ᠪᠦ᠋ ᠰᠢᠶᠤᠤ ᠯᠢᠨ ᠠᠵᠦ ᠠᠬᠤᠢ ᠶᠢᠨ ᠡᠳᠡᠭᠡᠳ ᠪᠠ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠡᠳᠡᠬᠡᠳ ᠤᠨ ᠭᠡᠰᠢᠭᠦᠳ ᠤᠨ ᠳᠤᠭᠤᠶᠢᠯᠠᠩ ᠬᠠᠮᠳᠤᠷᠠᠬᠰᠠᠨ ᠶᠠᠷᠢᠯᠴᠠᠬᠤ ᠬᠤᠷᠠᠯ ᠳᠤ ᠤᠷᠤᠯᠴᠠᠬᠤ ᠳᠤ ᠪᠠᠨ ᠬᠡᠯᠡᠭᠰᠡᠨ ᠨᠢ  ᠪᠠᠶᠢᠯᠳᠤᠬᠤ ᠪᠤᠳᠤᠯᠭ᠎ᠠ ᠶᠢᠨ ᠲᠤᠭᠲᠠᠯ ᠬᠦᠴᠦ ᠪᠠᠨ ᠪᠠᠲᠤᠯᠠᠵᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2019/1/28
     1 ᠳ᠋ᠦ᠋ᠭᠡᠷ ᠰᠠᠷ᠎ᠠ ᠶᠢᠨ 27᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠠᠵᠦ ᠠᠬᠤᠢ ᠶᠢᠨ ᠡᠳᠡᠭᠡᠳ ᠪᠠ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠡᠳᠡᠬᠡᠳ ᠤᠨ ᠭᠡᠰᠢᠭᠦᠳ ᠤᠨ ᠳᠤᠭᠤᠶᠢᠯᠠᠩ ᠬᠠᠮᠳᠤᠷᠠᠬᠰᠠᠨ ᠶᠠᠷᠢᠯᠴᠠᠬᠤ ᠬᠤᠷᠠᠯ ᠳᠤ ᠤᠷᠤᠯᠴᠠᠵᠦ᠂ ᠭᠡᠰᠢᠭᠦᠳ ᠤᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠤᠨ ᠲᠤᠬᠠᠢ ᠰᠠᠨᠠᠯ ᠰᠠᠨᠠᠭᠤᠯᠭ᠎ᠠ ᠶᠢ ᠰᠤᠨᠤᠰᠪᠠ᠃      ᠳᠤᠭᠤᠶᠢᠯᠠᠩ ᠬᠠᠮᠳᠤᠷᠠᠬᠰᠠᠨ ᠬᠤᠷᠠᠯ ᠲᠡᠭᠡᠷ᠎ᠠ ᠰᠢᠤᠸᠠᠢ ᠱᠸᠡᠭ ᠴᠢ᠂ ᠴᠧᠨ ᠶᠤᠸᠠᠢ ᠮᠸᠢ᠂ ᠬᠠᠨ ᠳ᠋ᠦᠩ᠂ ᠵᠢᠶᠠ ᠵᠧᠨ ᠭᠦᠸᠧ᠂ ᠯᠢ ᠬᠤᠨᠭ᠌ ᠢ᠂ ᠯᠢ ᠵᠧᠨ ᠰᠢ᠂ ᠸᠠᠩ ᠵᠢᠩ᠂ ᠸᠧᠢ ᠶᠢᠨ ᠵᠦᠡᠭ᠂ ᠶᠠᠩ ᠰᠢ ᠯᠢᠨ ᠵᠡᠷᠭᠡ ᠭᠡᠰᠢᠭᠦᠨ ᠵᠠᠰᠠᠬ ᠤᠨ ᠤᠷᠳᠤᠨ ᠤ ᠠᠵᠢᠯ ᠤᠨ ᠢᠯᠡᠳᠭᠡᠯ ᠤᠨ ᠲᠤᠭᠤᠷᠢᠨ ᠳᠤ ᠲᠡᠷᠢᠭᠦᠨ ᠤ ᠡᠨᠧᠷᠭᠢ ᠬᠠᠳᠠᠭᠠᠯᠠᠬᠤ ᠮᠡᠷᠭᠡᠵᠢᠯ ᠢ ᠬᠦᠭᠵᠢᠭᠦᠯᠭᠦ᠂ ᠮᠠᠯ ᠠᠵᠦ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠦᠭᠵᠢᠯᠳᠠ ᠶᠢ ᠠᠬᠢᠭᠤᠯᠬᠤ᠂ ᠤᠯᠤᠰ ᠤᠨ ᠦᠮᠴᠢᠯᠠᠯ ᠤᠨ ᠠᠵᠦ ᠠᠬᠤᠶᠢᠯᠠᠯ ᠤᠨ ᠦᠭᠡᠷᠡᠴᠢᠯᠡᠯᠳᠡ ᠶᠢ ᠲᠦᠷᠭᠡᠳᠭᠡᠭᠦ᠂ ᠦᠪᠦᠷ ᠮᠣᠩᠭᠤᠯ ᠤᠨ ᠪᠠᠷᠠᠭᠤᠨ ᠪᠠᠶ᠎ᠠ ᠶᠢᠨ ᠴᠠᠭᠢᠯᠭᠠᠨ ᠲᠤᠤᠷ ᠤᠨ ᠬᠦᠭᠵᠢᠯᠳᠠ ᠶᠢ ᠠᠬᠢᠭᠤᠯᠬᠤ᠂ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠢ ᠰᠢᠯᠢᠳᠡᠭᠵᠢᠭᠦᠯᠭᠦ᠂ ᠰᠢᠨ᠎ᠠ ᠬᠠᠭᠤᠴᠢᠨ ᠬᠦᠳᠡᠯᠭᠡᠭᠦ ᠡᠨᠧᠷᠬᠢ ᠶᠢᠨ ᠰᠤᠯᠢᠭᠳᠠᠯ ᠢ ᠲᠦᠷᠭᠡᠳᠭᠡᠭᠦ᠂ ᠠᠵᠦ ᠠᠬᠤᠶᠢᠯᠠᠯ ᠤᠨ ᠰᠲ᠋ᠤᠺ ᠢᠶᠠᠨ ᠵᠠᠬ᠎ᠠ ᠳᠡᠯᠭᠡᠭᠦᠷ ᠲᠤ ᠭᠠᠷᠭᠠᠬᠤ ᠶᠢ ᠲᠡᠮᠵᠢᠭᠦ᠂ ᠦᠪᠡᠷᠮᠢᠴᠡ ᠤᠨᠴᠠᠯᠢᠭ ᠲᠠᠢ ᠲᠠᠪᠠᠭᠤᠯᠢᠬᠳᠤ ᠠᠵᠦ ᠦᠢᠯᠡᠰ ᠢ ᠬᠦᠴᠦᠯᠡᠨ ᠬᠦᠭᠵᠢᠭᠦᠯᠭᠦ᠂ ᠤᠷᠤᠨ ᠪᠦᠰᠡ ᠶᠢᠨ ᠵᠠᠮ ᠬᠠᠷᠢᠯᠴᠠᠭᠠᠨ ᠤ ᠬᠦᠭᠵᠢᠯᠳᠠ ᠶᠢ ᠠᠬᠢᠭᠤᠯᠬᠤ ᠵᠡᠷᠭᠡ ᠲᠠᠯ᠎ᠠ ᠪᠠᠷ ᠲᠤᠰ ᠳᠣᠰ ᠰᠠᠨᠠᠯ ᠰᠠᠨᠠᠭᠤᠯᠭ᠎ᠠ ᠪᠠᠨ ᠲᠤᠷᠠᠳᠴᠠᠢ᠃      ᠤᠯᠠᠨ ᠤ ᠬᠡᠯᠡᠭᠦ ᠶᠢ ᠬᠢᠨᠠᠮᠠᠭᠠᠢ ᠰᠤᠨᠤᠰᠤᠬᠰᠠᠨ ᠤ ᠲᠠᠷᠠᠭ᠎ᠠ ᠪᠦ᠋ ᠰᠢᠶᠤᠤ ᠯᠢᠨ᠂ ᠦᠡᠭᠭᠡᠷᠡᠭᠰᠡᠨ ᠨᠢᠭᠡ ᠵᠢᠯ ᠳᠤ ᠪᠦᠭᠦ ᠤᠷᠤᠨ ᠤ ᠠᠵᠦ ᠠᠬᠤᠢ ᠮᠠᠰᠢ ᠤᠯᠠᠨ ᠬᠦᠴᠢᠷᠳᠠᠯ ᠳᠤ ᠲᠤᠯᠭᠠᠷᠠᠬᠰᠠᠨ ᠪᠤᠯᠪᠠᠴᠤ ᠴᠢᠷᠮᠠᠶᠢᠯᠭ᠎ᠠ ᠪᠠᠷ ᠲᠠᠮᠵᠢᠨ ᠶᠡᠷᠦᠩᠭᠡᠢ ᠴᠤᠬᠴᠠ ᠶᠢᠨ ᠲᠤᠬᠳᠠᠭᠤᠨ ᠢ ᠪᠠᠳᠤᠯᠠᠵᠦ᠂ ᠲᠤᠬᠳᠠᠭᠤᠨ ᠤ ᠲᠤᠮᠳᠠ ᠤᠷᠤᠬᠰᠢᠯᠠᠯᠳᠠ ᠲᠠᠢ ᠪᠤᠯᠪᠠ᠃ ᠡᠨᠡ ᠵᠢᠯ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠳᠤ ᠲᠤᠯᠭᠠᠷᠠᠬᠤ ᠭᠠᠳᠠᠭᠠᠳᠤ ᠤᠷᠴᠢᠨ ᠨᠡᠩ ᠪᠤᠳᠤᠯᠢᠶᠠᠨ ᠲᠠᠢ᠂ ᠠᠶᠤᠯ ᠲᠦᠭᠰᠢᠭᠦᠷᠢ ᠦᠷᠢᠰᠦᠯᠳᠦᠭᠡᠨ ᠨᠡᠩ ᠤᠯᠠᠨ ᠪᠠᠶᠢᠬᠤ ᠲᠤᠯᠠ ᠦᠷᠢᠰᠦᠯᠳᠦᠭᠡᠨ ᠢ ᠤᠬᠳᠤᠬᠤ᠂ ᠬᠦᠴᠢᠷᠳᠠᠯ ᠢ ᠢᠯᠠᠨ ᠲᠠᠪᠠᠭ᠋ᠤ ᠭᠦᠢᠴᠡᠳ ᠪᠡᠯᠡᠳᠭᠡᠯ ᠬᠢᠭᠦ ᠬᠡᠷᠡᠭᠳᠡᠢ᠃ ᠰᠡᠳᠭᠢᠯ ᠢᠶᠠᠨ ᠲᠦᠪᠯᠡᠷᠡᠭᠦᠯᠦᠨ ᠬᠦᠴᠦᠨ ᠢᠶᠠᠨ ᠬᠠᠮᠳᠤᠳᠬᠠᠵᠦ᠂ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠤᠶᠢᠪᠢᠰᠢ ᠦᠭᠡᠢ ᠪᠠᠷᠢᠮᠳᠠᠯᠠᠨ᠂ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠳᠤ ᠲᠤᠷᠠᠳᠤᠬᠰᠠᠨ ᠴᠢᠬᠤᠯᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠲᠤᠬᠳᠠᠯ ᠬᠦᠴᠦ ᠪᠠᠨ ᠪᠠᠳᠤᠯᠠᠨ᠂ ᠴᠢᠨᠠᠷ ᠰᠠᠶᠢᠲᠠᠢ ᠬᠦᠭᠵᠢᠯᠳᠠ ᠭᠡᠰᠡᠨ ᠡᠨᠡ ᠬᠦ ᠦᠨᠳᠤᠰᠤᠨ ᠱᠠᠭᠠᠷᠳᠠᠯᠭ᠎ᠠ ᠶᠢ ᠪᠠᠳᠤ ᠡᠵᠡᠮᠳᠡᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠳᠡ ᠭᠡᠰᠡᠨ ᠡᠨᠡ ᠬᠦ ᠭᠤᠤᠯ ᠰᠢᠵᠢᠮ ᠢ ᠡᠵᠡᠮᠳᠡᠵᠦ᠂ ᠤᠷᠤᠬᠰᠢᠯᠠᠯᠳᠠ ᠶᠢᠨ ᠲᠤᠮᠳᠡᠭᠢ ᠡᠯ᠎ᠠ ᠵᠦᠢᠯ ᠤᠨ ᠬᠦᠴᠢᠷᠳᠠᠯ ᠢ ᠢᠯᠠᠨ ᠲᠠᠪᠠᠵᠦ᠂ ᠬᠦᠭᠵᠢᠯᠳᠠ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠬᠦᠳᠬᠦ ᠬᠡᠷᠡᠭᠳᠡᠢ᠃ ᠦᠪᠡᠷᠳᠡᠭᠡᠨ ᠵᠡᠰᠠᠬᠤ ᠤᠷᠤᠨ ᠠᠴᠠ ᠨᠡᠩ ᠬᠦᠴᠦᠨ ᠪᠦᠬᠦᠢ ᠠᠷᠭ᠎ᠠ ᠬᠡᠮᠵᠢᠶ᠎ᠡ ᠠᠪᠴᠣ᠂ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠢ ᠨᠡᠩ ᠰᠢᠯᠢᠳᠡᠭᠵᠢᠭᠦᠯᠤᠨ᠂ ᠡᠷᠭᠡ ᠲᠡᠭᠰᠢ ᠲᠦᠪ ᠭᠤᠤᠯᠴᠢ᠂ ᠢᠯᠠ ᠲᠤᠳᠤ᠂ ᠵᠢᠱᠢᠵᠤ ᠪᠤᠯᠠᠬᠤᠶᠢᠴᠠ ᠠᠷᠠᠯᠵᠢᠶ᠎ᠠ ᠡᠵᠡᠩᠨᠡᠭᠦ ᠤᠷᠴᠢᠨ ᠲᠤᠭᠤᠷᠢᠨ ᠢ ᠴᠢᠨᠠᠬᠰᠢᠳᠠ ᠰᠢᠯᠢᠳᠡᠭᠵᠢᠭᠦᠯᠦᠨ᠎ᠡ ᠭᠡᠪᠡ᠃      ᠪᠦ᠋ ᠰᠢᠶᠤᠤ ᠯᠢᠨ᠂ ᠭᠡᠰᠢᠭᠦᠳ ᠲᠠᠪᠠᠭᠤᠯᠢᠭ ᠢᠶᠠᠨ ᠪᠠᠳᠠᠷᠠᠭᠤᠯᠤᠨ ᠵᠠᠰᠠᠬ ᠤᠨ ᠤᠷᠳᠤᠨ ᠤ ᠠᠵᠢᠯ ᠳᠤ ᠢᠯᠡᠭᠦᠭᠡᠨ ᠰᠠᠨᠠᠯ ᠰᠠᠨᠠᠭᠤᠯᠭ᠎ᠠ ᠲᠤᠷᠠᠳᠬᠤ ᠶᠢ ᠬᠦᠰᠡᠵᠤ ᠪᠠᠶᠢᠨ᠎ᠠ᠂ ᠦᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠳᠤᠯᠬᠤ ᠪᠠ ᠰᠢᠩᠬᠡᠬᠡᠨ ᠠᠪᠴᠦ᠂ ᠬᠠᠮᠢᠶ᠎ᠠ ᠪᠦᠭᠦᠢ ᠠᠵᠢᠯ ᠢᠶᠠᠨ ᠴᠢᠨᠠᠬᠰᠢᠳᠠ ᠰᠠᠶᠢᠵᠢᠷᠠᠭᠤᠯᠤᠨ᠎ᠠ ᠭᠡᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠎ ᠤᠨ ᠬᠡᠯᠳᠡᠰ ᠤᠨ ᠲᠠᠷᠤᠭ᠎ᠠ ᠸᠠᠩ ᠯᠢ ᠰᠢᠶᠠ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠎ ᠤ ᠲᠡᠳ᠋ ᠲᠡᠷᠢᠭᠦᠯᠡᠭᠴᠢ ᠯᠦᠸᠧ ᡁᠢ ᠬᠤ᠋᠂ ᠯᠢᠤ ᠰᠢᠨ ᠯᠧ᠂ ᠴᠠᠩ ᠵᠢᠶᠦ᠋ᠨ ᠵᠸᠡᠭ᠂ ᠴᠡᠴᠡᠭ ᠶᠠᠷᠢᠯᠴᠠᠬᠤ ᠬᠤᠷᠠᠯ ᠎ ᠳᠤ ᠤᠷᠤᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号