ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ ᠲᠠᠷᠢᠶᠠᠨ ᠭᠠᠵᠠᠷ ᠲᠤ ᠥᠯᠥ ᠲᠠᠷᠢᠶᠠᠯᠠᠬᠤ ᠥᠵᠡᠭᠲᠡᠯ ᠢ ᠡᠷᠡᠰ ᠬᠤᠷᠢᠬᠯᠠᠬᠤ ᠬᠡᠷᠡᠭᠲᠡᠢ
ᠨᠡᠶᠢᠲᠡᠯᠡᠭᠰᠡᠨ ᠴᠠᠭ᠄
2019/1/25
     1 ᠳ᠋ᠦ᠋ᠭᠡᠷ ᠰᠠᠷ᠎ᠠ ᠶᠢᠨ 23᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠵᠠᠩ ᠱᠤᠤ ᠴᠦᠨ ᠤᠷᠳᠤᠰ ᠬᠤᠳᠠ ᠳᠤ ᠬᠦᠷᠴᠦ ᠨᠡᠬᠦᠷᠡᠰᠤᠨ ᠠᠭᠤᠷᠬᠠᠢ ᠶᠢᠨ ᠠᠶᠤᠯ ᠦᠭᠡᠢ ᠦᠢᠯᠡᠳᠪᠤᠷᠢᠯᠡᠯ ᠵᠢᠴᠢ ︽ᠲᠠᠷᠢᠶᠠᠨ ᠭᠠᠵᠠᠷ ᠤᠨ ᠨᠡᠷ᠎ᠡ ᠶᠢ ᠵᠢᠭᠠᠨ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠵᠤ ᠰᠢᠮᠳᠠᠭᠤᠯᠤᠨ ᠵᠢᠯᠤᠭᠤᠳᠴᠥ᠂ ᠪᠦᠬᠦ ᠤᠯᠤᠰ ᠤᠨ ᠨᠡᠬᠦᠷᠡᠰᠤᠨ ᠠᠭᠤᠷᠬᠠᠢ ᠶᠢᠨ ᠠᠶᠤᠯ ᠦᠭᠡᠢ ᠦᠢᠯᠡᠳᠪᠤᠷᠢᠯᠡᠯ ᠤᠨ ᠠᠵᠢᠯ ᠤᠨ ᠬᠤᠷᠡᠯ ᠪᠤᠯᠤᠨ ᠦᠪᠡᠷᠳᠡᠭᠡᠨ ᠵᠠᠰᠠᠬᠤ ᠤᠷᠤᠨ ᠤ ᠠᠶᠤᠯ ᠦᠭᠡᠢ ᠦᠢᠯᠡᠳᠪᠤᠷᠢᠯᠡᠯ ᠤᠨ ᠬᠠᠷᠠᠭᠠᠨ ᠳᠠᠪᠲᠠᠮᠵᠢᠲᠤ ᠬᠤᠷᠡᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠤᠷᠢᠯᠡᠯ ᠤᠨ ᠪᠠᠶᠢᠳᠠᠯ ᠤᠨ ᠦᠷᠬᠦᠯᠵᠢᠯᠡᠨ ᠰᠠᠶᠢᠵᠢᠷᠠᠬᠤ ᠶᠢ ᠦᠨᠡᠨ ᠬᠦ ᠪᠠᠳᠤᠯᠠᠬᠤ ᠬᠡᠷᠡᠭᠳᠡᠢ︔ ᠤᠯᠤᠰ ᠲᠦᠷᠦ ᠶᠢᠨ ᠵᠤᠭᠰᠤᠴᠠ ᠪᠠᠨ ᠦᠨᠡᠨ ᠬᠦ ᠲᠡᠭᠡᠭᠰᠢᠯᠡᠬᠦᠯᠵᠥ᠂ ᠲᠠᠷᠢᠶᠠᠨ ᠭᠠᠵᠠᠷ ᠲᠤ ᠥᠯᠥ ᠲᠠᠷᠢᠶᠠᠯᠠᠬᠤ ᠦᠵᠡᠭᠳᠡᠯ ᠢ ᠡᠷᠡᠰ ᠬᠤᠷᠢᠬᠯᠠᠬᠤ ᠬᠡᠷᠡᠭᠳᠡᠢ ᠭᠡᠵᠦ ᠴᠢᠬᠤᠯᠠᠴᠢᠯᠠᠪᠠ᠃      ᠮᠧᠩ ᠲᠠᠢ ᠹᠠᠨ ᠵᠢᠶᠠ ᠼᠦᠨ ᠠᠭᠤᠷᠬᠠᠢ ᠳᠤ᠂ ᠵᠠᠩ ᠱᠤᠤ ᠴᠦᠨ ᠨᠠᠷ ᠠᠵᠥ ᠠᠬᠤᠶᠢᠯᠠᠯ ᠤᠨ ᠠᠶᠤᠯ ᠦᠭᠡᠢ ᠦᠢᠯᠡᠳᠪᠤᠷᠢᠯᠡᠯ ᠤᠨ ᠵᠢᠯᠤᠭᠤᠳᠬᠤ ᠲᠦᠪ ᠢ ᠪᠠᠶᠢᠴᠠᠭᠠᠨ ᠦᠵᠡᠵᠥ᠂ ᠠᠶᠤᠯ ᠦᠭᠡᠢ ᠦᠢᠯᠡᠳᠪᠤᠷᠢᠯᠡᠯ ᠤᠨ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠤᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠤᠨ ᠭᠤᠤᠯ ᠴᠤᠬᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠤᠯᠤᠨ ᠭᠡᠮ ᠰᠤᠭᠤᠬ ᠢ ᠪᠠᠶᠢᠴᠠᠭᠠᠬᠤ ᠶᠢ ᠴᠢᠩᠭᠠᠳᠬᠠᠵᠤ᠂ ᠭᠡᠮ ᠰᠤᠭᠤᠬ ᠢ ᠪᠠᠶᠢᠴᠠᠭᠠᠬᠤ᠂ ᠠᠰᠠᠭᠤᠳᠠᠯ ᠢ ᠴᠡᠭᠴᠡᠯᠡᠨ ᠵᠠᠰᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠲᠤᠰᠠᠯᠠᠬᠤ ᠪᠤᠯᠤᠨ ᠤᠬᠠᠭᠤᠯᠤᠨ ᠬᠦᠮᠦᠵᠢᠭᠦᠯᠬᠦ ᠲᠤᠬᠲᠠᠴᠠ ᠶᠢ ᠪᠦᠷᠢᠨᠰᠢᠭᠦᠯᠵᠦ᠂ ᠡᠯ᠎ᠡ ᠲᠦᠷᠦᠯ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠪᠠᠶᠠᠷ ᠤᠨ ᠡᠳᠦᠷ ᠤᠨ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠤᠯᠤᠨ ᠵᠢᠵᠢᠭᠦᠷᠯᠡᠨ ᠰᠠᠬᠢᠬᠤ ᠶᠢ ᠰᠠᠶᠢᠲᠤᠷ ᠬᠢᠵᠦ᠂ ᠲᠤᠬᠲᠠᠭᠤᠨ ᠰᠠᠶᠢᠨ ᠰᠠᠶᠢᠬᠠᠨ ᠠᠶᠤᠯ ᠦᠭᠡᠢ ᠦᠢᠯᠡᠳᠪᠦᠷᠢᠯᠡᠯ ᠤᠨ ᠤᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠡᠢ ᠭᠡᠵᠡᠢ᠃ ᠰᠢᠨ ᠯᠢᠤᠢ ᠶᠧ ᠮᠠᠯ ᠠᠵᠤ ᠠᠬᠤᠢ ᠲᠠᠷᠢᠶᠠᠯᠠᠩ ᠤᠨ ᠺᠤᠮᠫᠠᠨᠢ ᠶᠢᠨ ᠪᠤᠲᠠᠲᠠᠢ ᠭᠠᠵᠠᠷ ᠲᠤ ᠪᠠᠶᠢᠴᠠᠭᠠᠯᠲᠠ ᠬᠢᠬᠦ ᠳᠤ ᠪᠠᠨ ᠵᠠᠩ ᠱᠤᠤ ᠴᠦᠨ ᠵᠢᠭᠠᠭᠰᠠᠨ ᠎ ᠨᠢ᠂ ︽ᠲᠠᠷᠢᠶᠠᠨ ᠭᠠᠵᠠᠷ ᠤᠨ ᠨᠡᠷ᠎ᠡ ᠶᠢ ᠵᠢᠭᠠᠨ ᠨᠢᠳᠡᠷ ᠢ ᠨᠢ ᠦᠭᠡᠷᠡᠴᠢᠯᠡᠨ ᠪᠦᠲᠦᠭᠡᠨ ᠪᠠᠶᠢᠭᠤᠯᠤᠯᠲᠠ ᠬᠢᠬᠦ ᠠᠰᠠᠭᠤᠳᠠᠯ︾᠎ ᠢ ᠴᠡᠪᠡᠷᠯᠡᠵᠦ ᠴᠡᠭᠴᠡᠯᠡᠨ ᠵᠠᠰᠠᠬᠤ ᠪᠤᠯ ᠨᠢᠭᠡᠨ ᠲᠦᠷᠦᠯ ᠤᠨ ᠴᠢᠬᠤᠯᠠ ᠪᠦᠭᠡᠳ ᠪᠠᠴᠢᠮ ᠡᠭᠦᠷᠭᠡ ᠮᠦᠨ᠂ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠦᠵᠡᠯ ᠰᠠᠨᠠᠭᠠᠨ ᠤ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠤᠴᠢᠷ ᠰᠢᠯᠲᠠᠭᠠᠨ ᠢ ᠪᠦᠬᠦ ᠲᠠᠯ᠎ᠠ ᠪᠠᠷ ᠲᠤᠳᠤᠷᠬᠠᠢ ᠤᠶᠢᠯᠠᠭᠠᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠤᠭᠤᠴᠠᠭ᠎ᠠ ᠶᠤᠰᠤᠭᠠᠷ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠦᠪᠡᠷᠲᠡᠭᠡᠨ ᠵᠠᠰᠠᠬᠤ ᠤᠷᠤᠨ ᠤ ᠪᠠᠶᠢᠭᠠᠯᠢ ᠶᠢᠨ ᠡᠬᠢ ᠪᠠᠶᠠᠯᠢᠬ ᠤᠨ ᠲᠢᠩᠬᠢᠮ᠂ ᠡᠨᠧᠷᠬᠢ ᠶᠢᠨ ᠲᠤᠪᠴᠢᠶᠠᠨ ᠎ ᠤ ᠬᠤᠯᠪᠤᠬᠳᠠᠯ ᠪᠦᠬᠦᠢ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号