ᠪᠦ᠋ ᠰᠢᠶᠤᠤ ᠯᠢᠨ᠄ ᠰᠢᠨ᠎ᠠ ᠬᠦᠭᠵᠢᠯᠳᠡ ᠶᠢᠨ ᠣᠨᠣᠯᠵᠢᠬᠤᠨ ᠪᠠ ᠴᠢᠨᠠᠷ ᠰᠠᠶᠢᠳᠠᠢ ᠬᠦᠭᠵᠢᠯᠳᠡ ᠶᠢᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠨᠡᠶᠢᠳᠡᠪᠦᠷᠢᠵᠢᠭᠤᠯᠬᠤ ᠬᠡᠷᠡᠭᠳᠡᠢ
ᠨᠡᠶᠢᠲᠡᠯᠡᠭᠰᠡᠨ ᠴᠠᠭ᠄
2019/1/27
     1 ᠳ᠋ᠦ᠋ᠭᠡᠷ ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷ ᠎ ᠤᠨ ᠢᠶᠠᠨ ᠪᠠᠶᠢᠭ᠎ᠠ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠪᠤᠭᠤᠳᠤ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠲᠦᠯᠦᠭᠡᠯᠡᠭᠴᠢᠳ ᠲᠠᠢ ᠬᠠᠮᠳᠤ ᠪᠠᠷ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠪᠡ᠃      ᠬᠤᠷᠠᠯ ᠤᠨ ᠲᠠᠯᠠᠪᠠᠢ ᠬᠦᠷ ᠬᠦᠭᠵᠢᠶᠡᠨ ᠢᠶᠠᠷ ᠪᠢᠯᠬᠠᠵᠤ᠂ ᠵᠠᠩ ᠶᠤᠸᠠᠨ ᠵᠦᠩ᠂ ᠵᠤᠤ ᠵᠢᠶᠠᠩ ᠲᠤᠤ᠂ ᠯᠢ ᠴᠢᠤᠸᠠᠨ ᠸᠧᠨ᠂ ᠵᠠᠩ ᠬᠠᠢ ᠹᠧᠩ᠂ ᠶᠠᠩ ᠡᠯ ᠰᠢ᠂ ᠳ᠋ᠸᠤ ᠨᠠᠢ ᠰᠢᠶᠠᠨ᠂ ᠲᠤᠤ ᠵᠢᠩ᠂ ᠲᠢᠶᠠᠨ ᠯᠠᠢ ᠬᠤᠸᠠᠢ᠂ ᠸᠧᠢ ᠱᠤᠸᠠᠨ ᠱᠢ ᠵᠡᠷᠭᠡ ᠲᠦᠯᠦᠭᠡᠯᠡᠭᠴᠢ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠢ ᠬᠢᠨᠠᠨ ᠵᠦᠪᠯᠡᠬᠦ ᠳᠡᠭᠡᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠵᠦ ᠲᠠᠨᠢᠯᠳᠠ ᠪᠠᠨ ᠲᠡᠯᠭᠡᠨ᠂ ᠤᠯᠤᠯᠳᠠ ᠪᠠᠨ ᠶᠠᠷᠢᠵᠤ᠂ ᠰᠠᠨᠠᠯ ᠰᠠᠨᠠᠭᠤᠯᠭ᠎ᠠ ᠲᠤᠷᠠᠳᠴᠠᠢ᠃ ᠲᠦᠯᠦᠭᠡᠯᠡᠭᠴᠢᠳ ᠠᠴᠠ᠂ ᠢᠯᠡᠳᠭᠡᠯ ᠨᠢ ᠡᠬᠢᠯᠡᠬᠦ ᠠᠴᠠ ᠪᠠᠨ ᠳᠠᠭᠤᠰᠳᠠᠯ᠎ᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠢᠯᠡᠷᠡᠭᠦᠯᠦᠨ᠂ ᠠᠮᠵᠢᠯᠳᠡ ᠪᠠᠨ ᠦᠨᠡᠨ ᠪᠤᠳᠠᠳᠠᠢ ᠪᠠᠷ ᠳ᠋ᠦᠩᠨᠡᠵᠤ᠂ ᠠᠵᠢᠯ ᠤᠨ ᠪᠠᠶᠢᠷᠢᠯᠠᠭᠤᠯᠤᠯᠳᠠ ᠶᠢᠨ ᠬᠠᠷᠠᠯᠳᠠ ᠲᠤᠳᠤᠷᠬᠠᠢ᠂ ᠠᠷᠭ᠎ᠠ ᠬᠡᠮᠵᠢᠶ᠎ᠡ ᠡᠷᠴᠢᠮᠳᠡᠢ ᠪᠣᠯᠵᠣ᠂ ᠪᠦᠬᠦ ᠤᠷᠤᠨ ᠎ ᠤ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠭᠦ ᠳᠤ ᠴᠢᠭᠯᠡᠯ ᠢ ᠵᠢᠭᠠᠨ ᠦᠭᠴᠠᠢ ᠬᠡᠵᠤ ᠰᠠᠨᠠᠯ ᠨᠢᠭᠡᠳᠡᠢ ᠦᠵᠡᠵᠡᠭᠡᠪᠡ᠃      ᠪᠦ᠋ ᠰᠢᠶᠤᠤ ᠯᠢᠨ ᠲᠦᠯᠦᠭᠡᠯᠡᠭᠴᠢᠳ ᠤᠨ ᠬᠡᠯᠡᠭᠦ ᠶᠢ ᠬᠢᠨᠠᠮᠠᠭᠠᠢ ᠰᠤᠨᠤᠰᠬᠤ ᠶᠢᠨ ᠬᠠᠮᠳᠤ ᠬᠠᠯᠠᠮᠵᠢᠯᠠᠵᠤ ᠪᠦᠬᠦᠢ ᠠᠰᠠᠭᠤᠳᠠᠯ ᠤᠨ ᠬᠢᠨᠢ ᠲᠤᠬᠠᠢ ᠲᠦᠯᠦᠭᠡᠯᠡᠭᠴᠢᠳ ᠲᠠᠢ ᠬᠦᠨᠵᠡᠭᠡᠢ ᠶᠠᠷᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠦᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠪᠢᠳᠡ ᠬᠦᠴᠢᠷ ᠢ ᠲᠤᠭᠤᠯᠤᠨ ᠪᠡᠷᠭᠡ ᠶᠢ ᠲᠠᠪᠠᠵᠤ᠂ ᠯᠠᠪᠳᠠᠭᠤᠨ ᠪᠠᠳᠤᠳᠠᠢ ᠠᠵᠢᠯᠯᠠᠵᠤ᠂ ᠠᠵᠤ ᠠᠬᠤᠢ ᠨᠡᠶᠢᠭᠡᠮ ᠤᠨ ᠲᠤᠬᠳᠠᠭᠤᠨ ᠪᠦᠭᠡᠳ ᠡᠷᠡᠭᠦᠯ ᠢᠶᠠᠷ ᠬᠦᠭᠵᠢᠭᠦ ᠶᠢ ᠪᠠᠳᠤᠯᠠᠪᠡ᠂ ᠬᠢᠯᠪᠡᠷ ᠪᠣᠰᠣ ᠢᠷᠡᠯᠳᠡ ᠲᠠᠢ ᠡᠳᠡᠭᠡᠷ ᠠᠮᠵᠢᠯᠳᠡ ᠨᠢ᠂ ᠪᠦᠬᠦ ᠤᠷᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠦᠭᠵᠢᠯᠳᠡ ᠶᠢᠨ ᠢᠳᠡᠭᠡᠯ ᠵᠤᠷᠢᠭ ᠢ ᠴᠢᠨᠠᠬᠰᠢᠳᠠ ᠪᠠᠳᠤᠳᠬᠠᠵᠠᠢ᠃ ᠡᠨᠡ ᠵᠢᠯ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠵᠠᠩᠬᠢᠯᠠᠭ᠎ᠠ ᠶᠢᠨ ᠵᠢᠯ ᠪᠣᠯᠣᠨ᠎ᠠ᠂ ᠪᠢᠳᠡᠨ ᠤ ᠡᠯ᠎ᠠ ᠵᠦᠢᠯ ᠤᠨ ᠡᠭᠦᠷᠭᠡ ᠮᠠᠰᠢ ᠬᠦᠨᠳᠦ ᠪᠠᠶᠢᠨ᠎ᠠ᠃ ᠪᠤᠭᠤᠳᠤ ᠬᠤᠳᠠ ᠦᠪᠡᠷᠳᠡᠭᠡᠨ ᠵᠠᠰᠠᠬᠤ ᠤᠷᠤᠨ ᠤ ᠬᠦᠭᠵᠢᠯᠳᠡ ᠶᠢᠨ ᠶᠡᠭᠡ ᠲᠠᠯ᠎ᠠ ᠲᠤᠮᠳᠠ ᠴᠢᠬᠤᠯᠠ ᠪᠠᠶᠢᠷᠢ ᠰᠠᠭᠤᠷᠢ ᠲᠠᠢ᠂ ᠵᠢᠱᠢᠶ᠎ᠠ ᠦᠵᠡᠭᠦᠯᠦᠨ ᠲᠠᠶᠢᠴᠢᠯᠠᠬᠤ ᠦᠢᠯᠡᠳᠦᠯ ᠢᠶᠠᠨ ᠴᠢᠨᠠᠬᠰᠢᠳᠠ ᠰᠠᠶᠢᠳᠤᠷ ᠪᠠᠳᠠᠷᠠᠭᠤᠯᠬᠤ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠎ ᠤᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠭᠦ ᠳᠤ ᠤᠷᠤᠯᠴᠠᠬᠤ ᠦᠶ᠎ᠠ ᠳᠤ ᠪᠢᠳᠡᠨ ᠳᠤ ᠲᠤᠷᠠᠳᠤᠬᠰᠠᠨ ︽ᠭᠤᠷᠪᠠᠨ ᠯᠠᠪᠳᠠᠭᠤᠨ ᠪᠠᠳᠤᠳᠠᠢ︾᠎ ᠶᠢᠨ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠪᠠᠨ ᠪᠠᠳᠤᠯᠠᠨ᠂ ᠪᠠᠶᠢᠳᠠᠯ ᠤᠯᠠᠮ ᠨᠠᠷᠢᠨ ᠪᠤᠳᠤᠯᠢᠶᠠᠨᠳᠠᠢ ᠪᠤᠯ ᠨᠠᠮ ᠤᠨ ᠲᠦᠪ ᠬᠤᠷᠢᠶᠠᠨ ᠤ ᠵᠠᠷᠯᠢᠭ ᠵᠢᠭᠠᠪᠤᠷᠢ ᠶᠢ ᠤᠯᠠᠮ ᠰᠤᠨᠤᠰᠴᠤ᠂ ᠴᠢᠨᠠᠷ ᠰᠠᠶᠢᠳᠠᠢ ᠬᠦᠭᠵᠢᠯᠳᠡ ᠬᠡᠭᠦ ᠡᠨᠡ ᠬᠦ ᠦᠨᠳᠦᠰᠦᠨ ᠱᠠᠭᠠᠷᠳᠠᠯᠭ᠎ᠠ ᠶᠢ ᠪᠠᠳᠤ ᠡᠵᠡᠮᠳᠡᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠬᠢᠬᠦ ᠡᠨᠡ ᠬᠦ ᠭᠤᠤᠯ ᠰᠢᠵᠢᠮ ᠢ ᠪᠠᠳᠣ ᠡᠵᠡᠮᠳᠡᠭᠦ ᠬᠡᠷᠡᠭᠳᠡᠢ᠃ ᠭᠤᠷᠪᠠᠨ ᠰᠢᠪᠲᠤᠯᠤᠯᠲᠠ ᠶᠢᠨ ᠲᠠᠶᠢᠯᠠᠯᠳᠤᠭᠠᠨ ᠢ ᠡᠷᠡᠰ ᠰᠠᠶᠢᠳᠤᠷ ᠬᠢᠵᠤ᠂ ᠡᠯ᠎ᠠ ᠵᠦᠢᠯ ᠤᠨ ᠠᠵᠢᠯ ᠨᠡᠩ ᠭᠤᠤᠯᠳᠠᠯᠭ᠎ᠠ ᠳᠡᠭᠡᠷ᠎ᠡ ᠲᠦᠪᠯᠡᠷᠡᠵᠦ ᠨᠡᠩ ᠤᠨᠤᠪᠴᠢᠳᠠᠢ ᠪᠠᠶᠢᠬᠤ ᠬᠡᠷᠡᠭᠳᠡᠢ ᠭᠡᠵᠡᠢ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠪᠤᠭᠤᠳᠤ ᠬᠤᠳᠠ ᠶᠢᠨ ᠦᠢᠯᠡᠳᠭᠦ ᠦᠢᠯᠡᠰ ᠤᠨ ᠬᠠᠷᠢᠴᠠᠯ ᠶᠡᠭᠡ ᠪᠠᠶᠢᠭ᠎ᠠ ᠲᠠᠪᠠᠭᠤᠯᠢᠭ ᠢᠶᠠᠨ ᠰᠠᠶᠢᠳᠤᠷ ᠪᠠᠳᠠᠷᠠᠭᠤᠯᠤᠨ᠂ ᠬᠤᠳᠠᠯᠳᠤᠭ᠎ᠠ ᠡᠷᠬᠢᠯᠡᠭᠦ ᠤᠷᠴᠢᠨ ᠲᠤᠭᠤᠷᠢᠨ ᠤ ᠪᠠᠶᠢᠭᠤᠯᠤᠯᠳᠠ ᠶᠢ ᠬᠦᠨᠳᠦᠳᠭᠡᠵᠦ᠂ ᠦᠢᠯᠡᠳᠭᠦ ᠦᠢᠯᠡᠰ ᠤᠨ ᠬᠡᠯᠪᠡᠷᠢ ᠶᠢ ᠨᠢ ᠬᠤᠪᠢᠷᠠᠭᠤᠯᠤᠨ ᠲᠡᠰ ᠲᠡᠪᠰᠢᠭᠦᠯᠭᠦ ᠶᠢ ᠲᠦᠷᠭᠡᠳᠭᠡᠵᠤ᠂ ᠪᠦᠬᠦ ᠤᠷᠤᠨ ᠤ ᠦᠢᠯᠡᠳᠭᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠬᠦᠳᠦᠯᠦᠨ ᠲᠠᠶᠢᠴᠢᠯᠠᠬᠤ ᠬᠡᠷᠡᠭᠳᠡᠢ᠃ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠠᠵᠢᠯ ᠢ ᠴᠢᠩᠭᠠᠳᠬᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠰᠠᠶᠢᠳᠤᠷ ᠨᠡᠶᠢᠳᠡᠪᠦᠷᠢᠵᠢᠭᠤᠯᠵᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠦᠵᠡᠰᠭᠦᠯᠡᠩᠳᠦ ᠰᠠᠶᠢᠬᠠᠨ ᠦᠪᠦᠷ ᠮᠤᠩᠭᠤᠯ ᠤᠨ ᠲᠤᠬᠠᠢ ᠬᠦᠰᠡᠯ ᠮᠦᠷᠦᠭᠡᠳᠦᠯ ᠢ ᠪᠤᠳᠠᠳᠤ ᠠᠬᠤᠢ ᠪᠤᠯᠭᠠᠨ ᠬᠤᠪᠢᠷᠠᠭᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号