ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠬᠤᠶᠠᠳᠤᠭᠠᠷ ᠬᠤᠷᠠᠯ 1 ᠳ᠋ᠦ᠋ᠭᠡᠷ ᠰᠠᠷ᠎ᠠ ᠶᠢᠨ 28 ᠤ ᠡᠳᠦᠷ ᠦᠪᠤᠷ ᠮᠤᠩᠭᠤᠯ ᠤᠨ ᠠᠷᠠᠳ | ᠤᠨ ᠬᠤᠷᠠᠯ ᠤᠨ ᠲᠠᠩᠭᠢᠮ ᠳᠤ ᠬᠤᠶᠠᠳᠤᠭᠠᠷ ᠣᠳᠠᠭ᠎ᠠ ᠶᠢᠨ ᠪᠦᠭᠦᠳᠡ ᠬᠤᠷᠠᠯ ᠬᠢᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ | ᠲᠡᠷᠢᠭᠦᠯᠡᠭᠴᠢ ᠸᠠᠩ ᠪᠦᠸᠧ ᠬᠤᠷᠠᠯ ᠢ ᠡᠷᠬᠢᠯᠡᠵᠠᠢ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ | ᠪᠠᠶᠢᠡᠭᠭᠤ ᠶᠢᠨ ᠲᠡᠷᠢᠭᠦᠯᠡᠭᠴᠢ᠂ ᠭᠦᠢᠴᠡᠳᠭᠡᠭᠦ ᠲᠡᠷᠢᠭᠦᠯᠡᠭᠴᠢ ᠡᠤ ᠲᠤᠸᠠᠨ ᠶᠢᠩ᠂ ᠯᠢ ᠷᠦᠡᠭ ᠰᠢ᠂ ᠶᠡᠭᠡ ᠬᠤᠷᠠᠯ | ᠤᠨ ᠭᠦᠢᠴᠡᠳᠭᠡᠭᠦ ᠲᠡᠷᠢᠭᠦᠯᠡᠭᠴᠢ ᠵᠤᠤ ᠵᠢᠶᠠᠩ ᠲᠤᠤ᠂ ᠢᠤᠢ ᠯᠢ ᠰᠢᠨ᠂ ᠯᠦᠸᠧ ᠬᠤ᠋ ᠽᠠᠢ᠂ ᠱᠢ ᠸᠠᠨ ᠵᠢᠶᠦ᠋ᠨ | ᠲᠡᠷᠢᠭᠦᠯᠡᠭᠴᠢᠳ ᠤᠨ ᠲᠠᠶᠢᠰᠠᠨ ᠤ ᠡᠮᠦᠨ᠎ᠠ ᠮᠦᠷ ᠲᠤ ᠰᠠᠭᠠᠳᠠᠪᠠ᠃ | ᠯᠢ ᠵᠢᠢ ᠾᠸᠡᠭ᠂ ᠪᠦ᠋ ᠰᠢᠶᠤᠤ ᠯᠢᠨ᠂ ᠯᠢ ᠰᠢᠤ ᠯᠢᠩ᠂ ᠸᠠᠩ ᠯᠢ ᠰᠢᠶᠠ᠂ ᠮᠠ ᠰᠢᠤᠸᠠᠢ ᠵᠢᠶᠦ᠋ᠨ᠂ ᠽᠸᠡᠭ | ᠢ ᠴᠦᠨ᠂ ᠯᠢᠤ ᠴᠢ ᠹᠠᠨ᠂ ᠵᠠᠩ ᠶᠤᠸᠠᠨ ᠵᠦᠡᠭ᠂ ᠶᠦᠨ ᠭᠤᠸᠠᠩ ᠵᠦᠡᠭ᠂ ᠪᠠᠢ ᠢᠤᠢ ᠭᠠᠨᠭ᠌᠂ ᠯᠦᠸᠧ ᠶᠦᠡᠭ | ᠭᠠᠨᠭ᠌᠂ ᠯᠢ ᠵᠢᠶᠧ ᠰᠢᠶᠠᠩ᠂ ᠯᠸᠡᠭ ᠵᠢᠶᠧ ᠰᠦᠡᠭ ᠵᠡᠷᠭᠡ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠵᠢᠴᠢ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠦᠷᠢᠯᠳᠦᠭᠦᠨ ᠨᠠᠷ ᠲᠡᠷᠢᠭᠦᠯᠡᠭᠴᠢᠳ ᠤᠨ ᠲᠠᠶᠢᠰᠠᠨ ᠳᠤ | ᠰᠠᠭᠠᠳᠠᠵᠠᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠲᠦᠯᠦᠭᠡᠯᠡᠭᠴᠢ ᠣᠳᠣ 538 ᠬᠦᠮᠦᠨ ᠪᠣᠢ᠂ 523 | ᠬᠦᠮᠦᠨ ᠨᠢ ᠲᠤᠰ ᠤᠳᠠᠭ᠎ᠠ ᠶᠢᠨ ᠪᠦᠭᠦᠳᠡ ᠬᠤᠷᠠᠯ ᠳᠤ ᠤᠷᠤᠯᠴᠠᠵᠦ᠂ ᠬᠠᠤᠯᠢ ᠳᠤ ᠲᠤᠬᠳᠠᠭᠠᠬᠰᠠᠨ ᠬᠦᠮᠦᠨ ᠤ | ᠲᠤᠭ᠎ᠠ ᠳᠤ ᠨᠡᠶᠢᠴᠡᠪᠡ᠃ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ | ᠬᠤᠷᠢᠶᠠᠨ ᠤ ᠪᠠᠶᠢᠡᠭᠭᠤ ᠶᠢᠨ ᠲᠡᠳ᠋ ᠲᠡᠷᠢᠭᠦᠯᠡᠭᠴᠢ ᠨᠠᠰᠤᠨᠮᠦ᠋ᠡᠭᠭᠡ ᠶᠡᠭᠡ ᠬᠤᠷᠠᠯ ᠳᠤ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ | ᠤ ᠠᠵᠢᠯ ᠤᠨ ᠮᠡᠳᠡᠭᠦᠯᠦᠯᠳᠡ ᠬᠢᠵᠠᠢ᠃ | ᠨᠠᠰᠤᠨᠮᠦ᠋ᠡᠭᠭᠡ᠂ 2018 ᠣᠨ ᠪᠤᠯ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ | ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠤᠰᠢᠶᠠᠯ ᠢᠶᠠᠨ | ᠭᠦᠢᠴᠡᠳᠭᠡᠭᠰᠡᠨ ᠠᠩᠬᠠᠨ ᠤ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠪᠠᠶᠢᠡᠭᠭᠤ ᠶᠢᠨ ᠬᠤᠷᠢᠶ᠎ᠠ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ ᠴᠠᠭ ᠦᠶ᠎ᠠ ᠶᠢᠨ | ᠱᠠᠭᠠᠷᠳᠠᠯᠭ᠎ᠠ ᠶᠢ ᠡᠵᠡᠮᠳᠡᠨ᠂ ᠲᠡᠤᠭᠡᠳᠤ ᠡᠭᠦᠷᠭᠡ ᠬᠠᠷᠢᠭᠤᠴᠠᠯᠭ᠎ᠠ ᠪᠠᠨ ᠪᠡᠳᠤ ᠴᠡᠭᠡᠵᠢᠯᠡᠵᠦ᠂ ᠪᠦᠭᠦ ᠤᠷᠤᠨ ᠤ | ᠠᠵᠢᠯ ᠤᠨ ᠶᠡᠭᠡ ᠲᠠᠯ᠎ᠠ ᠶᠢᠨ ᠲᠤᠭᠤᠷᠢᠨ ᠳᠤ ᠬᠠᠤᠯᠢ ᠶᠤᠰᠤᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ | ᠪᠦᠭᠦ ᠵᠢᠯ ᠳᠤ ᠨᠡᠶᠢᠳᠡ 24 ᠤᠷᠤᠨ ᠨᠤᠳᠤᠬ ᠤᠨ ᠴᠢᠨᠠᠷᠳᠠᠢ ᠬᠠᠤᠯᠢ ᠳᠣᠭᠳᠠᠭᠠᠯ᠂ ᠳ᠋ᠠᠩ ᠢᠶᠠᠷ ᠬᠡᠷᠡᠭᠵᠢᠭᠦᠯᠭᠦ | ᠲᠦᠷᠢᠮ ᠢ ᠲᠤᠬᠳᠠᠭᠠᠭᠰᠠᠨ ᠪᠣᠶᠣ ᠵᠠᠰᠠᠪᠤᠷᠢ ᠤᠷᠤᠭᠤᠯᠵᠦ ᠵᠥᠪᠰᠢᠶᠡᠷᠡᠨ᠂ 25 ᠤᠷᠤᠨ ᠨᠤᠳᠤᠬ ᠤᠨ ᠴᠢᠨᠠᠷᠳᠠᠢ | ᠬᠠᠤᠯᠢ ᠳᠣᠭᠳᠠᠭᠠᠯ ᠢ ︽ᠬᠠᠮᠳᠤᠷᠠᠭᠤᠯᠤᠨ︾ ᠵᠠᠰᠠᠪᠤᠷᠢ ᠤᠷᠤᠭᠤᠯᠤᠬᠰᠠᠨ ᠪᠤᠶᠤ ᠬᠦᠴᠦᠨ ᠦᠭᠡᠢ ᠪᠤᠯᠭᠠᠵᠦ᠂ 39 | ᠲᠦᠷᠦᠯ ᠤᠨ ᠬᠢᠨᠠᠯᠳᠠ ᠲᠠᠯᠪᠢᠬᠤ ᠠᠵᠢᠯ ᠦᠷᠨᠢᠭᠦᠯᠵᠦ᠂ 9 ᠲᠤᠬᠳᠠᠭᠠᠯ ᠰᠢᠢᠳᠪᠤᠷᠢ ᠭᠠᠷᠭᠠᠨ᠂ 370 ᠤᠷᠤᠨ | ᠨᠤᠳᠤᠬ ᠤᠨ ᠤᠯᠤᠰ ᠤᠨ ᠪᠠᠶᠢᠭᠤᠯᠭ᠎ᠠ ᠶᠢᠨ ᠠᠵᠢᠯᠳᠠᠨ ᠢ ᠲᠤᠰᠢᠶᠠᠯ ᠳᠤ ᠲᠤᠮᠢᠯᠠᠬᠰᠠᠨ ᠪᠤᠶᠤ ᠲᠤᠰᠢᠶᠠᠯ ᠠᠴᠠ ᠨᠢ | ᠪᠠᠭᠤᠯᠭᠠᠵᠦ᠂ ᠰᠢᠨ᠎ᠠ ᠨᠢᠭᠡ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠰᠠᠶᠢᠨ ᠰᠠᠶᠢᠬᠠᠨ ᠡᠬᠢᠯᠡᠯᠳᠡ ᠶᠢ ᠤᠷᠤᠬᠰᠢᠳᠠᠢ ᠪᠡᠶᠡᠯᠡᠭᠦᠯᠪᠡ ᠭᠡᠵᠠᠢ᠃ | ᠨᠠᠰᠤᠨᠮᠦ᠋ᠡᠭᠭᠡ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠ ᠨᠠᠮ ᠤᠨ ᠤᠳᠤᠷᠢᠳᠤᠯᠭ᠎ᠠ ᠳᠤ ᠲᠦᠰᠢᠭᠯᠡᠭᠦ | ᠲᠤᠭᠤᠷᠢᠨ ᠳᠤ ᠠᠵᠢᠯ ᠢᠶᠠᠨ ᠦᠷᠨᠢᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠢᠮᠠᠬᠳᠠ ᠴᠢᠩᠭ᠎ᠠ ᠡᠵᠡᠮᠰᠢᠭᠰᠡᠨ︔ ᠴᠢᠨᠠᠷ ᠢ ᠲᠡᠭᠡᠭᠰᠢᠯᠡᠭᠦᠯᠭᠦ | ᠵᠠᠩᠭᠢᠯᠠᠭ᠎ᠠ ᠶᠢᠨ ᠲᠤᠭᠤᠷᠢᠨ ᠳᠤ ᠬᠠᠤᠯᠢ ᠲᠤᠬᠳᠠᠭᠠᠬᠤ ᠠᠵᠢᠯ ᠢ ᠰᠠᠶᠢᠳᠤᠷ ᠬᠢᠵᠦ᠂ ᠦᠢᠯᠡᠳᠤᠯ ᠲᠠᠢ | ᠬᠡᠷᠡᠭᠴᠡᠭᠡ ᠲᠠᠢ ᠬᠠᠤᠯᠢ ᠶᠢ ᠲᠤᠬᠳᠠᠭᠠᠨ᠂ ᠦᠭᠡᠷᠡᠴᠢᠯᠡᠯᠳᠡ ᠬᠦᠭᠵᠢᠯᠳᠠ ᠳᠤ ᠵᠤᠬᠢᠴᠠᠬᠤ ᠦᠭᠡᠢ ᠬᠠᠤᠯᠢ ᠳᠤ | ᠵᠠᠰᠠᠪᠤᠷᠢ ᠤᠷᠤᠭᠤᠯᠤᠬᠰᠠᠨ︔ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ︾ ᠢ ᠰᠠᠶᠢᠳᠤᠷ ᠬᠢᠭᠦ | ᠲᠤᠭᠤᠷᠢᠨ ᠳᠤ ᠬᠢᠨᠠᠯᠳᠠ ᠲᠠᠯᠪᠢᠬᠤ ᠠᠵᠢᠯ ᠦᠷᠨᠢᠭᠦᠯᠤᠨ᠂ ᠪᠢᠯᠵᠤᠤᠬᠠᠢ ᠶᠢ ᠲᠤᠶᠠᠴᠢᠬᠤ ᠬᠡᠯᠪᠡᠷᠢ ᠶᠢᠨ ᠪᠠᠶᠢᠴᠠᠭᠠᠨ | ᠰᠤᠳᠤᠯᠤᠯᠳᠠ ᠬᠢᠵᠦ᠂ ᠠᠰᠠᠭᠤᠳᠠᠯ ᠢ ᠤᠨᠤᠪᠴᠢᠳᠠᠢ ᠡᠷᠢᠵᠦ ᠦᠷ᠎ᠠ ᠪᠦᠲᠦᠮᠵᠢ ᠶᠢ ᠨᠢ ᠮᠦᠷᠳᠡᠨ ᠪᠠᠶᠢᠴᠠᠭᠠᠭᠰᠠᠨ︔ | ᠴᠢᠨᠠᠷ ᠰᠠᠶᠢᠳᠠᠢ ᠬᠦᠭᠵᠢᠯᠳᠠ ᠶᠢᠨ ᠲᠤᠭᠤᠷᠢᠨ ᠳᠤ ᠬᠢᠨᠠᠯᠳᠠ ᠲᠠᠯᠪᠢᠬᠤ ᠠᠵᠢᠯ ᠦᠷᠨᠢᠭᠦᠯᠤᠨ᠂ ᠬᠦᠭᠵᠢᠯᠳᠠ ᠶᠢᠨ | ᠲᠤᠳᠠᠭᠤᠳᠠᠯ ᠢ ᠤᠨᠤᠪᠴᠢᠳᠠᠢ ᠡᠷᠢᠵᠦ᠂ ᠲᠡᠰ ᠲᠡᠪᠰᠢᠭᠦᠯᠵᠦ ᠬᠡᠯᠪᠡᠷᠢ ᠶᠢ ᠨᠢ ᠬᠤᠪᠢᠷᠠᠭᠤᠯᠬᠤ ᠶᠢ ᠠᠬᠢᠭᠤᠯᠤᠬᠰᠠᠨ︔ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠨᠭ᠍ᠭᠠᠬᠤ ᠲᠤᠭᠤᠷᠢᠨ ᠳᠤ ᠬᠢᠨᠠᠯᠳᠠ | ᠲᠠᠯᠪᠢᠬᠤ ᠠᠵᠢᠯ ᠦᠷᠨᠢᠭᠦᠯᠤᠨ᠂ ᠠᠷᠠᠳ ᠤᠨ ᠠᠮᠢᠳᠤᠷᠠᠯ ᠤᠨ ᠲᠤᠳᠠᠭᠤᠳᠠᠯ ᠢ ᠤᠨᠤᠪᠴᠢᠳᠠᠢ ᠡᠷᠢᠵᠦ᠂ | ᠬᠦᠭᠵᠢᠯᠳᠠ ᠶᠢᠨ ᠦᠷ᠎ᠠ ᠪᠦᠲᠦᠭᠡᠯ ᠢ ᠬᠠᠮᠳᠤ ᠪᠠᠷ ᠡᠳ᠋ᠯᠡᠭᠦᠯᠬᠦ ᠶᠢ ᠠᠬᠢᠭᠤᠯᠤᠬᠰᠠᠨ︔ ︽ᠬᠤᠶᠠᠷ ᠪᠠᠶᠢᠭᠤᠯᠭ᠎ᠠ︾ | ᠶᠢᠨ ᠰᠢᠨ᠎ᠠ ᠪᠠᠶᠢᠷᠢ ᠲᠤᠬᠳᠠᠭᠠᠯᠳᠠ ᠶᠢᠨ ᠲᠤᠭᠤᠷᠢᠨ ᠳᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠴᠠᠬ ᠦᠶ᠎ᠠ ᠲᠠᠢ ᠵᠡᠷᠭᠡ ᠪᠠᠷ ᠤᠷᠤᠬᠰᠢᠯᠠᠬᠤ᠂ ᠲᠡᠭᠦᠯᠳᠡᠷᠵᠢᠨ ᠬᠦᠭᠵᠢᠭᠦ ᠶᠢ ᠠᠬᠢᠭᠤᠯᠤᠬᠰᠠᠨ ᠵᠡᠷᠭᠡ 6 | ᠲᠠᠯ᠎ᠠ ᠪᠠᠷ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ 2018 ᠣᠨ ᠤ ᠭᠤᠤᠯ ᠠᠵᠢᠯ ᠢ | ᠡᠷᠭᠢᠴᠡᠭᠦᠯᠦᠨ ᠳ᠋ᠦᠡᠭᠨᠡᠪᠡ᠃ | ᠨᠠᠰᠤᠨᠮᠦ᠋ᠡᠭᠭᠡ᠂ 2019 ᠣᠨ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠭᠡᠢ | ᠱᠦᠵᠢ ᠰᠢ ᠶᠢᠨ ᠫᠢᠡᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ | ᠲᠡᠭᠦᠯᠳᠡᠷᠵᠢᠭᠦᠯᠭᠦ ᠲᠤᠬᠠᠢ ᠴᠢᠬᠤᠯᠠ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠭᠡᠢ | ᠱᠦᠵᠢ ᠰᠢ ᠶᠢᠨ ᠫᠢᠡᠭ ᠤᠨ ᠦᠪᠤᠷ ᠮᠤᠩᠭᠤᠯ ᠤᠨ ᠠᠵᠢᠯ ᠤᠨ ᠳᠣᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ | ᠡᠵᠡᠨ ᠰᠠᠭᠤᠵᠦ ᠡᠷᠭᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠬᠦ ᠶᠢ ᠪᠠᠷᠢᠮᠳᠠᠯᠠᠨ᠂ | ᠲᠤᠬᠳᠠᠭᠤᠨ ᠤ ᠲᠤᠮᠳᠠ ᠤᠷᠤᠬᠰᠢᠯᠠᠨ ᠳᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠵᠦ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ | ᠲᠦᠪ ᠬᠤᠷᠢᠶᠠᠨ ᠤ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠲᠠᠢ ᠨᠢᠬᠳᠠ ᠤᠶᠠᠯᠳᠤᠭᠤᠯᠵᠦ᠂ ᠠᠷᠠᠳ ᠲᠦᠮᠡᠨ ᠤ ᠲᠤᠩ ᠶᠡᠭᠡ ᠰᠡᠳᠬᠢᠯ ᠲᠠᠯᠪᠢᠵᠤ | ᠪᠠᠶᠢᠬᠤ ᠠᠰᠠᠭᠤᠳᠠᠯ ᠳᠤ ᠬᠠᠷᠢᠭᠤᠯᠳᠠ ᠦᠭᠭᠦ ᠲᠠᠢ ᠨᠢᠬᠳᠠ ᠤᠶᠠᠯᠳᠤᠭᠤᠯᠤᠨ᠂ ᠬᠠᠤᠯᠢ ᠪᠠᠷ ᠵᠠᠰᠠᠬᠤ ᠶᠢ ᠴᠢᠩᠭ᠎ᠠ | ᠬᠡᠷᠡᠭᠵᠢᠭᠦᠯᠭᠦ᠂ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ ᠵᠠᠰᠠᠬᠤ ᠶᠢ ᠠᠬᠢᠭᠤᠯᠬᠤ ᠲᠠᠢ ᠨᠢᠬᠳᠠ ᠤᠶᠠᠯᠳᠤᠭᠤᠯᠵᠦ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠷᠢᠶᠠᠨ ᠤ | ᠨᠠᠢᠮᠠᠳᠤᠭᠠᠷ ᠪᠦᠭᠦᠳᠡ ᠬᠤᠷᠠᠯ ᠵᠢᠴᠢ ᠪᠦᠭᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠤᠨ ᠰᠢᠢᠳᠪᠤᠷᠢᠳᠤ | ᠪᠤᠳᠤᠯᠭ᠎ᠠ ᠶᠢᠨ ᠪᠠᠶᠢᠷᠢᠯᠠᠭᠤᠯᠤᠯᠳᠠ ᠶᠤᠰᠤᠭᠠᠷ᠂ ᠡᠷᠡᠮᠡᠭᠡᠶᠢᠯᠡᠨ ᠤᠷᠤᠬᠰᠢᠯᠠᠵᠦ ᠯᠠᠪᠳᠠᠭᠤᠨ ᠠᠵᠢᠯᠯᠠᠵᠦ᠂ ᠰᠢᠨ᠎ᠠ | ᠴᠠᠬ ᠦᠶ᠎ᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠠᠮᠵᠢᠯᠳᠠ ᠶᠢ ᠴᠢᠷᠮᠠᠶᠢᠨ | ᠡᠭᠦᠳᠴᠤ᠂ ᠬᠠᠤᠯᠢ ᠴᠠᠭᠠᠵᠠ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠪᠦᠭᠦ ᠲᠠᠯ᠎ᠠ ᠪᠠᠷ ᠭᠦᠢᠴᠡᠳᠭᠡᠨ᠂ | ︽ᠦᠵᠡᠰᠭᠦᠯᠠᠩᠳᠤ ᠰᠠᠶᠢᠬᠠᠨ ᠦᠪᠤᠷ ᠮᠤᠩᠭᠤᠯ ᠢᠶᠠᠨ ᠪᠦᠲᠦᠭᠡᠨ ᠪᠠᠶᠢᠭᠤᠯᠵᠦ ᠠᠭᠤᠤ ᠶᠡᠭᠡ ᠲᠤᠮᠳᠠᠳᠤ ᠶᠢᠨ | ᠵᠡᠭᠦᠳᠤ ᠪᠠᠨ ᠬᠠᠮᠳᠤ ᠪᠠᠷ ᠲᠡᠷᠭᠡᠯᠰᠢᠭᠦᠯᠭᠦ︾ ᠳᠤ ᠰᠢᠨ᠎ᠠ ᠬᠤᠪᠢ ᠨᠡᠮᠡᠷᠢ ᠭᠠᠷᠭᠠᠨ᠂ ᠰᠢᠯᠢᠳᠡᠭ ᠠᠮᠵᠢᠯᠳᠠ ᠪᠠᠷ ᠢᠶᠠᠨ | ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠨ᠎ᠡ | ᠭᠡᠵᠠᠢ᠃ | ᠬᠤᠷᠠᠯ ᠠᠴᠠ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ | ᠰᠤᠩᠭᠤᠭᠤᠯᠢ ᠶᠢᠨ ᠠᠷᠭ᠎ᠠ︾ ᠶᠢ ᠪᠠᠳᠤᠯᠠᠪᠠ᠃ |