᠠᠯ ᠳᠤ ︽ᠬᠦᠳᠡᠭᠡ ᠲᠤᠰᠬᠤᠨ ᠤ ᠭᠠᠵᠠᠷ ᠰᠢᠷᠤᠢ ᠶᠢ ᠬᠡᠷᠡᠭᠯᠡᠭᠦ ᠡᠷᠭᠡ ᠶᠢ ᠰᠢᠯᠵᠢᠭᠦᠯᠭᠦ ᠲᠦᠷᠢᠮ︾᠂ ︽ᠦᠨᠳᠤᠷ ᠪᠠᠷᠢᠮᠵᠢᠶ᠎ᠠ ᠲᠠᠢ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠳᠠ ᠬᠡᠷᠡᠭᠯᠡᠯᠳᠡ ᠶᠢᠨ ᠦᠷ᠎ᠠ ᠠᠰᠢᠭ ᠢ ᠲᠦᠷᠢᠮᠵᠢᠭᠦᠯᠭᠦ ᠲᠤᠬᠠᠢ︾ ᠰᠠᠨᠠᠯ ᠰᠠᠨᠠᠭᠤᠯᠭ᠎ᠠ ᠲᠡᠪᠰᠢᠭᠦᠯᠭᠦ ᠪᠠᠷ ᠪᠣᠢ᠃ ᠲᠡᠭᠦᠨ ᠤ ᠦᠵᠡᠭᠦ ᠪᠠᠷ᠂ ᠲᠠᠷᠢᠶᠠᠯᠡᠩ ᠤᠨ ᠤᠳᠤᠭᠢᠴᠢᠯᠠᠯᠳᠠ ᠶᠢ ᠲᠦᠷᠭᠡᠳᠭᠡᠨ ᠠᠬᠢᠭᠤᠯᠵᠦ᠂ ᠭᠠᠵᠠᠷ ᠰᠢᠷᠤᠢ ᠶᠢᠨ ᠬᠡᠪᠴᠢᠶᠡᠵᠢᠭᠰᠡᠨ ᠡᠵᠡᠩᠨᠡᠯᠳᠡ ᠶᠢᠨ ᠦᠷ᠎ᠠ ᠠᠰᠢᠭ ᠢ ᠪᠠᠳᠠᠷᠠᠭᠤᠯᠤᠨ ᠬᠦᠳᠡᠭᠡ ᠲᠤᠰᠬᠤᠨ ᠤ ᠵᠢᠵᠢᠭ ᠬᠤᠳᠠ ᠪᠠᠯᠭᠠᠰᠤᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠪᠤᠯ ᠴᠢᠬᠤᠯᠠ ᠠᠰᠠᠭᠤᠳᠠᠯ ᠪᠤᠯᠤᠨ᠎ᠠ᠃      ᠨᠠᠷᠠᠨᠬᠤᠸᠠᠷ ᠬᠡᠰᠢᠬᠦᠨ ᠪᠤᠯ ︽ᠮᠤᠩᠭᠤᠯ ᠡᠯᠧᠮᠧᠨ᠋ᠲ︾ ᠲᠦᠷᠦᠯ ᠲᠡᠮᠳᠡᠭ ᠤᠨ ᠡᠬᠦᠳᠦᠭᠴᠢ ᠶᠤᠮ᠃ ᠳᠡᠷᠡ ᠶᠡᠷᠦ ᠠᠴᠠ ᠦᠨᠳᠦᠰᠦᠲᠡᠨ ᠤ ᠰᠤᠶᠤᠯ ᠢ ᠤᠯᠠᠮᠵᠢᠯᠠᠵᠣ ᠬᠦᠭᠵᠢᠭᠦᠯᠬᠦ ᠠᠰᠠᠭᠤᠳᠠᠯ ᠢ ᠠᠩᠬᠠᠷᠤᠬᠰᠠᠭᠠᠷ ᠢᠷᠡᠵᠠᠢ᠃ ︽ᠡᠨᠡ ᠤᠳᠠᠭ᠎ᠠ ᠶᠢᠨ ᠬᠤᠷᠠᠯ ᠳᠤ ᠦᠨᠳᠦᠰᠦᠲᠡᠨ ᠤ ᠰᠤᠶᠤᠯ ᠢ ᠤᠯᠠᠮᠵᠢᠯᠠᠨ ᠬᠦᠭᠵᠢᠭᠦᠯᠬᠦ ᠲᠠᠯ᠎ᠠ ᠶᠢᠨ ᠰᠠᠨᠠᠯ ᠳᠤᠷᠠᠳᠤᠯᠭ᠎ᠠ ᠲᠡᠪᠰᠢᠬᠦᠯᠬᠦ ᠪᠠᠷ ᠪᠤᠢ︾ ᠭᠡᠵᠦ ᠳᠡᠷᠡ ᠬᠡᠯᠡᠨ᠎ᠡ᠃ ᠦᠨᠳᠦᠰᠦᠨ ᠱᠠᠲᠦᠨ ᠤ ᠰᠤᠷᠭᠠᠨ ᠬᠦᠮᠦᠵᠢᠯ ᠤᠨ ᠹᠷᠣᠨᠲ ᠳᠤ ᠠᠵᠢᠯᠯᠠᠵᠦ ᠪᠠᠶᠢᠭ᠎ᠠ ᠸᠧᠢ ᠱᠠᠨ ᠬᠤ᠋ ᠬᠡᠰᠢᠬᠦᠨ᠄ ︽ᠡᠨᠡ ᠤᠳᠠᠭ᠎ᠠ 3 ᠬᠤᠪᠢ ᠰᠠᠨᠠᠯ ᠳᠤᠷᠠᠳᠤᠯᠭ᠎ᠠ ᠪᠡᠯᠡᠳᠭᠡᠵᠠᠢ᠂ 2 ᠬᠤᠪᠢ ᠨᠢ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠭᠵᠢᠯᠲᠡ ᠶᠢ ᠠᠬᠢᠭᠤᠯᠬᠤ ᠲᠠᠢ ᠬᠠᠮᠢᠶ᠎ᠠ ᠲᠠᠢ᠂ 1 ᠬᠤᠪᠢ ᠨᠢ ᠠᠮᠢ ᠠᠬᠤᠢ ᠶᠢᠨ ᠬᠠᠮᠠᠭᠠᠯᠠᠯᠲᠠ ᠪᠠ ᠪᠦᠳᠦᠭᠡᠨ ᠪᠠᠶᠢᠭᠤᠯᠣᠯᠳᠠ ᠶᠢ ᠴᠢᠩᠭᠠᠳᠬᠠᠬᠤ ᠲᠠᠢ ᠬᠠᠮᠢᠶ᠎ᠠ ᠲᠠᠢ ᠶᠤᠮ︾ ᠭᠡᠵᠦ ᠶᠠᠷᠢᠯ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号