1 ᠳ᠋ᠦ᠋ᠭᠡᠷ ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠲᠡᠷᠢᠭᠦᠯᠡᠭᠴᠢᠳ ᠤᠨ ᠪᠦᠯᠭᠦᠮ ᠬᠤᠶᠠᠳᠤᠭᠠᠷ ᠤᠳᠠᠭ᠎ᠠ ᠶᠢᠨ ᠬᠤᠷᠠᠯ ᠬᠢᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ 63 ᠪᠦᠷᠢᠯᠳᠦᠭᠦᠨ ᠲᠠᠢ᠂ 62 | ᠬᠦᠮᠦᠨ ᠨᠢ ᠡᠨᠡ ᠣᠳᠠᠭ᠎ᠠ ᠶᠢᠨ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ ᠲᠤᠭ᠎ᠠ ᠳᠤ | ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠯᠢ ᠵᠢᠢ ᠾᠸᠡᠭ | ᠬᠤᠷᠠᠯ ᠢ ᠡᠷᠬᠢᠯᠡᠵᠦ᠂ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ ᠨᠠᠰᠤᠨᠮᠦ᠋ᠡᠭᠭᠡ᠂ ᠸᠠᠩ | ᠪᠦᠸᠧ᠂ ᠡᠤ ᠲᠤᠸᠠᠨ ᠶᠢᠩ᠂ ᠯᠢ ᠷᠦᠡᠭ ᠰᠢ᠂ ᠯᠢᠶᠠᠨ ᠰᠤ᠋᠂ ᠾᠧ ᠶᠠᠨ ᠯᠢᠩ᠂ ᠱᠢ ᠸᠧᠨ ᠰᠢᠤᠸᠠᠢ ᠬᠤᠷᠠᠯ ᠳᠤ | ᠤᠷᠤᠯᠴᠠᠵᠠᠢ᠃ | ᠬᠤᠷᠠᠯ ᠠᠴᠠ ᠶᠡᠭᠡ ᠬᠤᠷᠠᠯ ᠤᠨ ᠲᠡᠳ᠋ ᠨᠠᠷᠢᠨ ᠪᠢᠴᠢᠭ ᠤᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ ᠲᠡᠳ᠋ ᠲᠠᠷᠤᠭ᠎ᠠ ᠵᠸᠤ ᠺᠠᠢ ᠶᠢᠨ ᠬᠢᠭᠰᠡᠨ ᠦᠪᠤᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠠᠴᠠ ᠰᠤᠩᠭᠤᠬᠤ ᠦᠪᠡᠷᠳᠡᠭᠡᠨ ᠵᠠᠰᠠᠬᠤ ᠤᠷᠤᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠰᠠᠳ | ᠤᠨ ᠰᠠᠨᠠᠭᠤᠯᠭ᠎ᠠ ᠶᠢᠨ ᠨᠡᠷᠡᠰ ᠤᠨ ᠲᠤᠬᠠᠢ ᠲᠤᠳᠤᠷᠬᠠᠶᠢᠯᠠᠯᠳᠠ ᠶᠢ ᠰᠤᠨᠤᠰᠴᠤ᠂ ︽ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠠᠴᠠ ᠰᠤᠩᠭᠤᠬᠤ ᠦᠪᠡᠷᠳᠡᠭᠡᠨ ᠵᠠᠰᠠᠬᠤ ᠤᠷᠤᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠡᠰᠢᠭᠦᠨ ᠤ ᠵᠢᠱᠢᠭᠳᠡᠭᠰᠠᠳ ᠤᠨ | ᠰᠠᠨᠠᠭᠤᠯᠭ᠎ᠠ ᠶᠢᠨ ᠨᠡᠷᠡᠰ︾ ᠢ ᠪᠠᠳᠤᠯᠠᠵᠦ᠂ ᠵᠢᠱᠢᠭᠳᠡᠭᠰᠠᠳ ᠤᠨ ᠨᠡᠷᠡᠰ ᠢ ᠲᠠᠷᠤᠮᠠᠯᠯᠠᠨ ᠪᠦᠭᠦ ᠲᠦᠯᠦᠭᠡᠯᠡᠭᠴᠢᠳ ᠲᠤ | ᠲᠠᠷᠬᠠᠭᠠᠵᠦ ᠵᠦᠪᠳᠡᠭᠦᠯᠵᠦ ᠶᠠᠷᠢᠯᠴᠠᠭᠤᠯᠬᠤ ᠪᠠᠷ ᠲᠤᠬᠳᠠᠪᠠ᠃ | ᠬᠤᠷᠠᠯ ᠠᠴᠠ ︽ᠲᠦᠯᠦᠭᠡᠯᠡᠭᠴᠢᠳ ᠬᠤᠯᠪᠤᠭᠠᠯᠠᠨ ᠵᠢᠱᠢᠭᠳᠡᠭᠰᠡᠳ ᠢ ᠨᠡᠷ᠎ᠠ ᠲᠤᠷᠠᠳᠬᠤ ᠴᠠᠬ ᠤᠨ ᠬᠢᠵᠠᠭᠠᠷ | ᠤᠨ ᠲᠤᠬᠠᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠬᠤᠶᠠᠳᠤᠭᠠᠷ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠲᠤᠬᠳᠠᠭᠠᠯ︾ ᠢ ᠪᠠᠳᠤᠯᠠᠵᠦ᠂ | ᠪᠠᠳᠤᠯᠠᠬᠰᠠᠨ ᠤ ᠲᠠᠷᠠᠭᠠᠭᠢ ᠲᠤᠬᠳᠠᠭᠠᠯ ᠢ ᠲᠠᠷᠤᠮᠠᠯᠯᠠᠨ ᠪᠦᠭᠦ ᠲᠦᠯᠦᠭᠡᠯᠡᠭᠴᠢᠳ ᠲᠤ ᠲᠠᠷᠬᠠᠭᠠᠬᠤ ᠪᠠᠷ ᠲᠤᠬᠳᠠᠵᠠᠢ᠃ | |