ᠥᠪᠥᠷ ᠵᠠᠰᠠᠭ ᠠᠯᠪᠠᠨ ᠲᠠᠷᠬᠠᠭᠠᠭᠰᠠᠨ ﹇2018﹈ 49 ᠳ᠋ᠤᠭᠡᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ | ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ︾ | ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠳᠤᠭᠠᠢ᠃ | | | ᠥᠪᠥᠷ ᠮᠣᠩᠭᠤᠯ ᠤᠨ ᠥᠪᠡᠷᠲᠡᠭᠡᠡ ᠵᠠᠰᠠᠬᠤ ᠣᠷᠣᠨ ᠤ ᠦᠢᠯᠡᠳᠪᠦᠷᠢᠯᠡᠵᠦ | ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠣᠭᠲᠠᠭᠠᠯ | | | ᠨᠢᠭᠡᠳᠦᠭᠡᠷ ᠵᠦᠢᠯ ︽ᠠᠶᠤᠯ ᠦᠭᠡᠢ ᠦᠢᠯᠡᠳᠪᠦᠷᠢᠯᠡᠯ ᠤᠨ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ | ᠬᠦᠭᠵᠢᠯᠲᠡ ᠶᠢ ᠠᠬᠢᠭᠤᠯᠬᠤ ᠲᠤᠬᠠᠢ ᠳᠤᠮᠳᠠᠲᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇2016﹈ 32 ᠳ᠋ᠤᠭᠠᠷ ᠲᠣᠭᠠᠲᠤ︶ ᠪᠠ ︽ | ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠣᠭᠲᠠᠭᠠᠯ︾ ︵ᠥᠪᠥᠷ ᠨᠠᠮ ᠲᠠᠷᠬᠠᠭᠠᠭᠰᠠᠨ ﹇2017﹈ 2 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ᠂ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠦᠢᠯᠡᠳᠪᠦᠷᠢᠯᠡᠯ ᠤᠨ ᠠᠶᠤᠯ ᠦᠭᠡᠢ ᠶᠢᠨ ᠠᠳᠡᠯ ᠢ ᠰᠡᠷᠡᠮᠵᠢᠯᠡᠨ ᠰᠡᠷᠭᠡᠶᠢᠯᠡᠬᠦ ᠪᠠ ᠪᠠᠭᠠᠰᠬᠠᠵᠤ᠂ ᠠᠷᠠᠳ ᠣᠯᠠᠨ ᠤ | ᠠᠮᠢ ᠨᠠᠰᠤᠨ ᠤ ᠡᠷᠡᠭᠦᠯ ᠮᠡᠨᠳᠦ ᠪᠠ ᠡᠳ᠋ ᠬᠦᠷᠦᠩᠭᠡ ᠶᠢᠨ ᠠᠮᠤᠷ ᠲᠦᠪᠰᠢᠨ ᠢ ᠪᠠᠳᠤᠯᠠᠨ᠂ ︽ᠪᠦᠭᠦᠳᠡ | ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠠᠷᠭ᠎ᠠ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠥᠷᠢᠮ︾ ᠵᠡᠷᠭᠡ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠣᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠵᠤ᠂ ᠲᠤᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠬᠡᠪᠴᠢᠶᠡᠨ ᠳᠤ | ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠡᠷᠬᠢᠯᠡᠨ ᠬᠢᠵᠦ ᠪᠠᠶᠢᠭ᠎ᠠ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ | ᠪᠠ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ︵ᠳᠣᠷᠤᠭᠰᠢ ᠪᠠᠨ | ᠦᠢᠯᠡᠳᠪᠦᠷᠢᠯᠡᠵᠦ ᠡᠵᠡᠩᠨᠡᠬᠦ ᠨᠢᠭᠡᠴᠢ ᠭᠡᠵᠦ ᠨᠢᠭᠡᠳᠭᠡᠨ ᠨᠡᠷᠡᠶᠢᠳᠦᠨ᠎ᠡ︶ ᠶᠢᠨ ᠠᠶᠤᠯ ᠦᠭᠡᠢ ᠦᠢᠯᠡᠳᠪᠦᠷᠢᠯᠡᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠭᠡᠬᠦ ᠳᠤ ᠲᠣᠰ ᠲᠣᠭᠲᠠᠭᠠᠯ ᠬᠡᠷᠡᠭᠯᠡᠭᠳᠡᠨ᠎ᠡ︔ ᠬᠠᠤᠯᠢ | ᠴᠠᠭᠠᠵᠠ᠂ ᠬᠠᠤᠯᠢ ᠲᠣᠭᠲᠠᠭᠠᠯ ᠪᠣᠯᠣᠨ ᠲᠣᠭᠲᠠᠭᠠᠯ ᠳᠥᠷᠢᠮ ᠳᠤ ᠠᠰᠳᠠᠭᠠᠨ ᠲᠣᠭᠲᠠᠭᠠᠯ ᠲᠠᠢ ᠪᠣᠯ ᠲᠡᠷᠡ | ᠲᠣᠭᠲᠠᠭᠠᠯ ᠢᠶᠠᠷ ᠬᠡᠷᠡᠭᠵᠢᠭᠦᠯᠦᠨ᠎ᠡ᠃ | ᠭᠤᠷᠪᠠᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠨᠢᠭᠡᠴᠢ ᠪᠣᠯ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠂ ᠬᠠᠤᠯᠢ ᠴᠠᠭᠠᠵᠠ᠂ ᠲᠣᠭᠲᠠᠭᠠᠯ ᠳᠦᠷᠢᠮ ᠪᠠ ᠪᠠᠷᠢᠮᠵᠢᠶ᠎ᠠ | ᠶᠣᠰᠤᠭᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠶᠢ ᠡᠷᠬᠢᠯᠡᠨ ᠬᠢᠵᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ | ᠬᠦᠯᠢᠶᠡᠨ᠂ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠨ ᠳᠠᠭᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠥᠯᠥ ᠭᠦᠢᠴᠡᠳᠭᠡᠭᠰᠡᠨ ᠠᠴᠠ ᠪᠣᠯᠣᠭᠰᠠᠨ ᠤᠷᠰᠢᠭ ᠳ᠋ᠦᠩ ᠳᠤ | ᠬᠠᠷᠢᠭᠤᠴᠠᠨ᠎ᠠ᠃ | ᠳᠥᠷᠪᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ | ᠰᠠᠯᠠᠭ᠎ᠠ ᠮᠦᠴᠢᠷ ᠨᠢ ᠬᠠᠤᠯᠢ ᠶᠣᠰᠤᠭᠠᠷ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠬᠢᠨ ᠤ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠳᠤ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠲᠠᠪᠤᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠨᠢᠭᠡᠴᠢ ᠨᠢ ᠡᠷᠬᠡᠪᠰᠢ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠥᠷᠢᠮ ᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠪᠣᠳᠠᠲᠠᠢ | ᠪᠠᠭᠲᠠᠭᠠᠬᠤ ᠵᠦᠢᠯ ᠨᠢ ᠪᠣᠯ᠄ | ︵ᠨᠢᠭᠡ︶ ᠭᠤᠣᠯ ᠬᠠᠷᠢᠭᠤᠴᠠᠯᠭᠠᠲᠠᠨ ᠨᠢ ᠡᠷᠬᠡᠪᠰᠢ ᠦᠢᠯᠡᠳᠪᠦᠷᠢᠯᠡᠵᠦ ᠡᠵᠡᠩᠨᠡᠬᠦ ᠨᠢᠭᠡᠴᠢ ᠶᠢᠨ ᠬᠠᠤᠯᠢ ᠪᠠᠷ | ᠲᠣᠭᠲᠠᠭᠠᠭᠰᠠᠠ ᠲᠥᠯᠥᠭᠡᠯᠡᠬᠦ ᠬᠦᠮᠦᠨ ᠪᠠᠶᠢᠵᠤ᠂ ᠬᠠᠤᠯᠢ ᠪᠠᠷ ᠲᠣᠭᠲᠠᠭᠠᠭᠰᠠᠨ ᠲᠥᠯᠥᠭᠡᠯᠡᠬᠦ ᠬᠦᠮᠦᠨ ᠪᠣᠯᠣᠨ | ᠪᠣᠳᠠᠲᠠᠢ ᠡᠵᠡᠮᠳᠡᠬᠦ ᠬᠦᠮᠦᠨ ᠨᠢ ᠴᠤᠭ ᠲᠤ ᠪᠠᠨ ᠲᠤᠰ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ | ᠨᠢᠭᠡᠳᠦᠭᠡᠷ ᠬᠠᠷᠢᠭᠤᠴᠠᠬᠤ ᠬᠦᠮᠦᠨ ᠪᠠᠶᠢᠵᠤ᠂ ᠲᠤᠰ ᠨᠢᠭᠡᠴᠢ ᠶᠢᠨ ᠬᠢᠨ ᠤ ᠠᠶᠤᠯ ᠦᠭᠡᠢ ᠦᠢᠯᠡᠳᠪᠦᠷᠢᠯᠡᠯ ᠤᠨ | ᠠᠵᠢᠯ ᠢ ᠪᠦᠬᠦ ᠲᠠᠯ᠎ᠠ ᠳᠤ ᠬᠠᠷᠢᠭᠤᠴᠠᠨ᠎ᠠ᠃ ᠠᠶᠤᠯ ᠦᠭᠡᠢ ᠣᠷᠤᠭᠤᠯᠤᠯᠲᠠ᠂ ᠬᠠᠮᠢᠶᠠᠷᠤᠯᠲᠠ᠂ ᠲᠣᠨᠤᠭ | ᠲᠥᠬᠦᠭᠡᠷᠦᠮᠵᠢ᠂ ᠪᠣᠯᠪᠠᠰᠤᠷᠠᠭᠤᠯᠤᠯ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠨ | ᠪᠣᠳᠠᠲᠠᠶᠢᠵᠢᠭᠤᠯᠬᠤ ᠶᠢ ᠬᠠᠤᠯᠢ ᠶᠣᠰᠤᠭᠠᠷ ᠪᠠᠲᠤᠯᠠᠵᠤ᠂ ᠲᠤᠰ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ | ᠦᠨᠳᠦᠰᠦᠨ ᠨᠦᠬᠦᠴᠡᠯ ᠤᠨ ᠪᠦᠷᠢᠯᠳᠦᠬᠦ ᠶᠢ ᠪᠠᠲᠤᠯᠠᠭᠰᠠᠨ ᠪᠠᠶᠢᠬᠤ ᠬᠡᠷᠡᠭᠲᠡᠢ︔ | ︵ᠬᠤᠶᠠᠷ︶ ᠦᠢᠯᠡᠳᠪᠦᠷᠢᠯᠡᠵᠦ ᠡᠵᠡᠩᠨᠡᠬᠦ ᠨᠢᠭᠡᠴᠢ ᠨᠢ ᠨᠠᠮ ᠤᠨ ᠵᠣᠬᠢᠶᠠᠨ ᠪᠠᠶᠢᠭᠤᠯᠤᠯᠲᠠ ᠪᠠᠶᠢᠭᠤᠯᠤᠭᠰᠠᠨ | ᠪᠣᠯ᠂ ᠡᠷᠬᠡᠪᠰᠢ ︽ᠨᠠᠮ ᠵᠠᠰᠠᠭ ᠬᠠᠮᠲᠤ ᠳᠤ ᠪᠠᠨ ᠬᠠᠷᠢᠭᠤᠴᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ | ᠬᠡᠷᠡᠭ ᠮᠡᠳᠡᠭᠴᠢᠳ ᠤᠨ ᠳᠠᠷᠤᠭ᠎ᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠶᠡᠷᠦᠩᠬᠡᠢ ᠳᠠᠭᠠᠭᠠᠮᠠᠯ ᠨᠢ | ᠲᠤᠰ ᠨᠢᠭᠡᠴᠢ ᠶᠢᠨ ᠬᠢᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ | ᠬᠠᠮᠳᠤ ᠪᠠᠷ ᠡᠭᠦᠷᠭᠡᠯᠡᠭᠰᠡᠨ ᠪᠠᠶᠢᠬᠤ ᠬᠡᠷᠡᠭᠲᠡᠢ︔ | ︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ︽ᠨᠢᠭᠡ ᠠᠵᠢᠯ ᠤᠨ ᠪᠠᠶᠢᠷᠢᠨ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ︾ ᠶᠢ ᠡᠷᠬᠡᠪᠰᠢ ᠨᠠᠶᠢᠳᠠᠪᠤᠷᠢᠵᠢᠭᠤᠯᠵᠤ᠂ ᠤᠳᠤᠷᠢᠳᠬᠤ ᠪᠠᠭ ᠤᠨ ᠪᠦᠬᠦ ᠭᠡᠰᠢᠭᠦᠨ ᠨᠢ | ᠬᠤᠪᠢᠳᠠᠨ ᠬᠠᠮᠢᠶᠠᠷᠬᠤ ᠬᠦᠷᠢᠶ᠎ᠡ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠵᠣᠬᠢᠬᠤ | ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠡᠯ᠎ᠡ ᠱᠠᠲᠤᠨ ᠤ ᠬᠠᠮᠢᠶᠠᠷᠤᠯᠲᠠ ᠶᠢᠨ ᠠᠵᠢᠯᠲᠡᠨ ᠨᠢ ᠬᠤᠪᠢᠳᠠᠨ | ᠬᠠᠮᠢᠶᠠᠷᠬᠤ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠢ | ᠲᠤᠰ ᠨᠢᠭᠡᠴᠢ ᠶᠢᠨ ᠬᠢᠨ ᠤ ᠠᠶᠤᠯ ᠦᠭᠡᠢ ᠦᠢᠯᠡᠳᠪᠦᠷᠢᠯᠡᠯ ᠳᠤ ᠶᠡᠷᠦᠩᠬᠡᠶᠢᠯᠡᠭᠰᠡᠨ ᠬᠠᠮᠢᠶᠠᠷᠤᠯᠲᠠ ᠶᠢ | ᠬᠡᠷᠡᠭᠵᠢᠭᠦᠯᠦᠭᠰᠡᠨ ᠪᠠᠶᠢᠬᠤ ᠬᠡᠷᠡᠭᠲᠡᠢ︔ | ︵ᠳᠥᠷᠪᠡ︶ ᠠᠶᠤᠯ ᠦᠭᠡᠢ ᠦᠢᠯᠡᠳᠪᠦᠷᠢᠯᠡᠯ ᠤᠨ ᠵᠣᠬᠢᠶᠠᠨ ᠪᠠᠶᠢᠭᠤᠯᠵᠤ ᠤᠳᠤᠷᠢᠳᠬᠤ ᠪᠠᠶᠢᠭᠤᠯᠤᠮᠵᠢ ᠶᠢ | ᠡᠷᠬᠡᠪᠰᠢ ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠺᠣᠮᠢᠰ ᠪᠠᠶᠢᠭᠤᠯᠵᠤ᠂ ᠬᠡᠷᠡᠭ | ᠮᠡᠳᠡᠭᠴᠢᠳ ᠤᠨ ᠳᠠᠷᠤᠭ᠎ᠠ ᠪᠣᠶᠤ ᠶᠡᠷᠦᠩᠬᠡᠢ ᠳᠠᠭᠠᠭᠠᠮᠠᠯ ᠨᠢ ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠭᠰᠡᠨ | ᠪᠠᠶᠢᠬᠤ ᠬᠡᠷᠡᠭᠲᠡᠢ︔ | ︵ᠲᠠᠪᠤ︶ ᠠᠶᠤᠯ ᠦᠭᠡᠢ ᠶᠢᠨ ᠬᠠᠮᠢᠶᠠᠷᠤᠯᠲᠠ ᠶᠢᠨ ᠬᠦᠴᠦᠨ ᠢ ᠡᠷᠬᠡᠪᠰᠢ ᠨᠠᠶᠢᠳᠠᠪᠤᠷᠢᠵᠢᠭᠤᠯᠤᠨ᠂ ᠠᠶᠤᠯ | ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠬᠠᠤᠯᠢ ᠶᠣᠰᠤᠭᠠᠷ ᠪᠠᠶᠢᠭᠤᠯᠵᠤ᠂ | ᠳᠠᠩᠰᠠᠯᠠᠭᠤᠯᠤᠭᠰᠠᠨ ᠠᠶᠤᠯ ᠦᠭᠡᠢ ᠶᠢᠨ ᠢᠨᠵᠧᠨᠧᠷ ᠵᠡᠷᠭᠡ ᠵᠣᠬᠢᠬᠤ ᠲᠤᠰᠬᠠᠢ ᠮᠡᠷᠭᠡᠵᠢᠯ ᠤᠨ ᠠᠶᠤᠯ ᠦᠭᠡᠢ ᠶᠢᠨ | ᠬᠠᠮᠢᠶᠠᠷᠤᠯᠲᠠ ᠶᠢᠨ ᠠᠵᠢᠯᠲᠡᠨ ᠪᠠ ᠮᠡᠷᠭᠡᠵᠢᠯᠲᠡᠨ ᠢ ᠲᠣᠬᠢᠷᠠᠭᠤᠯᠤᠨ ᠪᠠᠶᠢᠷᠢᠯᠠᠭᠤᠯᠵᠤ᠂ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠭᠡᠬᠦ ᠶᠢ ᠨᠢ ᠳᠡᠮᠵᠢᠬᠦ ᠶᠢᠨ ᠬᠠᠮᠲᠤ᠂ ᠠᠵᠢᠯ ᠢᠶᠠᠨ ᠦᠷᠨᠢᠭᠦᠯᠬᠦ ᠳᠤ ᠨᠢ | ᠪᠦᠷᠢᠯᠳᠦᠭᠦᠯᠪᠡᠰᠦ ᠵᠣᠬᠢᠬᠤ ᠨᠦᠬᠦᠴᠡᠯ ᠢ ᠪᠠᠲᠤᠯᠠᠵᠤ ᠥᠭᠭᠦᠭᠰᠡᠨ ᠪᠠᠶᠢᠬᠤ ᠬᠡᠷᠡᠭᠲᠡᠢ︔ | ︵ᠵᠢᠷᠭᠤᠭ᠎ᠠ︶ ᠦᠢᠯᠡᠳᠪᠦᠷᠢᠯᠡᠨ ᠡᠵᠡᠩᠨᠡᠬᠦ ᠪᠦᠬᠦ ᠶᠠᠪᠤᠴᠠ ᠪᠣᠯᠣᠨ ᠪᠦᠬᠦ ᠠᠵᠢᠯᠯᠠᠭᠰᠠᠳ ᠢ ᠪᠠᠭᠲᠠᠭᠠᠨ | ᠠᠭᠤᠯᠤᠭᠰᠠᠨ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠠᠯ ᠳᠥᠷᠢᠮ ᠪᠠ ᠠᠵᠢᠯᠯᠠᠬᠤ ᠳᠥᠷᠢᠮ ᠢ ᠡᠷᠬᠡᠪᠰᠢ | ᠲᠣᠭᠲᠠᠭᠠᠬᠤ ᠶᠢᠨ ᠬᠠᠮᠲᠤ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠠᠯ ᠳᠥᠷᠢᠮ ᠪᠠ ᠠᠵᠢᠯᠯᠠᠬᠤ | ᠵᠢᠷᠤᠮᠯᠠᠯ ᠤᠨ ᠨᠠᠶᠢᠳᠠᠪᠤᠷᠢᠵᠢᠭᠤᠯᠤᠬᠳᠠᠬᠤ ᠶᠢ ᠪᠠᠲᠤᠯᠠᠭᠰᠠᠨ ᠪᠠᠶᠢᠬᠤ ᠬᠡᠷᠡᠭᠲᠡᠢ᠃ | ᠵᠢᠷᠭᠤᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠨᠢᠭᠡᠴᠢ ᠨᠢ ᠲᠤᠰ ᠨᠢᠭᠡᠴᠢ ᠶᠢᠨ ᠢᠶᠠᠨ ᠠᠶᠤᠯ ᠦᠭᠡᠢ | ᠦᠢᠯᠡᠳᠪᠦᠷᠢᠯᠡᠯ ᠤᠨ ᠨᠦᠬᠦᠴᠡᠯ ᠢ ᠪᠦᠷᠢᠯᠳᠦᠭᠦᠯᠬᠦ ᠳᠤ ᠬᠡᠷᠡᠭᠰᠡᠬᠦ ᠪᠡᠯᠡ ᠮᠦᠩᠭᠦᠨ ᠤ ᠣᠷᠤᠭᠤᠯᠤᠯᠲᠠ ᠶᠢ | ᠪᠠᠲᠤᠯᠠᠵᠤ᠂ ᠠᠶᠤᠯ ᠦᠭᠡᠢ ᠦᠢᠯᠡᠳᠪᠦᠷᠢᠯᠡᠯ ᠤᠨ ᠨᠦᠬᠦᠴᠡᠯ ᠢ ᠪᠠᠲᠤᠯᠠᠨ ᠰᠠᠶᠢᠵᠢᠷᠠᠭᠤᠯᠬᠤ ᠬᠡᠷᠡᠭᠲᠡᠢ᠃ ᠪᠣᠳᠠᠲᠠᠢ | ᠪᠠᠭᠲᠠᠭᠠᠬᠤ ᠵᠦᠢᠯ ᠨᠢ ᠪᠣᠯ᠄ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠲᠣᠭᠲᠠᠭᠠᠯ ᠶᠣᠰᠤᠭᠠᠷ ᠴᠠᠭ ᠲᠤᠬᠠᠢ ᠳᠤ ᠨᠢ | ᠭᠦᠢᠴᠡᠳ ᠭᠠᠷᠭᠠᠨ ᠠᠪᠬᠤ ᠶᠢᠨ ᠬᠠᠮᠲᠤ ᠦᠨᠡᠨ ᠬᠦ ᠰᠠᠶᠢᠲᠦᠷ ᠬᠠᠮᠢᠶᠠᠷᠴᠤ ᠭᠦᠢᠴᠡᠳ ᠬᠡᠷᠡᠭᠯᠡᠬᠦ ᠬᠡᠷᠡᠭᠲᠡᠢ᠃ | ᠠᠶᠤᠯ ᠦᠭᠡᠢ ᠦᠢᠯᠡᠳᠪᠦᠷᠢᠯᠡᠯ ᠤᠨ ᠵᠠᠷᠤᠳᠠᠯ ᠢ ᠡᠷᠬᠡᠪᠰᠢ ᠲᠤᠰᠬᠠᠢ ᠳᠠᠩᠰᠠ ᠡᠷᠦᠬᠡ ᠳᠤ ᠬᠠᠳᠠᠭᠠᠯᠠᠨ᠂ ᠠᠶᠤᠯ | ᠦᠭᠡᠢ ᠶᠢ ᠰᠡᠷᠭᠡᠶᠢᠯᠡᠵᠦ ᠬᠠᠮᠠᠭᠠᠯᠠᠬᠤ ᠲᠦᠬᠦᠭᠡᠷᠦᠮᠵᠢ ᠪᠡᠯᠡᠳᠭᠡᠮᠵᠢ᠂ ᠪᠠᠶᠢᠴᠠᠭᠠᠨ ᠦᠨᠡᠯᠡᠬᠦ᠂ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠬᠦᠮᠦᠵᠢᠭᠦᠯᠦᠨ ᠪᠣᠯᠪᠠᠰᠤᠷᠠᠭᠤᠯᠬᠤ ᠪᠠ ᠪᠠᠴᠢᠮ ᠪᠠᠶᠢᠳᠠᠯ ᠢ | ᠠᠷᠭᠠᠴᠠᠬᠤ ᠲᠣᠨᠤᠭ ᠲᠥᠬᠦᠭᠡᠷᠦᠮᠵᠢ᠂ ᠰᠣᠷᠢᠯᠲᠠ ᠬᠢᠬᠦ ᠵᠡᠷᠭᠡ ᠠᠶᠤᠯ ᠦᠭᠡᠢ ᠦᠢᠯᠡᠳᠪᠦᠷᠢᠯᠡᠯ ᠲᠠᠢ ᠰᠢᠭᠤᠳ | ᠬᠤᠯᠪᠣᠭᠳᠠᠭᠰᠠᠨ ᠬᠠᠮᠢᠶ᠎ᠠ ᠪᠦᠬᠦᠢ ᠣᠷᠤᠭᠤᠯᠤᠯᠲᠠ ᠳᠤ ᠲᠤᠰᠬᠠᠶᠢᠯᠠᠨ ᠬᠡᠷᠡᠭᠯᠡᠭᠰᠡᠨ ᠪᠠᠶᠢᠬᠤ ᠬᠡᠷᠡᠭᠲᠡᠢ︔ | ︵ᠬᠤᠶᠠᠷ︶ ᠠᠶᠤᠯ ᠶᠡᠭᠡ ᠲᠠᠢ ᠠᠵᠢᠯ ᠲᠥᠷᠥᠯ ᠨᠢ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠠᠭᠠᠳᠬᠠᠯ ᠳᠤ ᠲᠣᠭᠲᠠᠭᠠᠯ ᠶᠣᠰᠤᠭᠠᠷ ᠣᠷᠤᠭᠰᠠᠨ ᠪᠠᠶᠢᠬᠤ ᠬᠡᠷᠡᠭᠲᠡᠢ︔ | ︵ᠭᠤᠷᠪᠠ︶ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠳᠤ ᠬᠠᠤᠯᠢ ᠶᠣᠰᠤᠭᠠᠷ ᠣᠷᠣᠯᠴᠠᠵᠤ᠂ | ᠠᠵᠢᠯᠯᠠᠭᠰᠠᠳ ᠲᠤ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠤᠨ ᠰᠦᠢᠳᠭᠡᠯ ᠲᠤᠰᠢᠶᠠᠵᠦ ᠦᠭᠬᠦᠭᠰᠡᠨ | ᠪᠠᠶᠢᠬᠤ ᠬᠡᠷᠡᠭᠲᠡᠢ︔ | ︵ᠳᠥᠷᠪᠡ︶ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠭᠡᠨ ᠪᠠᠶᠢᠭᠤᠯᠬᠤ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠶᠤᠯ ᠦᠭᠡᠢ ᠶᠢᠨ ᠪᠡᠯᠡᠳᠭᠡᠮᠵᠢ ᠪᠠ ᠠᠵᠢᠯ ᠮᠡᠷᠭᠡᠵᠢᠯ ᠤᠨ ᠠᠷᠢᠭᠤᠨ | ᠴᠡᠪᠡᠷ ᠤᠨ ︽ᠭᠤᠷᠪᠠ ᠶᠢ ᠵᠡᠷᠭᠡ ᠳᠤ ᠨᠢ ᠪᠠᠶᠢᠯᠭᠠᠬᠤ︾ ᠳᠥᠷᠢᠮ ᠢ ᠴᠢᠩᠭ᠎ᠠ ᠬᠡᠷᠡᠭᠵᠢᠭᠦᠯᠵᠦ᠂ ᠠᠶᠤᠯ ᠦᠭᠡᠢ ᠶᠢᠨ | ᠪᠡᠯᠡᠳᠭᠡᠮᠵᠢ ᠪᠠ ᠠᠵᠢᠯ ᠤᠨ ᠨᠦᠯᠦᠭᠡᠨ ᠤ ᠡᠪᠡᠳᠴᠢᠨ ᠢ ᠰᠡᠷᠭᠡᠶᠢᠯᠡᠨ ᠬᠠᠮᠠᠭᠠᠯᠠᠬᠤ ᠪᠡᠯᠡᠳᠭᠡᠮᠵᠢ ᠶᠢᠨ | ᠲᠣᠬᠢᠷᠠᠭᠤᠯᠤᠯᠲᠠ ᠨᠢ ᠲᠣᠭᠲᠠᠭᠠᠯ ᠳᠤ ᠨᠡᠶᠢᠴᠡᠭᠰᠡᠨ ᠪᠠᠶᠢᠬᠤ ᠪᠠ ᠬᠡᠪ ᠤᠨ ᠠᠵᠢᠯᠯᠠᠭᠠᠨ ᠤ ᠪᠠᠶᠢᠳᠠᠯ ᠲᠠᠢ ᠪᠣᠯᠭᠠᠭᠰᠠᠨ | ᠪᠠᠶᠢᠬᠤ ᠬᠡᠷᠡᠭᠲᠡᠢ︔ | ︵ᠲᠠᠪᠤ︶ ᠠᠵᠢᠯᠯᠠᠭᠰᠠᠳ ᠲᠤ ᠤᠯᠤᠰ ᠤᠨ ᠪᠠᠷᠢᠮᠵᠢᠶ᠎ᠠ ᠪᠣᠶᠤ ᠠᠵᠢᠯ ᠲᠥᠷᠥᠯ ᠤᠨ ᠪᠠᠷᠢᠮᠵᠢᠶ᠎ᠠ ᠳᠤ | ᠨᠡᠶᠢᠴᠡᠭᠰᠡᠨ ᠬᠦᠳᠡᠯᠮᠦᠷᠢ ᠶᠢᠨ ᠰᠡᠷᠭᠡᠶᠢᠯᠡᠨ ᠬᠠᠮᠠᠭᠠᠯᠠᠬᠤ ᠬᠡᠷᠡᠭᠰᠡᠯ ᠢ ᠬᠠᠤᠯᠢ ᠶᠣᠰᠤᠭᠠᠷ ᠣᠯᠭᠤᠬᠤ ᠶᠢᠨ ᠬᠠᠮᠲᠤ᠂ | ᠲᠡᠳᠡᠨ ᠤ ᠵᠥᠪ ᠣᠨᠣᠪᠴᠢᠲᠠᠢ ᠪᠠᠷ ᠵᠡᠭᠦᠬᠦ ᠪᠠ ᠬᠡᠷᠡᠭᠯᠡᠬᠦ ᠳᠤ ᠬᠢᠨᠡᠯᠲᠡ ᠲᠠᠯᠪᠢᠵᠦ ᠰᠤᠷᠭᠠᠭᠰᠠᠨ ᠪᠠᠶᠢᠬᠤ | ᠬᠡᠷᠡᠭᠲᠡᠢ︔ | ︵ᠵᠢᠷᠭᠤᠭ᠎ᠠ︶ ᠲᠡᠷᠢᠭᠦᠨ ᠤ ᠪᠠ ᠬᠡᠷᠡᠭᠯᠡᠭᠡᠨ ᠳᠤ ᠲᠣᠬᠢᠷᠠᠭᠰᠠᠨ ᠰᠢᠨ᠎ᠡ ᠮᠡᠷᠭᠡᠵᠢᠯ᠂ ᠰᠢᠨ᠎ᠡ ᠤᠷᠠᠯᠠᠯ᠂ | ᠰᠢᠨ᠎ᠡ ᠲᠣᠨᠣᠭᠯᠠᠯ ᠪᠣᠯᠣᠨ ᠰᠢᠨ᠎ᠡ ᠮᠠᠲ᠋ᠧᠷᠢᠶᠠᠯ ᠢ ᠢᠳᠡᠪᠬᠢᠲᠡᠢ ᠳᠡᠯᠭᠡᠷᠡᠭᠦᠯᠦᠨ ᠬᠡᠷᠡᠭᠯᠡᠵᠦ᠂ ᠠᠶᠤᠯ ᠦᠭᠡᠢ | ᠦᠢᠯᠡᠳᠪᠦᠷᠢᠯᠡᠯ ᠤᠨ ᠬᠢᠷᠢ ᠲᠥᠪᠰᠢᠨ ᠢ ᠳᠡᠭᠡᠭᠰᠢᠯᠡᠭᠦᠯᠦᠭᠰᠡᠨ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠨᠢᠭᠡᠴᠢ ᠨᠢ ᠠᠶᠤᠯ ᠦᠭᠡᠢ ᠦᠢᠯᠡᠳᠪᠦᠷᠢᠯᠡᠯ ᠤᠨ | ᠬᠦᠮᠦᠵᠢᠭᠦᠯᠦᠨ ᠪᠣᠯᠪᠠᠰᠤᠷᠠᠭᠤᠯᠬᠤ ᠪᠠᠨ ᠴᠢᠩᠭᠠᠳᠬᠠᠵᠤ᠂ ᠠᠶᠤᠯ ᠦᠭᠡᠢ ᠶᠢᠨ ᠰᠣᠶᠣᠯ ᠤᠨ ᠡᠭᠦᠳᠦᠨ ᠪᠠᠶᠢᠭᠤᠯᠬᠤ | ᠠᠵᠢᠯᠯᠠᠭ᠎ᠠ ᠶᠢ ᠦᠷᠨᠢᠭᠦᠯᠦᠨ᠂ ᠠᠵᠢᠯᠯᠠᠭᠰᠠᠳ ᠤᠨ ᠠᠶᠤᠯ ᠦᠭᠡᠢ ᠶᠢᠨ ᠦᠵᠡᠯ ᠤᠬᠠᠮᠰᠠᠷ ᠪᠠ ᠦᠪᠡᠰᠦᠪᠡᠨ | ᠰᠡᠷᠭᠡᠶᠢᠯᠡᠬᠦ ᠴᠢᠳᠠᠪᠤᠷᠢ ᠶᠢ ᠨᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠪᠠᠭᠲᠠᠭᠠᠬᠤ ᠵᠦᠢᠯ ᠨᠢ | ᠪᠣᠯ᠄ | ︵ᠨᠢᠭᠡ︶ ᠠᠶᠤᠯ ᠦᠭᠡᠢ ᠶᠢᠨ ᠪᠣᠯᠪᠠᠰᠤᠷᠠᠭᠤᠯᠤᠯ ᠤᠨ ᠠᠵᠢᠯ ᠢ ᠲᠣᠰ ᠨᠢᠭᠡᠴᠢ ᠶᠢᠨ ᠣᠨ ᠤ ᠠᠵᠢᠯ ᠤᠨ | ᠲᠥᠯᠥᠪᠯᠡᠭᠡ ᠳᠤ ᠣᠷᠤᠭᠤᠯᠤᠨ᠂ ᠬᠦᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠪᠠ ᠬᠡᠷᠡᠭᠵᠢᠭᠦᠯᠬᠦ ᠲᠥᠰᠥᠯ ᠢ | ᠲᠣᠭᠲᠠᠭᠠᠵᠤ᠂ ᠠᠳᠠᠯᠢ ᠪᠣᠰᠤ ᠠᠵᠢᠯ ᠤᠨ ᠪᠠᠶᠢᠷᠢ ᠳᠠᠬᠢ ᠠᠵᠢᠯᠲᠡᠨ ᠳᠤ ᠴᠢᠭᠯᠡᠭᠦᠯᠦᠨ ᠪᠣᠯᠪᠠᠰᠤᠷᠠᠭᠤᠯᠬᠤ ᠴᠠᠭ᠂ | ᠠᠭᠤᠯᠭ᠎ᠠ᠂ ᠪᠠᠶᠢᠭᠤᠯᠤᠮᠵᠢ᠂ ᠵᠠᠷᠤᠳᠠᠯ ᠢ ᠨᠢ ᠨᠠᠶᠢᠳᠠᠪᠤᠷᠢᠵᠢᠭᠤᠯᠤᠨ᠂ ᠠᠵᠢᠯᠯᠠᠭᠰᠠᠳ ᠤᠨ ᠠᠶᠤᠯ ᠦᠭᠡᠢ | ᠦᠢᠯᠡᠳᠪᠦᠷᠢᠯᠡᠯ ᠤᠨ ᠮᠡᠳᠡᠯᠭᠡ ᠪᠣᠯᠪᠠᠰᠤᠷᠠᠯ ᠢ ᠨᠢ ᠳᠡᠭᠡᠭᠰᠢᠯᠡᠭᠦᠯᠦᠭᠰᠡᠨ ᠪᠠᠶᠢᠬᠤ ᠬᠡᠷᠡᠭᠲᠡᠢ︔ | ︵ᠬᠤᠶᠠᠷ︶ ᠠᠵᠢᠯᠯᠠᠭᠰᠠᠳ ᠲᠤ ᠠᠶᠤᠯ ᠦᠭᠡᠢ ᠦᠢᠯᠡᠳᠪᠦᠷᠢᠯᠡᠯ ᠤᠨ ᠬᠦᠮᠦᠵᠢᠯ ᠪᠠ ᠪᠣᠯᠪᠠᠰᠤᠷᠠᠭᠤᠯᠤᠯ ᠢ | ᠲᠣᠭᠲᠠᠭᠠᠯ ᠶᠣᠰᠤᠭᠠᠷ ᠬᠢᠬᠦ ᠶᠢᠨ ᠬᠠᠮᠲᠤ᠂ ᠠᠶᠤᠯ ᠦᠭᠡᠢ ᠦᠢᠯᠡᠳᠪᠦᠷᠢᠯᠡᠯ ᠤᠨ ᠬᠦᠮᠦᠵᠢᠯ ᠪᠠ | ᠪᠣᠯᠪᠠᠰᠤᠷᠠᠭᠤᠯᠤᠯ ᠤᠨ ᠳᠠᠩᠰᠠ ᠡᠪᠬᠡᠮᠡᠯ ᠢ ᠪᠠᠶᠢᠭᠤᠯᠵᠤ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠪᠣᠯᠭᠠᠨ᠂ | ᠠᠵᠢᠯᠯᠠᠭᠰᠠᠳ ᠪᠦᠷᠢ ᠶᠢᠨ ᠠᠶᠤᠯ ᠦᠭᠡᠢ ᠦᠢᠯᠡᠳᠪᠦᠷᠢᠯᠡᠯ ᠪᠠ ᠠᠵᠢᠯ ᠮᠡᠷᠭᠡᠵᠢᠯ ᠤᠨ ᠠᠷᠢᠭᠤᠨ ᠴᠡᠪᠡᠷ ᠤᠨ | ᠬᠦᠮᠦᠵᠢᠯ ᠪᠣᠯᠪᠠᠰᠤᠷᠠᠭᠤᠯᠤᠯ ᠳᠤ ᠣᠷᠣᠯᠴᠠᠭᠰᠠᠨ ᠴᠠᠭ᠂ ᠠᠭᠤᠯᠭ᠎ᠠ ᠵᠢᠴᠢ ᠰᠢᠯᠭᠠᠨ ᠬᠢᠨᠠᠭᠰᠠᠨ ᠦᠷ᠎ᠡ ᠳ᠋ᠦᠩ | ᠵᠡᠷᠭᠡ ᠶᠢ ᠨᠢ ᠦᠨᠡᠨ ᠪᠣᠳᠠᠲᠠᠢ ᠪᠠᠷ ᠲᠡᠮᠳᠡᠭᠯᠡᠭᠰᠡᠨ ᠪᠠᠶᠢᠬᠤ ᠬᠡᠷᠡᠭᠲᠡᠢ︔ | ︵ᠭᠤᠷᠪᠠ︶ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠭᠴᠢᠳ ᠨᠢ ᠡᠷᠬᠡᠪᠰᠢ ᠲᠣᠭᠲᠠᠭᠠᠯ ᠶᠣᠰᠤᠭᠠᠷ | ᠪᠣᠯᠪᠠᠰᠤᠷᠠᠭᠤᠯᠤᠯ ᠬᠦᠯᠢᠶᠡᠬᠦ ᠶᠢᠨ ᠬᠠᠮᠲᠤ ᠵᠤᠬᠢᠬᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠢ᠃ ᠰᠢᠨ᠎ᠡ ᠪᠠᠷ | ᠠᠵᠢᠯᠯᠠᠭᠰᠠᠨ ᠬᠦᠮᠦᠰ ᠲᠤ ᠠᠵᠢᠯ ᠤᠨ ᠪᠠᠶᠢᠷᠢᠨ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠬᠦᠷᠲᠡᠭᠡᠬᠦ | ᠠᠵᠢᠯ ᠢ ᠴᠢᠩᠭᠠᠷᠠᠭᠤᠯᠤᠨ᠂ ᠰᠢᠨ᠎ᠡ ᠪᠠᠷ ᠠᠵᠢᠯᠯᠠᠭᠰᠠᠳ ᠠᠵᠢᠯ ᠤᠨ ᠪᠠᠶᠢᠷᠢᠨ ᠳᠤ ᠭᠠᠷᠬᠤ ᠠᠴᠠ ᠡᠮᠦᠨ᠎ᠡ᠂ | ᠠᠵᠢᠯ ᠤᠨ ᠪᠠᠶᠢᠷᠢ ᠪᠠᠨ ᠰᠣᠯᠢᠬᠤ ᠠᠵᠢᠯᠯᠠᠭᠰᠠᠳ ᠲᠤ ᠠᠵᠢᠯ ᠤᠨ ᠪᠠᠶᠢᠷᠢ ᠪᠠᠨ ᠰᠣᠯᠢᠬᠤ ᠠᠴᠠ ᠡᠮᠦᠨᠡᠬᠢ ᠠᠵᠢᠯ ᠤᠨ | ᠪᠠᠶᠢᠷᠢ ᠶᠢᠨ ᠠᠵᠢᠯᠯᠠᠬᠤ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠲᠡᠳᠡᠨ ᠳᠤ ᠲᠤᠰ ᠠᠵᠢᠯ ᠤᠨ | ᠪᠠᠶᠢᠷᠢ ᠳᠠᠬᠢ ᠠᠶᠤᠯ ᠦᠭᠡᠢ ᠪᠠᠷ ᠠᠵᠢᠯᠯᠠᠬᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠮᠡᠳᠡᠯᠭᠡ ᠪᠠ | ᠤᠷ᠎ᠠ ᠴᠢᠳᠠᠪᠤᠷᠢ ᠶᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ᠃ ᠣᠨᠴᠠᠭᠠᠢ ᠠᠵᠢᠯ ᠤᠨ ᠪᠠᠶᠢᠷᠢᠨ ᠳᠠᠬᠢ | ᠠᠵᠢᠯᠯᠠᠭᠰᠠᠳ ᠨᠢ ᠡᠷᠬᠡᠪᠰᠢ ᠬᠠᠤᠯᠢ ᠶᠣᠰᠤᠭᠠᠷ ᠣᠨᠴᠠᠭᠠᠢ ᠠᠵᠢᠯ ᠤᠨ ᠪᠠᠶᠢᠷᠢᠨ ᠳᠤ ᠠᠵᠢᠯᠯᠠᠬᠤ ᠬᠢᠷᠢ ᠬᠡᠮ ᠤᠨ | ᠦᠨᠡᠮᠯᠡᠯ ᠤᠨ ᠪᠢᠴᠢᠭ ᠣᠯᠣᠭᠰᠠᠨ ᠤ ᠳᠠᠷᠠᠭ᠎ᠠ ᠰᠠᠶ᠋ᠢ ᠠᠵᠢᠯ ᠤᠨ ᠪᠠᠶᠢᠷᠢᠨ ᠳᠤ ᠪᠠᠨ ᠭᠠᠷᠴᠤ ᠠᠵᠢᠯᠯᠠᠵᠦ | ᠪᠤᠯᠤᠨ᠎ᠠ︔ | ︵ᠳᠥᠷᠪᠡ︶ ᠭᠤᠣᠯ ᠬᠠᠷᠢᠭᠤᠴᠠᠯᠭᠠᠲᠡᠨ ᠨᠢ ᠲᠤᠰ ᠨᠢᠭᠡᠴᠢ ᠶᠢᠨ ᠡᠷᠬᠢᠯᠡᠨ ᠬᠢᠵᠦ ᠪᠠᠶᠢᠭ᠎ᠠ ᠦᠢᠯᠡᠳᠪᠦᠷᠢᠯᠡᠨ | ᠡᠵᠡᠩᠨᠡᠬᠦ ᠠᠵᠢᠯᠯᠠᠭ᠎ᠠ ᠯᠤᠭ᠎ᠠ ᠲᠣᠬᠢᠷᠠᠭᠰᠠᠨ ᠠᠶᠤᠯ ᠦᠭᠡᠢ ᠦᠢᠯᠡᠳᠪᠦᠷᠢᠯᠡᠯ ᠤᠨ ᠮᠡᠳᠡᠯᠭᠡ ᠪᠠ ᠴᠢᠳᠠᠪᠤᠷᠢ ᠶᠢ | ᠪᠦᠷᠢᠯᠳᠦᠭᠦᠯᠦᠭᠰᠡᠨ ᠪᠠᠶᠢᠬᠤ ᠬᠡᠷᠡᠭᠲᠡᠢ︔ | ︵ᠲᠠᠪᠤ︶ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠢᠨᠠᠮᠠᠭᠠᠢ | ᠤᠬᠠᠭᠤᠯᠤᠨ ᠲᠤᠭᠤᠰᠢᠯᠠᠭᠤᠯᠵᠤ᠂ ᠠᠶᠤᠯ ᠦᠭᠡᠢ ᠶᠢᠨ ᠤᠬᠠᠭᠤᠯᠭ᠎ᠠ ᠬᠦᠮᠦᠵᠢᠯ ᠢ ᠡᠳᠦᠷ ᠳᠣᠲᠣᠮ ᠤᠨ ᠬᠢ | ᠪᠣᠯᠭᠠᠬᠤ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠵᠢᠮ᠎ᠡ ᠶᠣᠰᠤ ᠪᠠ ᠣᠨᠴᠠᠯᠢᠭ ᠢ ᠴᠠᠭ | ᠲᠤᠬᠠᠢ ᠳᠤ ᠨᠢ ᠵᠠᠳᠠᠯᠤᠯᠲᠠ ᠬᠢᠵᠦ ᠡᠵᠡᠮᠰᠢᠵᠦ᠂ ᠠᠶᠤᠯ ᠦᠭᠡᠢ ᠦᠢᠯᠡᠳᠪᠦᠷᠢᠯᠡᠯ ᠤᠨ ᠮᠡᠷᠭᠡᠵᠢᠯ ᠤᠨ ᠠᠷᠭ᠎ᠠ᠂ | ᠭᠡᠨᠡᠳᠡᠯ ᠬᠡᠷᠡᠭ ᠤᠨ ᠵᠢᠱᠢᠶ᠎ᠡ ᠵᠢᠴᠢ ᠰᠡᠷᠡᠮᠵᠢᠯᠡᠭᠦᠯᠬᠦ ᠬᠦᠮᠦᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ | ᠦᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠮᠡᠳᠡᠯᠭᠡ ᠪᠠ ᠲᠥᠭᠰᠢᠭᠦᠷᠢ ᠰᠡᠷᠭᠡᠶᠢᠯᠡᠬᠦ | ᠮᠡᠳᠡᠯᠭᠡ ᠶᠢ ᠲᠥᠭᠡᠮᠡᠯᠵᠢᠭᠦᠯᠦᠨ᠂ ᠠᠵᠢᠯᠯᠠᠭᠰᠠᠳ ᠤᠨ ᠠᠶᠤᠯ ᠲᠥᠭᠰᠢᠭᠦᠷᠢ ᠶᠢ ᠢᠯᠭᠠᠨ ᠵᠠᠳᠠᠯᠬᠤ ᠬᠢᠭᠡᠳ | ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠬᠤ ᠬᠡᠷᠡᠭᠲᠡᠢ᠃ | ᠨᠠᠢᠮᠠᠳᠤᠭᠠᠷ ᠵᠦᠢᠯ ᠦᠢᠯᠡᠳᠪᠦᠷᠢᠯᠡᠵᠦ ᠡᠵᠡᠩᠨᠡᠬᠦ ᠨᠢᠭᠡᠴᠢ ᠨᠢ ᠠᠶᠤᠯ ᠦᠭᠡᠢ ᠦᠢᠯᠡᠳᠪᠦᠷᠢᠯᠡᠯ ᠤᠨ | ᠬᠠᠮᠢᠶᠠᠷᠤᠯᠲᠠ ᠶᠢ ᠦᠷᠭᠦᠯᠵᠢᠯᠡᠨ ᠰᠠᠶᠢᠵᠢᠷᠠᠭᠤᠯᠵᠤ᠂ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠠ ᠠᠷᠭ᠎ᠠ ᠪᠠᠷᠢᠯ ᠢ | ᠬᠡᠷᠡᠭᠯᠡᠵᠦ ᠪᠠᠶᠢᠭᠠᠳ ᠲᠥᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠰᠢᠬᠦ ᠪᠠ ᠳᠠᠯᠳᠠ ᠭᠡᠮ ᠰᠣᠭᠤᠭ ᠢ | ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠂ ᠡᠯ᠎ᠡ ᠵᠦᠢᠯ ᠤᠨ ᠰᠡᠷᠭᠡᠶᠢᠯᠡᠬᠦ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠪᠣᠳᠠᠲᠠᠢ ᠪᠠᠭᠲᠠᠭᠠᠬᠤ ᠵᠦᠢᠯ ᠨᠢ ᠪᠣᠯ᠄ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠵᠦᠪᠰᠢᠶᠡᠷᠡᠯ ᠢ ᠬᠠᠤᠯᠢ ᠶᠣᠰᠤᠭᠠᠷ ᠣᠯᠣᠭᠰᠠᠨ ᠪᠠᠶᠢᠬᠤ | ᠬᠡᠷᠡᠭᠲᠡᠢ︔ | ︵ᠬᠤᠶᠠᠷ︶ ᠤᠯᠤᠰ ᠤᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠠᠶᠤᠯ ᠦᠭᠡᠢ | ᠦᠢᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠢ ᠲᠣᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠬᠤ ᠬᠡᠷᠡᠭᠲᠡᠢ︔ | ︵ᠭᠤᠷᠪᠠ︶ ᠠᠶᠤᠯ ᠲᠥᠭᠰᠢᠭᠦᠷᠢ ᠶᠢ ᠳᠡᠰ ᠬᠤᠪᠢᠶᠠᠨ ᠬᠠᠮᠢᠶᠠᠷᠤᠨ ᠡᠵᠡᠮᠰᠢᠬᠦ ᠳᠥᠷᠢᠮ ᠢ ᠪᠠᠶᠢᠭᠤᠯᠵᠤ᠂ | ᠠᠳᠠᠯᠢ ᠪᠣᠰᠤ ᠲᠥᠷᠥᠯ ᠢᠯᠭᠠᠯ ᠲᠠᠢ ᠠᠶᠤᠯ ᠲᠥᠭᠰᠢᠭᠦᠷᠢ ᠳᠤ ᠲᠥᠭᠰᠢᠭᠦᠷᠢ ᠶᠢ ᠦᠨᠡᠯᠡᠨ ᠵᠢᠱᠢᠬᠦ ᠵᠣᠬᠢᠴᠠᠩᠭᠤᠢ | ᠠᠷᠭ᠎ᠠ ᠶᠢ ᠬᠡᠷᠡᠭᠯᠡᠵᠦ ᠪᠠᠶᠢᠭᠠᠳ ᠲᠥᠭᠰᠢᠭᠦᠷᠢ ᠶᠢᠨ ᠳᠡᠰ ᠢ ᠲᠣᠭᠲᠠᠭᠠᠨ᠂ ᠠᠮᠤᠷ ᠲᠦᠪᠰᠢᠨ ᠤ ᠪᠠᠶᠢᠴᠠᠭᠠᠯᠲᠠ ᠶᠢ | ᠲᠣᠭᠲᠠᠭᠰᠠᠨ ᠬᠤᠭᠤᠴᠠᠭ᠎ᠠ ᠲᠠᠢ ᠪᠠᠷ ᠬᠢᠵᠦ᠂ ᠠᠶᠤᠯ ᠲᠥᠭᠰᠢᠭᠦᠷᠢ ᠶᠢᠨ ᠦᠨᠡᠯᠡᠨ ᠵᠢᠱᠢᠯᠲᠡ ᠪᠠ ᠬᠤᠣᠷ | ᠬᠦᠨᠦᠭᠡᠯ ᠢ ᠢᠯᠭᠠᠨ ᠵᠠᠳᠠᠯᠬᠤ ᠠᠵᠢᠯ ᠢ ᠲᠣᠭᠲᠠᠭᠰᠠᠨ ᠬᠤᠭᠤᠴᠠᠭ᠎ᠠ ᠲᠠᠢ ᠪᠠᠷ ᠬᠢᠭᠰᠡᠨ ᠪᠠᠶᠢᠬᠤ ᠬᠡᠷᠡᠭᠲᠡᠢ︔ | ︵ᠳᠥᠷᠪᠡ︶ ᠳᠠᠯᠳᠠ ᠭᠡᠮ ᠰᠣᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠥᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠣᠳᠠᠲᠠᠢ ᠳᠤ ᠨᠡᠶᠢᠴᠡᠭᠦᠯᠵᠦ ᠳᠠᠯᠳᠠ ᠭᠡᠮ ᠰᠣᠭᠤᠭ ᠢ ᠨᠢ ᠵᠢᠭ᠌ᠰᠡᠭᠠᠨ | ᠪᠠᠶᠢᠴᠠᠭᠠᠵᠤ ᠵᠠᠰᠠᠬᠤ ᠳᠥᠷᠢᠮ ᠢ ᠲᠣᠭᠲᠠᠭᠠᠵᠤ᠂ ᠢᠳᠡᠪᠬᠢᠲᠡᠢ ᠴᠡᠭᠴᠡᠯᠡᠨ ᠵᠠᠯᠠᠷᠠᠭᠤᠯᠵᠤ ᠨᠠᠶᠢᠳᠠᠪᠤᠷᠢᠵᠢᠭᠤᠯᠤᠨ᠂ | ᠴᠡᠭᠴᠡᠯᠡᠨ ᠵᠠᠯᠠᠷᠠᠭᠤᠯᠵᠤ ᠵᠠᠰᠠᠬᠤ ᠡᠭᠦᠷᠭᠡ ᠶᠢ ᠴᠠᠭ ᠲᠤ ᠪᠠᠨ ᠪᠡᠶᠡᠯᠡᠭᠦᠯᠦᠭᠰᠡᠨ ᠪᠠᠶᠢᠬᠤ ᠬᠡᠷᠡᠭᠲᠡᠢ︔ | ︵ᠲᠠᠪᠤ︶ ᠲᠣᠭᠲᠠᠭᠰᠠᠨ ᠱᠠᠭᠠᠷᠳᠠᠯᠭ᠎ᠠ ᠶᠣᠰᠤᠭᠠᠷ᠂ ᠦᠢᠯᠡᠳᠪᠦᠷᠢᠯᠡᠨ ᠡᠵᠡᠩᠨᠡᠬᠦ ᠡᠯ᠎ᠡ ᠭᠤᠭᠴᠤᠭ᠎ᠠ᠂ ᠡᠯ᠎ᠡ | ᠠᠵᠢᠯ ᠤᠨ ᠪᠠᠶᠢᠷᠢᠨ ᠳᠤ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠯ ᠢ ᠡᠭᠦᠳᠦᠨ ᠪᠠᠶᠢᠭᠤᠯᠬᠤ ᠠᠵᠢᠯ ᠢ | ᠦᠷᠨᠢᠭᠦᠯᠵᠦ᠂ ᠦᠷᠭᠦᠯᠵᠢᠯᠡᠭᠦᠯᠦᠨ ᠳᠡᠰ ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠦᠭᠰᠡᠨ ᠪᠠᠶᠢᠬᠤ ᠬᠡᠷᠡᠭᠲᠡᠢ︔ | ︵ᠵᠢᠷᠭᠤᠭ᠎ᠠ︶ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠶᠤᠯ ᠦᠭᠡᠢ | ᠦᠢᠯᠡᠳᠪᠦᠷᠢᠯᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ | ᠠᠵᠢᠯᠯᠠᠭᠠᠨ ᠤ ᠭᠠᠵᠠᠷ ᠲᠠᠯᠠᠪᠠᠢ ᠶᠢᠨ ᠴᠢᠬᠤᠯᠠ ᠪᠦᠬᠦᠢ ᠦᠢᠯᠡᠳᠪᠦᠷᠢᠯᠡᠯ ᠤᠨ ᠭᠤᠭᠴᠤᠭ᠎ᠠ ᠪᠠ ᠬᠦᠨᠳᠦ ᠶᠡᠭᠡ | ᠲᠥᠭᠰᠢᠭᠦᠷᠢ ᠶᠢᠨ ᠡᠬᠢ ᠢᠷᠡᠯᠲᠡ ᠶᠢ ᠴᠠᠭ ᠲᠤᠬᠠᠢ ᠳᠤ ᠨᠢ ᠬᠢᠨᠠᠨ ᠡᠵᠡᠮᠰᠢᠬᠦ ᠶᠢ ᠦᠷᠨᠢᠭᠦᠯᠦᠨ᠂ ᠰᠡᠷᠡᠮᠵᠢᠯᠡᠭᠦᠯᠦᠨ | ᠮᠡᠳᠡᠭᠡᠯᠡᠬᠦ ᠪᠠ ᠠᠳᠡᠯ ᠢ ᠤᠷᠢᠳᠴᠢᠯᠠᠨ ᠡᠵᠡᠮᠰᠢᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠬᠤ ᠬᠡᠷᠡᠭᠲᠡᠢ︔ | ︵ᠳᠣᠯᠤᠭ᠎ᠠ︶ ᠨᠢᠭᠡᠴᠢ ᠶᠢᠨ ᠬᠠᠷᠢᠭᠤᠴᠠᠯᠭᠠᠲᠠᠳ ᠤᠨ ᠲᠤᠬᠠᠢ ᠶᠢᠨ ᠲᠠᠯᠠᠪᠠᠢ ᠳᠤ ᠡᠭᠡᠯᠵᠢᠯᠡᠨ ᠵᠢᠵᠢᠭᠦᠷᠯᠡᠬᠦ | ᠳᠥᠷᠢᠮ ᠢ ᠪᠠᠶᠢᠭᠤᠯᠬᠤ ᠶᠢᠨ ᠬᠠᠮᠲᠤ᠂ ᠬᠠᠷᠢᠭᠤᠴᠠᠯᠭᠠᠲᠠᠳ ᠨᠢ ᠡᠭᠡᠯᠵᠢᠯᠡᠨ ᠵᠢᠵᠢᠭᠦᠷᠯᠡᠵᠦ ᠠᠵᠢᠯ ᠳᠤ ᠭᠠᠷᠬᠤ ᠶᠢ | ᠰᠢᠯᠭᠠᠬᠤ ᠳᠠᠩᠰᠠ ᠡᠪᠬᠡᠮᠡᠯ ᠢ ᠪᠠᠶᠢᠭᠤᠯᠤᠭᠰᠠᠨ ᠪᠠᠶᠢᠬᠤ ᠬᠡᠷᠡᠭᠲᠡᠢ᠃ | ᠶᠢᠰᠦᠳᠦᠭᠡᠷ ᠵᠦᠢᠯ ᠦᠢᠯᠡᠳᠪᠦᠷᠢᠯᠡᠨ ᠡᠵᠡᠩᠨᠡᠬᠦ ᠨᠢᠭᠡᠴᠢ ᠨᠢ ᠮᠡᠷᠭᠡᠵᠢᠯ ᠤᠨ ᠰᠢᠨ᠎ᠡ ᠡᠭᠦᠳᠦᠯᠲᠡ ᠪᠠ | ᠠᠵᠤ ᠦᠢᠯᠡᠰ ᠤᠨ ᠳᠡᠰ ᠳᠡᠪᠰᠢᠬᠦ ᠵᠡᠷᠭᠡ ᠠᠷᠭ᠎ᠠ ᠪᠠᠷᠢᠯ ᠢᠶᠠᠷ ᠳᠠᠮᠵᠢᠨ ᠲᠣᠨᠤᠭ ᠲᠥᠬᠦᠭᠡᠷᠦᠮᠵᠢ ᠶᠢᠨ ᠠᠮᠤᠷ | ᠲᠥᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ︽ᠠᠦ᠋ᠲ᠋ᠤᠴᠢᠯᠠᠪᠠᠯ ᠬᠦᠮᠦᠨ ᠬᠠᠰᠤᠬᠤ᠂ ᠮᠠᠰᠢᠨᠴᠢᠯᠠᠪᠠᠯ | ᠬᠦᠮᠦᠨ ᠰᠣᠯᠢᠬᠤ︾ ᠢᠨᠵᠧᠨᠧᠷᠢᠩ ᠢ ᠬᠡᠷᠡᠭᠵᠢᠭᠦᠯᠦᠨ᠂ ᠪᠠᠷᠢᠮᠵᠢᠶᠠᠵᠢᠭᠤᠯᠬᠤ ᠪᠣᠯᠣᠨ ᠤᠶᠤᠨᠴᠢᠯᠠᠬᠤ | ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ | ᠠᠷᠪᠠᠳᠤᠭᠠᠷ ᠵᠦᠢᠯ ᠦᠢᠯᠡᠳᠪᠦᠷᠢᠯᠡᠨ ᠡᠵᠡᠩᠨᠡᠬᠦ ᠨᠢᠭᠡᠴᠢ ᠨᠢ ︽ᠦᠢᠯᠡᠳᠪᠦᠷᠢᠯᠡᠯ ᠤᠨ ᠠᠶᠤᠯ | ᠦᠭᠡᠢ ᠶᠢᠨ ᠭᠡᠨᠡᠳᠡᠯ ᠢ ᠮᠡᠳᠡᠭᠦᠯᠬᠦ ᠪᠠ ᠪᠠᠶᠢᠴᠠᠭᠠᠨ ᠰᠢᠢᠳᠪᠦᠷᠢᠯᠡᠬᠦ ᠳᠥᠷᠢᠮ︾ ᠢ ᠬᠢᠨᠠᠮᠠᠭᠠᠢ ᠲᠣᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠠᠶᠤᠯ ᠦᠭᠡᠢ ᠶᠢᠨ ᠭᠡᠨᠡᠳᠡᠯ ᠢ ᠮᠡᠳᠡᠭᠦᠯᠬᠦ᠂ ᠪᠠᠶᠢᠴᠠᠭᠠᠨ | ᠰᠢᠢᠳᠪᠦᠷᠢᠯᠡᠬᠦ ᠪᠠ ᠪᠠᠴᠢᠮ ᠪᠠᠶᠢᠳᠠᠯ ᠢ ᠠᠷᠭᠠᠴᠠᠵᠤ ᠲᠤᠰᠠᠯᠠᠨ ᠠᠪᠤᠷᠠᠬᠤ ᠠᠵᠢᠯ ᠢ ᠬᠠᠤᠯᠢ ᠶᠣᠰᠤᠭᠠᠷ ᠰᠠᠶᠢᠲᠤᠷ | ᠬᠢᠬᠦ ᠬᠡᠷᠡᠭᠲᠡᠢ᠃ ᠪᠣᠳᠠᠲᠠᠢ ᠪᠠᠭᠲᠠᠭᠠᠬᠤ ᠵᠦᠢᠯ ᠨᠢ ᠪᠣᠯ᠄ | ︵ᠨᠢᠭᠡ︶ ᠲᠤᠰ ᠨᠢᠭᠡᠴᠢ ᠶᠢᠨ ᠪᠣᠳᠠᠲᠠᠢ ᠲᠠᠢ ᠤᠶᠠᠯᠳᠤᠭᠤᠯᠤᠨ᠂ ᠪᠦᠷᠢᠨ ᠪᠦᠲᠦᠨ ᠪᠦᠭᠡᠳ ᠬᠡᠷᠡᠭᠯᠡᠭᠡᠨ ᠳᠤ | ᠲᠣᠬᠢᠷᠠᠭᠰᠠᠨ ᠠᠶᠤᠯ ᠦᠭᠡᠢ ᠦᠢᠯᠡᠳᠪᠦᠷᠢᠯᠡᠯ ᠤᠨ ᠭᠡᠨᠡᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ | ᠲᠥᠰᠥᠯ ᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠪᠠᠴᠢᠮ | ᠪᠠᠶᠢᠳᠠᠯ ᠢ ᠠᠷᠭᠠᠴᠠᠵᠤ ᠲᠤᠰᠠᠯᠠᠨ ᠠᠪᠤᠷᠠᠬᠤ ᠪᠡᠯᠡᠳᠭᠡᠯ ᠲᠥᠰᠥᠯ ᠯᠦᠭᠡ ᠬᠠᠷᠢᠯᠴᠠᠨ ᠵᠣᠯᠭᠠᠭᠤᠯᠵᠤ᠂ ᠪᠠᠴᠢᠮ | ᠪᠠᠶᠢᠳᠠᠯ ᠢ ᠠᠷᠭᠠᠴᠠᠵᠤ ᠲᠤᠰᠠᠯᠠᠨ ᠠᠪᠤᠷᠠᠬᠤ ᠳᠤ ᠵᠣᠬᠢᠬᠤ ᠪᠠᠭᠠᠵᠢ ᠬᠡᠷᠡᠭᠰᠡᠯ ᠪᠠ ᠲᠥᠬᠦᠭᠡᠷᠦᠮᠵᠢ | ᠲᠣᠬᠢᠷᠠᠭᠤᠯᠬᠤ ᠶᠢᠨ ᠬᠠᠮᠲᠤ᠂ ᠲᠣᠭᠲᠠᠭᠠᠯ ᠶᠣᠰᠤᠭᠠᠷ ᠲᠣᠭᠲᠠᠭᠰᠠᠨ ᠬᠤᠭᠤᠴᠠᠭ᠎ᠠ ᠲᠠᠢ ᠪᠠᠷ ᠰᠣᠷᠢᠯᠲᠠ ᠬᠢᠭᠰᠡᠨ | ᠪᠠᠶᠢᠬᠤ ᠬᠡᠷᠡᠭᠲᠡᠢ︔ | ︵ᠬᠤᠶᠠᠷ︶ ᠮᠡᠳᠡᠭᠦᠯᠬᠦ ᠴᠠᠭ᠂ ᠠᠭᠤᠯᠭ᠎ᠠ᠂ ᠠᠷᠭ᠎ᠠ ᠬᠡᠯᠪᠡᠷᠢ ᠵᠡᠷᠭᠡ ᠶᠢ ᠲᠣᠭᠲᠠᠭᠠᠭᠰᠠᠨ ᠱᠠᠭᠠᠷᠳᠠᠯᠭ᠎ᠠ | ᠶᠣᠰᠤᠭᠠᠷ᠂ ᠭᠡᠨᠡᠳᠡᠯ ᠢᠶᠠᠨ ᠴᠠᠭ ᠲᠤᠬᠠᠢ ᠳᠤ ᠨᠢ᠂ ᠪᠦᠷᠢᠨ ᠪᠦᠲᠦᠨ᠂ ᠪᠣᠰᠣᠳᠴᠢ ᠪᠠᠷ ᠮᠡᠳᠡᠭᠦᠯᠵᠦ᠂ ᠨᠢᠭᠤᠵᠤ | ᠮᠡᠳᠡᠭᠦᠯᠬᠦ᠂ ᠬᠤᠳᠠᠯ ᠢᠶᠠᠷ ᠮᠡᠳᠡᠭᠦᠯᠬᠦ ᠪᠠ ᠭᠤᠵᠢᠭᠳᠠᠭᠤᠯᠤᠨ ᠮᠡᠳᠡᠭᠦᠯᠵᠦ ᠪᠣᠯᠬᠤ ᠦᠭᠡᠢ︔ | ︵ᠭᠤᠷᠪᠠ︶ ᠭᠡᠨᠡᠳᠡᠯ ᠤᠨ ᠠᠶᠤᠯ ᠠᠴᠠ ᠠᠪᠤᠷᠠᠨ ᠲᠤᠰᠠᠯᠠᠬᠤ ᠶᠢ ᠴᠠᠭ ᠲᠤᠬᠠᠢ ᠳᠤ ᠨᠢ ᠥᠷᠨᠢᠭᠦᠯᠦᠭᠰᠡᠨ | ᠪᠠᠶᠢᠬᠤ ᠬᠡᠷᠡᠭᠲᠡᠢ︔ | ︵ᠳᠥᠷᠪᠡ︶ ᠭᠡᠨᠡᠳᠡᠯ ᠤᠨ ᠳᠠᠷᠠᠭᠠᠬᠢ ᠠᠵᠢᠯ ᠢ ᠲᠣᠬᠢᠷᠠᠮᠵᠢᠲᠠᠢ ᠰᠢᠢᠳᠪᠦᠷᠢᠯᠡᠭᠰᠡᠨ ᠪᠠᠶᠢᠬᠤ ᠬᠡᠷᠡᠭᠲᠡᠢ︔ | ︵ᠲᠠᠪᠤ︶ ᠦᠢᠯᠡᠳᠪᠦᠷᠢᠯᠡᠯ ᠤᠨ ᠠᠶᠤᠯ ᠦᠭᠡᠢ ᠶᠢᠨ ᠭᠡᠨᠡᠳᠡᠯ ᠤᠨ ᠮᠡᠳᠡᠭᠦᠯᠦᠯᠲᠡ ᠶᠢ ᠣᠯᠣᠭᠰᠠᠨ ᠤ | ᠳᠠᠷᠠᠭ᠎ᠠ᠂ ᠭᠤᠣᠯ ᠬᠠᠷᠢᠭᠤᠴᠠᠯᠭᠠᠲᠠᠨ ᠨᠢ ᠳᠠᠷᠦ᠋ᠢᠬᠠᠨ ᠲᠤᠬᠠᠢ ᠶᠢᠨ ᠭᠠᠵᠠᠷ ᠲᠤ ᠨᠢ ᠬᠦᠷᠴᠦ ᠠᠪᠤᠷᠠᠨ | ᠲᠤᠰᠠᠯᠠᠬᠤ ᠶᠢ ᠵᠣᠬᠢᠶᠠᠨ ᠪᠠᠶᠢᠭᠤᠯᠵᠤ᠂ ᠭᠡᠨᠡᠳᠡᠯ ᠢ ᠰᠣᠳᠣᠯᠣᠨ ᠪᠠᠶᠢᠴᠠᠭᠠᠵᠤ ᠰᠢᠢᠳᠪᠦᠷᠢᠯᠡᠬᠦ ᠬᠤᠭᠤᠴᠠᠭᠠᠨ ᠳᠤ | ᠠᠵᠢᠯ ᠤᠨ ᠪᠠᠶᠢᠷᠢ ᠠᠴᠠ ᠪᠠᠨ ᠳᠤᠷ᠎ᠠ ᠪᠠᠷ ᠢᠶᠠᠨ ᠰᠠᠯᠵᠤ ᠪᠣᠯᠬᠤ ᠦᠭᠡᠢ ᠪᠦᠭᠡᠳ ᠭᠡᠨᠡᠳᠡᠯ ᠢ ᠰᠣᠳᠣᠯᠣᠨ | ᠪᠠᠶᠢᠴᠠᠭᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠭᠰᠠᠨ ᠪᠠᠶᠢᠬᠤ ᠬᠡᠷᠡᠭᠲᠡᠢ︔ | ︵ᠵᠢᠷᠭᠤᠭ᠎ᠠ︶ ᠭᠡᠨᠡᠳᠡᠯ ᠤᠨ ᠰᠤᠷᠭᠠᠮᠵᠢ ᠶᠢ ᠭᠦᠨᠵᠡᠭᠡᠢ ᠬᠦᠯᠢᠶᠡᠨ ᠠᠪᠴᠤ᠂ ᠨᠢᠭᠡ ᠶᠢ ᠵᠦᠢᠴᠢᠯᠡᠨ | ᠨᠦᠭᠦᠭᠡ ᠶᠢ ᠮᠡᠳᠡᠵᠦ᠂ ᠭᠡᠨᠡᠳᠡᠯ ᠢ ᠰᠡᠷᠭᠡᠶᠢᠯᠡᠬᠦ ᠠᠵᠢᠯᠯᠠᠭ᠎ᠠ ᠶᠢ ᠥᠷᠨᠢᠭᠦᠯᠦᠭᠰᠡᠨ ᠪᠠᠶᠢᠬᠤ ᠬᠡᠷᠡᠭᠲᠡᠢ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠦᠢᠯᠡᠳᠪᠦᠷᠢᠯᠡᠨ | ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠶᠢᠳᠠᠪᠤᠷᠢᠵᠢᠭᠤᠯᠬᠤ ᠳᠤ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠣᠯᠬᠤ ᠦᠢᠯᠡᠳᠦᠯ ᠢ | ᠴᠢᠩᠭᠠᠷᠠᠭᠤᠯᠬᠤ ᠬᠡᠷᠡᠭᠲᠡᠢ᠃ ᠠᠵᠤ ᠠᠬᠤᠢ ᠶᠢᠨ ᠲᠥᠷᠥ ᠶᠢᠨ ᠪᠣᠳᠣᠯᠭ᠎ᠠ ᠪᠠᠷ ᠳᠡᠮᠵᠢᠵᠦ ᠦᠢᠯᠡᠳᠪᠦᠷᠢᠯᠡᠨ ᠡᠵᠡᠩᠨᠡᠬᠦ | ᠨᠢᠭᠡᠴᠢ ᠳᠤ ᠦᠢᠯᠡᠳᠪᠦᠷᠢᠯᠡᠯ ᠤᠨ ᠠᠶᠤᠯ ᠦᠭᠡᠢ ᠶᠢᠨ ᠭᠡᠨᠡᠳᠡᠯ ᠡᠭᠦᠰᠬᠦ ᠥᠪᠡᠷ ᠤᠨ ᠦᠷᠲᠡᠭ ᠢ ᠨᠢ | ᠳᠡᠭᠡᠭᠰᠢᠯᠡᠭᠦᠯᠵᠦ᠂ ᠦᠢᠯᠡᠳᠪᠦᠷᠢᠯᠡᠨ ᠡᠵᠡᠩᠨᠡᠬᠦ ᠨᠢᠭᠡᠴᠢ ᠶᠢ ᠬᠦᠲᠦᠯᠦᠨ ᠵᠢᠯᠣᠭᠤᠳᠴᠦ ᠪᠠᠶᠢᠭᠠᠳ ᠠᠶᠤᠯ ᠦᠭᠡᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠨᠠᠶᠢᠳᠠᠪᠤᠷᠢᠵᠢᠭᠤᠯᠤᠨ᠂ | ᠠᠶᠤᠯ ᠦᠭᠡᠢ ᠦᠢᠯᠡᠳᠪᠦᠷᠢᠯᠡᠯ ᠳᠠᠬᠢ ᠣᠷᠤᠭᠤᠯᠤᠯᠲᠠ ᠶᠢ ᠨᠡᠮᠡᠭᠳᠡᠭᠦᠯᠵᠦ᠂ ᠠᠶᠤᠯ ᠦᠭᠡᠢ ᠦᠢᠯᠡᠳᠪᠦᠷᠢᠯᠡᠯ ᠤᠨ | ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠤᠳ ᠢ ᠳᠡᠮᠵᠢᠬᠦ | ᠪᠠ ᠰᠢᠮᠳᠠᠭᠤᠯᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠯᠭᠡᠨ᠂ | ᠦᠢᠯᠡᠳᠪᠦᠷᠢᠯᠡᠨ ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠦᠭᠡᠢ ᠪᠠᠶᠢᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ | ᠶᠣᠰᠤᠭᠠᠷ ᠪᠠᠶᠢᠴᠠᠭᠠᠨ ᠰᠢᠢᠳᠭᠡᠬᠦ ᠳᠤ ᠬᠠᠤᠯᠢ ᠬᠡᠷᠡᠭᠵᠢᠭᠦᠯᠬᠦ ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ | ᠪᠣᠯᠭᠠᠨ᠎ᠠ᠂ ᠶᠠᠮᠠᠷᠪᠠ ᠨᠢᠭᠡᠨ ᠰᠢᠯᠲᠠᠭᠠᠨ ᠢᠶᠠᠷ ᠰᠢᠭᠤᠳ ᠪᠣᠶᠤ ᠬᠡᠯᠪᠡᠷᠢ ᠶᠢ ᠨᠢ ᠬᠤᠪᠢᠷᠠᠭᠤᠯᠵᠤ ᠪᠠᠶᠢᠭᠠᠳ ᠠᠶᠤᠯ | ᠦᠭᠡᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠵᠠᠭᠠᠷᠯᠠᠬᠤ ᠨᠦᠬᠦᠴᠡᠯ ᠪᠣᠯᠣᠨ | ᠬᠠᠷᠰᠢ ᠰᠠᠭᠠᠳ ᠭᠠᠷᠭᠠᠵᠤ ᠪᠣᠯᠬᠤ ᠦᠭᠡᠢ᠃ | ᠠᠷᠪᠠᠨ ᠭᠤᠷᠪᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠤᠭᠳᠠᠯ | ᠪᠦᠬᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠴᠢᠩᠭ᠎ᠠ ᠬᠢᠨᠠᠯᠲᠠ | ᠬᠠᠮᠢᠶᠠᠷᠤᠯᠲᠠ ᠪᠠ ᠪᠦᠲᠦᠮᠵᠢᠲᠡᠢ ᠵᠢᠯᠣᠭᠤᠳᠤᠯᠭ᠎ᠠ ᠶᠢ ᠬᠡᠷᠡᠭᠵᠢᠭᠦᠯᠦᠨ᠂ ᠦᠢᠯᠡᠳᠪᠦᠷᠢᠯᠡᠨ ᠡᠵᠡᠩᠨᠡᠬᠦ ᠨᠢᠭᠡᠴᠢ ᠶᠢᠨ | ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ | ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠠᠷᠪᠠᠨ ᠲᠥᠷᠪᠡᠳᠦᠭᠡᠷ ᠵᠦᠢᠯ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠨᠢ ᠬᠢᠨᠠᠯᠲᠠ ᠪᠠᠶᠢᠴᠠᠭᠠᠯᠲᠠ ᠶᠢᠨ ᠳᠥᠷᠢᠮ ᠢ ᠪᠠᠶᠢᠭᠤᠯᠤᠨ | ᠪᠦᠷᠢᠨᠰᠢᠭᠦᠯᠵᠦ᠂ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠵᠤ᠂ | ᠦᠢᠯᠡᠳᠪᠦᠷᠢᠯᠡᠨ ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠪᠠᠶᠢᠴᠠᠭᠠᠯᠲᠠ ᠬᠢᠬᠦ ᠶᠢ ᠴᠢᠩᠭᠠᠳᠬᠠᠨ᠂ | ᠦᠢᠯᠡᠳᠪᠦᠷᠢᠯᠡᠨ ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠥᠯᠥ ᠨᠠᠶᠢᠳᠠᠪᠤᠷᠢᠵᠢᠭᠤᠯᠬᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠵᠦ᠂ ᠦᠢᠯᠡᠳᠪᠦᠷᠢᠯᠡᠨ ᠡᠵᠡᠩᠨᠡᠬᠦ ᠨᠢᠭᠡᠴᠢ ᠵᠢᠴᠢ ᠭᠤᠣᠯ ᠬᠠᠷᠢᠭᠤᠴᠠᠯᠭᠠᠲᠠᠨ ᠪᠣᠯᠣᠨ | ᠬᠤᠯᠪᠣᠭᠳᠠᠯ ᠪᠦᠬᠦᠢ ᠠᠵᠢᠯᠲᠡᠨ ᠠᠴᠠ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ | ᠶᠣᠰᠤᠭᠠᠷ ᠨᠡᠬᠡᠮᠵᠢᠯᠡᠬᠦ ᠬᠡᠷᠡᠭᠲᠡᠢ᠃ ᠳᠠᠯᠳᠠ ᠭᠡᠮ ᠰᠤᠭᠤᠭ ᠢ ᠵᠢᠭᠰᠠᠭᠠᠨ ᠪᠠᠶᠢᠴᠠᠭᠠᠵᠤ ᠵᠠᠰᠠᠬᠤ ᠳᠤ ᠬᠢᠨᠠᠯᠲᠠ | ᠲᠠᠯᠪᠢᠨ ᠬᠠᠤᠯᠢ ᠬᠡᠷᠡᠭᠵᠢᠭᠦᠯᠬᠦ ᠪᠠᠨ ᠴᠢᠩᠭᠠᠷᠠᠭᠤᠯᠤᠨ᠂ ᠬᠦᠨᠳᠦ ᠶᠡᠭᠡ ᠳᠠᠯᠳᠠ ᠭᠡᠮ ᠰᠣᠭᠤᠭ ᠢ ᠵᠠᠰᠠᠵᠤ | ᠰᠠᠶᠢᠵᠢᠷᠠᠭᠤᠯᠬᠤ ᠨᠢ ᠪᠣᠳᠠᠲᠠᠶᠢᠵᠢᠭᠰᠠᠨ ᠦᠭᠡᠢ ᠠᠵᠤ ᠠᠬᠤᠶᠢᠯᠠᠯ ᠳᠤ ᠦᠢᠯᠡᠳᠪᠦᠷᠢᠯᠡᠵᠦ ᠡᠵᠡᠩᠨᠡᠬᠦ ᠶᠢ ᠨᠢ | ᠵᠣᠭᠰᠣᠭᠠᠬᠤ᠂ ᠪᠠᠷᠢᠯᠭ᠎ᠠ ᠪᠠᠷᠢᠬᠤ ᠶᠢ ᠨᠢ ᠵᠣᠭᠰᠣᠭᠠᠬᠤ᠂ ᠴᠠᠬᠢᠯᠭᠠᠨ ᠬᠠᠩᠭᠠᠬᠤ ᠶᠢ ᠨᠢ ᠵᠣᠭᠰᠣᠭᠠᠬᠤ ᠪᠠ | ᠪᠠᠶᠢᠴᠠᠭᠠᠨ ᠪᠢᠲᠡᠭᠦᠮᠵᠢᠯᠡᠵᠦ ᠬᠤᠷᠢᠶᠠᠨ ᠠᠪᠬᠤ ᠵᠡᠷᠭᠡ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠬᠠᠤᠯᠢ ᠶᠣᠰᠤᠭᠠᠷ | ᠬᠡᠷᠡᠭᠯᠡᠵᠦ᠂ ᠠᠵᠤ ᠠᠬᠤᠢ ᠶᠢᠨ ᠦᠨᠳᠦᠷ ᠦᠷᠲᠡᠭ ᠲᠠᠢ ᠰᠢᠢᠳᠭᠡᠯ ᠢ ᠲᠣᠭᠲᠠᠭᠠᠯ ᠶᠣᠰᠤᠭᠠᠷ ᠥᠭᠴᠦ᠂ ᠶᠠᠯ᠎ᠠ ᠳᠤ | ᠬᠦᠷᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠦᠭᠴᠦ ᠡᠷᠡᠭᠦᠦ ᠶᠢᠨ | ᠬᠠᠷᠢᠭᠤᠴᠠᠯᠭ᠎ᠠ ᠶᠢ ᠬᠠᠤᠯᠢ ᠶᠣᠰᠤᠭᠠᠷ ᠨᠡᠬᠡᠮᠵᠢᠯᠡᠬᠦ ᠬᠡᠷᠡᠭᠲᠡᠢ᠃ | ᠠᠷᠪᠠᠨ ᠲᠠᠪᠤᠳᠤᠭᠠᠷ ᠵᠦᠢᠯ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠥᠯᠥ ᠨᠠᠶᠢᠳᠠᠪᠤᠷᠢᠵᠢᠭᠤᠯᠤᠭᠰᠠᠨ ᠠᠴᠠ ᠪᠣᠯᠵᠤ ᠤᠯᠤᠰ ᠤᠨ ᠬᠠᠤᠯᠢ ᠴᠠᠭᠠᠵᠠ᠂ ᠬᠠᠤᠯᠢ | ᠲᠣᠭᠲᠠᠭᠠᠯ᠂ ᠤᠯᠤᠰ ᠤᠨ ᠪᠠᠷᠢᠮᠵᠢᠶ᠎ᠠ ᠪᠠ ᠠᠵᠢᠯ ᠲᠥᠷᠥᠯ ᠤᠨ ᠪᠠᠷᠢᠮᠵᠢᠶ᠎ᠠ ᠳᠤ ᠲᠤᠭᠲᠠᠭᠠᠭᠰᠠᠨ ᠠᠶᠤᠯ ᠦᠭᠡᠢ | ᠦᠢᠯᠡᠳᠪᠦᠷᠢᠯᠡᠯ ᠤᠨ ᠨᠦᠬᠦᠴᠡᠯ ᠢ ᠥᠯᠥ ᠪᠦᠷᠢᠯᠳᠦᠭᠰᠡᠨ ᠪᠠᠶᠢᠪᠠᠯ ︽ᠪᠦᠭᠦᠲᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠥᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠤᠭᠠᠷ | ᠰᠢᠢᠳᠬᠡᠵᠦ ᠲᠤᠷᠭᠠᠭᠤᠯᠤᠨᠠ᠃ | ᠠᠷᠪᠠᠨ ᠵᠢᠷᠭᠤᠳᠤᠭᠠᠷ ᠵᠦᠢᠯ ᠦᠢᠯᠡᠳᠪᠦᠷᠢᠯᠡᠨ ᠡᠵᠡᠩᠨᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠬᠤ ᠳᠥᠷᠢᠮ ᠢ ᠪᠠᠶᠢᠭᠤᠯᠬᠤ ᠬᠡᠷᠡᠭᠲᠡᠢ᠃ ᠲᠤᠰ ᠲᠣᠭᠲᠠᠭᠠᠯ ᠠᠴᠠ ᠵᠦᠷᠢᠴᠡᠵᠦ᠂ ᠬᠦᠨᠳᠦ ᠶᠡᠭᠡ | ᠠᠶᠤᠯ ᠦᠭᠡᠢ ᠦᠢᠯᠡᠳᠪᠦᠷᠢᠯᠡᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠲᠠᠢ ᠪᠣᠯ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠠᠴᠠ | ᠦᠢᠯᠡᠳᠪᠦᠷᠢᠯᠡᠨ ᠡᠵᠡᠩᠨᠡᠬᠦ ᠨᠢᠭᠡᠴᠢ ᠶᠢᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠵᠤ᠂ ᠴᠢᠬᠤᠯᠠ ᠲᠠᠢ | ᠪᠣᠯ ᠰᠣᠨᠢᠨ ᠮᠡᠳᠡᠭᠡᠨ ᠤ ᠵᠠᠭᠤᠴᠢᠯᠠᠭᠤᠷ ᠢ ᠤᠷᠢᠵᠤ ᠣᠷᠣᠯᠴᠠᠭᠤᠯᠵᠤ ᠪᠣᠯᠣᠨ᠎ᠠ᠃ | ᠠᠷᠪᠠᠨ ᠳᠣᠯᠤᠳᠤᠭᠠᠷ ᠵᠦᠢᠯ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠲᠠᠢ ᠰᠠᠯᠠᠭ᠎ᠠ ᠮᠦᠴᠢᠷ ᠤᠳ ᠠᠴᠠ ᠳᠣᠣᠷᠠᠬᠢ ᠪᠠᠶᠢᠳᠠᠯ ᠤᠨ ᠨᠢᠭᠡ ᠨᠢ ᠪᠠᠶᠢᠬᠤ ᠦᠢᠯᠡᠳᠪᠦᠷᠢᠯᠡᠨ | ᠡᠵᠡᠩᠨᠡᠬᠦ ᠨᠢᠭᠡᠴᠢ ᠶᠢ ᠬᠢᠨᠠᠨ ᠬᠠᠷᠭᠤᠭᠤᠯᠬᠤ ᠳᠡᠰ ᠳᠠᠷᠠᠭᠠᠯᠠᠯ ᠢᠶᠠᠷ ᠥᠪᠡᠷᠲᠡᠭᠡᠨ ᠵᠠᠰᠠᠬᠤ ᠣᠷᠣᠨ ᠤ ᠳᠡᠰ ᠤᠨ | ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ︽ᠬᠠᠷ᠎ᠠ ᠳᠠᠩᠰᠠ︾ ᠳᠤ ᠣᠷᠤᠭᠤᠯᠬᠤ ᠬᠡᠷᠡᠭᠲᠡᠢ᠄ | ︵ᠨᠢᠭᠡ︶ ᠠᠶᠤᠯ ᠦᠭᠡᠢ ᠦᠢᠯᠡᠳᠪᠦᠷᠢᠯᠡᠯ ᠤᠨ ᠠᠰᠠᠭᠤᠳᠠᠯ ᠠᠴᠠ ᠪᠣᠯᠵᠤ 1 ᠵᠢᠯ ᠤᠨ ᠳᠣᠲᠣᠷ᠎ᠠ 2 | ᠤᠳᠠᠭ᠎ᠠ ᠠᠴᠠ ᠳᠡᠭᠡᠭᠰᠢ ︵2 ᠤᠳᠠᠭ᠎ᠠ ᠶᠢ ᠪᠠᠭᠲᠠᠭᠠᠨ᠎ᠠ︶ ᠵᠠᠰᠠᠭ ᠵᠠᠬᠢᠷᠭᠠᠨ ᠤ ᠬᠦᠨᠳᠦ ᠶᠡᠭᠡ ᠰᠢᠢᠳᠭᠡᠯ ᠢ | ᠣᠯᠣᠭᠰᠠᠨ ᠪᠠᠶᠢᠬᠤ︔ | ︵ᠬᠤᠶᠠᠷ︶ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠶᠤᠯ ᠦᠭᠡᠢ ᠦᠢᠯᠡᠳᠪᠦᠷᠢᠯᠡᠯ ᠤᠨ ᠭᠡᠨᠡᠳᠡᠯ | ᠭᠠᠷᠤᠭᠰᠠᠨ ᠪᠣᠶᠤ ᠬᠡᠳᠦ᠋ᠢᠪᠡᠷ ᠬᠦᠮᠦᠨ ᠦᠬᠦᠭᠰᠡᠨ ᠦᠭᠡᠢ ᠪᠣᠯᠪᠠᠴᠤ ᠨᠡᠶᠢᠭᠡᠮ ᠳᠤ ᠲᠦᠢᠯ ᠤᠨ ᠬᠦᠨᠳᠦ ᠨᠣᠴᠢᠲᠠᠢ | ᠮᠠᠭᠤ ᠨᠦᠯᠦᠭᠡ ᠲᠠᠢ ᠪᠣᠯᠣᠭᠰᠠᠨ ᠪᠠᠶᠢᠬᠤ︔ | ︵ᠭᠤᠷᠪᠠ︶ ᠪᠠᠶᠢᠴᠠᠭᠠᠯᠲᠠ ᠪᠠᠷ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤ ᠨᠢ ᠴᠡᠭᠴᠡᠯᠡᠨ ᠵᠠᠰᠠᠬᠤ | ᠠᠷᠭ᠎ᠠ ᠬᠡᠮᠵᠢᠶ᠎ᠡ ᠠᠪᠤᠭᠰᠠᠨ ᠦᠭᠡᠢ᠂ ᠲᠤᠭᠲᠠᠭᠰᠠᠨ ᠴᠠᠭ ᠤᠨ ᠳᠣᠲᠣᠷ᠎ᠠ ᠴᠡᠭᠴᠡᠯᠡᠨ ᠵᠠᠰᠠᠬᠤ ᠶᠢ ᠥᠯᠥ | ᠪᠡᠶᠡᠯᠡᠭᠦᠯᠦᠭᠰᠡᠨ ᠪᠣᠶᠤ ᠬᠢᠨᠠᠨ ᠬᠠᠮᠢᠶᠠᠷᠤᠯᠲᠠ ᠬᠢᠨᠠᠨ ᠪᠠᠶᠢᠴᠠᠭᠠᠯᠲᠠ ᠶᠢᠨ ᠵᠢᠭᠠᠪᠤᠷᠢ ᠵᠠᠷᠯᠢᠭ ᠢ ᠬᠡᠷᠡᠭᠵᠢᠭᠦᠯᠦᠭᠰᠡᠨ | ᠦᠭᠡᠢ ᠪᠠᠶᠢᠬᠤ︔ | ︵ᠳᠥᠷᠪᠡ︶ ᠤᠯᠤᠰ ᠤᠨ ᠳᠡᠰ ᠳᠠᠪᠬᠤᠷᠭ᠎ᠠ ᠶᠢᠨ ᠬᠤᠯᠪᠣᠭᠠᠯᠠᠨ ᠵᠠᠯᠬᠠᠭᠠᠵᠤ ᠴᠡᠭᠡᠷᠯᠡᠭᠦᠯᠬᠦ ︽ᠬᠠᠷ᠎ᠠ | ᠳᠠᠩᠰᠠ︾ ᠳᠤ ᠣᠷᠣᠭᠰᠠᠨ ᠪᠠᠶᠢᠬᠤ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠲᠣᠭᠲᠠᠭᠠᠯ ᠳᠥᠷᠢᠮ ᠳᠤ ᠲᠣᠭᠲᠠᠭᠠᠭᠰᠠᠨ | ᠪᠣᠰᠣᠳ ᠠᠵᠢᠯᠯᠠᠭ᠎ᠠ ᠲᠠᠢ ᠪᠠᠶᠢᠬᠤ᠃ | ︽ᠬᠠᠷ᠎ᠠ ᠳᠠᠩᠰᠠ︾ ᠳᠤ ᠣᠷᠤᠭᠰᠠᠨ ᠦᠢᠯᠡᠳᠪᠦᠷᠢᠯᠡᠨ ᠡᠵᠡᠩᠨᠡᠬᠦ ᠨᠢᠭᠡᠴᠢ ᠳᠤ ᠭᠤᠣᠯᠳᠠᠯᠭ᠎ᠠ ᠲᠠᠢ ᠬᠢᠨᠠᠯᠲᠠ | ᠬᠠᠮᠢᠶᠠᠷᠤᠯᠲᠠ ᠶᠢ ᠬᠡᠷᠡᠭᠵᠢᠭᠦᠯᠦᠨ᠂ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠵᠦᠪᠰᠢᠶᠡᠷᠡᠨ ᠣᠷᠣᠬᠤ᠂ ᠰᠢᠨ᠎ᠡ ᠪᠠᠷ | ᠨᠡᠮᠡᠭᠳᠡᠬᠦ ᠲᠥᠷᠥᠯ ᠵᠦᠢᠯ ᠢ ᠨᠢ ᠬᠢᠨᠠᠨ ᠵᠦᠪᠰᠢᠶᠡᠷᠡᠵᠦ ᠬᠠᠷᠭᠤᠭᠤᠯᠬᠤ᠂ ᠵᠠᠰᠠᠭ ᠤᠨ ᠣᠷᠳᠣᠨ ᠤ ᠴᠢᠨᠠᠷᠲᠠᠢ ᠰᠠᠭᠤᠷᠢ | ᠮᠦᠩᠭᠦ ᠭᠤᠶᠤᠴᠢᠯᠠᠬᠤ ᠲᠥᠷᠥᠯ ᠵᠦᠢᠯ᠂ ᠬᠤᠯᠪᠣᠭᠳᠠᠯ ᠪᠦᠬᠦᠢ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶ᠎ᠠ ᠶᠢᠨ ᠠᠵᠢᠯᠯᠠᠭ᠎ᠠ ᠳᠤ ᠣᠷᠣᠯᠴᠠᠬᠤ ᠵᠡᠷᠭᠡ ᠲᠠᠯ᠎ᠠ ᠪᠠᠷ ᠬᠠᠤᠯᠢ ᠶᠣᠰᠤᠭᠠᠷ ᠬᠢᠵᠠᠭᠠᠷᠯᠠᠬᠤ ᠪᠣᠶᠤ | ᠴᠠᠭᠠᠵᠠᠯᠠᠨ᠎ᠠ᠃ | ᠠᠷᠪᠠᠨ ᠨᠠᠢᠮᠠᠳᠤᠭᠠᠷ ᠵᠦᠢᠯ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠠ ᠰᠣᠨᠢᠨ ᠮᠡᠳᠡᠭᠡᠨ ᠤ | ᠨᠢᠭᠡᠴᠢ ᠨᠢ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠦᠮᠦᠵᠢᠯ ᠢ ᠤᠬᠠᠭᠤᠯᠬᠤ ᠠᠵᠢᠯ ᠤᠨ ᠶᠡᠷᠦᠩᠬᠡᠢ | ᠪᠠᠶᠢᠷᠢᠰᠢᠭᠤᠯᠤᠯᠲᠠ ᠳᠤ ᠣᠷᠤᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠴᠢᠭᠯᠡᠯᠲᠡ ᠲᠥᠷᠥ ᠶᠢᠨ ᠪᠣᠳᠣᠯᠭ᠎ᠠ᠂ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠶᠤᠯ ᠦᠭᠡᠢ | ᠦᠢᠯᠡᠳᠪᠦᠷᠢᠯᠡᠯ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠠᠬᠤᠢ ᠶᠢ ᠪᠣᠢ ᠪᠣᠯᠭᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠲᠤᠰ ᠲᠣᠭᠲᠠᠭᠠᠯ ᠳᠠᠬᠢ ᠳᠣᠣᠷᠠᠬᠢ ᠬᠡᠯᠡᠯᠭᠡ ᠶᠢᠨ ᠤᠳᠬ᠎ᠠ ᠪᠣᠯ᠄ ᠠᠶᠤᠯ | ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠭᠡᠳᠡᠭ ᠪᠣᠯ᠄ | ᠦᠢᠯᠡᠳᠪᠦᠷᠢᠯᠡᠨ ᠡᠵᠡᠩᠨᠡᠬᠦ ᠨᠢᠭᠡᠴᠢ ᠨᠢ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠭᠤᠣᠯ ᠴᠣᠭᠴᠠ | ᠪᠣᠯᠣᠭᠰᠠᠨ ᠤ ᠬᠤᠪᠢ ᠳᠤ ᠳᠠᠭᠠᠭᠠᠨ ᠡᠭᠦᠷᠭᠡᠯᠡᠪᠡᠰᠦ ᠵᠣᠬᠢᠬᠤ ᠠᠶᠤᠯ ᠦᠭᠡᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢ ᠵᠢᠭᠠᠵᠤ ᠪᠣᠢ᠃ | ᠪᠣᠳᠠᠲᠠᠢ ᠡᠵᠡᠮᠳᠡᠬᠦ ᠬᠦᠮᠦᠨ ᠭᠡᠳᠡᠭ ᠪᠣᠯ᠄ ᠪᠡᠯᠡ ᠣᠷᠤᠭᠤᠯᠤᠯᠲᠠ ᠶᠢᠨ ᠬᠠᠷᠢᠴᠠᠭ᠎ᠠ᠂ ᠵᠦᠪᠯᠡᠯᠴᠡᠭᠡᠷ ᠪᠣᠶᠤ | ᠪᠣᠰᠣᠳ ᠲᠣᠬᠢᠷᠠᠭᠤᠯᠤᠯᠲᠠ ᠪᠠᠷ ᠳᠠᠮᠵᠢᠨ᠂ ᠰᠢᠭᠤᠳ ᠡᠵᠡᠮᠳᠡᠨ ᠲᠣᠬᠢᠷᠠᠭᠤᠯᠬᠤ ᠦᠭᠡᠢ ᠪᠣᠯᠪᠠᠴᠤ ᠦᠢᠯᠡᠳᠪᠦᠷᠢᠯᠡᠨ | ᠡᠵᠡᠩᠨᠡᠬᠦ ᠨᠢᠭᠡᠴᠢ ᠶᠢᠨ ᠦᠢᠯᠡ ᠠᠵᠢᠯᠯᠠᠭ᠎ᠠ ᠶᠢ ᠳᠠᠮ ᠢᠶᠠᠷ ᠡᠵᠡᠮᠳᠡᠬᠦ ᠴᠢᠳᠠᠬᠤ ᠪᠣᠶᠤ ᠪᠣᠳᠠᠲᠠᠢ ᠡᠵᠡᠮᠳᠡᠬᠦ ᠬᠦᠮᠦᠨ ᠢ | ᠵᠢᠭᠠᠵᠤ ᠪᠣᠢ᠃ | ᠬᠤᠷᠢᠳᠤᠭᠠᠷ ᠵᠦᠢᠯ ᠲᠤᠰ ᠲᠣᠭᠲᠠᠭᠠᠯ ᠢ ᠳᠠᠷᠤᠮᠠᠯᠯᠠᠨ ᠨᠡᠶᠢᠲᠡᠯᠡᠭᠰᠡᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢᠯᠡᠨ ᠡᠵᠡᠩᠨᠡᠬᠦ | ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠦᠷ ᠬᠡᠷᠡᠭᠵᠢᠭᠦᠯᠬᠦ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ᠴᠠᠬᠢᠯᠭᠠᠨ ﹇2015﹈ 79 ᠳ᠋ᠤᠭᠡᠷ ᠲᠣᠭᠠᠲᠤ︶ ᠢ | ᠵᠡᠷᠭᠡ ᠳᠤ ᠨᠢ ᠬᠦᠴᠦᠨ ᠦᠭᠡᠢ ᠪᠣᠯᠭᠠᠨ᠎ᠠ᠃ | |