ᠪᠦ᠋ ᠰᠢᠶᠤᠤ ᠯᠢᠨ ᠰᠢᠯᠢ ᠶᠢᠨ ᠭᠤᠤᠯ ᠠᠶᠢᠮᠠᠭ ᠪᠠ ᠪᠠᠶᠠᠨᠨᠠᠭᠤᠷ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠤᠷᠤᠯᠴᠠᠬᠤ ᠳᠤ ᠪᠠᠨ ᠴᠢᠬᠤᠯᠠᠴᠢᠯᠠᠭᠰᠠᠨ ᠨᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠲᠦᠷᠦ ᠶᠢᠨ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ ᠠᠷᠠᠳ ᠤᠯᠠᠨ ᠤ ᠬᠦᠷᠳᠡᠮᠵᠢ ᠶᠢᠨ ᠲᠦᠷᠦᠭᠳᠡᠯ ᠵᠢᠷᠭᠠᠯᠳᠦ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠨᠡᠮᠡᠭᠳᠡᠭᠦᠯᠬᠦ ᠬᠡᠷᠡᠭᠳᠡᠢ
ᠨᠡᠶᠢᠲᠡᠯᠡᠭᠰᠡᠨ ᠴᠠᠭ᠄
2019/1/28
     1 ᠳ᠋ᠦ᠋ᠭᠡᠷ ᠰᠠᠷ᠎ᠠ ᠶᠢᠨ 27᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ ᠎ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠷᠢᠳ ᠬᠤᠵᠢᠳ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠎ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠰᠢᠯᠢ ᠶᠢᠨ ᠭᠤᠤᠯ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠪᠠ ᠪᠠᠶᠠᠨᠨᠠᠭᠤᠷ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠎ ᠢ ᠬᠢᠨᠠᠨ ᠵᠦᠪᠯᠡᠭᠦ ᠳᠤ ᠤᠷᠤᠯᠴᠠᠪᠠ᠃      ᠰᠢᠯᠢ ᠶᠢᠨ ᠭᠤᠤᠯ ᠠᠶᠢᠮᠠᠭ ᠤᠨ ᠲᠦᠯᠦᠭᠡᠯᠡᠭᠴᠢᠳ ᠤᠨ ᠪᠦᠯᠬᠦᠮ ᠤᠨ ᠾᠦᠸᠧ ᠵᠤᠤ ᠯᠢᠶᠠᠩ᠂  ᠬᠤ᠋ ᠴᠧᠩ ᠳ᠋ᠦᠩ᠂ ᠦᠨᠢᠷᠴᠡᠴᠡᠭ᠂ ᠬᠤᠪᠢᠰᠬᠠᠯᠳᠦ ᠵᠡᠷᠭᠡ ᠲᠦᠯᠦᠭᠡᠯᠡᠭᠴᠢ ᠪᠠ ᠪᠠᠶᠠᠨᠨᠠᠭᠤᠷ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠴᠠᠩ ᡁᠢ ᠭᠠᠩ᠂ ᠵᠠᠩ ᠵᠢᠢ ᠰᠢᠨ᠂ ᠴᠧᠨ ᠬᠦᠩ ᠮᠢᠩ᠂ ᠸᠠᠩ ᠡᠦ ᠾᠸᠤ ᠵᠡᠷᠭᠡ ᠲᠦᠯᠦᠭᠡᠯᠡᠭᠴᠢ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠤᠨ ᠲᠤᠭᠤᠷᠢᠨ ᠳᠤ ᠮᠠᠰᠢ ᠬᠦᠭᠵᠢᠶᠡᠨ ᠲᠠᠢ ᠪᠠᠷ ᠣᠯᠣᠯᠳᠠ ᠲᠦᠷᠦᠭᠳᠡᠯ ᠢᠶᠠᠨ ᠶᠠᠷᠢᠪᠠ᠃ ᠤᠯᠠᠨ ᠢᠶᠠᠷ ᠢᠶᠠᠨ᠂ ᠵᠠᠰᠠᠭ ᠤᠨ ᠤᠷᠳᠤᠨ ᠤ ᠠᠵᠢᠯ ᠎ ᠤᠨ ᠢᠯᠡᠳᠭᠡᠯ ᠨᠢ ᠰᠢᠨᠵᠢᠯᠡᠭᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠬᠦᠰᠡᠯ ᠨᠡᠶᠢᠳᠡᠯᠭ᠎ᠠ ᠶᠢᠨ ᠬᠠᠷᠢᠭᠤ ᠲᠤᠰᠬᠠᠯ ᠢ ᠢᠯᠡᠷᠡᠭᠦᠯᠦᠨ᠂ ᠨᠠᠮ ᠤᠨ ᠲᠦᠪ ᠬᠤᠷᠢᠶ᠎ᠠ ᠶᠢᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠬᠤ ᠲᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠢ ᠢᠯᠡᠷᠡᠭᠦᠯᠵᠠᠢ᠃ ᠠᠮᠵᠢᠯᠳᠡ ᠨᠢ ᠬᠦᠮᠦᠰ ᠤᠨ ᠰᠡᠳᠬᠢᠯ ᠢ ᠬᠦᠭᠵᠢᠭᠡᠵᠦ᠂ ᠬᠠᠷᠠᠯᠳᠠ ᠨᠢ ᠬᠦᠮᠦᠰ ᠢ ᠤᠷᠮᠠᠰᠢᠭᠤᠯᠤᠨ ᠲᠠᠪᠰᠢᠭᠤᠯᠵᠦ᠂ ᠢᠯᠡᠳᠭᠡᠯ ᠨᠢ ᠵᠤᠬᠰᠤᠯᠳᠠ ᠦᠨᠳᠦᠷ᠂ ᠤᠯᠠᠨ ᠲᠦᠮᠡᠨ ᠲᠠᠢ ᠤᠢᠢᠷᠠᠳᠤᠬᠰᠠᠨ᠂ ᠠᠷᠠᠳ ᠤᠨ ᠰᠡᠳᠬᠢᠯ ᠢ ᠲᠦᠪᠯᠡᠷᠡᠭᠦᠯᠦᠭᠰᠡᠨ᠂ ᠡᠷᠴᠢ ᠵᠤᠷᠢᠭ ᠢ ᠬᠦᠪᠴᠢᠯᠡᠭᠰᠡᠨ ᠰᠠᠶᠢᠨ ᠢᠯᠡᠳᠭᠡᠯ ᠪᠤᠯᠵᠠᠢ ᠬᠡᠵᠤ ᠦᠵᠡᠪᠡ᠃ ᠲᠦᠯᠦᠭᠡᠯᠡᠭᠴᠢᠳ ᠪᠠᠰᠠ ᠰᠦᠨᠢᠳ ᠤᠨ ᠬᠤᠤᠰ ᠪᠦᠬᠦᠳᠦ ᠲᠡᠮᠡᠭᠡ ᠪᠠ ᠮᠤᠩᠭᠤᠯ ᠠᠳᠤᠭᠤ ᠶᠢᠨ ᠪᠡᠯᠴᠢᠭᠡᠷ ᠤᠨ ᠲᠠᠭᠠᠭᠠᠴᠠ ᠶᠢ ᠨᠤᠭᠤᠯᠤᠨ ᠪᠤᠳᠤᠬᠤ ᠪᠠᠷᠢᠮᠵᠢᠶ᠎ᠠ ᠶᠢ ᠵᠤᠬᠢᠰᠳᠠᠢ ᠠᠭᠤᠵᠢᠭᠤ ᠲᠠᠯᠪᠢᠬᠤ᠂ᠮᠠᠯᠵᠢᠬᠤ ᠤᠷᠤᠨ ᠤ ᠤᠰᠤ ᠣᠮᠳᠠ ᠲᠤᠳᠠᠮᠠᠭ ᠭᠠᠵᠠᠷ ᠤᠷᠤᠨ ᠤ ᠮᠠᠯᠵᠢᠬᠤ ᠡᠷᠦᠭᠡ ᠶᠢᠨ ᠬᠡᠷᠡᠭᠯᠡᠭᠦ ᠤᠰᠤᠨ ᠤ ᠠᠰᠠᠭᠤᠳᠠᠯ ᠢ ᠬᠦᠴᠦᠯᠡᠨ ᠰᠢᠢᠳᠪᠦᠷᠢᠯᠡᠭᠦ᠂ ᠭᠠᠴᠠᠭ᠎ᠠ ᠲᠤᠰᠬᠤᠨ ᠤ ᠬᠠᠮᠳᠤ ᠶᠢᠨ ᠠᠵᠤ ᠠᠬᠤᠢ ᠶᠢ ᠲᠦᠷᠭᠡᠳᠭᠡᠨ ᠬᠦᠭᠵᠢᠭᠦᠯᠭᠦ᠂ ᠤᠯᠠᠭᠠᠨᠪᠤᠬ᠎ᠠ ᠡᠯᠡᠰᠦ ᠶᠢ ᠶᠡᠷᠦᠩᠬᠡᠶᠢᠯᠡᠨ ᠵᠠᠰᠠᠬᠤ ᠡᠷᠴᠢᠮ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠬᠤ ᠲᠤᠬᠠᠢ ᠵᠡᠷᠭᠡ ᠰᠠᠨᠠᠯ ᠰᠠᠨᠠᠭᠤᠯᠭ᠎ᠠ ᠪᠠᠨ ᠲᠡᠪᠰᠢᠭᠦᠯᠵᠡᠢ᠃      ᠪᠦ᠋ ᠰᠢᠶᠤᠤ ᠯᠢᠨ ᠲᠦᠯᠦᠭᠡᠯᠡᠭᠴᠢᠳ ᠤᠨ ᠬᠡᠯᠡᠭᠦ ᠶᠢ ᠬᠢᠨᠠᠮᠠᠭᠠᠢ ᠰᠤᠨᠤᠰᠬᠤ ᠶᠢᠨ ᠲᠠᠭᠠᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ ᠤᠯᠠᠨ ᠲᠠᠢ ᠢᠳᠡᠪᠬᠢᠳᠡᠢ ᠪᠠᠷ ᠬᠤᠷᠰᠢᠯᠴᠠᠵᠤ ᠰᠠᠨᠠᠯ ᠢᠶᠠᠨ ᠰᠤᠯᠢᠯᠴᠠᠪᠠ᠃ ᠲᠡᠷᠡ ᠵᠢᠭᠠᠵᠤ ᠭᠠᠷᠭᠠᠭᠰᠠᠨ ᠨᠢ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ᠂ ᠤᠨᠴᠠᠯᠢᠬᠳᠦ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠎ ᠤ ᠲᠠᠪᠠᠭᠤᠯᠢᠬᠳᠤ ᠤᠷᠤᠨ ᠢ ᠡᠭᠦᠳᠦᠨ ᠪᠠᠶᠢᠭᠤᠯᠵᠤ᠂ ᠴᠢᠨᠠᠷᠯᠢᠭ ᠪᠤᠬᠢᠷᠳᠦᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠲᠦᠷᠦᠯ ᠲᠡᠮᠳᠡᠭ ᠤᠨ ᠨᠦᠯᠦᠭᠡᠯᠡᠭᠦ ᠬᠦᠴᠦᠨ ᠢ ᠲᠡᠭᠡᠭᠰᠢᠯᠡᠭᠦᠯᠭᠦ ᠬᠡᠷᠡᠭᠳᠡᠢ᠃ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠤᠷᠤᠨ ᠤ ᠬᠦᠮᠦᠰ ᠎ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠶᠡᠭᠡ ᠪᠠᠷ ᠴᠡᠭᠴᠡᠯᠡᠨ ᠵᠠᠰᠠᠵᠤ᠂ ᠵᠤᠷᠯᠤᠩ᠂ ᠬᠤᠭ ᠨᠤᠪᠰᠢ᠂ ᠪᠤᠬᠢᠷ ᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠮᠠᠯᠵᠢᠬᠤ ᠲᠠᠷᠢᠶᠠᠯᠠᠬᠤ ᠤᠷᠤᠨ ᠤ ᠤᠯᠠᠨ ᠲᠦᠮᠡᠨ ᠳᠤ ᠦᠭᠡᠷᠡᠴᠢᠯᠡᠯᠳᠡ ᠬᠦᠭᠵᠢᠯᠳᠡ ᠶᠢᠨ ᠦᠷ᠎ᠠ ᠪᠦᠳᠦᠭᠡᠯ ᠢ ᠬᠠᠮᠳᠤ ᠪᠠᠷ ᠡᠳ᠋ᠯᠡᠭᠦᠯᠵᠤ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号