ᠥᠪᠥᠷ ᠮᠤᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠶᠡᠷᠦᠩᠬᠡᠢ ᠦᠷᠲᠡᠭᠡ ᠢᠯᠡᠷᠬᠡᠶᠢᠯᠡᠯ ᠡᠯᠭᠦᠭᠦ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2019/1/3
     1 ᠳ᠋ᠦ᠋ᠭᠡᠷ ᠰᠠᠷ᠎ᠠ ᠶᠢᠨ 1᠎ ᠤ ᠡᠳᠦᠷ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠪᠦᠷ ᠮᠤᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠶᠡᠷᠦᠩᠬᠡᠢ ᠦᠷᠲᠡᠭᠡ ᠶᠢᠨ ᠢᠯᠡᠷᠬᠡᠶᠢᠯᠡᠯ ᠡᠯᠭᠦᠭᠦ ᠶᠤᠰᠤᠯᠠᠯ ᠬᠦᠬᠡᠬᠤᠲᠠ ᠳᠤ ᠶᠠᠪᠤᠭᠳᠠᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠦᠸᠧ ᠶᠦᠡᠭ ᠭᠠᠨᠭ᠌᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠳᠤᠲᠤᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠶᠠᠩ ᠸᠧᠢ ᠳ᠋ᠦᠩ ᠢᠯᠡᠷᠬᠡᠶᠢᠯᠡᠯ ᠡᠯᠭᠦᠭᠦ ᠶᠤᠰᠤᠯᠠᠯ ᠳᠤ ᠤᠷᠤᠯᠴᠠᠵᠠᠢ᠃      ᠦᠪᠦᠷ ᠮᠤᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠶᠡᠷᠦᠩᠬᠡᠢ ᠦᠷᠲᠡᠭᠡ ᠪᠤᠯ ᠤᠤᠯ ᠤᠨ ᠵᠠᠪᠰᠡᠭᠲᠤ ᠴᠠᠭᠳᠠᠭ᠎ᠠ ᠶᠢᠨ ᠦᠪᠦᠷ ᠮᠤᠩᠭᠤᠯ ᠳᠠᠬᠢ ᠬᠢᠯᠢ ᠶᠢᠨ ᠬᠠᠮᠠᠭᠠᠯᠠᠯᠲᠠ ᠶᠢᠨ ᠶᠡᠷᠦᠩᠬᠡᠢ ᠠᠩᠭᠢ ᠶᠤᠮ᠃ ᠦᠡᠭᠭᠡᠷᠡᠭᠰᠡᠨ ᠦᠶ᠎ᠡ ᠶᠢᠨ ᠲᠠᠷᠤᠭ᠎ᠠ ᠪᠠᠶᠢᠯᠳᠤᠭᠴᠢᠳ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠬᠢᠯᠢ ᠬᠢᠵᠠᠭᠠᠷ ᠲᠤ ᠰᠠᠭᠤᠷᠢᠰᠢᠨ᠂ ᠬᠢᠯᠢ ᠰᠠᠬᠢᠨ ᠤᠯᠤᠰ ᠲᠤ ᠪᠠᠨ ᠵᠢᠳᠭᠦᠵᠤ᠂ ᠬᠢᠯᠢ ᠬᠢᠵᠠᠭᠠᠷ ᠤᠨ ᠠᠮᠤᠷ ᠲᠤᠭᠲᠠᠭᠤᠨ ᠢ ᠬᠠᠮᠠᠭᠠᠯᠠᠬᠤ ᠪᠠ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠬᠦᠭᠵᠢᠯᠲᠡ ᠶᠢ ᠠᠬᠢᠭᠤᠯᠬᠤ ᠳᠤ ᠳᠤᠪᠤᠶᠢᠮ᠎ᠡ ᠬᠤᠪᠢ ᠨᠡᠮᠡᠷᠢ ᠦᠵᠡᠭᠦᠯᠪᠠ᠃ ᠳᠤᠲᠤᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠨ ᠬᠠᠷᠢᠶᠠᠯᠠᠭᠳᠠᠭᠰᠠᠨ ᠤ ᠳᠠᠷᠠᠭᠠᠬᠢ ᠦᠪᠦᠷ ᠮᠤᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠶᠡᠷᠦᠩᠬᠡᠢ ᠦᠷᠲᠡᠭᠡ ᠨᠢ ᠦᠪᠡᠷᠲᠡᠭᠡᠨ ᠵᠠᠰᠠᠬᠤ ᠤᠷᠤᠨ ᠤ ᠳᠤᠲᠤᠭᠠᠳᠤ ᠶᠢ ᠬᠠᠮᠠᠭᠠᠯᠠᠬᠤ ᠲᠢᠩᠬᠢᠮ ᠤᠨ ᠬᠢᠯᠢ ᠶᠢᠨ ᠬᠠᠮᠢᠶᠠᠷᠤᠯᠲᠠ ᠶᠢᠨ ᠶᠡᠷᠦᠩᠬᠡᠢ ᠠᠩᠭᠢ ᠶᠢᠨ ᠢᠯᠡᠷᠬᠡᠶᠢᠯᠡᠯ ᠢ ᠨᠡᠮᠡᠨ ᠡᠯᠬᠦᠵᠤ᠂ ᠬᠢᠯᠢ ᠪᠠᠷ ᠨᠡᠪᠲᠡᠷᠡᠬᠦ ᠶᠢ ᠬᠠᠮᠢᠶᠠᠷᠬᠤ᠂ ᠪᠤᠭᠤᠮᠲᠠ ᠶᠢᠨ ᠦᠨᠡᠮᠯᠡᠯ ᠢ ᠪᠠᠶᠢᠴᠠᠭᠠᠨ ᠰᠢᠯᠭᠠᠬᠤ᠂ ᠬᠢᠯᠢ ᠶᠢᠨ ᠠᠷᠠᠳ ᠤᠨ ᠢᠷᠡᠵᠤ ᠤᠴᠢᠬᠤ ᠶᠢ ᠬᠠᠮᠢᠶᠠᠷᠬᠤ ᠪᠠ ᠬᠢᠯᠢ ᠶᠢᠨ ᠬᠠᠮᠢᠶᠠᠷᠤᠯᠲᠠ ᠶᠢᠨ ᠤᠷᠤᠨ ᠤ ᠠᠮᠤᠷ ᠲᠤᠬᠳᠠᠭᠤᠨ ᠢ ᠬᠠᠮᠠᠭᠠᠯᠠᠨ ᠬᠠᠮᠢᠶᠠᠷᠬᠤ ᠠᠵᠢᠯ ᠢ ᠬᠠᠷᠢᠭᠤᠴᠠᠵᠤ᠂ ᠬᠠᠤᠯᠢ ᠪᠤᠰᠤ ᠪᠠᠷ ᠬᠢᠯᠢ ᠪᠠᠷ ᠤᠷᠤᠵᠤ ᠭᠠᠷᠬᠤ᠂ ᠬᠠᠤᠯᠢ ᠪᠤᠰᠤ ᠪᠠᠷ ᠤᠷᠤᠰᠢᠨ ᠰᠠᠭᠤᠬᠤ᠂ ᠭᠠᠳᠠᠭᠠᠳᠤ ᠶᠢᠨ ᠬᠦᠮᠦᠨ ᠳᠤ ᠬᠠᠤᠯᠢ ᠪᠤᠰᠤ ᠪᠠᠷ ᠠᠵᠢᠯ ᠤᠯᠭᠤᠬᠤ ᠶᠢ ᠴᠡᠭᠴᠡᠯᠡᠨ ᠵᠠᠰᠠᠬᠤ ᠵᠡᠷᠭᠡ ᠡᠬᠦᠷᠭᠡ ᠴᠢᠳᠠᠪᠬᠢ ᠶᠢ ᠬᠦᠢᠴᠡᠳᠭᠡᠬᠦ ᠪᠤᠯᠤᠨ᠎ᠠ᠃      ᠦᠷᠭᠡᠨ ᠤᠯᠠᠨ ᠺᠠᠳ᠋ᠷ ᠴᠠᠭᠳᠠᠭ᠎ᠠ᠂ ᠬᠤᠶᠢᠰᠢᠳᠠ ᠴᠡᠷᠢᠭ ᠬᠦᠮᠦᠨ ᠤ ᠤᠤᠷ ᠴᠢᠨᠠᠷ ᠢᠶᠠᠨ ᠦᠯᠤ ᠮᠠᠷᠲᠠᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠠᠭᠡᠵᠢᠯᠡᠵᠤ᠂ ᠦᠪᠡᠷᠲᠡᠭᠡᠨ ᠵᠠᠰᠠᠬᠤ ᠤᠷᠤᠨ ᠤ ᠬᠢᠯᠢ ᠬᠢᠵᠠᠭᠠᠷ ᠎ ᠤᠨ ᠠᠮᠤᠷ ᠲᠤᠭᠲᠠᠭᠤᠨ ᠢ ᠦᠷᠭᠦᠯᠵᠢᠯᠡᠨ ᠬᠠᠮᠠᠭᠠᠯᠠᠵᠤ᠂ ᠤᠯᠤᠰ ᠤᠨ ᠬᠠᠭᠠᠯᠭ᠎ᠠ ᠪᠤᠭᠤᠮᠲᠠ ᠶᠢᠨ ᠠᠮᠤᠷ ᠲᠦᠪᠰᠢᠨ ᠎ ᠢ ᠪᠠᠬᠢᠵᠢᠭᠦᠯᠤᠨ ︽ᠦᠵᠡᠰᠭᠦᠯᠡᠩᠲᠤ ᠰᠠᠶᠢᠬᠠᠨ ᠦᠪᠦᠷ ᠮᠤᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠤ ᠪᠠᠨ ᠬᠠᠮᠲᠤᠪᠠᠷ ᠲᠡᠷᠭᠡᠯᠰᠢᠭᠦᠯᠬᠦ︾᠎ ᠳᠤ ᠨᠡᠩ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠤ ᠬᠦᠰᠡᠯ ᠵᠤᠷᠢᠭ ᠢᠶᠠᠨ ᠢᠯᠡᠳᠭᠡᠵᠡᠬᠡᠪᠠ᠃      ᠢᠯᠡᠷᠬᠡᠶᠢᠯᠡᠯ ᠡᠯᠬᠦᠬᠦ ᠶᠤᠰᠤᠯᠠᠯ ᠠᠴᠠ ᠡᠮᠦᠨ᠎ᠡ᠂ ᠦᠪᠦᠷ ᠮᠤᠩᠭᠤᠯ ᠤᠨ ᠬᠢᠯᠢ ᠪᠠᠷ ᠨᠡᠪᠲᠡᠷᠡᠬᠦ ᠬᠢᠯᠢ ᠶᠢᠨ ᠬᠠᠮᠠᠭᠠᠯᠠᠯᠲᠠ ᠶᠢᠨ ᠰᠢᠯᠭᠠᠨ ᠪᠠᠶᠢᠴᠠᠭᠠᠬᠤ ᠶᠡᠷᠦᠩᠬᠡᠢ ᠦᠷᠲᠡᠭᠡ ᠶᠢᠨ ᠪᠦᠬᠦ ᠺᠠᠳ᠋ᠷ ᠴᠠᠭᠳᠠᠭ᠎ᠠ ᠬᠤᠪᠴᠠᠰᠤ ᠰᠤᠯᠢᠬᠤ ᠶᠤᠰᠤᠯᠠᠯ ᠶᠠᠪᠤᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号