ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠷᠤᠭ᠎ᠠ ᠨᠠᠷ ᠤᠨ ᠬᠤᠷᠠᠯ ᠬᠤᠷᠠᠯᠳᠤᠪᠠ  ᠶᠠᠩ ᠸᠧᠢ ᠳ᠋ᠦᠩ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2019/1/28
     1 ᠳ᠋ᠦ᠋ᠭᠡᠷ ᠰᠠᠷ᠎ᠠ ᠶᠢᠨ 27᠎ ᠤ ᠡᠳᠦᠷ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠷᠤᠭ᠎ᠠ ᠨᠠᠷ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠬᠤᠷᠠᠯ ᠠᠴᠠ ᠨᠠᠮ ᠤᠨ ᠲᠦᠪ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠪᠤᠯᠤᠨ ᠪᠦᠬᠦ ᠤᠯᠤᠰ ᠤᠨ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠨᠠᠷ ᠤᠨ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠳᠤᠨᠤᠨ ᠤ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠠᠵᠢᠯ ᠢ ᠳ᠋ᠦᠩᠨᠡᠨ᠂ ᠬᠤᠶᠢᠰᠢᠳᠠ ᠶᠢᠨ ᠠᠵᠢᠯ ᠢᠶᠠᠨ ᠲᠤᠬᠢᠷᠠᠭᠤᠯᠤᠨ ᠪᠠᠶᠢᠷᠢᠯᠠᠭᠤᠯᠵᠠᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ᠂ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠲᠠᠷᠤᠭ᠎ᠠ ᠶᠠᠩ ᠸᠧᠢ ᠳ᠋ᠦᠩ ᠬᠤᠷᠠᠯ ᠳᠤ ᠤᠷᠤᠯᠴᠠᠬᠰᠠᠨ ᠪᠦᠬᠡᠳ ᠶᠠᠷᠢᠶ᠎ᠠ ᠲᠠᠯᠪᠢᠪᠠ᠃      ᠶᠠᠩ ᠸᠧᠢ ᠳ᠋ᠦᠩ ᠴᠢᠬᠤᠯᠠᠴᠢᠯᠠᠭᠰᠠᠨ ᠨᠢ᠂ ᠨᠢᠳᠤᠨᠤᠨ ᠤ ᠤᠯᠤᠬᠰᠠᠨ ᠦᠢᠯᠡᠳᠦᠯᠬᠡ ᠶᠢᠨ ᠦᠷ᠎ᠡ ᠪᠦᠳᠦᠬᠡᠯ ᠎ ᠤᠨ ᠢᠶᠠᠨ ᠳᠣᠭᠤᠷᠢᠨ ᠳᠤ ᠲᠤᠳᠤᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠦᠭᠵᠢᠯᠳᠡ ᠶᠢᠨ ᠵᠢᠮ᠎ᠠ ᠶᠤᠰᠤ ᠶᠢᠨ ᠳᠣᠬᠠᠢ ᠲᠠᠨᠢᠯᠳᠠ ᠪᠠᠨ ᠦᠨᠡᠨ ᠬᠦ ᠨᠢᠬᠡᠳᠭᠡᠬᠦ ᠬᠡᠷᠡᠭᠳᠡᠢ᠃ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠬᠦᠨᠳᠦ ᠶᠡᠭᠡ ᠲᠡᠦᠬᠡᠳᠦ ᠡᠬᠦᠷᠬᠡ ᠶᠢᠨ ᠳᠣᠭᠤᠷᠢᠨ ᠳᠤ ︽ᠲᠦᠷᠪᠡᠨ ᠰᠢᠪᠲᠤᠯᠤᠯᠲᠠ ᠶᠢᠨ ᠳᠠᠶᠢᠯᠠᠯᠳᠤᠭᠠᠨ︾᠎ ᠢ ᠰᠠᠶᠢᠲᠤᠷ ᠬᠢᠬᠦ ᠢᠳᠡᠬᠡᠯ ᠵᠣᠷᠢᠭ ᠡᠷᠡᠰ ᠵᠤᠷᠢᠭ ᠢᠶᠠᠨ ᠦᠨᠡᠨ ᠬᠦ ᠪᠠᠳᠤᠳᠬᠠᠬᠤ ᠬᠡᠷᠡᠭᠳᠡᠢ᠃ ︽ᠬᠠᠷ᠎ᠠ ᠪᠦᠯᠦᠭᠳᠡᠨ ᠢ ᠠᠷᠢᠯᠭᠠᠬᠤ᠂ ᠬᠠᠮᠠᠭᠠᠯᠠᠯᠳᠠ ᠶᠢᠨ ᠰᠢᠭᠦᠷ ᠲᠤ ᠨᠢ ᠴᠣᠬᠢᠯᠳᠠ ᠦᠭᠬᠦ᠂ ᠰᠠᠭᠤᠷᠢ ᠶᠢ ᠨᠢ ᠠᠷᠢᠯᠭᠠᠬᠤ︾ ᠭᠤᠤᠯ ᠡᠬᠦᠷᠬᠡ ᠶᠢᠨ ᠲᠤᠭᠤᠷᠢᠨ ᠳᠤ ᠬᠠᠷ᠎ᠠ ᠪᠦᠯᠦᠭᠳᠡᠨ ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠳᠤ ᠪᠦᠬᠦ ᠲᠠᠯ᠎ᠠ ᠪᠠᠷ ᠲᠠᠭᠠᠷᠢᠯᠳᠠ ᠬᠢᠵᠦ ᠰᠢᠪᠲᠤᠯᠬᠤ ᠪᠠᠶᠢᠳᠠᠯ ᠢ ᠦᠨᠡᠨ ᠬᠦ ᠪᠠᠳᠤᠯᠠᠬᠤ ᠬᠡᠷᠡᠭᠳᠡᠢ᠃ ᠨᠡᠶᠢᠭᠡᠮ ᠤᠨ ᠵᠠᠰᠠᠯᠳᠠ ᠶᠢ ᠭᠦᠨᠵᠡᠭᠡᠶᠢᠷᠡᠭᠦᠯᠬᠦ ᠠᠬᠤᠶᠢᠴᠢ ᠬᠡᠷᠡᠭᠴᠡᠭᠡ ᠱᠠᠭᠠᠷᠳᠠᠯᠭ᠎ᠠ ᠶᠢᠨ ᠳᠣᠭᠤᠷᠢᠨ ᠳᠤ ︽ᠠᠮᠤᠷ ᠠᠮᠤᠭᠤᠯᠠᠩ ᠦᠪᠦᠷ ᠮᠤᠩᠭᠤᠯ︾᠎ ᠤᠨ ᠪᠦᠳᠦᠬᠡᠨ ᠪᠠᠶᠢᠭᠤᠯᠤᠯᠲᠠ ᠶᠢᠨ ᠴᠢᠨᠠᠷ ᠴᠢᠨᠰᠠᠭ᠎ᠠ ᠲᠦᠪᠰᠢᠨ ᠢ ᠦᠨᠡᠨ ᠬᠦ ᠲᠡᠭᠡᠭᠰᠢᠯᠡᠬᠦᠯᠬᠦ ᠬᠡᠷᠡᠭᠳᠡᠢ᠃ ᠦᠬᠡᠷᠡᠴᠢᠯᠡᠯᠳᠡ ᠬᠢᠵᠦ ᠴᠠᠬᠳᠠᠭ᠎ᠠ ᠶᠢ ᠬᠦᠴᠦᠷᠭᠡᠭᠵᠢᠬᠦᠯᠬᠦ ᠪᠤᠯᠤᠨ ︽ᠤᠶᠤᠨᠴᠢ ᠲᠤᠳᠤᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢᠨ ᠬᠦᠭᠵᠢᠯᠳᠡ ᠶᠢᠨ ᠶᠡᠭᠡ ᠪᠠᠶᠢᠳᠠᠯ ᠤᠨ ᠳᠣᠭᠤᠷᠢᠨ ᠳᠤ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ ᠪᠦᠬᠦᠯᠢ ᠴᠤᠬᠴᠠ ᠶᠢᠨ ᠪᠦᠳᠦᠮᠵᠢ ᠴᠢᠳᠠᠪᠤᠷᠢ ᠶᠢ ᠦᠨᠡᠨ ᠬᠦ ᠴᠢᠩᠭᠠᠳᠬᠠᠬᠤ ᠬᠡᠷᠡᠭᠳᠡᠢ᠃ ︽ᠭᠤᠷᠪᠠᠨ ᠵᠢᠯ ᠤᠨ ᠠᠬᠢᠭᠤᠯᠬᠤ ᠢᠨᠵᠧᠨᠧᠷᠢᠩ︾᠎ ᠤᠨ ᠡᠬᠦᠷᠬᠡ ᠱᠠᠭᠠᠷᠳᠠᠯᠭ᠎ᠠ ᠶᠢᠨ ᠳᠣᠭᠤᠷᠢᠨ ᠳᠤ ᠲᠤᠳᠤᠭᠠᠳᠤ ᠶᠢ ᠬᠠᠮᠠᠭᠠᠯᠠᠬᠤ ᠦᠨᠳᠦᠰᠦᠨ ᠱᠠᠳᠤᠨ ᠤ ᠰᠠᠭᠤᠷᠢ ᠪᠠᠭᠤᠷᠠᠢ ᠪᠠᠶᠢᠭ᠎ᠠ ᠬᠦᠴᠢᠷᠳᠡᠯ ᠲᠠᠢ ᠠᠰᠠᠭᠤᠳᠠᠯ ᠢ ᠦᠨᠡᠨ ᠬᠦ ᠢᠯᠠᠨ ᠲᠠᠪᠠᠭ᠋ᠤ ᠬᠡᠷᠡᠭᠳᠡᠢ᠃ ︽ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ︾ ᠶᠡᠷᠦᠩᠬᠡᠢ ᠬᠦᠭ ᠠᠶᠠᠰ ᠢ ᠡᠵᠡᠮᠳᠡᠨ᠂ ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠶᠢᠨ ᠠᠮᠤᠷ ᠢ ᠬᠠᠮᠠᠭᠠᠯᠠᠵᠤ ᠲᠤᠬᠳᠠᠭᠤᠨ ᠢ ᠬᠠᠮᠠᠭᠠᠯᠠᠬᠤ ᠠᠵᠢᠯ ᠢᠶᠠᠷ ᠭᠤᠤᠯ ᠰᠢᠵᠢᠮ ᠢᠶᠠᠨ ᠪᠤᠯᠭᠠᠵᠤ᠂ ᠪᠦᠬᠦ ᠤᠷᠤᠨ ᠤ ᠲᠤᠳᠤᠭᠠᠳᠤ ᠶᠢ ᠬᠠᠮᠠᠭᠠᠯᠠᠬᠤ ᠠᠵᠢᠯ ᠤᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号