ᠥᠪᠥᠷ ᠵᠠᠰᠠᠭ ᠠᠯᠪᠠᠨ ᠲᠠᠷᠬᠠᠭᠠᠭᠰᠠᠨ ﹇2018﹈ 59 ᠳ᠋ᠤᠭᠡᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽︿ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠭᠦᠭᠵᠢᠯᠳᠡ ᠶᠢ ᠠᠬᠢᠭᠤᠯᠬᠤ ᠲᠤᠬᠠᠢ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇ | 2018﹈ 26 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠬᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠤᠰᠠᠳᠠ᠂ ︽︿ᠡᠷᠡᠭᠦᠯ ᠡᠩᠬᠡ ᠥᠪᠥᠷ ᠮᠣᠩᠭᠤᠯ 2030﹀ ᠶᠢᠨ ᠬᠡᠷᠡᠭᠵᠢᠭᠦᠯᠬᠦ | ᠲᠥᠰᠦᠯ︾ ᠪᠤᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠮᠡᠨᠳᠦ ᠡᠮᠴᠢᠯᠡᠭᠡ ᠶᠢᠨ | ᠲᠤᠮᠤ ᠳ᠋ᠠᠶᠢᠲ᠋ᠠ ᠶᠢ ᠬᠡᠷᠡᠭᠯᠡᠵᠦ ᠭᠦᠭᠵᠢᠬᠦᠯᠬᠦ ᠲᠥᠯᠥᠪᠵᠢᠭᠦᠯᠭᠡ ︵2016 — 2020 ᠣᠨ︶︾ ᠶᠢ | ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ | ᠡᠳᠦᠬᠡ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠬᠥᠭᠵᠢᠯᠲᠡ ᠶᠢ ᠠᠬᠢᠭᠤᠯᠬᠤ ᠪᠠᠷ ᠲᠤᠤᠷᠠᠬᠢ | ᠬᠡᠷᠡᠭᠵᠢᠬᠦᠯᠬᠦ ᠰᠠᠨᠠᠯ ᠢ ᠲᠤᠷᠠᠳᠪᠠ᠃ | ᠨᠢᠭᠡ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡᠨ ᠤ ᠰᠢᠰᠲ᠋ᠧᠮᠵᠢ ᠶᠢ | ᠪᠦᠷᠢᠨᠰᠢᠬᠦᠯᠦᠨ᠎ᠠ | ᠡᠷᠡᠭᠦᠯ ᠮᠡᠨᠳᠦ ᠡᠮᠴᠢᠯᠡᠬᠡᠨ ᠤ ᠲᠤᠮᠤ ᠳ᠋ᠠᠶᠢᠲ᠋ᠠ ᠶᠢ ᠬᠡᠷᠡᠭᠯᠡᠬᠦ ᠢᠨᠵᠧᠨᠧᠷᠢᠩ ᠢ ᠬᠡᠷᠡᠭᠵᠢᠬᠦᠯᠵᠦ᠂ ᠢᠨᠲ᠋ᠧᠷ | ᠰᠦᠯᠵᠢᠶᠡᠨ ᠤ ᠡᠮᠴᠢᠯᠡᠭᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠬᠠᠮᠢᠶᠠᠷᠤᠯᠳᠠ᠂ ᠲᠥᠯᠥᠪᠯᠡᠭᠡᠲᠦ ᠦᠷᠡᠵᠢᠯ ᠤᠨ ᠦᠢᠯᠡᠴᠢᠯᠡᠬᠡᠨ ᠤ ᠬᠠᠮᠢᠶᠠᠷᠤᠯᠳᠠ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠦᠢᠯᠡᠴᠢᠯᠡᠬᠡᠨ ᠤ ᠶᠡᠷᠦᠩᠬᠡᠶᠢᠯᠡᠭᠰᠡᠨ ᠬᠠᠮᠢᠶᠠᠷᠤᠯᠳᠠ ᠪᠤᠯᠤᠨ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠺᠠᠷᠲ ᠶᠢ ᠲᠦᠭᠡᠮᠡᠯᠵᠢᠭᠦᠯᠦᠨ ᠬᠡᠷᠡᠭᠯᠡᠬᠦ ᠵᠡᠷᠭᠡ ᠲᠦᠷᠦᠯ ᠵᠦᠢᠯ ᠢᠶᠠᠷ ᠭᠠᠷᠳᠠᠴᠠ ᠪᠣᠯᠭᠠᠵᠤ᠂ ︽ᠢᠨᠲ᠋ᠧᠷ | ᠰᠦᠯᠵᠢᠶ᠎ᠡ + ᠡᠷᠡᠭᠦᠯ ᠮᠡᠨᠳᠦ ᠡᠮᠴᠢᠯᠡᠭᠡ︾ ᠶᠢᠨ ᠦᠢᠯᠡᠴᠢᠯᠡᠬᠡᠨ ᠤ ᠰᠢᠰᠲ᠋ᠧᠮᠵᠢ ᠶᠢᠨ ᠭᠦᠭᠵᠢᠯᠳᠡ ᠶᠢ | ᠠᠬᠢᠭᠤᠯᠤᠨ᠎ᠠ᠃ | ︵ᠨᠢᠭᠡ︶ ︽ᠢᠨᠲ᠋ᠧᠷ ᠰᠦᠯᠵᠢᠶ᠎ᠡ +︾ ᠡᠮᠴᠢᠯᠡᠭᠡᠨ ᠤ ᠦᠢᠯᠡᠴᠢᠯᠡᠭᠡ ᠶᠢ ᠭᠦᠭᠵᠢᠬᠦᠯᠦᠨ᠎ᠠ | 1. ᠪᠥᠬᠦ ᠣᠷᠣᠨ ᠤ ᠢᠨᠲ᠋ᠧᠷ ᠰᠦᠯᠵᠢᠶᠡᠨ ᠤ ᠡᠮᠴᠢᠯᠡᠭᠡ ᠶᠢᠨ ᠦᠢᠯᠡᠴᠢᠯᠡᠬᠡᠨ ᠤ ᠨᠢᠭᠡᠳᠦᠯᠲᠡᠶ ᠪᠦᠳᠦᠭᠦᠪᠴᠢ | ᠲᠦᠰᠦᠪ ᠤᠨ ᠰᠢᠰᠲ᠋ᠧᠮᠵᠢ ᠶᠢ ᠪᠠᠶᠢᠭᠤᠯᠤᠨ᠎ᠠ᠃ ᠡᠮᠴᠢᠯᠡᠬᠡᠨ ᠤ ᠪᠠᠶᠢᠭᠤᠯᠤᠮᠵᠢ ᠪᠠᠷ ᠭᠤᠣᠯ ᠴᠣᠭᠴᠠ ᠪᠣᠯᠭᠠᠵᠤ᠂ | ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ ᠡᠮᠨᠡᠯᠭᠡ ᠶᠢᠨ ᠬᠤᠷᠢᠶ᠎ᠠ | ᠪᠣᠯᠤᠨ ᠰᠤᠮᠤ ᠰᠢᠶᠠᠩ ᠪᠠᠯᠭᠠᠰᠤ ᠶᠢᠨ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠨᠤᠭᠤᠳ ︽ᠢᠨᠲ᠋ᠧᠷ | ᠰᠦᠯᠵᠢᠶᠡᠨ ᠤ ᠡᠮᠴᠢᠯᠡᠭᠡ︾ ︵ᠠᠯᠤᠰ ᠡᠮᠴᠢᠯᠡᠭᠡ ᠪᠠᠭᠲᠠᠨ᠎ᠠ︶ ᠶᠢ ᠦᠷᠨᠢᠬᠦᠯᠵᠦ ᠪᠤᠯᠬᠤᠶᠢᠴᠠ ᠬᠠᠳᠠᠭᠤ | ᠬᠡᠷᠡᠭᠰᠡᠯ ᠤᠨ ᠣᠷᠴᠢᠨ ᠨᠥᠬᠦᠴᠡᠯ ᠪᠤᠯᠤᠨ ᠬᠢᠨᠠᠨ ᠬᠠᠮᠢᠶᠠᠷᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠦ᠂ | ᠡᠪᠡᠳᠴᠢᠲᠡᠨ ᠳᠤ ᠰᠦᠯᠵᠢᠶ᠎ᠡ ᠪᠠᠷ ᠪᠣᠯᠵᠣᠵᠤ ᠳ᠋ᠤᠭᠠᠷᠯᠠᠬᠤ᠂ ᠡᠮᠨᠡᠬᠦᠯᠬᠦ ᠳᠤ ᠵᠥᠪᠯᠡᠯᠭᠡ ᠦᠭᠬᠦ᠂ ᠪᠠᠶᠢᠩᠭᠤ | ᠲᠣᠬᠢᠶᠠᠯᠳᠤᠳᠠᠭ ᠵᠠᠷᠢᠮ ᠡᠪᠡᠳᠴᠢᠨ᠂ ᠤᠵᠢᠭ ᠡᠪᠡᠳᠴᠢᠨ ᠲᠠᠢ ᠶᠢ ᠲᠠᠬᠢᠨᠳᠠ ᠡᠮᠨᠡᠬᠦ᠂ ᠭᠦᠴᠢᠷ ᠲᠦᠪᠡᠭᠳᠡᠢ | ᠡᠪᠡᠳᠴᠢᠨ ᠢ ᠬᠠᠮᠲᠤᠷᠠᠨ ᠡᠮᠨᠡᠬᠦ ᠵᠡᠷᠭᠡ ᠬᠡᠪᠰᠢᠭᠰᠡᠨ ᠦᠢᠯᠡᠴᠢᠯᠡᠭᠡ ᠬᠠᠩᠭᠠᠨ᠎ᠠ᠃ ᠶᠡᠭᠡ ᠡᠮᠴᠢ ᠨᠠᠷ ᠡᠪᠡᠳᠴᠢᠲᠡᠨ ᠤ | ᠡᠪᠡᠳᠴᠢᠨ ᠤ ᠲᠡᠮᠳᠡᠭᠯᠡᠯ ᠤᠨ ᠮᠠᠲ᠋ᠧᠷᠢᠶᠠᠯ ᠢ ᠡᠵᠡᠮᠰᠢᠭᠰᠡᠨ ᠤ ᠳᠠᠷᠠᠭ᠎ᠠ᠂ ᠰᠦᠯᠵᠢᠶᠡᠨ ᠳᠤ ᠪᠠᠶᠢᠩᠭᠤ ᠲᠣᠬᠢᠶᠠᠯᠳᠤᠳᠠᠭ | ᠵᠠᠷᠢᠮ ᠡᠪᠡᠳᠴᠢᠨ᠂ ᠤᠵᠢᠭ ᠡᠪᠡᠳᠴᠢᠨ ᠤ ᠵᠣᠷ ᠪᠢᠴᠢᠬᠦ ᠶᠢ ᠨᠢ ᠵᠦᠪᠰᠢᠶᠡᠷᠡᠨ᠎ᠠ᠃ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠳᠤ ᠵᠢᠷᠤᠭ ᠲᠦᠷᠰᠦ ᠶᠢᠨ ᠲᠥᠪ ᠪᠠ ᠵᠢᠷᠦᠬᠡᠨ ᠤ ᠴᠠᠬᠢᠯᠭᠠᠨ | ᠵᠢᠷᠤᠭ ᠤᠨ ᠲᠥᠪ ᠪᠠᠶᠢᠭᠤᠯᠵᠦ᠂ ᠰᠤᠮᠤ ᠰᠢᠶᠠᠩ ᠪᠠᠯᠭᠠᠰᠤᠨ ᠤ ᠭᠤᠤᠯ ᠡᠷᠡᠭᠦᠯ ᠬᠠᠮᠠᠭᠠᠯᠠᠯ ᠤᠨ ᠬᠤᠷᠢᠶᠠᠨ ᠳᠤ | ᠪᠠᠶᠢᠴᠠᠭᠠᠯᠲᠠ ᠬᠢᠬᠦ᠂ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠨᠢ ᠤᠨᠤᠰᠢᠯᠬᠠᠰᠠᠨ ᠮᠡᠳᠡᠭᠦᠯᠦᠯᠲᠡ | ᠭᠠᠷᠭᠠᠬᠤ᠂ ᠠᠶᠢᠮᠠᠭ ᠬᠤᠳᠠ ᠶᠢᠨ ᠱᠠᠲᠤᠨ ᠤ ᠡᠮᠨᠡᠯᠭᠡ ᠶᠢᠨ ᠬᠤᠷᠢᠶ᠎ᠠ ᠨᠢ ᠬᠤᠰᠢᠭᠤ ᠰᠢᠶᠠᠨ ᠤ ᠱᠠᠲᠤᠨ ᠤ | ᠡᠮᠨᠡᠯᠭᠡ ᠶᠢᠨ ᠬᠤᠷᠢᠶ᠎ᠠ ᠳᠤ ᠭᠦᠴᠢᠷ ᠲᠦᠪᠡᠭᠲᠡᠶ ᠡᠪᠡᠳᠴᠢᠨ ᠤ ᠵᠢᠱᠢᠶ᠎ᠡ ᠶᠢ ᠣᠨᠣᠰᠢᠯᠠᠬᠤ ᠦᠢᠯᠡᠴᠢᠯᠡᠭᠡ | ᠬᠠᠩᠭᠠᠬᠤ ᠶᠢ ᠪᠡᠶᠡᠯᠡᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠡᠰᠡᠭ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶ᠎ᠠ ᠪᠣᠯᠤᠨ ᠠᠶᠢᠮᠠᠭ ᠬᠤᠳᠠ ᠶᠢᠨ ᠱᠠᠲᠤᠨ ᠤ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ | ᠡᠪᠡᠳᠴᠢᠨ ᠤ ᠵᠦᠶ ᠶᠢᠨ ᠤᠨᠤᠰᠢᠯᠠᠬᠤ ᠲᠥᠪ ᠢ ᠪᠠᠶᠢᠭᠤᠯᠤᠨ᠂ ᠬᠤᠰᠢᠭᠤ ᠰᠢᠶᠠᠨ ᠤ ᠱᠠᠲᠤᠨ ᠤ ᠶᠡᠷᠦᠩᠬᠡᠶᠢᠯᠡᠭᠰᠡᠨ | ᠡᠮᠨᠡᠯᠭᠡ ᠶᠢᠨ ᠬᠤᠷᠢᠶᠠᠨ ᠳᠤ ᠡᠪᠡᠳᠴᠢᠨ ᠤ ᠵᠦᠢ ᠶᠢᠨ ᠪᠢᠴᠢᠯ ᠵᠦᠰᠦᠮ ᠬᠢᠵᠦ᠂ ᠠᠶᠢᠮᠠᠭ ᠬᠤᠳᠠ ᠶᠢᠨ | ᠱᠠᠲᠤᠨ ᠠᠴᠠ ᠳᠡᠭᠡᠭᠰᠢᠬᠢ ᠡᠮᠨᠡᠯᠭᠡ ᠶᠢᠨ ᠬᠤᠷᠢᠶᠠᠨ ᠳᠤ ᠤᠨᠤᠰᠢᠯᠬᠠᠰᠠᠨ ᠮᠡᠳᠡᠬᠦᠯᠦᠯᠳᠡ ᠭᠠᠷᠭᠠᠬᠤ ᠶᠢ | ᠪᠡᠶᠡᠯᠡᠬᠦᠯᠦᠨ᠎ᠠ᠃ ᠰᠦᠯᠵᠢᠶ᠎ᠡ ᠪᠠᠷ ᠪᠢᠴᠢᠭᠰᠡᠨ ᠪᠠᠶᠢᠩᠭᠤ ᠲᠣᠬᠢᠶᠠᠯᠳᠤᠳᠠᠭ ᠡᠪᠡᠳᠴᠢᠨ᠂ ᠤᠵᠢᠭ ᠡᠪᠡᠳᠴᠢᠨ ᠤ | ᠵᠣᠷ ᠢ ᠡᠮ ᠨᠠᠶᠢᠷᠠᠭᠴᠢ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠪᠠᠶᠢᠭᠤᠯᠤᠮᠵᠢ᠂ ᠡᠮ ᠤᠨ ᠵᠦᠢᠯ ᠢ | ᠡᠵᠡᠩᠨᠡᠬᠦ ᠠᠵᠤ ᠠᠬᠤᠶᠢᠯᠠᠯ ᠤᠳ ᠨᠥᠬᠦᠴᠡᠯ ᠳᠤ ᠨᠡᠶᠢᠴᠡᠬᠦ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ | ᠨᠠᠶᠢᠳᠠᠵᠦ ᠪᠠᠶᠢᠭᠠᠳ ᠲᠤᠬᠢᠷᠠᠭᠤᠯᠤᠨ ᠭᠦᠷᠬᠡᠯᠬᠡᠵᠦ ᠪᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠵᠣᠷ ᠤᠨ ᠮᠡᠳᠡᠭᠡ ᠵᠠᠩᠭᠢ ᠬᠢᠬᠡᠳ ᠡᠮ ᠤᠨ ᠵᠦᠢᠯ ᠢ ᠵᠢᠵᠢᠭᠯᠡᠨ ᠪᠣᠷᠣᠯᠠᠭᠤᠯᠬᠤ ᠬᠡᠷᠡᠭᠯᠡᠭᠡ ᠶᠢᠨ | ᠮᠡᠳᠡᠭᠡ ᠵᠠᠩᠭᠢ ᠪᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠳᠡᠷᠡᠯᠴᠡᠵᠦ᠂ ᠴᠠᠭ ᠲᠤᠬᠠᠢ ᠳᠤ ᠨᠢ | ᠬᠠᠮᠳᠤ ᠳᠤ ᠪᠠᠨ ᠭᠦᠷᠳᠡᠵᠦ ᠪᠤᠯᠬᠤ ᠪᠠᠷ ᠰᠦᠪᠡᠭᠴᠢᠯᠡᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ᠂ ᠲᠡᠷᠢᠬᠦᠨ ᠳᠤ ᠵᠢᠨᠨᠰᠠᠭᠠᠨᠨᠰᠠᠨ ᠰᠠᠯᠠᠭ᠎ᠠ ᠮᠥᠴᠢᠷ ᠪᠤᠯ ᠲᠦᠷᠦᠭᠦᠯᠡᠨ ᠬᠢᠬᠦ ᠰᠠᠯᠠᠭ᠎ᠠ | ᠮᠥᠴᠢᠷ ᠪᠤᠯᠤᠨ᠎ᠠ᠂ ᠳᠣᠷᠣᠭᠰᠢ ᠠᠳᠠᠯᠢ︶ | 2. ᠡᠮᠴᠢᠯᠡᠬᠡᠨ ᠤ ᠪᠠᠶᠢᠭᠤᠯᠤᠮᠵᠢ ᠨᠤᠭᠤᠳ ᠢᠨᠲ᠋ᠧᠷ ᠰᠦᠯᠵᠢᠶ᠎ᠡ ᠵᠡᠷᠬᠡ ᠮᠡᠳᠡᠭᠡ ᠵᠠᠩᠬᠢ ᠶᠢᠨ ᠮᠡᠷᠬᠡᠵᠢᠯ ᠢ | ᠬᠡᠷᠡᠭᠯᠡᠵᠦ ᠡᠮᠴᠢᠯᠡᠬᠡᠨ ᠤ ᠦᠢᠯᠡᠴᠢᠯᠡᠭᠡ ᠶᠢᠨ ᠤᠷᠤᠨ ᠵᠠᠢ ᠪᠠ ᠠᠭᠤᠯᠭ᠎ᠠ ᠪᠠᠨ ᠦᠷᠬᠡᠳᠬᠡᠬᠦ ᠶᠢ ᠵᠤᠷᠢᠨᠨᠵᠢᠭᠤᠯᠵᠦ᠂ | ᠤᠨᠤᠰᠢᠯᠠᠬᠤ ᠠᠴᠠ ᠡᠮᠤᠨ᠎ᠠ᠂ ᠤᠨᠤᠰᠢᠯᠠᠬᠤ ᠶᠠᠪᠤᠴᠠ᠂ ᠤᠨᠤᠰᠢᠯᠬᠠᠰᠠᠨ ᠤ ᠲᠠᠷᠠᠭᠠᠬᠢ ᠶᠢ ᠬᠠᠮᠤᠷᠤᠨᠨᠰᠠᠨ | ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠬᠡ ᠴᠤᠨᠨᠴᠠᠵᠢᠭᠤᠯᠤᠨᠨᠰᠠᠨ ᠡᠮᠴᠢᠯᠡᠬᠡᠨ ᠤ | ᠦᠢᠯᠡᠴᠢᠯᠡᠭᠡ ᠶᠢᠨ ᠵᠬᠠᠪᠤᠷ ᠢ ᠪᠠᠶᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠨᠦᠭᠦᠴᠡᠯ ᠳᠤ | ᠨᠡᠶᠢᠴᠡᠬᠦ ᠭᠤᠷᠪᠠᠳᠠᠬᠢ ᠡᠳᠡᠬᠡᠳ ᠤᠨ ᠪᠠᠶᠢᠭᠤᠯᠤᠮᠵᠢ ᠨᠤᠭᠤᠳ ᠤᠨ ᠢᠨᠲ᠋ᠧᠷ ᠰᠦᠯᠵᠢᠶᠡᠨ ᠤ ᠮᠡᠳᠡᠭᠡ ᠵᠠᠩᠬᠢ ᠶᠢᠨ | ᠲᠡᠪᠴᠡᠩ ᠪᠠᠶᠢᠭᠤᠯᠬᠤ ᠶᠢ ᠲᠡᠮᠵᠢᠵᠦ᠂ ᠠᠮᠤᠷ ᠲᠦᠪᠰᠢᠨ ᠪᠦᠬᠡᠳ ᠲᠤᠬᠢᠳᠠᠢ ᠡᠮᠴᠢᠯᠡᠬᠡᠨ ᠤ ᠦᠢᠯᠡᠴᠢᠯᠡᠭᠡ | ᠬᠠᠩᠭᠠᠨ᠂ ᠠᠯᠤᠰ ᠡᠮᠴᠢᠯᠡᠭᠡ᠂ ᠡᠷᠡᠭᠦᠯ ᠮᠡᠨᠳᠦ ᠶᠢᠨ ᠲᠠᠯ᠎ᠠ ᠪᠠᠷ ᠬᠢ ᠵᠦᠪᠯᠡᠯᠬᠡ᠂ ᠡᠷᠡᠭᠦᠯ ᠮᠡᠨᠳᠦ ᠶᠢ ᠬᠠᠮᠢᠶᠠᠷᠬᠤ | ᠦᠢᠯᠡᠴᠢᠯᠡᠭᠡ ᠦᠷᠨᠢᠬᠦᠯᠵᠦ᠂ ᠡᠮᠨᠡᠯᠬᠡ ᠶᠢᠨ ᠬᠤᠷᠢᠶ᠎ᠠ᠂ ᠡᠮᠴᠢᠯᠡᠬᠡᠨ ᠤ ᠠᠵᠢᠯᠳᠠᠨ᠂ ᠡᠪᠡᠳᠴᠢᠳᠡᠨ ᠤ ᠬᠤᠭᠤᠷᠤ | ᠬᠤᠭᠤᠷᠤᠨᠳᠤ ᠪᠠᠨ ᠪᠦᠳᠦᠮᠵᠢᠳᠡᠢ ᠪᠠᠷ ᠤᠶᠢᠯᠠᠭᠠᠯᠴᠠᠵᠦ ᠤᠯᠤᠯᠴᠠᠬᠤ ᠶᠢ ᠠᠬᠢᠭᠤᠯᠤᠨ᠎ᠠ᠃ ︵ᠦᠪᠡᠷᠳᠡᠬᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠭᠦᠭᠵᠢᠬᠦᠯᠦᠯᠳᠡ ᠦᠬᠡᠷᠡᠴᠢᠯᠡᠯᠳᠡ ᠶᠢᠨ | ᠵᠦᠪᠯᠡᠯ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠡ ᠬᠠᠷᠢᠭᠤᠴᠠᠨ᠎ᠠ︶ | 3. ᠡᠮᠴᠢᠯᠡᠬᠡᠨ ᠤ ᠬᠤᠯᠪᠣᠭᠠᠲᠤ ᠴᠤᠨᠨᠴᠠ ᠶᠢᠨ ᠲᠤᠳᠤᠷᠠᠬᠢ ᠳᠡᠭᠡᠳᠦ ᠱᠠᠲᠤᠨ ᠤ ᠡᠮᠴᠢᠯᠡᠬᠡᠨ ᠤ | ᠪᠠᠶᠢᠭᠤᠯᠤᠮᠵᠢ ᠨᠢ ᠢᠨᠲ᠋ᠧᠷ ᠰᠦᠯᠵᠢᠶᠡᠨ ᠤ ᠮᠡᠷᠭᠡᠵᠢᠯ ᠢ ᠠᠰᠢᠨᠨᠯᠠᠵᠦ᠂ ᠦᠨᠳᠦᠰᠦᠨ ᠱᠠᠲᠤᠨ ᠳᠤ ᠬᠠᠨᠳᠤᠭᠤᠯᠤᠨ | ᠠᠯᠤᠰ ᠠᠴᠠ ᠬᠠᠮᠳᠤᠷᠠᠨ ᠤᠨᠤᠰᠢᠯᠠᠬᠤ᠂ ᠠᠯᠤᠰ ᠠᠴᠠ ᠴᠠᠬᠢᠯᠭᠠᠨ ᠵᠢᠷᠤᠭ ᠢᠶᠠᠷ ᠣᠨᠣᠰᠢᠯᠠᠬᠤ᠂ ᠠᠯᠤᠰ ᠠᠴᠠ | ᠵᠢᠷᠤᠭ ᠳᠦᠷᠰᠦ ᠪᠠᠷ ᠣᠨᠣᠰᠢᠯᠠᠬᠤ ᠵᠡᠷᠭᠡ ᠦᠢᠯᠡᠴᠢᠯᠡᠭᠡ ᠬᠠᠩᠭᠠᠬᠤ ᠶᠢ ᠵᠤᠷᠢᠨᠨᠵᠢᠭᠤᠯᠵᠦ᠂ ᠡᠮᠴᠢᠯᠡᠬᠡᠨ ᠤ | ᠬᠤᠯᠪᠣᠭᠠᠲᠤ ᠴᠤᠨᠨᠴᠠ ᠶᠢᠨ ᠲᠤᠳᠤᠷᠠᠬᠢ ᠡᠮᠴᠢᠯᠡᠭᠡᠨ ᠤ ᠪᠠᠶᠢᠭᠤᠯᠤᠮᠵᠢ ᠨᠤᠭᠤᠳ ᠬᠤᠭᠤᠷᠤᠨᠳᠤ ᠪᠠᠨ ᠪᠠᠶᠢᠴᠠᠭᠠᠨ | ᠰᠢᠯᠭᠠᠭᠰᠠᠨ ᠦᠷ᠎ᠡ ᠳ᠋ᠦᠩ ᠢᠶᠠᠨ ᠴᠠᠭ ᠲᠤᠬᠠᠶ ᠳᠤ ᠨᠢ ᠪᠠᠶᠢᠴᠠᠭᠠᠨ ᠦᠵᠡᠬᠦ ᠪᠠ ᠬᠠᠷᠢᠯᠴᠠᠨ ᠮᠡᠳᠡᠷᠡᠵᠦ | ᠬᠠᠮᠳᠤ ᠳᠤ ᠪᠠᠨ ᠭᠦᠷᠳᠡᠬᠦ ᠶᠢ ᠠᠬᠢᠭᠤᠯᠤᠨ᠎ᠠ᠃ ᠠᠯᠤᠰ ᠡᠮᠴᠢᠯᠡᠬᠡᠨ ᠤ ᠦᠢᠯᠡᠴᠢᠯᠡᠭᠡ ᠶᠢ ᠪᠥᠬᠦ ᠣᠷᠣᠨ ᠤ | ᠡᠮᠴᠢᠯᠡᠭᠡᠨ ᠤ ᠬᠤᠯᠪᠣᠭᠠᠲᠤ ᠴᠣᠭᠴᠠ ᠪᠤᠯᠤᠨ ᠬᠤᠰᠢᠭᠤ ᠰᠢᠶᠠᠨ ᠤ ᠱᠠᠲᠤᠨ ᠤ ᠡᠮᠨᠡᠯᠭᠡ ᠶᠢᠨ ᠬᠤᠷᠢᠶ᠎ᠠ ᠪᠦᠭᠦᠨ ᠳᠤ | ᠬᠠᠮᠤᠷᠤᠭᠤᠯᠬᠤ ᠶᠢ ᠠᠬᠢᠭᠤᠯᠬᠤ ᠶᠢᠨ ᠬᠠᠮᠳᠤ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠪᠠᠶᠢᠭᠤᠯᠤᠮᠵᠢ᠂ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ᠲᠣᠰᠬᠤᠨ ᠤ | ᠡᠷᠡᠭᠦᠯ ᠬᠠᠮᠠᠭᠠᠯᠠᠯ ᠤᠨ ᠲᠠᠰᠤᠭ ᠲᠡᠶᠢᠰᠢ ᠠᠯᠬᠤᠮ ᠠᠯᠬᠤᠮ ᠢᠶᠠᠷ ᠤᠷᠲᠤᠳᠬᠠᠨ᠂ ᠦᠨᠳᠦᠰᠦᠨ ᠱᠠᠲᠤᠨ ᠤ | ᠡᠮᠴᠢᠯᠡᠭᠡᠨ ᠤ ᠦᠢᠯᠡᠴᠢᠯᠡᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠱᠠᠲᠤ ᠬᠤᠪᠢᠶᠠᠵᠤ | ᠣᠨᠣᠰᠢᠯᠠᠨ ᠡᠮᠨᠡᠬᠦ ᠶᠢᠨ ᠡᠮᠬᠢ ᠵᠢᠷᠤᠮ ᠲᠠᠢ ᠪᠠᠶᠢᠷᠢᠰᠢᠯ ᠢ ᠪᠠᠶᠢᠭᠤᠯᠵᠦ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠬᠤᠶᠠᠷ︶ ︽ᠢᠨᠲ᠋ᠧᠷ ᠰᠦᠯᠵᠢᠶ᠎ᠡ +︾ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠦᠢᠯᠡᠴᠢᠯᠡᠭᠡ ᠶᠢ ᠦᠷᠨᠢᠬᠦᠯᠦᠨ᠎ᠠ | 4. ᠪᠥᠬᠦ ᠣᠷᠣᠨ ᠤ ᠢᠨᠲ᠋ᠧᠷ ᠰᠦᠯᠵᠢᠶᠡᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠦᠢᠯᠡᠴᠢᠯᠡᠬᠡᠨ ᠤ ᠨᠢᠭᠡᠳᠦᠯᠲᠡᠶ ᠪᠦᠳᠦᠭᠦᠪᠴᠢ ᠲᠦᠰᠦᠪ ᠤᠨ ᠰᠢᠰᠲ᠋ᠧᠮᠵᠢ ᠶᠢ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠪᠠᠷ ᠲᠦᠯᠦᠪᠯᠡᠵᠦ ᠵᠢᠷᠤᠵᠦ ᠲᠦᠯᠦᠪᠯᠡᠨ᠂ ᠤᠯᠠᠨ ᠨᠡᠶᠢᠲᠡ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠨᠢᠬᠡᠳᠦᠯᠳᠡᠢ ᠨᠡᠬᠡᠬᠡᠨ | ᠠᠰᠢᠨᠨᠯᠠᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠪᠦᠬᠦ ᠠᠷᠠᠳ ᠤᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠨᠢᠭᠡᠳᠦᠯᠲᠡᠶ ᠪᠠᠶᠢᠷᠢᠯᠠᠭᠤᠯᠬᠤ ᠪᠤᠯᠤᠨ᠎ᠠ᠂ ᠡᠭᠦᠨ ᠳᠤ ᠭᠤᠣᠯᠳᠠᠭᠤ | ᠡᠪᠡᠳᠴᠢᠨ ᠡᠮᠭᠡᠭ ᠢ ᠤᠷᠢᠳᠴᠢᠯᠠᠨ ᠰᠡᠷᠬᠡᠶᠢᠯᠡᠵᠦ ᠡᠵᠡᠮᠳᠡᠬᠦ᠂ ᠡᠬᠡ ᠨᠢᠯᠬᠠᠰ ᠤᠨ ᠡᠷᠡᠭᠦᠯᠵᠢᠯ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠬᠢᠨᠠᠯᠲᠠ ᠲᠠᠯᠪᠢᠯᠳᠠ᠂ ᠴᠢᠰᠦᠨ ᠤ ᠬᠠᠮᠢᠶᠠᠷᠤᠯᠳᠠ᠂ ᠡᠷᠡᠭᠦᠯ ᠬᠠᠮᠠᠭᠠᠯᠠᠯ ᠤᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠪᠣᠯᠤᠨ ᠲᠥᠯᠥᠪᠯᠡᠭᠡᠲᠦ ᠦᠷᠡᠵᠢᠯ ᠤᠨ ᠣᠯᠠᠨ ᠨᠡᠶᠢᠲᠡ ᠶᠢᠨ | ᠦᠢᠯᠡᠴᠢᠯᠡᠬᠡᠨ ᠤ ᠬᠠᠮᠢᠶᠠᠷᠤᠯᠲᠠ ᠵᠡᠷᠭᠡ ᠰᠢᠰᠲ᠋ᠧᠮ ᠪᠠᠭᠳᠠᠨ᠎ᠠ᠃ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ | ᠡᠯᠧᠺᠲᠷᠣᠨ ᠲᠠᠩᠰᠠ ᠡᠪᠬᠡᠮᠡᠯ ᠢ ᠰᠦᠯᠵᠢᠶᠡᠨ ᠳᠡᠭᠡᠷ᠎ᠡ ᠬᠠᠶᠢᠵᠦ ᠯᠠᠪᠯᠠᠬᠤ ᠪᠠ ᠵᠢᠷᠤᠮᠵᠢᠭᠤᠯᠤᠨ ᠬᠡᠷᠡᠭᠯᠡᠬᠦ ᠶᠢ | ᠪᠡᠶᠡᠯᠡᠬᠦᠯᠦᠨ ᠠᠬᠢᠭᠤᠯᠤᠨ᠎ᠠ᠃ ᠬᠡᠷ ᠪᠦᠯᠢ ᠶᠢᠨ ᠡᠮᠴᠢ ᠨᠠᠷ ᠲᠠᠢ ᠰᠦᠯᠵᠢᠶᠡᠨ ᠳᠤ ᠭᠡᠷ᠎ᠡ ᠲᠤᠨᠨᠳᠠᠬᠤ | ᠦᠢᠯᠡᠴᠢᠯᠡᠭᠡ ᠶᠢ ᠦᠷᠨᠢᠬᠦᠯᠦᠨ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠲᠤ ᠰᠦᠯᠵᠢᠶ᠎ᠡ ᠪᠠᠷ ᠡᠷᠡᠭᠦᠯ ᠮᠡᠨᠳᠦ ᠤᠨ | ᠵᠦᠪᠯᠡᠯᠬᠡ᠂ ᠪᠤᠯᠵᠤᠵᠦ ᠰᠢᠯᠵᠢᠬᠦᠯᠦᠨ ᠡᠮᠨᠡᠬᠦᠯᠬᠦ᠂ ᠤᠵᠢᠭ ᠡᠪᠡᠳᠴᠢᠨ ᠲᠠᠢ ᠶᠢ ᠲᠠᠭᠠᠨ ᠰᠤᠷᠪᠤᠯᠵᠢᠯᠠᠬᠤ᠂ ᠡᠷᠡᠭᠦᠯ | ᠮᠡᠨᠳᠦ ᠶᠢ ᠨᠢ ᠬᠠᠮᠢᠶᠠᠷᠬᠤ᠂ ᠵᠣᠷ ᠦᠭᠬᠦ ᠪᠠᠨ ᠤᠷᠳᠤᠳᠬᠠᠬᠤ ᠵᠡᠷᠭᠡ ᠦᠢᠯᠡᠴᠢᠯᠡᠭᠡ ᠬᠠᠩᠭᠠᠵᠤ᠂ ᠰᠦᠯᠵᠢᠶᠡᠨ ᠳᠤ | ᠰᠢᠯᠭᠠᠨ ᠬᠢᠨᠠᠵᠦ ᠦᠨᠡᠯᠡᠬᠦ ᠪᠠ ᠤᠷᠮᠠᠰᠢᠭᠤᠯᠤᠨ ᠵᠣᠷᠢᠬᠵᠢᠭᠤᠯᠬᠤ ᠲᠣᠭᠲᠠᠴᠠ ᠶᠢ ᠪᠠᠶᠢᠭᠤᠯᠤᠨ᠎ᠠ᠃ ᠴᠢᠰᠤᠨ | ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠵᠡᠷᠭᠡ ᠪᠠᠷ ᠭᠤᠣᠯᠳᠠᠯᠭ᠎ᠠ ᠪᠤᠯᠭᠠᠵᠦ᠂ | ᠨᠠᠰᠤᠲᠠᠶᠢᠴᠤᠤᠯ ᠤᠨ ᠤᠵᠢᠭ ᠡᠪᠡᠳᠴᠢᠨ ᠢ ᠰᠦᠯᠵᠢᠶ᠎ᠡ ᠪᠠᠷ ᠦᠢᠯᠡᠴᠢᠯᠡᠵᠦ ᠬᠠᠮᠢᠶᠠᠷᠬᠤ ᠶᠢ ᠴᠢᠩᠭᠠᠳᠬᠠᠨ᠎ᠠ᠃ | ᠬᠦᠨᠳᠦ ᠬᠡᠴᠡᠬᠦᠦ ᠣᠶᠣᠨ ᠮᠡᠳᠡᠷᠡᠯ ᠤᠨ ᠰᠠᠭᠠᠳ ᠲᠠᠢ ᠡᠪᠡᠳᠴᠢᠲᠡᠨ ᠤ ᠮᠡᠳᠡᠭᠡ ᠵᠠᠩᠭᠢ ᠶᠢ ᠬᠠᠮᠢᠶᠠᠷᠬᠤ᠂ ᠲᠠᠭᠠᠨ | ᠰᠤᠷᠪᠤᠯᠵᠢᠯᠠᠵᠦ ᠦᠨᠡᠯᠡᠨ ᠵᠢᠱᠢᠬᠦ ᠪᠤᠯᠤᠨ ᠲᠥᠷᠥᠯ ᠬᠤᠪᠢᠶᠠᠵᠦ ᠬᠠᠮᠢᠶᠠᠷᠤᠨ ᠵᠢᠯᠤᠭᠤᠳᠬᠤ ᠶᠢ ᠪᠡᠶᠡᠯᠡᠬᠦᠯᠦᠨ᠎ᠠ᠃ | ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠳᠤ ᠵᠢᠨᠨᠰᠠᠭᠠᠨ ᠤᠷᠤᠭᠤᠯᠤᠨᠨᠰᠠᠨ ᠬᠡᠦᠬᠡᠳ ᠤᠳ ᠢ | ᠭᠤᠣᠯᠳᠠᠯᠭ᠎ᠠ ᠲᠠᠢ ᠦᠢᠯᠡᠴᠢᠯᠡᠬᠦ ᠡᠳᠡᠬᠡᠳ ᠪᠤᠯᠭᠠᠨ᠂ ᠤᠳᠤᠬᠢ ᠰᠡᠷᠬᠡᠶᠢᠯᠡᠬᠦ ᠲᠠᠷᠢᠯᠭ᠎ᠠ ᠶᠢᠨ ᠮᠡᠳᠡᠭᠡ ᠵᠠᠩᠭᠢ ᠶᠢᠨ | ᠲᠠᠪᠴᠠᠩ ᠢ ᠡᠮᠬᠢᠯᠡᠨ ᠨᠡᠶᠢᠯᠡᠬᠦᠯᠵᠦ᠂ ᠰᠡᠷᠬᠡᠶᠢᠯᠡᠬᠦ ᠲᠠᠷᠢᠯᠭ᠎ᠠ ᠶᠢᠨ ᠦᠢᠯᠡᠴᠢᠯᠡᠭᠡ ᠶᠢ ᠰᠢᠯᠢᠳᠡᠭᠵᠢᠬᠦᠯᠦᠨ᠎ᠠ᠃ | ᠵᠢᠷᠮᠤᠰᠤᠯᠠᠵᠦ ᠬᠥᠩᠭᠡᠵᠢᠬᠦ ᠡᠮᠡᠭᠳᠡᠶᠢᠴᠦᠳ ᠤᠨ ᠡᠷᠡᠭᠦᠯ ᠮᠡᠨᠳᠦ ᠶᠢᠨ ᠬᠠᠮᠢᠶᠠᠷᠤᠯᠲᠠ ᠪᠠ ᠬᠡᠦᠬᠡᠳ ᠤᠨ ᠡᠷᠡᠭᠦᠯ | ᠮᠡᠨᠳᠦ ᠶᠢᠨ ᠬᠠᠮᠢᠶᠠᠷᠤᠯᠲᠠ ᠬᠠᠩᠭᠠᠵᠦ᠂ ᠲᠦᠷᠦᠵᠦ ᠭᠦᠩᠬᠡᠵᠢᠬᠦ ᠶᠢᠨ ᠲᠠᠩᠰᠠᠯᠠᠨ ᠲᠡᠮᠳᠡᠭᠯᠡᠬᠦ ᠦᠨᠡᠮᠯᠡᠯ ᠢ | ᠰᠦᠯᠵᠢᠶ᠎ᠡ ᠪᠠᠷ ᠭᠦᠢᠴᠡᠳᠬᠡᠬᠦ ᠪᠠ ᠲᠥᠯᠥᠪᠯᠡᠭᠡᠲᠦ ᠦᠷᠡᠵᠢᠯ ᠤᠨ ᠦᠢᠯᠡᠴᠢᠯᠡᠭᠡ ᠬᠢᠬᠡᠳ ᠵᠢᠯᠤᠭᠤᠳᠤᠯᠭ᠎ᠠ ᠶᠢ | ᠦᠷᠨᠢᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | 5. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠢᠬᠡᠳ ᠢᠨᠲ᠋ᠧᠷ ᠰᠦᠯᠵᠢᠶᠡᠨ ᠤ ᠠᠵᠦ | ᠠᠬᠤᠶᠢᠯᠠᠯ ᠤᠨ ᠬᠠᠮᠳᠤᠷᠠᠯᠴᠠᠬᠤ ᠶᠢ ᠵᠤᠷᠢᠨᠨᠵᠢᠭᠤᠯᠵᠦ᠂ ᠤᠷᠤᠨ ᠪᠦᠰᠡ ᠶᠢᠨ ᠡᠮᠴᠢᠯᠡᠭᠡ ᠡᠷᠡᠭᠦᠯ ᠬᠠᠮᠠᠭᠠᠯᠠᠯ ᠤᠨ | ᠮᠡᠳᠡᠭᠡ ᠵᠠᠩᠬᠢ ᠪᠠᠨ ᠡᠮᠬᠢᠯᠡᠨ ᠨᠡᠶᠢᠯᠡᠬᠦᠯᠬᠦ ᠶᠢ ᠴᠢᠩᠭᠠᠳᠬᠠᠨ᠂ ᠭᠦᠮᠦᠨ ᠠᠮᠠ ᠶᠢᠨ ᠨᠡᠭᠦᠳᠡᠯ᠂ ᠠᠭᠤᠷ | ᠠᠮᠢᠰᠬᠤᠯ ᠤᠨ ᠬᠤᠪᠢᠷᠠᠯᠳᠠ ᠵᠡᠷᠬᠡ ᠳᠤ ᠲᠤᠮᠤ ᠳ᠋ᠠᠶᠢᠲ᠋ᠠ ᠶᠢᠨ ᠮᠡᠷᠬᠡᠵᠢᠯ ᠢᠶᠠᠷ ᠵᠠᠳᠠᠯᠤᠯᠳᠠ ᠬᠢᠬᠦ ᠠᠷᠭ᠎ᠠ ᠪᠠᠷᠢᠯ | ᠬᠡᠷᠡᠭᠯᠡᠬᠦ ᠶᠢ ᠰᠦᠪᠡᠭᠴᠢᠯᠡᠵᠦ᠂ ᠡᠪᠡᠳᠴᠢᠨ ᠡᠮᠭᠡᠭ ᠳᠡᠯᠭᠡᠷᠡᠬᠦ ᠬᠠᠨᠳᠤᠰᠢ ᠶᠢ ᠤᠷᠢᠳᠴᠢᠯᠠᠨ ᠲᠦᠰᠦᠬᠡᠯᠡᠵᠦ᠂ | ᠬᠠᠯᠳᠠᠪᠤᠷᠢᠲᠤ ᠡᠪᠡᠳᠴᠢᠨ ᠮᠡᠲᠦ ᠶᠢᠨ ᠡᠪᠡᠳᠴᠢᠨ ᠡᠮᠭᠡᠭ ᠢ ᠤᠶᠤᠨᠴᠢ ᠪᠠᠷ ᠬᠢᠨᠠᠨ ᠰᠢᠨᠵᠢᠬᠦ ᠪᠠᠨ ᠴᠢᠩᠭᠠᠳᠬᠠᠨ᠂ | ᠬᠦᠨᠳᠦ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠢ ᠠᠷᠭᠠᠴᠠᠭᠠᠬᠤ ᠴᠢᠳᠠᠪᠤᠷᠢ ᠪᠠᠨ ᠲᠡᠬᠡᠭᠰᠢᠯᠡᠬᠦᠯᠦᠨ᠎ᠠ᠃ ᠡᠮᠦᠰᠴᠦ ᠵᠡᠭᠦᠵᠦ ᠪᠤᠯᠬᠤᠶᠢᠴᠠ | ᠲᠥᠬᠦᠭᠡᠷᠦᠮᠵᠢ ᠶᠢ ᠬᠡᠷᠡᠭᠯᠡᠵᠦ ᠠᠮᠢ ᠪᠡᠶ᠎ᠡ ᠶᠢᠨ ᠢᠯᠡᠷᠡᠯ ᠤᠨ ᠲᠤᠭ᠎ᠠ ᠪᠠᠷᠢᠮᠳᠠ ᠴᠤᠨᠨᠯᠠᠭᠤᠯᠵᠦ ᠤᠯᠬᠤ ᠶᠢ | ᠵᠤᠷᠢᠨᠨᠵᠢᠭᠤᠯᠵᠦ᠂ ᠵᠢᠷᠮᠦᠰᠦᠯᠡᠵᠦ ᠭᠦᠩᠬᠡᠵᠢᠬᠦ ᠪᠦᠰᠡᠬᠦᠢ ᠳᠤ ᠡᠷᠡᠭᠦᠯ ᠮᠡᠨᠳᠦ ᠶᠢᠨ ᠰᠢᠨᠵᠢᠯᠳᠡ ᠬᠢᠬᠡᠳ | ᠬᠠᠮᠢᠶᠠᠷᠤᠯᠳᠠ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠭᠤᠷᠪᠠ︶ ︽ᠢᠨᠲ᠋ᠧᠷ ᠰᠦᠯᠵᠢᠶ᠎ᠡ +︾ ᠡᠮᠴᠢᠯᠡᠬᠡᠨ ᠤ ᠪᠠᠲᠤᠯᠠᠭ᠎ᠠ ᠶᠢᠨ ᠳ᠋ᠦᠩᠨᠡᠨ ᠪᠤᠳᠦᠬᠤ | ᠦᠢᠯᠡᠴᠢᠯᠡᠭᠡ ᠶᠢ ᠠᠬᠢᠭᠤᠯᠤᠨ᠎ᠠ | 6. ᠡᠮᠴᠢᠯᠡᠬᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠵᠤᠯᠭᠠᠯᠳᠤᠭᠤᠯᠵᠦ ᠡᠮᠬᠢᠯᠡᠨ | ᠨᠡᠶᠢᠯᠡᠬᠦᠯᠬᠦ ᠶᠢ ᠲᠦᠷᠬᠡᠳᠬᠡᠵᠦ᠂ ᠡᠮᠴᠢᠯᠡᠬᠡᠨ ᠤ ᠪᠠᠲᠤᠯᠠᠭ᠎ᠠ ᠶᠢᠨ ᠲᠤᠭ᠎ᠠ ᠪᠠᠷᠢᠮᠲᠠ ᠶᠢ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠲᠤᠭ᠎ᠠ ᠪᠠᠷᠢᠮᠲᠠ ᠲᠠᠢ ᠬᠤᠯᠪᠣᠭᠠᠯᠠᠨ ᠨᠡᠪᠲᠡᠷᠡᠭᠦᠯᠵᠦ ᠬᠠᠮᠳᠤ ᠳᠤ ᠪᠠᠨ ᠭᠦᠷᠳᠡᠬᠡᠬᠦ ᠶᠢ ᠪᠡᠶᠡᠯᠡᠬᠦᠯᠦᠨ᠂ | ᠰᠦᠯᠵᠢᠶ᠎ᠡ ᠪᠠᠷ ᠲᠤᠭᠠᠴᠠᠭ᠎ᠠ ᠬᠢᠬᠦ ᠴᠢᠳᠠᠮᠵᠢ ᠶᠢ ᠠᠯᠬᠤᠮ ᠠᠯᠬᠤᠮ ᠢᠶᠠᠷ ᠦᠷᠬᠡᠵᠢᠬᠦᠯᠵᠦ᠂ ︽ᠨᠢᠭᠡ ᠥᠷᠲᠡᠭᠡ | ᠮᠠᠶ᠋ᠢᠭ︾ ᠢᠶᠠᠷ ᠳ᠋ᠦᠩᠨᠡᠨ ᠪᠤᠳᠦᠬᠤ ᠶᠢ ᠠᠬᠢᠭᠤᠯᠤᠨ᠂ ᠳᠠᠭᠠᠳᠬᠠᠯ ᠳᠤ ᠤᠷᠤᠯᠴᠬᠠᠰᠠᠳ ᠲᠤ ᠨᠡᠩ ᠳᠥᠭᠦᠮ ᠳᠥᠲᠡ | ᠦᠢᠯᠡᠴᠢᠯᠡᠭᠡ ᠬᠠᠩᠭᠠᠨ᠎ᠠ᠃ ᠰᠦᠯᠵᠢᠶ᠎ᠡ ᠬᠤᠯᠪᠤᠨᠨᠰᠠᠨ ᠲᠤᠨᠨᠳᠠᠮᠠᠯ ᠡᠮᠴᠢᠯᠡᠭᠡᠨ ᠤ ᠪᠠᠶᠢᠭᠤᠯᠤᠮᠵᠢ ᠶᠢᠨ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠤᠨᠳᠤᠤ ᠭᠠᠵᠠᠷ ᠲᠤ ᠡᠮᠨᠡᠭᠦᠯᠦᠭᠰᠡᠨ ᠵᠠᠷᠤᠳᠠᠯ ᠢ ᠨᠢ ᠰᠢᠭᠤᠳ ᠳ᠋ᠦᠩᠨᠡᠨ | ᠪᠤᠳᠤᠬᠤ ᠳᠤ ᠨᠡᠩ ᠤᠯᠠᠨ ᠦᠨᠳᠦᠰᠦᠨ ᠱᠠᠲᠤᠨ ᠤ ᠡᠮᠴᠢᠯᠡᠬᠡᠨ ᠤ ᠪᠠᠶᠢᠭᠤᠯᠤᠮᠵᠢ ᠶᠢ ᠠᠯᠬᠤᠮ ᠠᠯᠬᠤᠮ ᠢᠶᠠᠷ | ᠤᠷᠤᠭᠤᠯᠤᠨ᠎ᠠ᠃ ᠭᠠᠳᠠᠭᠰᠢ ᠭᠠᠷᠴᠤ ᠭᠦᠯᠦᠰᠦᠨ ᠠᠵᠢᠯ ᠬᠢᠵᠦ ᠪᠠᠶᠢᠭ᠎ᠠ ᠭᠦᠮᠦᠰ ᠪᠤᠯᠤᠨ ᠥᠷᠭᠡᠨ ᠤᠯᠠᠨ ︽ | ᠦᠢᠯᠡᠰ ᠴᠤᠨᠨᠴᠠᠯᠠᠵᠦ ᠰᠢᠨ᠎ᠡ ᠶᠢ ᠡᠭᠦᠳᠬᠦ︾ ᠬᠥᠮᠦᠰ ᠤᠨ ᠣᠷᠣᠨ ᠠᠯᠤᠰᠯᠠᠨ ᠣᠨᠳᠣᠤ ᠭᠠᠵᠠᠷ ᠤᠨ ᠡᠮᠨᠡᠯᠭᠡ ᠳᠤ | ᠰᠠᠭᠤᠭᠰᠠᠨ ᠵᠠᠷᠤᠳᠠᠯ ᠢ ᠨᠢ ᠰᠢᠭᠤᠳ ᠳ᠋ᠦᠩᠨᠡᠨ ᠪᠤᠳᠤᠬᠤ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠨ᠎ᠠ᠃ | ᠡᠮᠴᠢᠯᠡᠭᠡᠨ ᠤ ᠳᠠᠭᠠᠳᠬᠠᠯ ᠢ ᠤᠶᠤᠨᠴᠢ ᠪᠠᠷ ᠬᠢᠨᠠᠨ ᠬᠠᠷᠭᠤᠭᠤᠯᠬᠤ ᠪᠠ ᠴᠠᠭ ᠲᠤᠬᠠᠢ ᠳᠤ ᠨᠢ ᠬᠢᠨᠠᠨ ᠡᠵᠡᠮᠳᠡᠬᠦ ᠶᠢ | ᠶᠡᠭᠡ ᠪᠠᠷ ᠠᠬᠢᠭᠤᠯᠵᠦ᠂ ᠡᠮᠴᠢᠯᠡᠭᠡᠨ ᠤ ᠵᠠᠮ ᠮᠥᠷ ᠂ ᠵᠣᠬᠢᠰᠲᠠᠶ ᠪᠠᠷ ᠡᠮ ᠬᠡᠷᠡᠭᠯᠡᠬᠦ᠂ ᠲᠤᠭᠠᠴᠠᠭ᠎ᠠ ᠬᠢᠬᠦ ᠲᠥᠷᠥ ᠶᠢᠨ | ᠪᠣᠳᠣᠯᠭ᠎ᠠ ᠵᠡᠷᠭᠡ ᠲᠦᠷᠢᠮ ᠢ ᠡᠮᠨᠡᠯᠭᠡ ᠶᠢᠨ ᠬᠤᠷᠢᠶ᠎ᠠ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠰᠢᠬᠢᠳᠬᠡᠨ | ᠤᠷᠤᠭᠤᠯᠵᠦ᠂ ᠡᠮᠴᠢᠯᠡᠭᠡᠨ ᠤ ᠠᠵᠢᠯᠯᠠᠭ᠎ᠠ ᠪᠣᠯᠤᠨ ᠵᠠᠷᠤᠳᠠᠯ ᠤᠨ ᠬᠢᠨᠠᠨ ᠬᠠᠮᠢᠶᠠᠷᠤᠯᠳᠠ ᠶᠢ ᠴᠢᠩᠳᠠᠯᠠᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠳᠥᠷᠪᠡ︶ ︽ᠢᠨᠲ᠋ᠧᠷ ᠰᠦᠯᠵᠢᠶ᠎ᠡ +︾ ᠠᠨᠠᠭᠠᠬᠤ ᠤᠬᠠᠭᠠᠨ ᠤ ᠬᠥᠮᠦᠵᠢᠯ ᠪᠤᠯᠤᠨ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡ ᠶᠢ ᠴᠢᠩᠭᠠᠳᠬᠠᠨ᠎ᠠ | 7. ᠡᠮᠴᠢᠯᠡᠭᠡ ᠡᠷᠡᠭᠦᠯ ᠮᠡᠨᠳᠦ ᠶᠢᠨ ᠬᠥᠮᠦᠵᠢᠯ ᠪᠣᠯᠪᠠᠰᠤᠷᠠᠭᠤᠯᠤᠯ ᠤᠨ ᠡᠭᠦᠯᠡᠨ ᠲᠠᠪᠴᠠᠩ ᠪᠠᠶᠢᠭᠤᠯᠬᠤ ᠶᠢ | ᠵᠣᠷᠢᠬᠵᠢᠭᠤᠯᠵᠤ᠂ ᠰᠦᠯᠵᠢᠶᠡᠨ ᠳᠠᠬᠢ ᠠᠨᠠᠭᠠᠬᠤ ᠤᠬᠠᠭᠠᠨ ᠤ ᠤᠯᠠᠨ ᠶᠠᠩᠵᠦ ᠶᠢᠨ ᠬᠢᠴᠢᠶᠡᠯ ᠪᠤᠯᠤᠨ ᠠᠨᠠᠭᠠᠬᠤ | ᠤᠬᠠᠭᠠᠨ ᠤ ᠬᠥᠮᠦᠵᠢᠯ ᠬᠠᠩᠭᠠᠨ᠎ᠠ᠃ ᠰᠦᠯᠵᠢᠶᠡᠵᠢᠭᠰᠡᠨ᠂ ᠲᠤᠭᠠᠵᠢᠭᠤᠯᠤᠨᠨᠰᠠᠨ᠂ ᠦᠪᠡᠷᠮᠢᠴᠡᠵᠢᠭᠰᠡᠨ᠂ ᠨᠠᠰᠤᠨ | ᠲᠤᠷᠰᠢᠳᠠ ᠶᠢᠨ ᠠᠨᠠᠭᠠᠬᠤ ᠤᠬᠠᠭᠠᠨ ᠤ ᠬᠥᠮᠦᠵᠢᠯ ᠪᠣᠯᠪᠠᠰᠤᠷᠠᠭᠤᠯᠤᠯ ᠤᠨ ᠰᠢᠰᠲ᠋ᠧᠮᠵᠢ ᠶᠢ ᠪᠠᠶᠢᠭᠤᠯᠵᠦ᠂ | ᠡᠮᠴᠢᠯᠡᠬᠡᠨ ᠤ ᠠᠵᠢᠯᠲᠠᠳ ᠤᠨ ᠬᠦᠴᠢᠷ ᠲᠦᠪᠡᠭᠲᠡᠶ ᠡᠪᠡᠳᠴᠢᠨ ᠵᠢᠴᠢ ᠬᠦᠨᠳᠦ ᠡᠪᠡᠳᠴᠢᠨ ᠡᠮᠭᠡᠭ ᠤᠨ | ᠡᠪᠡᠳᠴᠢᠨ ᠤ ᠵᠢᠱᠢᠶ᠎ᠡ ᠶᠢ ᠰᠤᠳᠤᠯᠤᠨ ᠶᠠᠷᠢᠯᠴᠠᠵᠤ ᠪᠣᠳᠣᠯ ᠰᠠᠨᠠᠯ ᠢᠶᠠᠨ ᠰᠤᠯᠢᠯᠴᠠᠬᠤ ᠶᠢ ᠵᠤᠷᠢᠨᠨᠵᠢᠭᠤᠯᠵᠦ᠂ | ᠲᠤᠬᠠᠶᠢᠯᠠᠭᠰᠠᠨ ᠠᠵᠢᠯ ᠤᠨ ᠬᠡᠪ ᠪᠤᠯᠪᠠᠰᠤᠷᠠᠯ ᠢ ᠨᠢ ᠲᠠᠰᠤᠷᠠᠯᠲᠠ ᠦᠭᠡᠢ ᠲᠡᠬᠡᠭᠰᠢᠯᠡᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠰᠤᠷᠭᠠᠨ ᠬᠥᠮᠦᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠣᠮᠣ ᠳ᠋ᠠᠶᠢᠲ᠋ᠠ ᠶᠢᠨ | ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 8. ︽ᠠᠨᠠᠭᠠᠬᠤ ᠤᠬᠠᠭᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ + ᠵᠤᠬᠢᠮᠵᠢᠳᠠᠢ ᠮᠡᠷᠭᠡᠵᠢᠯ ᠢ | ᠳᠡᠯᠭᠡᠷᠡᠭᠦᠯᠬᠦ︾ ᠠᠵᠢᠯᠯᠠᠭ᠎ᠠ ᠶᠢ ᠬᠡᠷᠡᠭᠵᠢᠬᠦᠯᠦᠨ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠬᠡᠷᠡᠭᠴᠡᠭᠡ | ᠱᠠᠭᠠᠷᠳᠠᠯᠭ᠎ᠠ ᠶᠢᠨ ᠲᠤᠭᠤᠷᠢᠨ ᠳᠤ᠂ ᠦᠨᠳᠦᠰᠦᠨ ᠱᠠᠳᠤ ᠪᠣᠯᠤᠨ ᠶᠠᠳᠠᠭᠤ ᠬᠦᠴᠢᠷᠳᠡᠯᠲᠡᠶ ᠭᠠᠵᠠᠷ ᠣᠷᠣᠨ ᠳᠤ | ᠭᠤᠤᠯᠳᠠᠯᠭ᠎ᠠ ᠲᠠᠢ ᠬᠠᠨᠳᠤᠭᠤᠯᠵᠦ ᠪᠠᠶᠢᠭᠠᠳ ᠠᠯᠤᠰ ᠤᠨ ᠵᠢᠭᠠᠨ ᠰᠤᠷᠭᠠᠬᠤ ᠠᠷᠭ᠎ᠠ ᠪᠠᠷᠢᠯ ᠢᠶᠠᠷ ᠲᠠᠮᠵᠢᠭᠤᠯᠤᠨ᠂ | ᠪᠤᠳᠠᠳᠠᠢ ᠬᠡᠷᠡᠭᠯᠡᠬᠡᠨ ᠤ ᠬᠡᠯᠪᠡᠷᠢ ᠶᠢᠨ ᠵᠤᠬᠢᠮᠵᠢᠳᠠᠢ ᠮᠡᠷᠬᠡᠵᠢᠯ ᠢ ᠪᠤᠯᠪᠠᠰᠤᠷᠠᠭᠤᠯᠬᠤ ᠪᠠ ᠳᠡᠯᠭᠡᠷᠡᠭᠦᠯᠦᠨ | ᠲᠦᠬᠡᠮᠡᠯᠵᠢᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠣᠮᠣ ᠳ᠋ᠠᠶᠢᠲ᠋ᠠ ᠶᠢᠨ | ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 9. ᠰᠦᠯᠵᠢᠶ᠎ᠡ ᠪᠠᠷ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠠᠪᠴᠠᠩ ᠢ ᠪᠠᠶᠢᠭᠤᠯᠤᠨ᠂ ᠢᠨᠲ᠋ᠧᠷ | ᠰᠦᠯᠵᠢᠶ᠎ᠡ ᠶᠢ ᠠᠰᠢᠭᠯᠠᠨ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠲᠦᠬᠡᠮᠡᠯᠵᠢᠬᠦᠯᠬᠦ ᠮᠡᠳᠡᠯᠬᠡ ᠶᠢᠨ ᠲᠠᠯ᠎ᠠ ᠪᠠᠷ ᠬᠢ | ᠲᠦᠢᠯ ᠤᠨ ᠤᠨᠤᠪᠴᠢᠳᠠᠢ ᠬᠥᠮᠦᠵᠢᠯ ᠢ ᠬᠠᠩᠭᠠᠵᠦ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ | ᠲᠦᠬᠡᠮᠡᠯᠵᠢᠬᠦᠯᠦᠨ᠂ ᠰᠠᠭᠤᠭᠠᠯᠢ ᠠᠷᠠᠳ ᠤᠨ ᠬᠤᠪᠢ ᠪᠡᠶ᠎ᠡ ᠶᠢᠨ ᠢᠶᠠᠨ ᠡᠷᠡᠭᠦᠯ ᠮᠡᠨᠳᠦ ᠶᠢ ᠡᠵᠡᠮᠳᠡᠨ ᠬᠠᠮᠢᠶᠠᠷᠠᠬᠤ | ᠴᠢᠳᠠᠪᠤᠷᠢ ᠪᠣᠯᠤᠨ ᠡᠷᠡᠭᠦᠯ ᠮᠡᠨᠳᠦ ᠶᠢᠨ ᠴᠢᠨᠰᠠᠭ᠎ᠠ ᠶᠢ ᠨᠢ ᠲᠡᠬᠡᠭᠰᠢᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠰᠢᠨᠵᠢᠯᠡᠭᠡ ᠤᠬᠠᠭᠠᠨ ᠲᠧᠭᠨᠢᠭ ᠮᠡᠷᠬᠡᠵᠢᠯ ᠤᠨ | ᠨᠡᠶᠢᠬᠡᠮᠯᠢᠭ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠲᠠᠪᠤ︶ ︽ᠢᠨᠲ᠋ᠧᠷ ᠰᠦᠯᠵᠢᠶ᠎ᠡ +︾ ᠵᠣᠬᠢᠶᠠᠮᠠᠯ ᠤᠶᠤᠨᠴᠢ ᠬᠡᠷᠡᠭᠯᠡᠭᠡᠨ ᠤ ᠦᠢᠯᠡᠴᠢᠯᠡᠭᠡ ᠶᠢ | ᠠᠬᠢᠭᠤᠯᠤᠨ᠎ᠠ | 10. ᠵᠣᠬᠢᠶᠠᠮᠠᠯ ᠤᠶᠤᠨᠴᠢ ᠳᠤ ᠰᠠᠭᠤᠷᠢᠯᠠᠭᠰᠠᠨ ᠡᠮᠴᠢᠯᠡᠬᠡᠨ ᠤ ᠣᠨᠣᠰᠢᠯᠠᠨ ᠡᠮᠨᠡᠬᠦ ᠶᠢᠨ ᠰᠢᠢᠳᠪᠦᠷᠢᠳᠦ | ᠪᠤᠳᠤᠯᠭ᠎ᠠ ᠭᠠᠷᠭᠠᠬᠤ ᠳᠤ ᠨᠢ ᠲᠡᠮ ᠪᠤᠯᠬᠤ ᠰᠢᠰᠲ᠋ᠧᠮ ᠰᠤᠳᠤᠯᠤᠨ ᠨᠡᠬᠡᠬᠡᠬᠦ ᠶᠢ ᠵᠤᠷᠢᠨᠨᠵᠢᠭᠤᠯᠵᠦ᠂ ᠤᠶᠤᠨᠴᠢ | ᠠᠨᠠᠭᠠᠬᠤ ᠤᠬᠠᠭᠠᠨ ᠤ ᠵᠢᠷᠤᠭ ᠳᠦᠷᠰᠦ ᠪᠠᠷ ᠢᠯᠭᠠᠨ ᠲᠠᠨᠢᠬᠤ᠂ ᠡᠪᠡᠳᠴᠢᠨ ᠤ ᠵᠦᠢ ᠶᠢᠨ ᠬᠡᠯᠪᠡᠷᠢ ᠬᠤᠪᠢᠶᠠᠬᠤ ᠪᠠ | ᠣᠯᠠᠨ ᠲᠥᠷᠥᠯ ᠤᠨ ᠰᠢᠨᠵᠢᠯᠡᠭᠡᠨ ᠤ ᠬᠠᠮᠲᠤᠷᠠᠨ ᠣᠨᠣᠰᠢᠯᠠᠬᠤ ᠵᠢᠴᠢ ᠡᠮᠴᠢᠯᠡᠬᠡᠨ ᠤ ᠡᠷᠡᠭᠦᠯ ᠮᠡᠨᠳᠦ ᠶᠢᠨ ᠣᠯᠠᠨ | ᠪᠠᠶᠢᠳᠠᠯ ᠳᠣᠣᠷᠠᠬᠢ ᠤᠶᠤᠨᠴᠢ ᠠᠪᠢᠶᠠᠨ ᠤ ᠮᠡᠷᠭᠡᠵᠢᠯ ᠤᠨ ᠬᠡᠷᠡᠭᠯᠡᠬᠡᠨ ᠢ ᠦᠷᠨᠢᠬᠦᠯᠵᠦ ᠪᠠᠶᠢᠭᠠᠳ ᠡᠮᠴᠢᠯᠡᠭᠡ ᠪᠠᠷ | ᠦᠢᠯᠡᠴᠢᠯᠡᠬᠦ ᠦᠷ᠎ᠡ ᠪᠦᠲᠦᠮᠵᠢ ᠶᠢ ᠨᠢ ᠲᠡᠬᠡᠭᠰᠢᠯᠡᠬᠦᠯᠦᠨ᠎ᠠ᠃ ᠮᠣᠩᠭᠤᠯ ᠬᠢᠲᠠᠳ ᠡᠮᠨᠡᠯᠭᠡ ᠶᠢᠨ ᠬᠤᠪᠢᠰᠤᠩᠭᠤᠶ | ᠶᠤᠷᠤᠨᠳᠡᠭ ᠤᠶᠤᠨᠴᠢ ᠲᠤᠰᠠᠯᠠᠬᠤ ᠰᠢᠰᠲ᠋ᠧᠮ ᠤᠨ ᠬᠡᠷᠡᠭᠯᠡᠬᠡᠨ ᠢ ᠲᠡᠮᠵᠢᠵᠦ᠂ ᠦᠨᠳᠦᠰᠦᠨ ᠱᠠᠲᠤᠨ ᠤ ᠮᠣᠩᠭᠤᠯ | ᠬᠢᠲᠠᠳ ᠡᠮᠨᠡᠯᠭᠡ ᠶᠢᠨ ᠣᠨᠣᠰᠢᠯᠠᠨ ᠡᠮᠨᠡᠵᠦ ᠦᠢᠯᠡᠴᠢᠯᠡᠬᠦ ᠴᠢᠳᠠᠪᠤᠷᠢ ᠶᠢ ᠲᠡᠬᠡᠭᠰᠢᠯᠡᠬᠦᠯᠦᠨ᠎ᠠ᠃ ᠵᠤᠬᠢᠶᠠᠮᠠᠯ ᠤᠶᠤᠨᠴᠢ | ᠮᠡᠷᠭᠡᠵᠢᠯ᠂ ᠡᠮᠴᠢᠯᠡᠭᠡ ᠡᠷᠡᠭᠦᠯ ᠮᠡᠨᠳᠦ ᠶᠢᠨ ᠤᠶᠤᠨᠴᠢ ᠲᠥᠬᠦᠭᠡᠷᠦᠮᠵᠢ ᠳᠤ ᠰᠠᠭᠤᠷᠢᠯᠬᠠᠰᠠᠨ ᠨᠡᠭᠦᠳᠡᠯ ᠡᠮᠴᠢᠯᠡᠭᠡ ᠪᠠᠷ | ᠵᠢᠱᠢᠶ᠎ᠡ ᠦᠵᠡᠭᠦᠯᠬᠦ ᠶᠢ ᠦᠷᠨᠢᠬᠦᠯᠵᠦ᠂ ᠬᠤᠪᠢ ᠬᠥᠮᠦᠨ ᠤ ᠡᠷᠡᠭᠦᠯ ᠴᠢᠭᠢᠷᠠᠭ ᠢ ᠴᠠᠭ ᠲᠤᠬᠠᠢ ᠳᠤ ᠨᠢ ᠰᠢᠨᠵᠢᠬᠦ | ᠬᠢᠬᠡᠳ ᠦᠨᠡᠯᠡᠨ ᠵᠢᠱᠢᠬᠦ᠂ ᠡᠪᠡᠳᠴᠢᠨ ᠡᠮᠭᠡᠭ ᠢ ᠰᠡᠷᠡᠮᠵᠢᠯᠡᠭᠦᠯᠬᠦ᠂ ᠤᠵᠢᠭ ᠡᠪᠡᠳᠴᠢᠨ ᠢ ᠰᠢᠭᠰᠢᠨ ᠪᠠᠶᠢᠴᠠᠭᠠᠬᠤ᠂ | ᠰᠠᠨᠠᠭᠠᠴᠢᠯᠠᠭ᠎ᠠ ᠲᠠᠢ ᠪᠠᠷ ᠬᠠᠮᠢᠶᠠᠷᠤᠨ ᠵᠢᠯᠤᠭᠤᠳᠬᠤ ᠶᠢ ᠪᠡᠶᠡᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ | ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 11. ᠡᠮᠴᠢᠯᠡᠭᠡ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠵᠦ | ᠬᠠᠮᠲᠤ ᠳᠤ ᠪᠠᠨ ᠭᠦᠷᠳᠡᠬᠦ ᠪᠠ ᠬᠡᠷᠡᠭᠯᠡᠬᠦ ᠶᠢ ᠴᠢᠩᠭᠠᠳᠬᠠᠵᠦ᠂ ᠡᠮᠴᠢᠯᠡᠭᠡ ᠡᠷᠡᠭᠦᠯ ᠮᠡᠨᠳᠦ ᠶᠢᠨ ᠬᠠᠮᠢᠶ᠎ᠠ ᠪᠦᠬᠦᠢ | ᠵᠣᠬᠢᠶᠠᠮᠠᠯ ᠤᠶᠤᠨᠴᠢ ᠮᠡᠷᠭᠡᠵᠢᠯ᠂ ᠡᠮᠨᠡᠯᠭᠡ ᠳᠤ ᠬᠡᠷᠡᠭᠯᠡᠬᠦ ᠮᠠᠰᠢᠨ ᠬᠥᠮᠦᠨ᠂ ᠡᠮᠴᠢᠯᠡᠬᠡᠨ ᠤ ᠲᠣᠮᠣ ᠬᠡᠯᠪᠡᠷᠢ ᠶᠢᠨ | ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠵᠦ ᠠᠪᠤᠷᠠᠨ ᠲᠤᠰᠠᠯᠠᠬᠤ ᠡᠮᠴᠢᠯᠡᠬᠡᠨ ᠤ ᠲᠥᠬᠦᠭᠡᠷᠦᠮᠵᠢ᠂ ᠠᠮᠢᠳᠤ | ᠪᠣᠳᠠᠰ ᠤᠨ ᠭᠤᠷᠪᠠᠨ ᠬᠡᠮᠵᠢᠯᠳᠦ ᠳᠠᠷᠤᠮᠠᠯᠯᠠᠬᠤ ᠮᠡᠷᠭᠡᠵᠢᠯ ᠪᠤᠯᠤᠨ ᠡᠮᠦᠰᠴᠦ ᠵᠡᠭᠦᠵᠦ ᠪᠤᠯᠬᠤᠶᠢᠴᠠ ᠲᠥᠬᠦᠭᠡᠷᠦᠮᠵᠢ | ᠵᠡᠷᠭᠡ ᠶᠢ ᠰᠤᠳᠤᠯᠤᠨ ᠨᠡᠬᠡᠬᠡᠬᠦ ᠶᠢ ᠲᠡᠮᠵᠢᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠰᠢᠨ᠎ᠡ ᠶᠢ | ᠡᠭᠦᠳᠬᠦ ᠬᠥᠭᠵᠢᠯᠲᠡ ᠶᠢᠨ ᠬᠠᠨᠳᠤᠰᠢ ᠶᠢ ᠲᠠᠭᠠᠵᠦ᠂ ᠡᠮᠴᠢᠯᠡᠭᠡ ᠡᠷᠡᠭᠦᠯ ᠮᠡᠨᠳᠦ ᠶᠢᠨ ᠲᠥᠬᠦᠭᠡᠷᠦᠮᠵᠢ ᠶᠢᠨ | ᠲᠤᠭᠠᠵᠢᠭᠤᠯᠤᠨ᠂ ᠤᠶᠤᠨᠴᠢᠯᠠᠨ ᠦᠢᠯᠡᠳᠬᠦ ᠬᠢᠷᠢ ᠬᠡᠮᠵᠢᠶ᠎ᠡ ᠶᠢ ᠲᠡᠬᠡᠭᠰᠢᠯᠡᠬᠦᠯᠵᠦ᠂ ᠠᠵᠤ ᠦᠢᠯᠡᠰ ᠤᠨ ᠲᠡᠰ | ᠳᠡᠪᠰᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠲᠢᠩᠬᠢᠮ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠬᠤᠶᠠᠷ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠲᠤᠯᠭᠠᠭᠤᠷᠢᠯᠠᠬᠤ ᠰᠢᠰᠲ᠋ᠧᠮᠵᠢ ᠶᠢ | ᠲᠡᠭᠦᠯᠳᠡᠷᠵᠢᠬᠦᠯᠦᠨ᠎ᠠ | ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠣᠷᠣᠨ ᠪᠦᠰᠡ ᠳᠠᠬᠢ ᠪᠦᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠦ᠂ ᠲᠠᠪᠴᠠᠩ ᠳᠤ ᠪᠦᠭᠦ ᠬᠥᠮᠦᠨ ᠠᠮᠠ ᠶᠢᠨ | ᠳ᠋ᠠᠶᠢᠲ᠋ᠠ ᠬᠥᠮᠥᠷᠭᠡ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ᠂ | ᠡᠪᠡᠳᠴᠢᠨ ᠤ ᠡᠯᠧᠺᠲᠷᠣᠨ ᠲᠡᠮᠳᠡᠭᠯᠡᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠪᠠ ᠰᠠᠭᠤᠭᠠᠯᠢ ᠠᠷᠠᠳ ᠤᠨ ᠡᠷᠡᠭᠦᠯ | ᠮᠡᠨᠳᠦ ᠶᠢᠨ ᠺᠠᠷᠲ ᠢ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠬᠢᠬᠡᠳ ᠠᠶᠢᠮᠠᠭ ᠬᠤᠳᠠ ᠶᠢᠨ | ᠲᠠᠪᠴᠠᠩ ᠢ ᠬᠤᠯᠪᠤᠨ ᠨᠡᠪᠳᠡᠷᠡᠬᠦᠯᠬᠦ᠂ ᠠᠶᠢᠮᠠᠭ ᠬᠤᠳᠠ ᠶᠢᠨ ᠲᠠᠪᠴᠠᠩ ᠬᠢᠬᠡᠳ ᠣᠷᠣᠨ ᠪᠦᠰᠡ ᠶᠢᠨ | ᠲᠤᠳᠤᠭᠠᠳᠤ ᠳᠠᠬᠢ ᠪᠠᠶᠢᠭᠤᠯᠤᠮᠵᠢ ᠶᠢ ᠬᠤᠯᠪᠤᠨ ᠨᠡᠪᠳᠡᠷᠡᠬᠦᠯᠬᠦ ᠶᠢ ᠠᠬᠢᠭᠤᠯᠵᠦ᠂ ᠬᠠᠷᠢᠯᠴᠠᠨ ᠬᠤᠯᠪᠣᠵᠤ ᠬᠠᠷᠢᠯᠴᠠᠨ | ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ ᠶᠢ ᠪᠡᠶᠡᠯᠡᠬᠦᠯᠦᠨ᠂ ︽ᠢᠨᠲ᠋ᠧᠷ ᠰᠦᠯᠵᠢᠶ᠎ᠡ + | ᠡᠮᠴᠢᠯᠡᠭᠡ ᠡᠷᠡᠭᠦᠯ ᠮᠡᠨᠳᠦ︾ ᠶᠢᠨ ᠭᠦᠭᠵᠢᠯᠳᠡ ᠳᠤ ᠰᠠᠭᠤᠷᠢ ᠪᠠᠲᠤᠯᠠᠭ᠎ᠠ ᠬᠠᠩᠭᠠᠨ᠎ᠠ᠃ | ︵ᠵᠢᠷᠭᠤᠭ᠎ᠠ︶ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ | ᠪᠠᠶᠢᠭᠤᠯᠤᠯᠲᠠ ᠶᠢ ᠲᠦᠷᠬᠡᠳᠬᠡᠨ᠎ᠠ | 12. ᠥᠪᠡᠷᠲᠡᠭᠡᠨ ᠵᠠᠰᠠᠬᠤ ᠣᠷᠣᠨ ᠤ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ | ᠲᠠᠪᠴᠠᠩ ᠢ ᠲᠡᠭᠦᠯᠳᠡᠷᠵᠢᠬᠦᠯᠦᠨ᠎ᠠ᠃ ᠥᠪᠡᠷᠲᠡᠭᠡᠨ ᠵᠠᠰᠠᠬᠤ ᠣᠷᠣᠨ ᠤ ᠲᠠᠪᠴᠠᠩ ᠳᠤ ᠲᠡᠬᠡᠭᠰᠢ ᠪᠠᠨ ᠤᠯᠤᠰ ᠤᠨ | ᠲᠠᠰ ᠤᠨ ᠲᠠᠪᠴᠠᠩ ᠲᠠᠢ ᠵᠠᠯᠭᠠᠯᠳᠤᠭᠤᠯᠵᠦ᠂ ᠲᠤᠭᠤᠨᠨᠰᠢ ᠪᠠᠨ ᠠᠶᠢᠮᠠᠭ ᠬᠤᠳᠠ ᠶᠢᠨ ᠲᠠᠪᠴᠠᠩ ᠲᠠᠢ | ᠬᠤᠯᠪᠤᠯᠳᠤᠭᠤᠯᠬᠤ ᠪᠠᠨ ᠪᠡᠶᠡᠯᠡᠬᠦᠯᠬᠦ ᠶᠢ ᠠᠬᠢᠭᠤᠯᠤᠨ᠂ ᠲᠤᠮᠤ ᠳ᠋ᠠᠶᠢᠲ᠋ᠠ ᠪᠠᠷ ᠬᠠᠳᠠᠭᠠᠯᠠᠵᠦ᠂ ᠪᠦᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠰᠤᠯᠢᠯᠴᠠᠬᠤ ᠬᠢᠬᠡᠳ ᠬᠠᠮᠲᠤ ᠳᠤ ᠪᠠᠨ ᠭᠦᠷᠳᠡᠬᠦ ᠦᠢᠯᠡᠴᠢᠯᠡᠭᠡ ᠶᠢ | ᠡᠭᠦᠷᠬᠡᠯᠡᠨ᠎ᠠ᠃ ᠬᠠᠲᠠᠭᠤ ᠬᠡᠷᠡᠭᠰᠡᠯ ᠤᠨ ᠡᠬᠢ ᠪᠠᠶᠠᠯᠢᠭ ᠲᠤᠬᠢᠷᠠᠭᠤᠯᠬᠤ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ | ᠬᠠᠳᠠᠭᠠᠯᠠᠬᠤ ᠱᠠᠭᠠᠷᠳᠠᠯᠭ᠎ᠠ ᠶᠢ ᠬᠠᠩᠭᠠᠨ᠎ᠠ᠃ ᠰᠢᠰᠲ᠋ᠧᠮ ᠤᠨ ᠪᠠᠭᠠᠵᠢ ᠬᠡᠷᠡᠭᠯᠡᠬᠦᠷ ᠤᠨ ᠵᠥᠭᠡᠯᠡᠨ ᠬᠡᠷᠡᠭᠰᠡᠯ ᠪᠤᠯᠤᠨ | ᠰᠦᠯᠵᠢᠶᠡᠨ ᠤ ᠠᠮᠤᠷ ᠲᠦᠪᠰᠢᠨ ᠤ ᠵᠥᠭᠡᠯᠡᠨ ᠪᠠ ᠬᠠᠲᠠᠭᠤ ᠬᠡᠷᠡᠭᠰᠡᠯ ᠢ ᠭᠦᠢᠴᠡᠳ ᠲᠤᠬᠢᠷᠠᠭᠤᠯᠤᠨ᠎ᠠ᠃ | ᠴᠢᠳᠠᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠂ ᠣᠷᠣᠨ ᠪᠦᠰᠡ᠂ ᠠᠵᠢᠯ ᠲᠦᠷᠦᠯ ᠤᠨ | ᠬᠤᠭᠤᠷᠤᠨᠳᠤ ᠶᠢᠨ ᠲᠤᠭ᠎ᠠ ᠪᠠᠷᠢᠮᠲᠠ ᠶᠢ ᠬᠠᠮᠳᠤ ᠳᠤ ᠪᠠᠨ ᠭᠦᠷᠳᠡᠬᠦ ᠨᠡᠪᠳᠡᠷᠡᠯ ᠵᠠᠮ ᠢ ᠰᠢᠯᠤᠭᠤᠳᠬᠠᠨ᠎ᠠ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠲᠣᠮᠣ ᠳ᠋ᠠᠶᠢᠲ᠋ᠠ ᠶᠢᠨ | ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 13. ᠠᠶᠢᠮᠠᠭ ᠬᠤᠳᠠ ᠶᠢᠨ ᠣᠷᠣᠨ ᠪᠦᠰᠡ ᠳᠠᠬᠢ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ | ᠵᠠᠩᠭᠢ ᠶᠢᠨ ᠲᠠᠪᠴᠠᠩ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠠᠶᠢᠮᠠᠭ ᠬᠤᠳᠠ ᠶᠢᠨ ᠣᠷᠣᠨ ᠪᠦᠰᠡ ᠶᠢᠨ | ᠲᠠᠪᠴᠠᠩ ᠢ ᠥᠪᠡᠷᠲᠡᠭᠡᠨ ᠵᠠᠰᠠᠬᠤ ᠣᠷᠣᠨ ᠤ ᠲᠠᠪᠴᠠᠩ ᠯᠤᠭ᠎ᠠ ᠵᠤᠯᠭᠠᠯᠳᠤᠭᠤᠯᠵᠦ᠂ ᠣᠷᠣᠨ ᠪᠦᠰᠡ ᠶᠢᠨ | ᠲᠤᠳᠤᠭᠠᠳᠤ ᠳᠠᠬᠢ ᠡᠮᠴᠢᠯᠡᠭᠡᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠬᠠᠮᠳᠤ ᠳᠤ ᠪᠠᠨ ᠭᠥᠷᠳᠡᠵᠦ ᠬᠡᠷᠡᠭᠯᠡᠬᠦ ᠶᠢ | ᠪᠡᠶᠡᠯᠡᠬᠦᠯᠦᠨ᠎ᠠ᠃ ᠬᠤᠰᠢᠭᠤ ᠰᠢᠶᠠᠨ ︵ᠬᠤᠳᠠ᠂ ᠲᠣᠭᠤᠷᠢᠭ︶ ᠳᠤ ᠲᠤᠰᠠᠭᠠᠷ ᠲᠠᠪᠴᠠᠩ ᠪᠠᠶᠢᠭᠤᠯᠬᠤ ᠶᠢ | ᠱᠠᠭᠠᠷᠳᠠᠬᠤ ᠦᠭᠡᠢ᠂ ᠠᠶᠢᠮᠠᠭ ᠬᠤᠲᠠ ᠶᠢᠨ ᠣᠷᠣᠨ ᠪᠦᠰᠡ ᠶᠢᠨ ᠲᠠᠪᠴᠠᠩ ᠳᠤ ᠬᠠᠷᠢᠶ᠎ᠠ ᠬᠤᠰᠢᠭᠤ ᠰᠢᠶᠠᠨ ︵ | ᠬᠤᠳᠠ᠂ ᠲᠣᠭᠤᠷᠢᠭ︶ ᠤ ᠵᠢᠱᠢᠮᠡᠭ ᠲᠠᠪᠴᠠᠩ ᠪᠠᠶᠢᠭᠤᠯᠵᠦ ᠪᠤᠯᠤᠨ᠎ᠠ᠃ 2018 ᠣᠨ ᠤ ᠵᠢᠯ ᠤᠨ ᠰᠡᠭᠦᠯᠴᠢ ᠠᠴᠠ | ᠡᠮᠦᠨ᠎ᠡ ᠠᠶᠢᠮᠠᠭ ᠬᠤᠲᠠ ᠨᠤᠭᠤᠳ ᠣᠷᠣᠨ ᠪᠦᠰᠡ ᠶᠢᠨ ᠲᠠᠪᠴᠠᠩ ᠪᠠᠶᠢᠭᠤᠯᠬᠤ ᠡᠭᠦᠷᠬᠡ ᠪᠠᠨ ᠪᠡᠶᠡᠯᠡᠬᠦᠯᠵᠦ᠂ | ᠭᠤᠣᠯ ᠪᠤᠯᠬᠤ ᠴᠢᠳᠠᠮᠵᠢ ᠶᠢ ᠤᠯᠤᠰ ᠤᠨ ︽ᠮᠤᠵᠢ ᠠᠴᠠ ᠣᠷᠣᠨ ᠪᠦᠰᠡ ᠳᠠᠬᠢ ᠬᠥᠮᠦᠨ ᠠᠮᠠ ᠶᠢᠨ ᠡᠷᠡᠭᠦᠯ | ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠬᠡᠨ ᠢ ᠨᠢᠬᠡᠳᠦᠯᠳᠡᠢ ᠲᠦᠯᠦᠪᠯᠡᠬᠦ ᠴᠢᠳᠠᠮᠵᠢ ᠶᠢᠨ | ᠵᠢᠯᠣᠭᠤᠳᠤᠮᠵᠢ︾ ᠶᠢᠨ ᠪᠠᠷᠢᠮᠵᠢᠶ᠎ᠠ ᠳᠤ ᠭᠦᠷᠬᠡᠵᠦ᠂ ᠭᠦᠨᠳᠡᠯᠡᠨ ᠭᠤᠯᠳᠤ ᠪᠠᠷ ᠪᠦᠭᠦᠨ ᠢ ᠵᠤᠬᠢᠴᠠᠭᠤᠯᠤᠨ | ᠪᠠᠭᠳᠠᠭᠠᠬᠤ ᠶᠢ ᠪᠡᠶᠡᠯᠡᠬᠦᠯᠦᠨ᠂ ᠮᠡᠳᠡᠭᠡ ᠵᠠᠩᠬᠢ ᠶᠢ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ | ᠬᠠᠮᠳᠤ ᠳᠤ ᠪᠠᠨ ᠭᠦᠷᠳᠡᠬᠦ ᠶᠢ ᠪᠡᠶᠡᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | ︵ᠳᠤᠯᠤᠭ᠎ᠠ︶ ︽ᠰᠠᠭᠤᠷᠢ ᠡᠬᠢ ᠪᠠᠶᠠᠯᠢᠭ ᠤᠨ ᠭᠤᠷᠪᠠᠨ ᠲᠤᠮᠤ ᠳ᠋ᠠᠶᠢᠲ᠋ᠠ ᠬᠥᠮᠥᠷᠭᠡ︾ ᠪᠠᠶᠢᠭᠤᠯᠬᠤ ᠶᠢ | ᠲᠦᠷᠬᠡᠳᠬᠡᠨ᠎ᠠ | ᠡᠪᠡᠳᠴᠢᠨ ᠤ ᠡᠯᠧᠺᠲᠷᠣᠨ ᠲᠡᠮᠳᠡᠭᠯᠡᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠡᠪᠡᠳᠴᠢᠨ ᠤ | ᠡᠯᠧᠺᠲᠷᠣᠨ ᠲᠡᠮᠳᠡᠭᠯᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠬᠤ᠂ ᠨᠢᠬᠡᠳᠬᠡᠨ | ᠬᠤᠷᠢᠶᠠᠩᠭᠤᠶᠢᠯᠠᠬᠤ ᠠᠵᠢᠯ ᠤᠨ ᠲᠣᠭᠲᠠᠴᠠ ᠪᠤᠯᠤᠨ ᠲᠦᠷᠢᠮ ᠢ ᠪᠠᠶᠢᠭᠤᠯᠤᠨ᠎ᠠ᠃ ᠬᠤᠶᠠᠳᠤᠭᠠᠷ ᠳᠡᠰ ᠠᠴᠠ | ᠳᠡᠭᠡᠭᠰᠢᠬᠢ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠪᠠ ᠡᠮᠨᠡᠯᠭᠡ ᠳᠤ ᠰᠠᠭᠤᠨᠨᠰᠠᠨ ᠡᠪᠡᠳᠴᠢᠨ ᠤ ᠡᠯᠧᠺᠲᠷᠣᠨ | ᠲᠡᠮᠳᠡᠭᠯᠡᠯ ᠤᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠪᠦᠬᠦ ᠠᠷᠠᠳ ᠤᠨ | ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠪᠯᠡᠷᠡᠬᠦᠯᠦᠨ ᠤᠷᠤᠭᠤᠯᠤᠨ᠎ᠠ᠃ ᠡᠪᠡᠳᠴᠢᠨ ᠤ | ᠡᠯᠧᠺᠲᠷᠣᠨ ᠲᠡᠮᠳᠡᠭᠯᠡᠯ ᠤᠨ ᠳ᠋ᠠᠶᠢᠲ᠋ᠠ ᠬᠥᠮᠥᠷᠭᠡ ᠪᠠᠶᠢᠭᠤᠯᠬᠤ ᠲᠤᠭᠤᠷᠢᠨ ᠳᠤ᠂ ᠡᠮᠴᠢᠯᠡᠬᠡᠨ ᠤ ᠦᠢᠯᠡᠴᠢᠯᠡᠭᠡ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠨᠡᠬᠡᠬᠡᠨ ᠭᠦᠭᠵᠢᠬᠦᠯᠵᠦ᠂ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠠᠵᠢᠯᠯᠠᠭᠠᠨ ᠢ ᠬᠠᠮᠢᠶᠠᠷᠬᠤ᠂ ᠡᠮᠨᠡᠯᠬᠡ ᠶᠢᠨ ᠬᠤᠷᠢᠶᠠᠨ ᠤ ᠦᠢᠯᠡᠴᠢᠯᠡᠬᠦ ᠶᠠᠰᠤ ᠴᠢᠨᠠᠷ ᠢ | ᠬᠢᠨᠠᠨ ᠬᠠᠮᠢᠶᠠᠷᠬᠤ᠂ ᠰᠢᠯᠭᠠᠨ ᠪᠠᠶᠢᠴᠠᠭᠠᠨᠨᠰᠠᠨ ᠦᠷ᠎ᠡ ᠳ᠋ᠦᠩ ᠢᠶᠠᠨ ᠬᠠᠷᠢᠯᠴᠠᠨ ᠮᠡᠳᠡᠷᠡᠬᠦ ᠪᠠ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠠᠬᠢᠴᠠ ᠶᠢ ᠬᠢᠨᠠᠨ ᠰᠢᠨᠵᠢᠬᠦ ᠶᠢ ᠨᠢ | ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠮ ᠤᠨ ᠵᠦᠢᠯ ᠬᠠᠩᠭᠠᠵᠦ | ᠪᠠᠳᠤᠯᠠᠬᠤ ᠮᠡᠳᠡᠭᠡ ᠵᠠᠩᠭᠢ ᠶᠢᠨ ᠰᠢᠰᠲ᠋ᠧᠮ ᠢ ᠪᠠᠶᠢᠭᠤᠯᠵᠤ᠂ ᠡᠮᠴᠢᠯᠡᠬᠡᠨ ᠤ ᠪᠠᠶᠢᠭᠤᠯᠤᠮᠵᠢ ᠶᠢᠨ ᠡᠮ ᠤᠨ ᠵᠦᠢᠯ ︵ | ᠬᠤᠷᠣᠭᠳᠠᠯ ᠮᠠᠲ᠋ᠧᠷᠢᠶᠠᠯ︶ ᠳᠤ ᠳᠠᠭᠠᠭᠠᠴᠢᠯᠠᠯᠲᠠ ᠵᠠᠷᠯᠠᠬᠤ᠂ ᠬᠤᠳᠠᠯᠳᠤᠨ ᠠᠪᠬᠤ᠂ ᠲᠤᠬᠢᠷᠠᠭᠤᠯᠤᠨ ᠬᠦᠷᠭᠡᠬᠦ᠂ | ᠭᠦᠮᠦᠷᠬᠡ ᠳᠤ ᠤᠷᠤᠭᠤᠯᠬᠤ ᠵᠢᠴᠢ ᠬᠡᠷᠡᠭᠯᠡᠬᠦ ᠪᠦᠬᠦ ᠶᠠᠪᠤᠴᠠ ᠳᠤ ᠨᠢ ᠲᠤᠬᠠᠶᠢᠯᠠᠭᠰᠠᠨ ᠠᠵᠢᠯ ᠤᠨ ᠬᠢᠨᠠᠯᠲᠠ | ᠬᠠᠮᠢᠶᠠᠷᠤᠯᠲᠠ ᠬᠢᠬᠦ ᠶᠢ ᠪᠡᠶᠡᠯᠡᠬᠦᠯᠵᠦ᠂ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠳᠤᠲᠠᠭᠳᠠᠵᠤ ᠪᠠᠶᠢᠭ᠎ᠠ ᠡᠮ ᠤᠨ | ᠵᠦᠢᠯ ᠤᠨ ᠣᠯᠠᠨ ᠢᠷᠡᠯᠳᠡ ᠲᠠᠢ ᠮᠡᠳᠡᠭᠡ ᠵᠠᠩᠭᠢ ᠶᠢ ᠴᠤᠭᠯᠠᠭᠤᠯᠬᠤ ᠪᠠ ᠬᠠᠩᠭᠠᠬᠤ ᠲᠤᠬᠠᠶᠢᠯᠠᠭᠰᠠᠨ ᠠᠵᠢᠯ ᠢ | ᠬᠠᠮᠵᠢᠯᠴᠠᠭᠤᠯᠤᠨ ᠬᠡᠷᠡᠭᠯᠡᠬᠦ ᠶᠢ ᠴᠢᠩᠭᠠᠳᠬᠠᠨ᠂ ᠦᠨᠳᠦᠰᠦᠨ ᠡᠮ ᠤᠨ ᠵᠦᠢᠯ ᠤᠨ ᠭᠠᠷᠴᠠᠭ᠂ ᠲᠠᠭᠤᠷᠢᠶᠠᠵᠦ | ᠨᠠᠶᠢᠷᠠᠬᠤ ᠶᠢ ᠵᠤᠷᠢᠬᠵᠢᠭᠤᠯᠬᠤ ᠡᠮ ᠤᠨ ᠵᠦᠢᠯ ᠤᠨ ᠭᠠᠷᠴᠠᠭ ᠢ ᠰᠢᠯᠢᠨ ᠰᠣᠩᠭᠤᠬᠤ ᠵᠡᠷᠭᠡ ᠴᠢᠳᠠᠪᠤᠷᠢ ᠶᠢ | ᠲᠡᠬᠡᠭᠰᠢᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 15. ᠡᠷᠡᠭᠦᠯ ᠮᠡᠨᠳᠦ ᠶᠢᠨ ᠲᠠᠩᠰᠠ ᠡᠪᠬᠡᠮᠡᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠤᠨ᠎ᠠ᠃ ᠡᠷᠡᠭᠦᠯ | ᠮᠡᠨᠳᠦ ᠶᠢᠨ ᠲᠠᠩᠰᠠ ᠡᠪᠬᠡᠮᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠬᠤ᠂ ᠨᠢᠬᠡᠳᠬᠡᠨ | ᠬᠤᠷᠢᠶᠠᠩᠭᠤᠶᠢᠯᠠᠬᠤ ᠠᠵᠢᠯ ᠤᠨ ᠲᠣᠭᠲᠠᠴᠠ ᠪᠤᠯᠤᠨ ᠲᠦᠷᠢᠮ ᠢ ᠪᠠᠶᠢᠭᠤᠯᠵᠦ᠂ ᠡᠷᠡᠭᠦᠯ ᠮᠡᠨᠳᠦ ᠶᠢᠨ ᠳᠠᠩᠰᠠ | ᠡᠪᠬᠡᠮᠡᠯ ᠤᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ ᠣᠷᠣᠨ | ᠪᠦᠰᠡ ᠪᠠᠷ ᠬᠢ ᠪᠦᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠬᠤᠷᠢᠶᠠᠩᠭᠤᠶᠢᠯᠠᠨ | ᠲᠦᠪᠯᠡᠷᠡᠬᠦᠯᠦᠨ᠎ᠠ᠃ ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠲᠤᠭ᠎ᠠ ᠪᠠᠷᠢᠮᠲᠠ ᠶᠢᠨ ᠲᠤᠭᠤᠷᠢᠨ ᠳᠤ᠂ | ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠰᠢᠰᠲ᠋ᠧᠮ ᠢ ᠨᠡᠬᠡᠬᠡᠨ | ᠭᠦᠭᠵᠢᠬᠦᠯᠵᠦ᠂ ᠤᠯᠤᠰ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠨᠳᠦᠰᠦᠨ ᠦᠢᠯᠡᠴᠢᠯᠡᠭᠡᠨ ᠤ | ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠠᠮᠢᠶᠠᠷᠤᠯᠳᠠ ᠶᠢᠨ | ᠦᠨᠡᠯᠡᠨ ᠵᠢᠱᠢᠯᠳᠡ᠂ ᠬᠡᠷ ᠪᠦᠯᠢ ᠶᠢᠨ ᠡᠮᠴᠢ ᠶᠢᠨ ᠦᠢᠯᠡᠴᠢᠯᠡᠬᠡᠨ ᠤ ᠬᠠᠮᠢᠶᠠᠷᠤᠯᠳᠠ᠂ ᠤᠵᠢᠭ ᠡᠪᠡᠳᠴᠢᠨ ᠤ | ᠦᠢᠯᠡᠴᠢᠯᠡᠬᠡᠨ ᠤ ᠬᠠᠮᠢᠶᠠᠷᠤᠯᠳᠠ᠂ ᠲᠦᠯᠦᠪᠯᠡᠭᠡ ᠲᠠᠢ ᠡᠬᠡᠯᠢᠯᠡᠭᠡ ᠶᠢᠨ ᠬᠠᠮᠢᠶᠠᠷᠤᠯᠳᠠ ᠶᠢ ᠦᠷᠨᠢᠬᠦᠯᠦᠨ᠎ᠠ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠬᠠᠷᠢᠭᠤᠴᠠᠨ᠎ᠠ︶ | 16. ᠪᠦᠬᠦ ᠬᠥᠮᠦᠨ ᠠᠮᠠ ᠶᠢᠨ ᠳ᠋ᠠᠶᠢᠲ᠋ᠠ ᠬᠥᠮᠥᠷᠭᠡ ᠶᠢ ᠲᠡᠭᠦᠯᠳᠡᠷᠵᠢᠬᠦᠯᠦᠨ᠎ᠠ᠃ ᠪᠦᠬᠦ ᠬᠥᠮᠦᠨ ᠠᠮᠠ ᠶᠢᠨ | ᠲᠤᠭ᠎ᠠ ᠪᠠᠷᠢᠮᠲᠠ ᠶᠢ ᠴᠤᠭᠯᠠᠭᠤᠯᠬᠤ᠂ ᠬᠠᠷᠭᠤᠭᠤᠯᠤᠨ ᠪᠠᠶᠢᠴᠠᠭᠠᠬᠤ᠂ ᠨᠢᠬᠡᠳᠬᠡᠨ ᠬᠤᠷᠢᠶᠠᠩᠭᠤᠶᠢᠯᠠᠬᠤ ᠠᠵᠢᠯ ᠤᠨ | ᠲᠣᠭᠲᠠᠴᠠ ᠪᠠ ᠲᠦᠷᠢᠮ ᠢ ᠪᠠᠶᠢᠭᠤᠯᠵᠦ᠂ ᠠᠶᠢᠮᠠᠭ ᠬᠤᠳᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠱᠠᠳᠤ | ᠬᠤᠪᠢᠶᠠᠨ ᠬᠠᠮᠢᠶᠠᠷᠬᠤ ᠶᠢ ᠬᠡᠷᠡᠭᠵᠢᠬᠦᠯᠦᠨ᠎ᠠ᠃ ᠪᠦᠬᠦ ᠬᠥᠮᠦᠨ ᠠᠮᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠬᠤ ᠶᠢᠨ | ᠲᠤᠭᠤᠷᠢᠨ ᠳᠤ᠂ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ | ᠰᠢᠰᠲ᠋ᠧᠮ ᠢ ᠨᠡᠬᠡᠬᠡᠨ ᠭᠦᠭᠵᠢᠬᠦᠯᠵᠦ᠂ ᠲᠥᠯᠥᠪᠯᠡᠭᠡᠲᠦ ᠦᠷᠡᠵᠢᠯ ᠤᠨ ᠵᠢᠭᠠᠨ ᠵᠢᠯᠤᠭᠤᠳᠤᠯᠭ᠎ᠠ᠂ ᠨᠡᠭᠦᠳᠡᠯ ᠬᠥᠮᠦᠨ | ᠠᠮᠠ ᠶᠢᠨ ᠬᠠᠮᠢᠶᠠᠷᠤᠯᠲᠠ ᠪᠤᠯᠤᠨ ᠣᠨᠴᠠᠭᠠᠶ ᠬᠡᠷ ᠪᠦᠯᠢ ᠶᠢᠨ ᠦᠢᠯᠡᠴᠢᠯᠡᠭᠡ ᠦᠷᠨᠢᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠳᠣᠲᠣᠭᠠᠳᠤ ᠶᠢ ᠬᠠᠮᠠᠭᠠᠯᠠᠬᠤ | ᠲᠢᠩᠬᠢᠮ ᠬᠠᠷᠢᠭᠤᠴᠠᠨ᠎ᠠ︶ | 17. ︽ᠭᠤᠷᠪᠠᠨ ᠲᠤᠮᠤ ᠳ᠋ᠠᠶᠢᠲ᠋ᠠ ᠬᠥᠮᠥᠷᠭᠡ︾ ᠢ ᠪᠠᠶᠢᠭᠤᠯᠬᠤ ᠲᠤᠭᠤᠷᠢᠨ ᠳᠤ᠂ ᠢᠨᠲ᠋ᠧᠷ ᠰᠦᠯᠵᠢᠶ᠎ᠡ᠂ | ᠲᠣᠮᠣ ᠳ᠋ᠠᠶᠢᠲ᠋ᠠ ᠶᠢᠨ ᠮᠡᠷᠭᠡᠵᠢᠯ ᠳᠤ ᠰᠠᠭᠤᠷᠢᠯᠬᠠᠰᠠᠨ ᠱᠠᠳᠤ ᠬᠤᠪᠢᠶᠠᠨ ᠣᠨᠣᠰᠢᠯᠠᠨ ᠡᠮᠨᠡᠬᠦ ᠮᠡᠳᠡᠭᠡ ᠵᠠᠩᠭᠢ ᠶᠢᠨ | ᠰᠢᠰᠲ᠋ᠧᠮ ᠢ ᠪᠦᠷᠢᠨᠰᠢᠬᠦᠯᠵᠦ᠂ ᠡᠯ᠎ᠡ ᠱᠠᠳᠤᠨ ᠤ ᠡᠯ᠎ᠡ ᠲᠦᠷᠦᠯ ᠤᠨ ᠡᠮᠨᠡᠯᠭᠡ ᠶᠢᠨ ᠬᠤᠷᠢᠶᠠᠨ ᠤ ᠬᠢᠨ ᠤ ᠡᠷᠡᠭᠦᠯ | ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠣᠨ ᠲᠡᠮᠳᠡᠭᠯᠡᠯ᠂ ᠰᠢᠯᠭᠠᠨ ᠪᠠᠶᠢᠴᠠᠭᠠᠨᠨᠰᠠᠨ | ᠦᠷ᠎ᠡ ᠳ᠋ᠦᠩ ᠢ ᠬᠠᠮᠳᠤ ᠳᠤ ᠪᠠᠨ ᠭᠦᠷᠳᠡᠬᠦ ᠶᠢ ᠠᠯᠬᠤᠮ ᠠᠯᠬᠤᠮ ᠢᠶᠠᠷ ᠠᠬᠢᠭᠤᠯᠬᠤ ᠵᠢᠴᠢ ᠠᠳᠠᠯᠢ ᠪᠤᠰᠤ ᠲᠠᠰ | ᠱᠠᠳᠤ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠤᠭᠤᠷᠤ ᠬᠤᠭᠤᠷᠣᠨᠳᠣ ᠪᠠᠨ ᠡᠷᠬᠡ ᠤᠯᠭᠤᠵᠦ | ᠬᠡᠷᠡᠭᠯᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ ᠬᠠᠷᠢᠭᠤᠴᠠᠨ᠎ᠠ︶ | ︵ᠨᠠᠢᠮᠠ︶ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠬᠡᠷᠡᠭᠯᠡᠬᠦ ᠶᠢ ᠲᠡᠯᠬᠡᠷᠡᠬᠦᠯᠦᠨᠠ | 18. ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠤᠨ ᠬᠠᠮᠢᠶᠠᠷᠤᠯᠲᠠ ᠶᠢᠨ ᠰᠢᠰᠲ᠋ᠧᠮ ᠪᠣᠯᠤᠨ ᠪᠥᠬᠦ | ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠺᠠᠷᠲ ᠤᠨ ᠨᠢᠬᠡᠳᠦᠯᠳᠡᠢ ᠨᠢᠭᠤᠴᠠ ᠤᠨᠢᠰᠤ ᠶᠢᠨ | ᠬᠠᠮᠢᠶᠠᠷᠤᠯᠳᠠ ᠶᠢᠨ ᠰᠢᠰᠲ᠋ᠧᠮ ᠢ ᠪᠦᠷᠢᠨᠰᠢᠬᠦᠯᠦᠨ᠎ᠠ᠃ ᠰᠠᠭᠤᠭᠠᠯᠢ ᠠᠷᠠᠳ ᠪᠤᠯᠭᠠᠨ ᠳᠤ ᠦᠢᠯᠡᠴᠢᠯᠡᠭᠡᠨ ᠤ | ᠴᠢᠳᠠᠮᠵᠢ ᠪᠠᠷ ᠲᠡᠭᠦᠯᠳᠡᠷ ᠡᠷᠡᠭᠦᠯ ᠮᠡᠨᠳᠦ ᠶᠢᠨ 1 ᠺᠠᠷᠲ ᠲᠠᠢ ᠪᠠᠶᠢᠬᠤ ᠶᠢ ᠪᠡᠶᠡᠯᠡᠬᠦᠯᠦᠨ᠎ᠠ᠃ ︵ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠬᠠᠷᠢᠭᠤᠴᠠᠨ᠎ᠠ︶ | 19. ᠪᠦᠭᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠬᠥᠮᠦᠨ | ᠠᠮᠠ ᠶᠢᠨ ᠮᠡᠳᠡᠭᠡ ᠵᠠᠩᠭᠢ᠂ ᠡᠷᠡᠭᠦᠯ ᠮᠡᠨᠳᠦ ᠶᠢᠨ ᠡᠯᠧᠺᠲᠷᠣᠨ ᠲᠠᠩᠰᠠ ᠡᠪᠬᠡᠮᠡᠯ᠂ ᠡᠪᠡᠳᠴᠢᠨ ᠤ ᠡᠯᠧᠺᠲᠷᠤᠨ | ᠲᠡᠮᠳᠡᠭᠯᠡᠯ ᠤᠨ ᠮᠡᠳᠡᠭᠡ ᠵᠠᠩᠭᠢ ᠶᠢ ᠪᠦᠳᠦᠮᠵᠢᠳᠡᠢ ᠪᠠᠷ ᠬᠠᠮᠳᠤ ᠳᠤ ᠪᠠᠨ ᠭᠦᠷᠳᠡᠬᠦ ᠪᠤᠯᠭᠠᠵᠦ᠂ ᠰᠠᠭᠤᠭᠠᠯᠢ | ᠠᠷᠠᠳ ᠤᠨ ᠪᠡᠶ᠎ᠡ ᠭᠠᠷᠤᠯ ᠢ ᠢᠯᠭᠠᠨ ᠲᠠᠨᠢᠬᠤ᠂ ᠡᠷᠡᠭᠦᠯ ᠮᠡᠨᠳᠦ ᠶᠢᠨ ᠦᠨᠳᠦᠰᠦᠨ ᠮᠡᠳᠡᠭᠡ ᠵᠠᠩᠭᠢ ᠶᠢ | ᠬᠠᠳᠠᠭᠠᠯᠠᠬᠤ᠂ ᠣᠷᠣᠨ ᠪᠦᠰᠡ ᠪᠤᠶᠤ ᠪᠠᠶᠢᠭᠤᠯᠤᠮᠵᠢ ᠠᠯᠤᠰᠯᠠᠨ ᠡᠮᠨᠡᠭᠦᠯᠬᠦ ᠪᠠ ᠵᠠᠷᠤᠳᠠᠯ ᠢ ᠳ᠋ᠦᠩᠨᠡᠨ ᠪᠤᠳᠤᠬᠤ ᠶᠢ | ᠪᠡᠶᠡᠯᠡᠬᠦᠯᠵᠦ᠂ ᠰᠠᠭᠤᠭᠠᠯᠢ ᠠᠷᠠᠳ ᠤᠨ ᠬᠤᠪᠢ ᠬᠥᠮᠦᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠪᠠᠶᠢᠳᠠᠯ ᠢ | ᠴᠠᠭ ᠲᠤᠬᠠᠢ ᠳᠤ ᠨᠢ ᠰᠢᠨᠡᠳᠬᠡᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠬᠠᠷᠢᠭᠤᠴᠠᠨ᠎ᠠ︶ | ︵ᠶᠢᠰᠦ︶ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠪᠠᠷᠢᠮᠵᠢᠶᠠᠳᠤ ᠰᠢᠰᠲ᠋ᠧᠮᠵᠢ ᠶᠢ | ᠪᠦᠷᠢᠨᠰᠢᠬᠦᠯᠦᠨ᠎ᠠ | 20. ᠪᠥᠬᠦ ᠣᠷᠣᠨ ᠤ ᠡᠮᠴᠢᠯᠡᠭᠡ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠨᠢᠭᠡᠳᠦᠯᠲᠡᠶ ᠵᠢᠷᠤᠮᠵᠢᠭᠤᠯᠤᠨᠨᠰᠠᠨ ᠭᠠᠷᠴᠠᠭ ᠪᠣᠯᠤᠨ ᠪᠠᠷᠢᠮᠵᠢᠶᠠᠳᠤ ᠰᠢᠰᠲ᠋ᠧᠮᠵᠢ ᠶᠢ ᠪᠦᠷᠢᠨᠰᠢᠬᠦᠯᠦᠨ᠎ᠠ᠃ ︽ᠢᠨᠲ᠋ᠧᠷ | ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠪᠠᠷᠢᠮᠵᠢᠶ᠎ᠠ ᠶᠢ ᠵᠢᠷᠤᠮᠵᠢᠭᠤᠯᠤᠨ ᠬᠠᠮᠢᠶᠠᠷᠬᠤ ᠪᠠᠨ ᠴᠢᠩᠭᠠᠳᠬᠠᠵᠦ᠂ | ᠡᠮᠴᠢᠯᠡᠬᠡᠨ ᠤ ᠦᠢᠯᠡᠴᠢᠯᠡᠭᠡ᠂ ᠲᠤᠭ᠎ᠠ ᠪᠠᠷᠢᠮᠳᠠ ᠶᠢᠨ ᠠᠮᠤᠷ ᠲᠦᠪᠰᠢᠨ᠂ ᠬᠤᠪᠢ ᠬᠥᠮᠦᠨ ᠤ ᠮᠡᠳᠡᠭᠡ ᠵᠠᠩᠭᠢ ᠶᠢᠨ | ᠬᠠᠮᠠᠭᠠᠯᠠᠯᠳᠠ᠂ ᠮᠡᠳᠡᠭᠡ ᠵᠠᠩᠭᠢ ᠶᠢ ᠬᠠᠮᠲᠤ ᠳᠤ ᠪᠠᠨ ᠭᠦᠷᠳᠡᠬᠦ ᠵᠡᠷᠭᠡ ᠦᠨᠳᠦᠰᠦᠨ ᠪᠠᠷᠢᠮᠵᠢᠶ᠎ᠠ ᠶᠢ | ᠨᠠᠶᠢᠳᠠᠪᠤᠷᠢᠵᠢᠭᠤᠯᠵᠦ᠂ ᠡᠪᠡᠳᠴᠢᠨ ᠤ ᠪᠠᠶᠢᠳᠠᠯ ᠢ ᠨᠢ ᠲᠦᠷᠦᠭᠦᠤ ᠬᠠᠭᠤᠳᠠᠰᠤᠨ ᠳᠤ ᠪᠢᠴᠢᠬᠦ ᠵᠢᠷᠤᠮᠵᠢᠯ᠂ | ᠡᠪᠡᠳᠴᠢᠨ ᠡᠮᠭᠡᠭ ᠤᠨ ᠠᠩᠬᠢᠯᠠᠯ ᠬᠢᠭᠡᠳ ᠤᠷᠤᠯᠠᠬᠤ ᠲᠡᠮᠳᠡᠭ ᠂ ᠮᠡᠰᠡ ᠵᠠᠰᠠᠯ ᠬᠢᠬᠦ ᠠᠵᠢᠯᠯᠠᠭᠠᠨ ᠤ ᠠᠩᠬᠢᠯᠠᠯ | ᠬᠢᠭᠡᠳ ᠤᠷᠤᠯᠠᠬᠤ ᠲᠡᠮᠳᠡᠭ᠂ ᠠᠨᠠᠭᠠᠬᠤ ᠤᠬᠠᠭᠠᠨ ᠤ ᠨᠡᠷ᠎ᠡ ᠲᠣᠮᠢᠶ᠎ᠠ ᠶᠢᠨ ︽ᠳᠥᠷᠪᠡ ᠶᠢ ᠨᠢᠭᠡᠳᠬᠡᠬᠦ︾ ᠶᠢ ᠪᠦᠭᠦ | ᠲᠠᠯ᠎ᠠ ᠪᠠᠷ ᠲᠡᠯᠬᠡᠷᠡᠬᠦᠯᠦᠨᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠ︶ ᠡᠮᠨᠡᠯᠭᠡ ᠶᠢᠨ ᠬᠤᠷᠢᠶᠠᠨ ᠤ ᠮᠡᠳᠡᠭᠡ ᠵᠠᠩᠬᠢᠴᠢᠯᠠᠯᠳᠠ ᠶᠢᠨ ᠪᠠᠶᠢᠭᠤᠯᠤᠯᠲᠠ ᠶᠢ ᠴᠢᠩᠭᠠᠳᠬᠠᠨ᠎ᠠ | 21. ᠤᠯᠤᠰ ᠤᠨ ︽ᠡᠮᠨᠡᠯᠭᠡ ᠶᠢᠨ ᠬᠤᠷᠢᠶᠠᠨ ᠤ ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢᠨ | ᠵᠢᠯᠣᠭᠤᠳᠤᠮᠵᠢ︾ ︽ᠡᠮᠨᠡᠯᠭᠡ ᠶᠢᠨ ᠬᠤᠷᠢᠶᠠᠨ ᠤ ᠮᠡᠳᠡᠭᠡ ᠵᠠᠩᠬᠢᠴᠢᠯᠠᠯᠳᠠ ᠶᠢ ᠪᠠᠶᠢᠭᠤᠯᠬᠤ ᠬᠡᠷᠡᠭᠯᠡᠭᠡᠨ ᠤ | ᠮᠡᠷᠭᠡᠵᠢᠯ ᠤᠨ ᠵᠢᠯᠤᠭᠤᠳᠤᠮᠵᠢ︾ ᠪᠣᠯᠤᠨ ︽ᠪᠦᠬᠦ ᠤᠯᠤᠰ ᠤᠨ ᠡᠮᠨᠡᠯᠭᠡ ᠶᠢᠨ ᠬᠤᠷᠢᠶᠠᠨ ᠤ ᠮᠡᠳᠡᠭᠡ | ᠵᠠᠩᠬᠢᠴᠢᠯᠠᠯᠳᠠ ᠶᠢ ᠪᠠᠶᠢᠭᠤᠯᠬᠤ ᠪᠠᠷᠢᠮᠵᠢᠶ᠎ᠠ ᠬᠢᠭᠡᠳ ᠵᠢᠷᠤᠮᠵᠢᠯ ︵ᠲᠤᠷᠰᠢᠨ ᠬᠡᠷᠡᠭᠵᠢᠭᠦᠯᠬᠦ︶︾ ᠢ ᠴᠢᠩᠳᠠ | ᠨᠠᠶᠢᠳᠠᠪᠤᠷᠢᠵᠢᠭᠤᠯᠵᠦ᠂ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠶ ᠦᠷᠨᠢᠬᠦᠯᠦᠨ᠂ ᠦᠢᠯᠡᠴᠢᠯᠡᠬᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠡᠨ ᠤ ᠮᠡᠷᠭᠡᠵᠢᠯ ᠢ ᠲᠡᠬᠡᠭᠰᠢᠯᠡᠬᠦᠯᠦᠨ᠂ ᠲᠤᠭ᠎ᠠ ᠪᠠᠷᠢᠮᠲᠠ ᠶᠢᠨ | ᠪᠠᠷᠢᠮᠵᠢᠶ᠎ᠠ ᠲᠠᠢ ᠬᠡᠷᠡᠭᠯᠡᠬᠡᠨ ᠢ ᠨᠠᠶᠢᠳᠠᠪᠤᠷᠢᠵᠢᠭᠤᠯᠤᠨ᠂ ᠲᠤᠭ᠎ᠠ ᠪᠠᠷᠢᠮᠲᠠ ᠶᠢᠨ ᠵᠠᠯᠭᠠᠭᠠᠰᠤ ᠶᠢ ᠨᠢᠬᠡᠳᠬᠡᠵᠦ᠂ ᠮᠡᠳᠡᠭᠡ | ᠵᠠᠩᠭᠢ ᠪᠠᠨ ᠬᠠᠷᠢᠯᠴᠠᠨ ᠨᠡᠪᠳᠡᠷᠡᠭᠦᠯᠵᠦ ᠬᠠᠮᠳᠤ ᠳᠤ ᠪᠠᠨ ᠭᠦᠷᠳᠡᠬᠦ ᠳᠤ ᠲᠤᠯᠭᠠᠭᠤᠷᠢᠯᠠᠯ ᠬᠠᠩᠭᠠᠨ᠎ᠠ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠬᠠᠷᠢᠭᠤᠴᠠᠨ᠎ᠠ︶ | 22. ᠮᠡᠳᠡᠭᠡ ᠵᠠᠩᠭᠢ ᠶᠢᠨ ᠲᠠᠪᠴᠠᠩ ᠤᠨ ᠴᠢᠳᠠᠮᠵᠢ ᠶᠢ ᠪᠦᠷᠢᠨᠰᠢᠬᠦᠯᠦᠨ᠂ ᠡᠮᠨᠡᠯᠬᠡ ᠶᠢᠨ ᠬᠤᠷᠢᠶᠠᠨ ᠤ | ᠲᠤᠳᠤᠭᠠᠳᠤ ᠳᠠᠬᠢ ᠡᠯ᠎ᠡ ᠲᠥᠷᠥᠯ ᠤᠨ ᠰᠢᠰᠲ᠋ᠧᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠡᠮᠨᠡᠯᠭᠡ ᠶᠢᠨ | ᠬᠤᠷᠢᠶᠠᠨ ᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ 2020 ᠣᠨ ᠠᠴᠠ ᠡᠮᠦᠨ᠎ᠡ᠂ | ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠨᠢ ᠴᠠᠭ ᠬᠤᠪᠢᠶᠠᠨ ᠪᠣᠯᠵᠣᠵᠤ ᠡᠮᠨᠡᠬᠦ᠂ | ᠤᠶᠤᠨᠴᠢ ᠪᠠᠷ ᠭᠦᠳᠦᠯᠦᠨ ᠬᠤᠪᠢᠳᠠᠵᠦ ᠣᠨᠣᠰᠢᠯᠠᠬᠤ᠂ ᠡᠮᠨᠡᠭᠦᠯᠬᠦ ᠪᠠᠷ ᠭᠦᠯᠢᠶᠡᠵᠦ ᠪᠠᠶᠢᠭ᠎ᠠ ᠶᠢ ᠨᠢ ᠰᠠᠨᠠᠭᠤᠯᠬᠤ᠂ | ᠪᠠᠶᠢᠴᠠᠭᠠᠨ ᠰᠢᠯᠭᠠᠨᠨᠰᠠᠨ ᠦᠷ᠎ᠡ ᠳ᠋ᠦᠩ ᠢ ᠪᠠᠶᠢᠴᠠᠭᠠᠨ ᠯᠠᠪᠯᠠᠬᠤ᠂ ᠡᠮᠨᠡᠬᠦᠯᠬᠦ ᠬᠤᠭᠤᠴᠠᠭᠠᠨ ᠳᠤ ᠳ᠋ᠦᠩᠨᠡᠨ | ᠪᠤᠳᠤᠬᠤ᠂ ᠰᠢᠯᠵᠢᠬᠡ ᠲᠣᠭᠠᠴᠠᠭ᠎ᠠ ᠬᠢᠬᠦ ᠵᠡᠷᠭᠡ ᠰᠦᠯᠵᠢᠶᠡᠨ ᠤ ᠦᠢᠯᠡᠴᠢᠯᠡᠭᠡ ᠬᠠᠩᠭᠠᠨ᠎ᠠ᠃ ᠨᠥᠬᠦᠴᠡᠯ ᠲᠠᠢ | ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠲᠠᠭᠠᠵᠦ ᠰᠤᠪᠢᠯᠠᠬᠤ᠂ ᠠᠮᠢ ᠪᠡᠶ᠎ᠡ ᠶᠢᠨ ᠢᠯᠡᠷᠡᠯ ᠢ | ᠰᠦᠯᠵᠢᠶ᠎ᠡ ᠪᠠᠷ ᠬᠢᠨᠠᠨ ᠰᠢᠨᠵᠢᠬᠦ᠂ ᠠᠨᠠᠭᠠᠬᠤ ᠤᠬᠠᠭᠠᠨ ᠤ ᠵᠢᠷᠤᠭ ᠳᠦᠷᠰᠦ ᠶᠢ ᠤᠶᠤᠨᠴᠢ ᠪᠠᠷ ᠢᠯᠭᠠᠨ ᠲᠠᠨᠢᠬᠤ᠂ | ᠭᠡᠷ ᠪᠦᠯᠢ ᠶᠢᠨ ᠬᠢᠨ ᠢ ᠬᠢᠨᠠᠨ ᠰᠢᠨᠵᠢᠬᠦ ᠵᠡᠷᠭᠡ ᠦᠢᠯᠡᠴᠢᠯᠡᠭᠡ ᠦᠷᠨᠢᠭᠦᠯᠵᠦ ᠪᠤᠯᠤᠨ᠎ᠠ᠃ ᠭᠤᠷᠪᠠᠳᠤᠭᠠᠷ ᠳᠡᠰ ᠤᠨ | ᠡᠮᠨᠡᠯᠭᠡ ᠶᠢᠨ ᠬᠤᠷᠢᠶ᠎ᠠ ᠨᠢ ᠡᠮᠨᠡᠯᠬᠡ ᠶᠢᠨ ᠬᠤᠷᠢᠶᠠᠨ ᠤ ᠡᠮᠴᠢᠯᠡᠬᠦ ᠦᠢᠯᠡᠴᠢᠯᠡᠬᠡᠨ ᠤ ᠮᠡᠳᠡᠭᠡ ᠵᠠᠩᠭᠢ ᠶᠢ ᠬᠠᠷᠢᠯᠴᠠᠨ | ᠨᠡᠪᠲᠡᠷᠡᠭᠦᠯᠵᠦ ᠬᠠᠮᠳᠤ ᠳᠤ ᠪᠠᠨ ᠭᠦᠷᠳᠡᠬᠡᠬᠦ ᠶᠢ ᠪᠡᠶᠡᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠬᠠᠷᠢᠭᠤᠴᠠᠨ᠎ᠠ︶ | 23. ᠠᠨᠠᠭᠠᠬᠤ ᠤᠬᠠᠭᠠᠨ ᠤ ᠪᠠᠶᠢᠴᠠᠭᠠᠨ ᠰᠢᠯᠭᠠᠬᠤ ᠪᠠᠶᠢᠭᠤᠯᠤᠮᠵᠢ᠂ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠨᠤᠭᠤᠳ ᠤᠨ ᠢᠨᠲ᠋ᠧᠷ ᠰᠦᠯᠵᠢᠶᠡᠨ ᠤ ᠠᠵᠤ ᠠᠬᠤᠶᠢᠯᠠᠯ ᠲᠠᠢ ᠬᠤᠯᠪᠤᠭᠠᠯᠠᠬᠤ ᠶᠢ ᠲᠡᠮᠵᠢᠵᠦ᠂ | ᠡᠪᠡᠳᠴᠢᠨ ᠡᠮᠭᠡᠭ ᠢ ᠰᠡᠷᠭᠡᠶᠢᠯᠡᠬᠦ᠂ ᠰᠢᠯᠭᠠᠨ ᠪᠠᠶᠢᠴᠠᠭᠠᠵᠤ ᠰᠢᠯᠭᠠᠨ ᠰᠢᠨᠵᠢᠬᠦ ᠵᠡᠷᠭᠡ ᠡᠮᠴᠢᠯᠡᠭᠡ ᠡᠷᠡᠭᠦᠯ ᠮᠡᠨᠳᠦ ᠶᠢᠨ | ᠦᠢᠯᠡᠴᠢᠯᠡᠭᠡ ᠦᠷᠨᠢᠬᠦᠯᠦᠨ᠎ᠠ᠃ ᠡᠮᠨᠡᠯᠭᠡ ᠳᠤ ᠰᠠᠭᠤᠬᠤ ᠠᠴᠠ ᠡᠮᠦᠨᠡᠬᠢ ᠲᠦᠷᠭᠡᠨ ᠠᠪᠦᠷᠡᠬᠤ ᠲᠡᠷᠭᠡ ᠳᠤ | ᠤᠨᠨᠰᠠᠷᠬᠠᠰᠠᠨ ᠬᠢᠨᠠᠵᠦ ᠬᠠᠮᠠᠭᠠᠯᠠᠬᠤ ᠰᠢᠰᠲ᠋ᠧᠮ ᠬᠢᠬᠡᠳ ᠣᠷᠣᠨ ᠪᠦᠰᠡ ᠪᠤᠶᠤ ᠡᠮᠨᠡᠯᠭᠡ ᠶᠢᠨ ᠬᠤᠷᠢᠶ᠎ᠠ ᠶᠢᠨ ᠮᠡᠳᠡᠭᠡ | ᠵᠠᠩᠭᠢ ᠶᠢᠨ ᠲᠠᠪᠴᠠᠩ ᠤᠨ ᠵᠠᠯᠭᠠᠭᠤᠯᠬᠤ ᠶᠢ ᠠᠬᠢᠭᠤᠯᠵᠦ᠂ ᠡᠪᠡᠳᠴᠢᠲᠡᠨ ᠤ ᠮᠡᠳᠡᠭᠡ ᠵᠠᠩᠭᠢ ᠶᠢ ᠵᠢᠷᠤᠮᠵᠢᠭᠤᠯᠵᠦ | ᠬᠠᠮᠳᠤ ᠳᠤ ᠪᠠᠨ ᠭᠦᠷᠳᠡᠬᠦ᠂ ᠠᠯᠤᠰ ᠲᠤ ᠲᠦᠷᠭᠡᠨ ᠠᠪᠤᠷᠠᠬᠤ ᠵᠢᠯᠤᠭᠤᠳᠤᠯᠭ᠎ᠠ ᠬᠢᠬᠦ ᠪᠠ ᠡᠮᠨᠡᠯᠬᠡ ᠶᠢᠨ | ᠬᠤᠷᠢᠶᠠᠨ ᠳᠤ ᠪᠠᠨ ᠲᠦᠷᠭᠡᠨ ᠠᠪᠤᠷᠠᠯᠳᠠ ᠬᠢᠬᠦ ᠪᠡᠯᠡᠳᠬᠡᠯ ᠵᠡᠷᠭᠡ ᠠᠵᠢᠯ ᠢ ᠰᠠᠶᠢᠳᠤᠷ ᠬᠢᠵᠦ᠂ ᠲᠦᠷᠭᠡᠨ ᠠᠪᠤᠷᠠᠬᠤ | ᠦᠷ᠎ᠡ ᠴᠢᠳᠠᠮᠵᠢ ᠶᠢ ᠲᠡᠬᠡᠭᠰᠢᠯᠡᠬᠦᠯᠦᠨ᠎ᠠ᠃ ︽ᠬᠢᠲᠠᠳ ᠡᠮ ᠤᠨ ᠤᠶᠤᠨᠴᠢ ᠳᠡᠯᠭᠡᠭᠦᠷ︾ ᠢ ᠲᠡᠯᠬᠡᠷᠡᠬᠦᠯᠵᠦ᠂ | ᠬᠢᠲᠠᠳ ᠡᠮ ᠤᠨ ᠴᠢᠨᠠᠬᠤ ᠡᠮ᠂ ᠪᠡᠯᠡᠨ ᠵᠣᠷ ᠲᠠᠢ ᠨᠠᠶᠢᠷᠠᠮᠠᠯ ᠡᠮ ᠵᠡᠷᠭᠡ ᠡᠮ ᠤᠨ ᠶᠠᠪᠤᠳᠠᠯ ᠤᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ ᠠᠴᠠ ᠬᠠᠷᠢᠭᠤᠴᠠᠨ᠎ᠠ︶ | ︵ᠠᠷᠪᠠᠨ ᠨᠢᠭᠡ︶ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠰᠦᠯᠵᠢᠶᠡᠨ ᠤ ᠰᠠᠭᠤᠷᠢ | ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | 24. ᠬᠤᠳᠠ ᠬᠥᠳᠡᠭᠡ ᠶᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠤ ᠲᠠᠮᠵᠢᠭᠤᠯᠤᠯᠳᠠ ᠰᠠᠶᠢᠳᠠᠢ | ᠥᠷᠭᠡᠨ ᠪᠦᠰᠡᠲᠦ ᠰᠦᠯᠵᠢᠶ᠎ᠡ ᠶᠢ ᠨᠡᠶᠢᠳᠡᠮ ᠬᠠᠮᠤᠷᠠᠭᠤᠯᠬᠤ ᠶᠢ ᠨᠢ ᠭᠤᠤᠯᠳᠠᠯᠭ᠎ᠠ ᠲᠠᠢ ᠲᠡᠮᠵᠢᠵᠦ᠂ ᠴᠠᠬᠢᠯᠭᠠᠨ | ᠬᠤᠯᠪᠣᠭᠠᠨ ᠤ ᠨᠡᠶᠢᠳᠡᠮ ᠦᠢᠯᠡᠴᠢᠯᠡᠭᠡ ᠶᠢᠨ ᠲᠤᠷᠰᠢᠯᠲᠠ ᠶᠢ ᠭᠦᠨᠵᠡᠭᠡᠶ ᠦᠷᠨᠢᠬᠦᠯᠦᠨ᠂ ᠭᠡᠷᠡᠯᠯᠢᠭ ᠰᠢᠷᠬᠡᠭ ᠤᠨ | ᠥᠷᠭᠡᠨ ᠪᠦᠰᠡᠲᠦ ᠰᠦᠯᠵᠢᠶ᠎ᠡ ᠶᠢ ᠲᠠᠷᠢᠶᠠᠯᠠᠬᠤ ᠮᠠᠯᠵᠢᠬᠤ ᠣᠷᠣᠨ ᠤ ᠡᠮᠴᠢᠯᠡᠭᠡᠨ ᠤ ᠪᠠᠶᠢᠭᠤᠯᠤᠮᠵᠢ ᠳᠤ ᠬᠦᠷᠲᠡᠯ᠎ᠡ | ᠤᠷᠳᠤᠳᠬᠠᠬᠤ ᠶᠢ ᠠᠬᠢᠭᠤᠯᠤᠨ᠎ᠠ᠃ ᠴᠠᠬᠢᠯᠭᠠᠨ ᠬᠤᠯᠪᠣᠭᠠᠨ ᠤ ᠠᠵᠤ ᠠᠬᠤᠶᠢᠯᠠᠯ ᠤᠨ ᠥᠷᠭᠡᠨ ᠪᠦᠰᠡᠲᠦ | ᠰᠦᠯᠵᠢᠶ᠎ᠡ ᠪᠠᠷ ᠤᠯᠠᠷᠢᠭᠤᠯᠤᠨ ᠬᠤᠪᠢᠷᠠᠭᠤᠯᠵᠦ ᠲᠠᠰ ᠲᠡᠪᠰᠢᠭᠦᠯᠬᠦ ᠠᠯᠬᠤᠴᠠ ᠶᠢ ᠠᠬᠢᠭᠤᠯᠵᠦ᠂ ᠪᠠᠭᠳᠠᠭᠠᠮᠵᠢ | ᠶᠡᠬᠡᠳᠡᠢ ᠭᠡᠷᠡᠯᠯᠢᠭ ᠰᠢᠷᠬᠡᠭ ᠤᠨ ᠥᠷᠭᠡᠨ ᠪᠦᠰᠡᠲᠦ ᠰᠦᠯᠵᠢᠶ᠎ᠡ ᠶᠢ ᠪᠠᠶᠢᠷᠢᠯᠠᠭᠤᠯᠤᠨ᠂ ᠲᠠᠮᠵᠢᠭᠤᠯᠤᠯᠳᠠ ᠰᠠᠶᠢᠳᠠᠢ | ᠰᠦᠯᠵᠢᠶ᠎ᠡ ᠳᠤ ᠵᠠᠯᠭᠠᠭᠤᠯᠵᠦ ᠤᠷᠤᠭᠤᠯᠬᠤ ᠶᠢ ᠬᠠᠩᠭᠠᠨ᠎ᠠ᠃ ᠰᠢᠯᠵᠢᠬᠡ ᠥᠷᠭᠡᠨ ᠪᠦᠰᠡᠲᠦ ᠰᠦᠯᠵᠢᠶ᠎ᠡ ᠪᠠᠷ | ᠬᠠᠮᠤᠷᠬᠤ ᠶᠢ ᠲᠡᠭᠦᠯᠳᠡᠷᠵᠢᠭᠦᠯᠵᠦ᠂ ᠲᠦᠷᠭᠡᠨ ᠠᠪᠦᠷᠡᠬᠤ ᠲᠡᠷᠭᠡ ᠪᠠᠷ ᠠᠴᠢᠶᠠᠯᠠᠵᠦ ᠠᠯᠤᠰ ᠣᠨᠣᠰᠢᠯᠠᠨ ᠡᠮᠨᠡᠬᠦ ᠳᠤ | ᠲᠤᠯᠭᠠᠭᠤᠷᠢᠯᠠᠭᠤᠯᠬᠤ ᠶᠢ ᠦᠷᠨᠢᠬᠦᠯᠦᠨ᠎ᠠ᠃ ᠠᠯᠤᠰ ᠠᠴᠠ ᠡᠮᠴᠢᠯᠡᠬᠦ᠂ ᠡᠮᠴᠢᠯᠡᠬᠡᠨ ᠤ ᠮᠡᠳᠡᠭᠡ ᠵᠠᠩᠭᠢ ᠶᠢ | ᠬᠠᠮᠲᠤ ᠳᠤ ᠪᠠᠨ ᠭᠦᠷᠳᠡᠬᠦ ᠵᠡᠷᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠴᠠᠬᠢᠯᠭᠠᠨ ᠬᠤᠯᠪᠣᠭᠠᠨ ᠤ ᠠᠵᠤ | ᠠᠬᠤᠶᠢᠯᠠᠯ ᠤᠳ ᠤᠨ ᠡᠮᠨᠡᠯᠭᠡ ᠶᠢᠨ ᠪᠠᠶᠢᠭᠤᠯᠤᠮᠵᠢ ᠳᠤ ᠴᠢᠨᠠᠷ ᠰᠠᠶᠢᠲᠠᠶ ᠢᠨᠲ᠋ᠧᠷ ᠰᠦᠯᠵᠢᠶᠡᠨ ᠤ ᠲᠤᠰᠬᠠᠶ ᠱᠤᠭᠤᠮ | ᠬᠠᠩᠭᠠᠬᠤ᠂ ᠵᠢᠱᠢᠮᠡᠭ ᠲᠤᠰᠬᠠᠶ ᠬᠡᠷᠡᠭᠯᠡᠬᠡᠨ ᠤ ᠰᠦᠯᠵᠢᠶ᠎ᠡ ︵VPN︶ ᠵᠡᠷᠭᠡ ᠰᠦᠯᠵᠢᠶ᠎ᠡ ᠶᠢ ᠵᠠᠯᠭᠠᠭᠤᠯᠵᠦ | ᠤᠷᠤᠭᠤᠯᠬᠤ ᠦᠢᠯᠡᠴᠢᠯᠡᠭᠡ ᠬᠠᠩᠭᠠᠬᠤ ᠶᠢ ᠵᠤᠷᠢᠨᠨᠵᠢᠭᠤᠯᠵᠦ᠂ ᠠᠯᠤᠰ ᠠᠴᠠ ᠡᠮᠴᠢᠯᠡᠬᠦ ᠲᠤᠰᠬᠠᠶ ᠰᠦᠯᠵᠢᠶᠡᠨ ᠤ | ᠪᠠᠶᠢᠭᠤᠯᠤᠯᠲᠠ ᠶᠢ ᠠᠬᠢᠭᠤᠯᠤᠨ᠂ ᠡᠮᠴᠢᠯᠡᠬᠡᠨ ᠤ ᠬᠠᠮᠢᠶ᠎ᠠ ᠪᠥᠬᠦᠶ ᠲᠤᠭ᠎ᠠ ᠪᠠᠷᠢᠮᠲᠠ ᠶᠢᠨ ᠲᠠᠮᠵᠢᠭᠤᠯᠬᠤ | ᠦᠢᠯᠡᠴᠢᠯᠡᠭᠡᠨ ᠤ ᠶᠠᠰᠤ ᠴᠢᠨᠠᠷ ᠢ ᠪᠠᠳᠤᠯᠠᠨ᠎ᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠤᠨ ᠲᠠᠮᠵᠢᠭᠤᠯᠤᠯᠳᠠ | ᠰᠠᠶᠢᠳᠠᠢ ᠪᠦᠬᠡᠳ ᠨᠠᠶᠢᠳᠠᠪᠤᠷᠢᠲᠠᠶ ᠰᠦᠯᠵᠢᠶ᠎ᠡ ᠶᠢ ᠵᠠᠯᠭᠠᠵᠦ ᠤᠷᠤᠭᠤᠯᠬᠤ ᠦᠢᠯᠡᠴᠢᠯᠡᠭᠡ ᠰᠤᠩᠭᠤᠨ ᠬᠡᠷᠡᠭᠯᠡᠬᠦ ᠶᠢ ᠨᠢ | ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ | 25. ᠨᠥᠬᠦᠵᠦ ᠪᠦᠷᠢᠨᠰᠢᠬᠦᠯᠬᠦ ᠵᠠᠷᠴᠢᠮ ᠶᠣᠰᠣᠭᠠᠷ᠂ ᠭᠤᠤᠯ ᠡᠷᠡᠭᠦᠯ ᠬᠠᠮᠠᠭᠠᠯᠠᠯ ᠤᠨ ᠬᠤᠷᠢᠶ᠎ᠠ ᠳᠤ DR᠂ | ᠪᠤᠳᠤᠭᠲᠤ ᠬᠡᠲᠦ ᠳᠣᠯᠭᠢᠶᠠᠨ᠂ ᠪᠦᠷᠢᠨ ᠠᠦ᠋ᠲ᠋ᠤᠴᠢᠯᠠᠭᠰᠠᠨ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ ᠶᠢᠨ | ᠴᠠᠭᠯᠢᠭ᠂ ᠵᠢᠷᠦᠬᠡᠨ ᠤ ᠴᠠᠬᠢᠯᠭᠠᠨ ᠵᠢᠷᠤᠭ ᠤᠨ ᠮᠠᠰᠢᠨ ᠵᠡᠷᠭᠡ ᠲᠤᠭᠠᠵᠢᠭᠤᠯᠤᠨᠨᠰᠠᠨ ᠡᠮᠴᠢᠯᠡᠭᠡᠨ ᠤ ᠲᠥᠬᠦᠭᠡᠷᠦᠮᠵᠢ | ᠲᠤᠬᠢᠷᠠᠭᠤᠯᠬᠤ ᠶᠢ ᠲᠡᠮᠵᠢᠵᠦ᠂ ᠲᠤᠨᠤᠬ ᠲᠥᠬᠦᠭᠡᠷᠦᠮᠵᠢ ᠬᠤᠳᠠᠯᠳᠤᠨ ᠠᠪᠬᠤ ᠪᠠ ᠬᠡᠷᠡᠭᠯᠡᠵᠦ ᠬᠠᠮᠢᠶᠠᠷᠬᠤ ᠶᠢ | ᠰᠠᠶᠢᠲᠤᠷ ᠨᠠᠶᠢᠳᠠᠪᠤᠷᠢᠵᠢᠭᠤᠯᠤᠨ᠂ ᠠᠯᠤᠰ ᠡᠮᠴᠢᠯᠡᠬᠡᠨ ᠤ ᠦᠢᠯᠡᠴᠢᠯᠡᠭᠡ ᠶᠢ ᠰᠤᠮᠤ ᠰᠢᠶᠠᠩ ᠪᠠᠯᠭᠠᠰᠤ ᠲᠡᠶᠢᠰᠢ | ᠤᠷᠳᠤᠳᠬᠠᠬᠤ ᠳᠤ ᠪᠠᠲᠤᠯᠠᠭ᠎ᠠ ᠬᠠᠩᠭᠠᠨ᠎ᠠ᠃ ᠬᠤᠪᠢᠰᠬᠠᠯ ᠤᠨ ᠬᠠᠭᠤᠴᠢᠨ ᠰᠠᠭᠤᠷᠢᠨ ᠴᠦᠬᠡᠨ ᠲᠤᠭᠠᠳᠤ | ᠦᠨᠳᠦᠰᠦᠳᠡᠨ ᠤ ᠤᠷᠤᠨ ᠬᠢᠯᠢ ᠬᠢᠵᠠᠭᠠᠷ ᠤᠷᠤᠨ ᠶᠠᠳᠠᠭᠤ ᠭᠦᠴᠢᠷᠳᠡᠯᠳᠡᠢ ᠭᠠᠵᠠᠷ ᠣᠷᠣᠨ ᠤ ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠮᠡᠳᠡᠭᠡ ᠵᠡᠩᠬᠢᠴᠢᠯᠡᠬᠤ ᠵᠥᠭᠡᠯᠡᠨ ᠪᠠ ᠬᠠᠲᠠᠭᠤ | ᠬᠡᠷᠡᠭᠰᠡᠯ ᠤᠨ ᠪᠠᠶᠢᠭᠤᠯᠤᠯᠲᠠ ᠶᠢ ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠠᠷᠪᠠᠨ ᠬᠤᠶᠠᠷ︶ ᠬᠠᠮᠢᠶ᠎ᠠ ᠪᠥᠬᠦᠶ ᠲᠥᠬᠦᠷ ᠲᠥᠷᠥ ᠶᠢᠨ ᠪᠣᠳᠣᠯᠭ᠎ᠠ ᠶᠢ ᠲᠤᠨᠨᠳᠠᠭᠠᠵᠦ | ᠲᠡᠭᠦᠯᠳᠡᠷᠵᠢᠬᠦᠯᠦᠨ᠎ᠠ | 26. ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠭᠦᠭᠵᠢᠯᠳᠡ ᠲᠠᠢ ᠲᠤᠬᠢᠷᠠᠯᠴᠠᠭᠤᠯᠵᠦ᠂ | ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠬᠦᠯᠦᠨ᠎ᠠ᠃ ᠨᠥᠬᠦᠴᠡᠯ ᠳᠤ ᠨᠡᠶᠢᠴᠡᠭᠰᠡᠨ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠦᠢᠯᠡᠴᠢᠯᠡᠭᠡᠨ ᠢ | ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠳᠤ ᠠᠯᠬᠤᠮ ᠠᠯᠬᠤᠮ ᠢᠶᠠᠷ | ᠣᠷᠣᠭᠤᠯᠵᠤ᠂ ᠵᠠᠷᠤᠳᠠᠯ ᠢ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ᠂ ᠤᠯᠠᠨ ᠲᠦᠮᠡᠨ ᠤ ᠦᠢᠷ᠎ᠠ | ᠬᠠᠪᠢ ᠳᠤ ᠪᠠᠨ ᠡᠪᠡᠳᠴᠢᠨ ᠦᠵᠡᠭᠦᠯᠬᠦ ᠳᠤ ᠨᠢ ᠳᠥᠭᠦᠮ ᠦᠵᠡᠬᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠪᠦᠳᠦᠮᠵᠢᠳᠡᠢ ᠠᠰᠢᠨᠨᠯᠠᠬᠤ ᠶᠢ ᠠᠬᠢᠭᠤᠯᠤᠨ᠎ᠠ᠃ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠶᠢᠨ | ᠰᠦᠢᠳᠬᠡᠯ ᠬᠤᠷᠢᠶᠠᠬᠤ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠬᠡᠷᠡᠭᠯᠡᠬᠦ ᠪᠠ ᠬᠠᠮᠢᠶᠠᠷᠬᠤ ᠶᠢ | ᠴᠢᠩᠭᠠᠳᠬᠠᠨ᠂ ᠠᠰᠢᠭ ᠲᠤᠰᠠ ᠶᠢᠨ ᠵᠦᠢ ᠵᠣᠬᠢᠰᠲᠠᠶ ᠬᠤᠪᠢᠶᠠᠷᠢᠯᠠᠯᠲᠠ ᠶᠢᠨ ᠲᠣᠭᠲᠠᠴᠠ ᠪᠦᠷᠢᠯᠳᠦᠬᠦ ᠶᠢ | ᠠᠬᠢᠭᠤᠯᠵᠦ᠂ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠪᠠᠨ ᠦᠷᠭᠦᠯᠵᠢᠯᠡᠨ ᠭᠦᠭᠵᠢᠬᠦᠯᠬᠦ ᠶᠢ | ᠲᠡᠮᠵᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | 27. ᠶᠡᠭᠡ ᠡᠮᠴᠢ ᠶᠢᠨ ᠤᠯᠠᠨ ᠴᠡᠭ ᠲᠤ ᠠᠵᠢᠯ ᠡᠷᠬᠢᠯᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ | ᠠᠵᠢᠯ ᠡᠷᠬᠢᠯᠡᠬᠦ ᠶᠡᠭᠡ ᠡᠮᠴᠢ ᠶᠢᠨ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠭᠡ | ᠦᠷᠨᠢᠬᠦᠯᠬᠦ ᠶᠢ ᠵᠤᠷᠢᠨᠨᠵᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ ᠬᠠᠷᠢᠭᠤᠴᠠᠨ᠎ᠠ︶ | ᠭᠤᠷᠪᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠠᠮᠤᠷ ᠲᠦᠪᠰᠢᠨ ᠤ ᠪᠠᠲᠤᠯᠠᠭ᠎ᠠ ᠶᠢ | ᠴᠢᠩᠭᠠᠳᠬᠠᠨ᠎ᠠ | ︵ᠠᠷᠪᠠᠨ ᠭᠤᠷᠪᠠ︶ ᠡᠮᠴᠢᠯᠡᠭᠡᠨ ᠤ ᠶᠠᠰᠤ ᠴᠢᠨᠠᠷ ᠲᠤ ᠬᠢᠨᠠᠯᠲᠠ ᠬᠠᠮᠢᠶᠠᠷᠤᠯᠲᠠ ᠬᠢᠬᠦ ᠶᠢ | ᠴᠢᠩᠭᠠᠷᠠᠭᠤᠯᠤᠨ᠎ᠠ | 28. ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ ᠠᠵᠢᠯᠯᠠᠭ᠎ᠠ ᠶᠢ ᠵᠢᠷᠤᠮᠵᠢᠭᠤᠯᠬᠤ ᠬᠠᠮᠢᠶᠠᠷᠤᠯᠲᠠ ᠶᠢᠨ | ᠠᠷᠭ᠎ᠠ ᠶᠢ ᠨᠡᠶᠢᠲᠡᠯᠡᠵᠦ᠂ ᠬᠢᠨᠠᠨ ᠬᠠᠮᠢᠶᠠᠷᠬᠤ ᠶᠢᠨ ᠪᠠᠳᠤᠯᠠᠬᠤ ᠱᠤᠭᠤᠮ ᠢ ᠲᠤᠳᠤᠷᠬᠠᠶᠢᠯᠠᠨ᠂ ᠠᠵᠢᠯ ᠶᠠᠪᠤᠲᠠᠯ ᠤᠨ | ᠳᠤᠮᠳᠠᠬᠢ ᠪᠠ ᠠᠵᠢᠯ ᠶᠠᠪᠤᠲᠠᠯ ᠤᠨ ᠲᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠡᠮᠴᠢᠯᠡᠭᠡ ᠡᠷᠡᠭᠦᠯ | ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠪᠣᠯᠤᠨ ᠠᠮᠤᠷ ᠲᠦᠪᠰᠢᠨ ᠢ ᠦᠨᠡᠨ ᠬᠦ ᠪᠠᠳᠤᠯᠠᠨ᠎ᠠ᠃ ᠰᠦᠯᠵᠢᠶᠡᠨ ᠤ | ᠢᠳᠡᠬᠡᠮᠵᠢᠬᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠪᠥᠬᠦ ᠣᠷᠣᠨ ᠤ ᠨᠢᠭᠡᠳᠦᠯᠲᠡᠶ ᠢᠯᠭᠠᠬᠤ | ᠲᠡᠮᠳᠡᠭ ᠲᠠᠢ ᠪᠠᠶᠢᠯᠭᠠᠬᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠳᠠᠨ ᠪᠣᠯᠤᠨ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢᠨ ᠢᠳᠡᠬᠡᠮᠵᠢᠬᠦᠯᠬᠦ ᠶᠢᠨ ᠠᠨᠠᠭᠠᠬᠤ ᠤᠬᠠᠭᠠᠨ ᠤ ᠲᠤᠭᠠᠵᠢᠳᠤ ᠪᠡᠶ᠎ᠡ ᠭᠠᠷᠤᠯ᠂ ᠡᠯᠧᠺᠲᠷᠣᠨ ᠤ | ᠦᠨᠡᠨ ᠨᠡᠷ᠎ᠡ ᠶᠢᠨ ᠬᠡᠷᠡᠴᠢᠯᠡᠭᠡ᠂ ᠲᠤᠭ᠎ᠠ ᠪᠠᠷᠢᠮᠳᠠ ᠳᠤ ᠰᠤᠷᠪᠤᠯᠵᠢᠯᠠᠵᠦ ᠡᠵᠡᠮᠰᠢᠬᠦ ᠮᠡᠳᠡᠭᠡ ᠵᠠᠩᠬᠢ ᠶᠢᠨ ᠰᠢᠰᠲ᠋ᠧᠮ ᠢ | ᠲᠦᠷᠬᠡᠳᠬᠡᠨ ᠪᠠᠶᠢᠭᠤᠯᠤᠨ᠎ᠠ᠃ ᠡᠮᠴᠢᠯᠡᠭᠡᠨ ᠤ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ ᠶᠢ | ᠪᠠᠶᠢᠭᠤᠯᠤᠨ᠂ ᠰᠦᠯᠵᠢᠶ᠎ᠡ ᠪᠠᠷ ᠪᠠᠶᠢᠳᠠᠯ ᠢ ᠮᠡᠳᠡᠵᠦ ᠵᠥᠪᠰᠢᠶᠡᠷᠡᠬᠦ ᠪᠠ ᠮᠡᠳᠡᠭᠳᠡᠬᠦ ᠶᠢ ᠠᠬᠢᠭᠤᠯᠵᠦ᠂ ᠡᠮᠴᠢᠯᠡᠭᠡᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠢᠨᠲ᠋ᠧᠷ ᠰᠦᠯᠵᠢᠶᠡᠨ ᠤ ᠡᠮᠴᠢᠯᠡᠭᠡ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠠᠪᠴᠠᠩ ᠵᠡᠷᠬᠡ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠬᠠᠩᠭᠠᠨᠨᠰᠠᠨ ᠦᠢᠯᠡᠴᠢᠯᠡᠭᠡᠨ ᠤ | ᠠᠵᠢᠯᠳᠠᠳ ᠤᠨ ᠬᠢᠷᠢ ᠬᠡᠮ ᠨᠢ ᠬᠤᠯᠪᠣᠭᠳᠠᠯ ᠪᠦᠬᠦᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠶᠢ | ᠦᠨᠡᠨ ᠬᠦ ᠪᠠᠲᠤᠯᠠᠬᠤ ᠶᠢᠨ ᠬᠠᠮᠳᠤ᠂ ᠬᠠᠩᠭᠠᠨᠨᠰᠠᠨ ᠦᠢᠯᠡᠴᠢᠯᠡᠭᠡ ᠳᠤ ᠪᠠᠨ ᠬᠠᠷᠢᠭᠤᠴᠠᠯᠭ᠎ᠠ ᠡᠭᠦᠷᠬᠡᠯᠡᠨ᠎ᠠ᠃ ︽ | ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ︾ ᠶᠢᠨ ᠦᠢᠯᠡᠴᠢᠯᠡᠬᠡᠨ ᠳᠤ ᠪᠤᠢ ᠪᠤᠯᠤᠨᠨᠰᠠᠨ ᠲᠤᠭ᠎ᠠ | ᠪᠠᠷᠢᠮᠲᠠ ᠶᠢ ᠪᠦᠬᠦ ᠶᠠᠪᠤᠴᠠ ᠲᠠᠢ ᠨᠢ ᠦᠯᠡᠳᠡᠬᠡᠨ ᠬᠠᠳᠠᠭᠠᠯᠠᠬᠤ ᠶᠢᠨ ᠬᠠᠮᠳᠤ᠂ ᠪᠠᠶᠢᠴᠠᠭᠠᠨ ᠯᠠᠪᠯᠠᠵᠤ᠂ ᠮᠥᠷᠳᠡᠵᠦ | ᠤᠬᠤᠴᠢᠯᠠᠵᠦ ᠪᠤᠯᠬᠤᠶᠢᠴᠠ ᠪᠤᠯᠭᠠᠨ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ | ᠦᠷᠡᠵᠢᠯ ᠤᠨ ᠵᠥᠪᠯᠡᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠠᠵᠤ ᠠᠬᠤᠶ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ︵ᠠᠷᠪᠠᠨ ᠳᠥᠷᠪᠡ︶ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠳᠤᠯᠠᠨ᠎ᠠ | 29. ᠡᠷᠡᠭᠦᠯ ᠮᠡᠨᠳᠦ ᠡᠮᠴᠢᠯᠡᠬᠡᠨ ᠤ ᠲᠤᠮᠤ ᠳ᠋ᠠᠶᠢᠲ᠋ᠠ ᠶᠢᠨ ᠡᠷᠬᠡ ᠨᠤᠲᠠᠯᠠᠨ ᠲᠣᠭᠲᠠᠭᠠᠬᠤ᠂ ᠴᠢᠯᠦᠬᠡᠳᠡᠢ | ᠪᠠᠶᠢᠯᠭᠠᠬᠤ᠂ ᠭᠦᠢᠯᠬᠡᠬᠡᠬᠦ᠂ ᠠᠷᠠᠯᠵᠢᠶᠠᠯᠠᠬᠤ ᠪᠠ ᠥᠮᠴᠢᠯᠡᠬᠦ ᠡᠷᠬᠡ ᠶᠢ ᠬᠠᠮᠠᠭᠠᠯᠠᠬᠤ ᠵᠡᠷᠭᠡ ᠲᠠᠯ᠎ᠠ ᠪᠠᠷ ᠬᠢ ᠣᠷᠣᠨ | ᠨᠤᠲᠤᠭ ᠤᠨ ᠬᠠᠤᠯᠢ ᠲᠤᠨᠨᠳᠠᠭᠠᠬᠤ ᠶᠢ ᠠᠬᠢᠭᠤᠯᠤᠨ᠎ᠠ᠃ ᠮᠡᠳᠡᠭᠡ ᠵᠠᠩᠭᠢ ᠶᠢᠨ ᠠᠮᠤᠷ ᠲᠦᠪᠰᠢᠨ ᠪᠣᠯᠤᠨ ᠡᠷᠡᠭᠦᠯ | ᠮᠡᠨᠳᠦ ᠡᠮᠴᠢᠯᠡᠬᠡᠨ ᠤ ᠲᠤᠭ᠎ᠠ ᠪᠠᠷᠢᠮᠲᠠ ᠳᠤ ᠨᠢᠭᠤᠴᠠ ᠶᠢ ᠬᠠᠮᠠᠭᠠᠯᠠᠬᠤ ᠲᠣᠭᠲᠠᠭᠠᠯ ᠢ ᠴᠢᠩᠭ᠎ᠠ ᠬᠡᠷᠡᠭᠵᠢᠬᠦᠯᠦᠨ᠂ | ᠬᠤᠪᠢ ᠬᠥᠮᠦᠨ ᠤ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠠᠭᠠᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠡᠪᠡᠳᠴᠢᠲᠡᠨ ᠤ ᠮᠡᠳᠡᠭᠡ ᠵᠠᠩᠭᠢ᠂ ᠬᠡᠷᠡᠭᠯᠡᠭᠴᠢᠳ ᠤᠨ ᠮᠠᠲ᠋ᠧᠷᠢᠶᠠᠯ᠂ ᠭᠧᠨ ᠤ ᠲᠤᠭ᠎ᠠ | ᠪᠠᠷᠢᠮᠲᠠ ᠵᠡᠷᠭᠡ ᠶᠢ ᠴᠢᠩᠭ᠎ᠠ ᠬᠠᠮᠢᠶᠠᠷᠤᠨ᠂ ᠬᠠᠤᠯᠢ ᠪᠤᠰᠤ ᠪᠠᠷ ᠬᠤᠳᠠᠯᠳᠤᠭᠠᠯᠠᠭᠰᠠᠨ᠂ ᠮᠡᠳᠡᠭᠡ ᠵᠠᠩᠭᠢ ᠶᠢ | ᠵᠠᠳᠠᠷᠠᠭᠤᠯᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠵᠠᠯᠬᠠᠭᠠᠨ ᠰᠢᠢᠳᠬᠡᠨ᠎ᠠ᠃ ︵ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ᠂ ᠠᠵᠤ ᠠᠬᠤᠶ ᠪᠠ ᠮᠡᠳᠡᠭᠡ ᠵᠠᠩᠬᠢᠴᠢᠯᠠᠯᠳᠠ ᠶᠢᠨ ᠵᠥᠪᠯᠡᠯ᠂ ᠳᠣᠲᠣᠭᠠᠳᠤ ᠶᠢ | ᠬᠠᠮᠠᠭᠠᠯᠠᠬᠤ ᠲᠢᠩᠬᠢᠮ᠂ ᠲᠣᠮᠣ ᠳ᠋ᠠᠶᠢᠲ᠋ᠠ ᠶᠢᠨ ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | 30. ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠢᠨᠲ᠋ᠧᠷ ᠰᠦᠯᠵᠢᠶᠡᠨ ᠤ ᠡᠮᠴᠢᠯᠡᠭᠡ ᠡᠷᠡᠭᠦᠯ | ᠮᠡᠨᠳᠦ ᠶᠢᠨ ᠦᠢᠯᠡᠴᠢᠯᠡᠬᠡᠨ ᠤ ᠲᠠᠪᠴᠠᠩ᠂ ᠡᠮᠴᠢᠯᠡᠭᠡᠨ ᠤ ᠤᠶᠤᠨᠴᠢ ᠲᠥᠬᠦᠭᠡᠷᠦᠮᠵᠢ ᠵᠢᠴᠢ ᠵᠠᠩᠭᠢᠯᠠᠭ᠎ᠠ ᠶᠢᠨ ᠮᠡᠳᠡᠭᠡ | ᠵᠠᠩᠭᠢ ᠶᠢᠨ ᠰᠠᠭᠤᠷᠢ ᠪᠡᠯᠡᠳᠬᠡᠮᠵᠢ᠂ ᠲᠤᠭ᠎ᠠ ᠪᠠᠷᠢᠮᠳᠠ ᠶᠢᠨ ᠬᠡᠷᠡᠭᠯᠡᠵᠦ ᠦᠢᠯᠡᠴᠢᠯᠡᠬᠦ ᠮᠡᠳᠡᠭᠡ ᠵᠠᠩᠭᠢ ᠶᠢᠨ | ᠰᠡᠷᠬᠡᠶᠢᠯᠡᠨ ᠬᠠᠮᠠᠭᠠᠯᠠᠬᠤ ᠶᠢ ᠴᠢᠩᠭᠠᠳᠬᠠᠵᠦ᠂ ᠮᠡᠳᠡᠭᠡ ᠵᠠᠩᠭᠢ ᠶᠢᠨ ᠠᠮᠤᠷ ᠲᠦᠪᠰᠢᠨ ᠤ ᠲᠠᠯᠳᠠ ᠭᠡᠮ ᠰᠤᠭᠤᠭ ᠢ | ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠬᠤ᠂ ᠬᠢᠨᠠᠨ ᠰᠢᠨᠵᠢᠬᠦ ᠪᠠ ᠰᠡᠷᠡᠮᠵᠢᠯᠡᠬᠦᠯᠦᠨᠠ᠃ | ᠡᠪᠡᠳᠴᠢᠲᠡᠨ ᠤ ᠮᠡᠳᠡᠭᠡ ᠵᠠᠩᠭᠢ ᠵᠡᠷᠭᠡ ᠰᠡᠷᠭᠡᠭ ᠲᠤᠭ᠎ᠠ ᠪᠠᠷᠢᠮᠳᠠ ᠶᠢ ᠬᠢᠯᠢ ᠶᠢᠨ ᠲᠤᠳᠤᠭᠠᠳᠤ ᠳᠤ ᠪᠠᠨ ᠬᠠᠳᠠᠭᠠᠯᠠᠬᠤ | ᠬᠡᠷᠡᠭᠲᠡᠶ᠂ ᠬᠢᠯᠢ ᠶᠢᠨ ᠭᠠᠳᠠᠨ᠎ᠠ ᠦᠨᠡᠨ ᠬᠦ ᠬᠠᠩᠭᠠᠬᠤ ᠱᠠᠭᠠᠷᠳᠠᠯᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠠᠮᠤᠷ ᠲᠦᠪᠰᠢᠨ ᠤ ᠲᠠᠯ᠎ᠠ ᠪᠠᠷ ᠦᠨᠡᠯᠡᠨ ᠵᠢᠱᠢᠬᠦ ᠬᠡᠷᠡᠭᠲᠡᠶ᠃ ︵ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠬᠡᠷ᠂ ᠠᠵᠤ ᠠᠬᠤᠶ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠲᠣᠮᠣ ᠳ᠋ᠠᠶᠢᠲ᠋ᠠ ᠶᠢᠨ | ᠬᠥᠭᠵᠢᠭᠦᠯᠦᠯᠲᠡ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ | ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ | ᠪᠠᠶᠢᠷᠢᠯᠠᠭᠤᠯᠤᠯᠲᠠ ᠶᠣᠰᠣᠭᠠᠷ᠂ ᠲᠥᠬᠦᠷ ᠲᠥᠷᠥ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠶ ᠳᠤ ᠨᠢ | ᠨᠡᠶᠢᠲᠡᠯᠡᠵᠦ᠂ ᠲᠤᠬᠠᠢ ᠶᠢᠨ ᠭᠠᠵᠠᠷ ᠲᠤ ᠪᠠᠨ ᠲᠤᠬᠢᠷᠠᠭᠤᠯᠤᠨ᠂ ︽ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ | ᠮᠡᠨᠳᠦ︾ ᠶᠢ ᠢᠳᠡᠪᠬᠢᠳᠡᠢ ᠭᠦᠭᠵᠢᠬᠦᠯᠵᠦ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠣᠷᠣᠭᠤᠯᠤᠨ | ᠠᠪᠴᠢᠷᠠᠵᠤ᠂ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠬᠡᠨ ᠤ ᠲᠠᠭᠠᠭᠠᠨ ᠭᠦᠴᠦᠷᠡᠬᠦ ᠴᠢᠨᠠᠷ ᠢ ᠲᠡᠬᠡᠭᠰᠢᠯᠡᠬᠦᠯᠦᠨ᠂ | ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠨᠨᠳᠠᠨ ᠪᠤᠳᠠᠳᠠᠶᠢᠵᠢᠬᠤ ᠶᠢ ᠦᠨᠡᠨ ᠬᠦ ᠪᠠᠲᠤᠯᠠᠬᠤ | ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠦᠪᠯᠡᠯ ᠨᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠷᠠᠯᠴᠠᠨ ᠡᠭᠦᠷᠭᠡ ᠠᠵᠢᠯ ᠤᠨ ᠬᠤᠪᠢᠶᠠᠷᠢᠯᠠᠯ ᠶᠣᠰᠣᠭᠠᠷ᠂ | ᠠᠵᠢᠯ ᠢ ᠵᠢᠭᠠᠨ ᠵᠢᠯᠤᠭᠤᠳᠬᠤ ᠪᠠ ᠰᠢᠪᠠᠳᠠᠨ ᠪᠠᠶᠢᠴᠠᠭᠠᠬᠤ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠨᠨᠰᠠᠨ | ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤ ᠨᠢ | ᠮᠡᠳᠡᠬᠦᠯᠬᠦ ᠬᠡᠷᠡᠭᠳᠡᠢ᠃ |