| ᠥᠪᠥᠷ ᠵᠠᠰᠠᠭ ᠠᠯᠪᠠᠨ ᠲᠠᠷᠬᠠᠭᠠᠭᠰᠠᠨ ﹇2018﹈ 58 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠲᠡᠭᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ ᠳᠤ᠄ | ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ᠂ ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ | ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠦᠷᠦ ᠠᠯᠪᠠᠨ ᠲᠠᠷᠬᠠᠭᠠᠭᠰᠠᠨ ﹇2018﹈ 37 ᠳ᠋ᠤᠭᠠᠷ ᠲᠤᠭᠠᠲᠤ᠂ ᠳᠤᠷᠤᠭᠰᠢ | ︽ᠮᠡᠳᠡᠭᠳᠡᠯ︾ ᠭᠡᠵᠦ ᠲᠤᠪᠴᠢᠯᠠᠨ᠎ᠠ︶ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠮᠠᠨ ᠤ ᠤᠷᠤᠨ ᠤ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ ᠪᠦᠷᠢᠳᠭᠡᠨ ᠲᠠᠩᠰᠠᠯᠠᠬᠤ ᠳᠤ | ᠬᠢᠨᠠᠨ ᠬᠠᠮᠢᠶᠠᠷᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠡᠰᠡᠭ ᠭᠠᠵᠠᠷ ᠤᠷᠤᠨ᠂ ᠰᠠᠯᠠᠭ᠎ᠠ | ᠮᠦᠴᠢᠷ ᠤᠳ ᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ ᠪᠦᠷᠢᠳᠭᠡᠨ | ᠲᠠᠩᠰᠠᠯᠠᠬᠤ ᠳᠤ ᠬᠢᠨᠠᠨ ᠪᠠᠶᠢᠴᠠᠭᠠᠬᠤ ᠠᠵᠢᠯ ᠢ ᠴᠢᠬᠤᠯᠠᠴᠢᠯᠠᠬᠤ ᠭᠡᠮᠵᠢᠶ᠎ᠠ ᠬᠦᠷᠦᠯᠴᠡᠬᠦ ᠦᠭᠡᠢ᠂ ᠲᠤᠨᠨᠳᠠᠭᠠᠬᠤ ᠳᠡᠰ | ᠳᠠᠷᠠᠭᠠᠯᠠᠯ ᠢ ᠬᠡᠷᠡᠭᠵᠢᠬᠦᠯᠭᠦ ᠨᠢ ᠴᠢᠩᠳᠠ ᠪᠤᠰᠤ᠂ ᠬᠠᠤᠯᠢ ᠠᠴᠠ ᠵᠦᠷᠢᠴᠡᠭᠰᠡᠨ ᠠᠭᠤᠯᠭ᠎ᠠ ᠲᠠᠢ᠂ ᠳᠡᠭᠡᠭᠰᠢ | ᠮᠡᠳᠡᠭᠦᠯᠦᠨ ᠳᠠᠩᠰᠠᠯᠠᠭᠤᠯᠬᠤ ᠨᠤᠷᠮ᠎ᠠ ᠪᠤᠯᠤᠨ ᠴᠠᠭ ᠲᠤᠬᠠᠢ ᠳᠤ ᠨᠢ ᠪᠡᠶᠡᠯᠡᠭᠦᠯᠬᠦ ᠨᠤᠷᠮ᠎ᠠ ᠪᠠᠷ ᠦᠨᠳᠦᠷ ᠪᠢᠰᠢ᠂ | ᠪᠦᠷᠢᠳᠭᠡᠨ ᠲᠠᠩᠰᠠᠯᠠᠬᠤ ᠳᠤ ᠬᠢᠨᠠᠨ ᠪᠠᠶᠢᠴᠠᠭᠠᠵᠦ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ | ᠨᠠᠶᠢᠳᠠᠪᠤᠷᠢᠵᠢᠭᠤᠯᠵᠤ ᠪᠤᠳᠠᠳᠠᠶᠢᠵᠢᠭᠤᠯᠤᠨᠨᠰᠠᠨ ᠢᠶᠠᠷ ᠭᠦᠢᠴᠠᠳ ᠦᠭᠡᠢ ᠵᠡᠷᠭᠡ ᠠᠰᠠᠭᠤᠳᠠᠯ ᠤᠳ ᠢ ᠪᠦᠲᠦᠮᠵᠢᠲᠡᠢ | ᠰᠢᠢᠳᠪᠦᠷᠢᠯᠡᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠦᠨᠡᠨ | ᠬᠦ ᠳᠡᠭᠡᠭᠰᠢᠯᠡᠭᠦᠯᠦᠨ᠂ ᠨᠡᠶᠢᠭᠡᠮ ᠵᠢᠷᠤᠮ ᠤᠨ ᠬᠠᠤᠯᠢ ᠳᠦᠷᠢᠮ ᠢ ᠨᠢᠭᠡᠳᠦᠯᠲᠡᠢ ᠪᠠᠶᠢᠬᠤ ᠶᠢ ᠬᠠᠮᠠᠭᠠᠯᠠᠬᠤ ᠶᠢᠨ | ᠲᠤᠰᠠᠳᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ | ᠡᠳᠦᠬᠡ ᠳᠤᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠨ ᠶᠠᠪᠤᠭᠤᠯᠬᠤ | ᠠᠵᠢᠯᠯᠠᠭ᠎ᠠ ᠶᠢ ᠴᠢᠩᠳᠠᠯᠠᠬᠤ ᠬᠡᠷᠡᠭᠲᠡᠢ | ︵ᠨᠢᠭᠡ︶ ᠪᠢᠴᠢᠭ ᠮᠠᠲ᠋ᠧᠷᠢᠶᠠᠯ ᠤᠨ ᠬᠡᠪᠴᠢᠶ᠎ᠡ ᠶᠢ ᠤᠨᠤᠪᠴᠢᠲᠠᠢ ᠵᠠᠭᠠᠭᠯᠠᠨ ᠲᠤᠭᠲᠠᠭᠠᠬᠤ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠰᠢᠢᠣᠡᠪᠣᠷᠢ᠂ ᠵᠠᠷᠯᠢᠭ ᠵᠢᠴᠢ ᠰᠠᠯᠠᠭ᠎ᠠ ᠮᠦᠴᠢᠷ ᠤᠨ ᠲᠤᠭᠲᠠᠭᠠᠯ | ᠳᠦᠷᠢᠮ ᠂ ᠵᠠᠰᠠᠭ ᠤᠨ ᠤᠷᠳᠤᠨ ᠤ ᠲᠤᠭᠲᠠᠭᠠᠯ ᠳᠦᠷᠢᠮ ᠠᠴᠠ ᠭᠠᠳᠠᠨᠠᠬᠢ᠂ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ | ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ ᠡᠷᠬᠡ ᠤᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ | ᠬᠠᠮᠢᠶᠠᠷᠬᠤ ᠡᠭᠦᠷᠭᠡ ᠴᠢᠳᠠᠪᠤᠷᠢ ᠲᠠᠢ ᠵᠤᠬᠢᠶᠠᠨ ᠪᠠᠶᠢᠭᠤᠯᠤᠯᠲᠠ ︵ᠲᠤᠷᠤᠭᠰᠢ ᠵᠠᠰᠠᠭ ᠵᠠᠬᠢᠷᠭᠠᠨ ᠤ ᠪᠠᠶᠢᠭᠤᠯᠭ᠎ᠠ | ᠭᠡᠵᠦ ᠶᠡᠷᠦᠩᠬᠡᠶᠢᠯᠡᠨ ᠨᠡᠷᠡᠶᠢᠳᠦᠨ᠎ᠡ︶ ᠨᠤᠭᠤᠳ ᠬᠠᠤᠯᠢ ᠳᠤ ᠲᠤᠭᠲᠠᠭᠠᠭᠰᠠᠨ ᠡᠷᠬᠡ ᠶᠢᠨ ᠬᠢᠵᠠᠭᠠᠷ᠂ ᠳᠡᠰ | ᠳᠠᠷᠠᠭᠠᠯᠠᠯ ᠶᠤᠰᠤᠭᠠᠷ ᠲᠤᠭᠲᠠᠭᠠᠬᠤ ᠶᠢᠨ ᠬᠠᠮᠲᠤ ᠢᠯᠡ ᠨᠡᠶᠢᠲᠡᠯᠡᠵᠦ᠂ ᠠᠷᠠᠳ ᠢᠷᠭᠡᠳ᠂ ᠬᠠᠤᠯᠢ ᠶᠢᠨ ᠡᠷᠬᠡᠲᠡᠨ | ᠪᠤᠯᠤᠨ ᠪᠤᠰᠤᠳ ᠵᠤᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠬᠤᠯᠪᠤᠭᠳᠠᠭᠰᠠᠨ᠂ ᠨᠡᠶᠢᠳᠠᠮ ᠬᠢᠵᠠᠭᠠᠷᠯᠠᠬᠤ | ᠬᠦᠴᠦᠨ ᠲᠠᠢ᠂ ᠵᠤᠬᠢᠬᠤ ᠴᠠᠭ ᠬᠤᠭᠤᠴᠠᠭᠠᠨ ᠳᠤ ᠳᠠᠬᠢᠨ ᠳᠠᠪᠲᠡᠨ ᠲᠣᠬᠢᠷᠠᠭᠤᠯᠣᠨ ᠬᠡᠷᠡᠭᠯᠡᠵᠣ ᠪᠣᠯᠬᠤ ᠠᠯᠪᠠᠨ | ᠪᠢᠴᠢᠭ ᠶᠤᠮ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠨᠢ ᠨᠡᠶᠢᠭᠡᠮ ᠵᠢᠷᠤᠮ ᠤᠨ | ᠭᠤᠤᠯᠯᠠᠭᠴᠢ ᠦᠷᠲᠡᠭ ᠤᠨ ᠦᠵᠡᠯᠲᠡ᠂ ᠬᠠᠤᠯᠢ ᠴᠠᠭᠠᠵᠠ ᠬᠠᠤᠯᠢ ᠲᠤᠭᠲᠠᠭᠠᠯ ᠪᠤᠯᠤᠨ ᠤᠯᠤᠰ ᠤᠨ ᠲᠦᠷᠦ ᠶᠢᠨ | ᠪᠤᠳᠤᠯᠭ᠎ᠠ ᠶᠢᠨ ᠱᠠᠭᠠᠷᠳᠠᠯᠭ᠎ᠠ ᠲᠠᠢ ᠨᠡᠶᠢᠴᠡᠭᠰᠡᠨ ᠪᠠᠶᠢᠬᠤ ᠬᠡᠷᠡᠭᠲᠡᠢ᠃ ︽ᠮᠡᠳᠡᠭᠳᠡᠯ︾ ᠪᠤᠯᠤᠨ ︽ᠥᠪᠥᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ | ᠪᠦᠷᠢᠳᠭᠡᠨ ᠲᠠᠩᠰᠠᠯᠠᠬᠤ ᠳᠤ ᠬᠢᠨᠠᠯᠲᠠ ᠲᠠᠯᠪᠢᠬᠤ ᠠᠷᠭ᠎ᠠ︾ ︵ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠵᠠᠷᠯᠢᠭ 191 ᠳ᠋ᠤᠭᠡᠷ ᠲᠤᠭᠠᠲᠦ᠂ ᠲᠤᠷᠤᠭᠰᠢ ︽ᠠᠷᠭ᠎ᠠ︾ ᠭᠡᠵᠦ ᠲᠤᠪᠴᠢᠯᠠᠨ᠎ᠠ︶ ᠶᠢᠨ | ᠲᠤᠭᠲᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠤᠨᠴᠠᠯᠢᠭ | ᠰᠢᠨᠵᠢ ᠶᠢ ᠤᠨᠤᠪᠴᠢᠲᠠᠢ ᠡᠵᠡᠮᠰᠢᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ | ᠬᠦᠷᠢᠶ᠎ᠠ ᠬᠡᠪᠴᠢᠶ᠎ᠡ ᠶᠢ ᠴᠢᠩᠳᠠ ᠵᠠᠭᠠᠭᠯᠠᠨ ᠲᠤᠭᠲᠠᠭᠠᠵᠦ᠂ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠳᠡᠰ | ᠳᠠᠷᠠᠭᠠᠯᠠᠯ ᠢ ᠬᠢᠨᠠᠮᠠᠭᠠᠢ ᠭᠦᠢᠴᠡᠳᠭᠡᠨ᠂ ᠲᠤᠷ᠎ᠠ ᠪᠠᠷ ᠢᠶᠠᠨ ᠪᠢᠴᠢᠭ ᠮᠠᠲ᠋ᠧᠷᠢᠶᠠᠯ ᠶᠠᠪᠤᠭᠤᠯᠬᠤ᠂ ︽ᠬᠠᠴᠢᠨ ᠵᠢᠭᠲᠡᠢ︾ | ᠪᠢᠴᠢᠭ ᠮᠠᠲ᠋ᠧᠷᠢᠶᠠᠯ ᠨᠠᠶᠢᠳᠡᠯᠡᠭᠦ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ | ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠲᠤ ᠬᠠᠯᠳᠠᠬᠤ᠂ ᠵᠠᠰᠠᠭ ᠤᠨ ᠤᠷᠳᠤᠨ ᠤ ᠨᠡᠶᠢᠲᠡ ᠳᠤ | ᠢᠲᠡᠬᠡᠭᠦᠯᠬᠦ ᠬᠦᠴᠦᠨ ᠢ ᠬᠤᠬᠢᠷᠠᠭᠤᠯᠬᠤ ᠦᠵᠡᠭᠳᠡᠯ ᠡᠭᠦᠰᠬᠦ ᠶᠢ ᠡᠷᠡᠰ ᠵᠤᠭᠰᠤᠭᠠᠬᠤ ᠬᠡᠷᠡᠭᠲᠡᠢ᠃ | ︵ᠬᠤᠶᠠᠷ︶ ᠬᠠᠤᠯᠢ ᠳᠤ ᠲᠤᠭᠲᠠᠭᠠᠭᠰᠠᠨ ᠡᠷᠬᠡ ᠶᠢᠨ ᠬᠢᠵᠠᠭᠠᠷ ᠢᠶᠠᠷ ᠬᠢᠨᠠᠮᠠᠭᠠᠢ ᠭᠦᠢᠴᠡᠳᠭᠡᠬᠦ ᠬᠡᠷᠡᠭᠲᠡᠢ᠃ | ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠡᠷᠬᠡᠪᠰᠢ ᠪᠡᠶᠡᠯᠡᠭᠦᠯᠵᠦ᠂ ᠬᠠᠤᠯᠢ ᠠᠴᠠ ᠡᠷᠬᠡ | ᠤᠯᠭᠤᠭᠰᠠᠨ ᠦᠭᠡᠢ ᠪᠤᠯ ᠬᠢᠵᠦ ᠪᠤᠯᠬᠤ ᠦᠭᠡᠢ ᠭᠡᠳᠡᠭ ᠢ ᠪᠠᠷᠢᠮᠲᠠᠯᠠᠨ᠂ ᠵᠠᠰᠠᠭ ᠵᠠᠬᠢᠷᠭᠠᠨ ᠤ ᠡᠷᠬᠡ ᠶᠢᠨ | ᠠᠵᠢᠯᠯᠠᠭᠠᠨ ᠳᠤ ᠬᠢᠨᠠᠯᠲᠠ ᠲᠠᠯᠪᠢᠬᠤ ᠪᠠ ᠬᠢᠵᠠᠭᠠᠷᠯᠠᠬᠤ ᠪᠠᠨ ᠴᠢᠩᠭᠠᠳᠬᠠᠵᠦ᠂ ᠬᠠᠤᠯᠢ ᠳᠤ ᠲᠤᠭᠲᠠᠭᠠᠭᠰᠠᠨ | ᠡᠷᠬᠡ ᠶᠢᠨ ᠬᠢᠵᠠᠭᠠᠷ ᠢ ᠴᠢᠩᠳᠠ ᠵᠢᠷᠤᠮᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠬᠡ ᠠᠴᠠ ᠪᠠᠨ ᠳᠠᠪᠠᠨ | ᠪᠢᠴᠢᠭ ᠮᠠᠲ᠋ᠧᠷᠢᠶᠠᠯ ᠶᠠᠪᠤᠭᠤᠯᠬᠤ ᠶᠢ ᠡᠷᠡᠰ ᠴᠠᠭᠠᠵᠠᠯᠠᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ | ᠬᠠᠭᠤᠳᠠᠰᠤ ᠶᠢᠨ ᠬᠠᠮᠢᠶᠠᠷᠤᠯᠲᠠ ᠶᠢ ᠴᠢᠩᠭᠠᠳᠬᠠᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠳᠤ ᠬᠠᠤᠯᠢ ᠴᠠᠭᠠᠵᠠ᠂ ᠬᠠᠤᠯᠢ ᠲᠤᠭᠲᠠᠭᠠᠯ ᠳᠤ ᠲᠤᠭᠲᠠᠭᠠᠭᠰᠠᠨ ᠠᠴᠠ ᠭᠠᠳᠠᠨᠠᠬᠢ ᠵᠠᠰᠠᠭ ᠵᠠᠬᠢᠷᠭᠠᠨ ᠤ | ᠡᠷᠬᠡ ᠶᠢᠨ ᠵᠦᠢᠯᠡᠰ ᠢ ᠨᠡᠮᠡᠭᠦ ᠪᠤᠶᠤ ᠬᠠᠤᠯᠢ ᠳᠤ ᠲᠤᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠬᠠᠰᠣᠵᠣ ᠪᠤᠯᠬᠤ | ᠦᠭᠡᠢ︔ ᠵᠠᠰᠠᠭ ᠵᠠᠬᠢᠷᠭᠠᠨ ᠤ ᠵᠦᠪᠰᠢᠶᠡᠷᠡᠯ᠂ ᠵᠠᠰᠠᠭ ᠵᠠᠬᠢᠷᠭᠠᠨ ᠤ ᠰᠢᠢᠳᠭᠡᠯ᠂ ᠵᠠᠰᠠᠭ ᠵᠠᠬᠢᠷᠭᠠᠨ ᠤ ᠠᠯᠪᠠᠳᠠᠯᠭ᠎ᠠ | ᠵᠡᠷᠭᠡ ᠵᠦᠢᠯᠡᠰ ᠢ ᠲᠤᠬᠢᠷᠠᠭᠤᠯᠬᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯᠡᠰ ᠭᠦᠢᠴᠡᠳᠭᠡᠬᠦ ᠨᠦᠭᠦᠴᠡᠯ ᠢ | ᠨᠡᠮᠡᠭᠳᠡᠭᠦᠯᠵᠣ᠂ ᠳᠠᠬᠢᠨ ᠳᠠᠪᠳᠠᠭᠰᠠᠨ ᠬᠡᠷᠡᠴᠢ ᠦᠨᠡᠮᠯᠡᠯ᠂ ᠳᠠᠪᠬᠤᠷᠳᠠᠭᠰᠠᠨ ᠭᠡᠷᠡᠴᠢ ᠦᠨᠡᠮᠯᠡᠯ᠂ ᠴᠢᠬᠤᠯᠠ ᠦᠭᠡᠢ | ᠭᠡᠷᠡᠴᠢ ᠦᠨᠡᠮᠯᠡᠯ ᠭᠠᠷᠭᠠᠯᠭᠠᠬᠤ ᠠᠭᠤᠯᠭ᠎ᠠ ᠲᠤᠭᠲᠠᠭᠠᠵᠤ ᠪᠤᠯᠬᠤ ᠦᠭᠡᠢ︔ ᠠᠷᠠᠳ ᠢᠷᠭᠡᠳ᠂ ᠬᠠᠤᠯᠢ ᠶᠢᠨ | ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠠᠴᠠ | ᠵᠦᠷᠢᠴᠡᠨ ᠬᠤᠬᠢᠷᠠᠭᠤᠯᠤᠨ ᠬᠠᠰᠣᠬᠤ ᠪᠤᠶᠤ ᠡᠭᠦᠷᠭᠡ ᠶᠢ ᠨᠢ ᠬᠠᠤᠯᠢ ᠪᠤᠰᠤ ᠪᠠᠷ ᠨᠡᠮᠡᠭᠳᠡᠭᠦᠯᠵᠦ᠂ ᠠᠷᠠᠳ | ᠢᠷᠭᠡᠳ ᠤᠨ ᠪᠡᠶ᠎ᠡ ᠶᠢᠨ ᠡᠷᠬᠡ᠂ ᠡᠳ᠋ ᠬᠦᠷᠦᠩᠭᠡ ᠶᠢᠨ ᠡᠷᠬᠡ᠂ ᠬᠦᠮᠦᠨ ᠤ ᠨᠡᠷ᠎ᠡ ᠬᠦᠨᠳᠦ ᠶᠢᠨ ᠡᠷᠬᠡ᠂ | ᠬᠦᠳᠡᠯᠮᠦᠷᠢᠯᠡᠬᠦ ᠡᠷᠬᠡ᠂ ᠠᠮᠠᠷᠠᠬᠤ ᠡᠷᠬᠡ ᠵᠡᠷᠭᠡ ᠦᠨᠳᠦᠰᠦᠨ ᠡᠷᠬᠡ ᠠᠰᠢᠭ ᠲᠠᠢ ᠬᠠᠯᠳᠠᠵᠦ ᠪᠤᠯᠬᠤ ᠦᠭᠡᠢ︔ ᠵᠠᠬ᠎ᠠ | ᠳᠡᠯᠭᠡᠭᠦᠷ ᠢᠶᠠᠷ ᠵᠤᠬᠢᠴᠠᠭᠤᠯᠬᠤ᠂ ᠠᠵᠦ ᠠᠬᠤᠶᠢᠯᠠᠯ ᠪᠤᠯᠤᠨ ᠨᠡᠶᠢᠭᠡᠮ ᠨᠡᠶᠢᠲᠡ ᠠᠴᠠ ᠦᠪᠡᠷ ᠢ ᠪᠠᠨ ᠱᠠᠭᠠᠷᠳᠠᠬᠤ᠂ | ᠠᠷᠠᠳ ᠢᠷᠭᠡᠳ ᠦᠪᠡᠷ ᠢ ᠪᠠᠨ ᠬᠠᠮᠢᠶᠠᠷᠬᠤ ᠵᠦᠢᠯᠡᠰ ᠤᠳ ᠢ ᠡᠷᠬᠡ ᠲᠤᠰᠢᠶᠠᠯ ᠠᠴᠠ ᠪᠠᠨ ᠳᠠᠪᠠᠨ ᠲᠤᠭᠲᠠᠭᠠᠵᠦ | ᠪᠤᠯᠬᠤ ᠦᠭᠡᠢ︔ ᠡᠷᠬᠡ ᠲᠡᠭᠰᠢ ᠦᠷᠢᠰᠦᠯᠳᠦᠬᠦ ᠶᠢ ᠦᠬᠡᠶᠢᠰᠬᠡᠬᠦ ᠪᠣᠶᠣ ᠬᠢᠵᠠᠭᠠᠷᠯᠠᠬᠤ ᠠᠭᠤᠯᠭ᠎ᠠ ᠠᠭᠤᠯᠤᠭᠰᠠᠨ | ᠠᠷᠭ᠎ᠠ ᠬᠡᠮᠵᠢᠶ᠎ᠡ ᠶᠢ ᠬᠠᠤᠯᠢ ᠠᠴᠠ ᠵᠦᠷᠢᠴᠡᠨ ᠲᠤᠭᠲᠠᠭᠠᠵᠦ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠡᠪ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤ ᠬᠠᠤᠯᠢ ᠠᠴᠠ ᠵᠦᠷᠢᠴᠡᠨ ᠭᠠᠷ ᠳᠦᠷᠢᠬᠦ ᠪᠤᠶᠤ ᠨᠦᠯᠦᠭᠡᠯᠡᠵᠦ᠂ | ᠵᠠᠬ᠎ᠠ ᠳᠡᠯᠭᠡᠭᠦᠷ ᠲᠤ ᠤᠷᠤᠭᠤᠯᠬᠤ ᠪᠠ ᠪᠤᠴᠠᠭᠠᠨ ᠭᠠᠷᠭᠠᠬᠤ ᠵᠡᠷᠭᠡ ᠨᠦᠭᠦᠴᠡᠯ ᠢ ᠬᠠᠤᠯᠢ ᠠᠴᠠ ᠵᠦᠷᠢᠴᠡᠨ | ᠲᠤᠬᠢᠷᠠᠭᠤᠯᠵᠦ ᠪᠤᠯᠬᠤ ᠦᠭᠡᠢ ᠵᠡᠷᠭᠡ ᠪᠤᠯᠤᠨ᠎ᠠ᠃ | ︵ᠭᠤᠷᠪᠠ︶ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠳᠠ ᠡᠵᠡᠮᠳᠡᠬᠦ ᠬᠡᠷᠡᠭᠲᠡᠢ᠃ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠭᠤᠤᠯ ᠴᠤᠭᠴᠠ ᠶᠢᠨ ᠬᠢᠷᠢ ᠭᠡᠮ ᠤᠨ | ᠳᠦᠷᠢᠮ ᠪᠤᠯᠤᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠨᠢᠭᠡᠳᠦᠯᠲᠡᠢ ᠳᠠᠩᠰᠠᠯᠠᠨ | ᠲᠡᠮᠳᠡᠭᠯᠡᠬᠦ᠂ ᠨᠢᠭᠡᠳᠦᠯᠲᠡᠢ ᠳ᠋ᠤᠭᠠᠷᠯᠠᠬᠤ᠂ ᠨᠢᠭᠡᠳᠦᠯᠲᠡᠢ ᠨᠡᠶᠢᠲᠡᠯᠡᠬᠦ ︽ᠭᠤᠷᠪᠠ ᠶᠢ ᠨᠢᠬᠡᠳᠦᠯᠳᠡᠢ ᠪᠠᠶᠢᠯᠭᠠᠬᠤ︾ | ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠦ᠂ ᠰᠢᠯᠢᠳᠡᠭᠵᠢᠭᠦᠯᠦᠨ ᠴᠤᠮᠬᠠᠳᠬᠠᠬᠤ᠂ ᠦᠷ᠎ᠡ ᠴᠢᠳᠠᠮᠵᠢ ᠲᠠᠢ ᠪᠠᠶᠢᠬᠤ | ᠵᠠᠷᠴᠢᠮ ᠶᠤᠰᠤᠭᠠᠷ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠨ ᠶᠠᠪᠤᠭᠤᠯᠬᠤ | ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠤᠨ ᠤᠨ ᠤ ᠪᠢᠴᠢᠭ ᠮᠠᠲ᠋ᠧᠷᠢᠶᠠᠯ ᠶᠠᠪᠤᠭᠤᠯᠬᠤ ᠲᠦᠯᠦᠪᠯᠡᠭᠡ ᠶᠢᠨ ᠲᠦᠷᠢᠮ ᠢ ᠴᠢᠩᠳᠠ ᠬᠡᠷᠡᠭᠵᠢᠭᠦᠯᠵᠦ᠂ | ᠪᠤᠳᠡᠳᠠᠢ ᠠᠭᠤᠯᠭ᠎ᠠ ᠦᠭᠡᠢ᠂ ᠶᠠᠪᠤᠭᠤᠯᠬᠤ ᠪᠣᠯᠣᠮᠵᠢ ᠦᠭᠡᠢ ᠪᠢᠴᠢᠭ ᠮᠠᠲ᠋ᠧᠷᠢᠶᠠᠯ ᠪᠦᠭᠦᠨ ᠢ ᠶᠠᠪᠤᠭᠤᠯᠵᠣ ᠪᠣᠯᠬᠤ | ᠦᠭᠡᠢ᠂ ᠪᠢᠴᠢᠭ ᠮᠠᠲ᠋ᠧᠷᠢᠶᠠᠯ ᠢ ᠲᠡᠬᠡᠳᠦ ᠱᠠᠳᠤᠨ ᠤ ᠬᠢ ᠪᠠᠷ ᠶᠠᠪᠤᠭᠤᠯᠬᠤ ᠶᠢ ᠡᠷᠡᠰ ᠵᠤᠭᠰᠤᠭᠠᠬᠤ ᠬᠡᠷᠡᠭᠲᠡᠢ︔ | ᠬᠠᠤᠯᠢ ᠴᠠᠭᠠᠵᠠ᠂ ᠬᠠᠤᠯᠢ ᠲᠤᠭᠲᠠᠭᠠᠯ᠂ ᠲᠤᠭᠲᠠᠭᠠᠯ ᠳᠦᠷᠢᠮ ᠪᠠ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠳᠤ | ᠨᠢᠭᠡᠨᠲᠡ ᠲᠤᠳᠤᠷᠬᠠᠢ ᠲᠤᠭᠲᠠᠭᠠᠭᠰᠠᠨ᠂ ᠤᠳᠤᠬᠢ ᠬᠡᠷᠡᠭᠵᠢᠭᠦᠯᠵᠦ ᠪᠠᠶᠢᠭ᠎ᠠ ᠪᠢᠴᠢᠭ ᠮᠠᠲ᠋ᠧᠷᠢᠶᠠᠯ ᠳᠤ ᠨᠢᠭᠡᠨᠲᠡ | ᠪᠠᠶᠢᠷᠢᠯᠠᠭᠤᠯᠤᠭᠰᠠᠨ ᠤ ᠬᠠᠮᠲᠦ᠂ ᠮᠦᠨ ᠬᠦ ᠬᠡᠷᠡᠭᠯᠡᠭᠦ ᠳᠤ ᠲᠤᠬᠢᠷᠠᠬᠤ ᠪᠢᠴᠢᠭ ᠮᠠᠲ᠋ᠧᠷᠢᠶᠠᠯ ᠢ ᠳᠠᠪᠬᠤᠷᠳᠠᠭᠤᠯᠤᠨ | ᠶᠠᠪᠤᠭᠤᠯᠵᠤ ᠪᠤᠯᠬᠤ ᠦᠭᠡᠢ︔ ᠠᠭᠤᠯᠭ᠎ᠠ ᠪᠠᠷ ᠤᠶᠢᠷᠠᠯᠴᠠᠭ᠎ᠠ᠂ ᠨᠢᠭᠡᠳᠬᠡᠵᠦ ᠪᠤᠯᠬᠤ ᠶᠢ ᠨᠢ ᠠᠯᠢ ᠴᠢᠲᠠᠬᠤ ᠪᠠᠷ | ᠨᠢᠭᠡᠳᠬᠡᠬᠦ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠠᠭᠤᠯᠭ᠎ᠠ ᠨᠢ | ᠲᠤᠳᠤᠷᠬᠠᠢ᠂ ᠪᠤᠳᠠᠲᠠᠢ ᠪᠠᠶᠢᠵᠦ᠂ ᠬᠠᠨᠳᠤᠯᠭᠠᠲᠦ ᠴᠢᠨᠠᠷ ᠪᠠ ᠠᠵᠢᠯᠯᠠᠭᠠᠲᠦ ᠴᠢᠨᠠᠷ ᠢ ᠴᠢᠬᠤᠯᠠᠴᠢᠯᠠᠨ᠂ ᠦᠭᠡ | ᠦᠰᠦᠭ ᠨᠢ ᠵᠢᠷᠤᠮᠵᠢᠭᠰᠠᠨ᠂ ᠠᠪᠰᠠᠷᠬᠠᠨ᠂ ᠤᠨᠤᠪᠴᠢᠲᠠᠢ ᠪᠦᠭᠡᠳ ᠠᠯᠳᠠᠰᠢ ᠦᠭᠡᠢ ᠪᠠᠶᠢᠬᠤ ᠬᠡᠷᠡᠭᠲᠡᠢ᠃ | ᠬᠤᠶᠠᠷ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠣᠭᠲᠠᠭᠠᠬᠤ ᠳᠡᠰ | ᠳᠠᠷᠠᠭᠠᠯᠠᠯ ᠢ ᠴᠢᠩᠳᠠᠯᠠᠬᠤ ᠬᠡᠷᠡᠭᠲᠡᠢ | ︵ᠳᠦᠷᠪᠡ︶ ᠲᠤᠭᠲᠠᠭᠠᠨ ᠶᠠᠪᠤᠭᠤᠯᠬᠤ ᠳᠡᠰ ᠳᠠᠷᠠᠭᠠᠯᠠᠯ ᠢ ᠴᠢᠩᠳᠠᠯᠠᠬᠤ ᠬᠡᠷᠡᠭᠲᠡᠢ᠃ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠨ ᠶᠠᠪᠤᠭᠤᠯᠬᠤ ᠳᠤ ᠡᠷᠬᠡᠪᠰᠢ ᠬᠠᠤᠯᠢ ᠳᠤ | ᠲᠤᠭᠲᠠᠭᠠᠭᠰᠠᠨ ᠳᠡᠰ ᠳᠠᠷᠠᠭᠠᠯᠠᠯ ᠢ ᠴᠢᠩᠳᠠ ᠵᠢᠷᠤᠮᠯᠠᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠴᠢᠬᠤᠯᠠ | ᠪᠢᠴᠢᠭ ᠮᠠᠲ᠋ᠧᠷᠢᠶᠠᠯ ᠳᠤ ᠦᠨᠡᠯᠡᠨ ᠵᠢᠱᠢᠵᠦ ᠨᠤᠲᠠᠯᠠᠯᠲᠠ ᠬᠢᠬᠦ᠂ ᠦᠷᠭᠡᠨ ᠢᠶᠠᠷ ᠰᠠᠨᠠᠯ ᠬᠤᠷᠢᠶᠠᠬᠤ᠂ ᠬᠠᠤᠯᠢ | ᠶᠤᠰᠤᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠬᠢᠨᠠᠨ ᠵᠦᠪᠯᠡᠵᠦ ᠲᠤᠭᠲᠠᠭᠠᠬᠤ᠂ ᠨᠡᠶᠢᠭᠡᠮ ᠨᠡᠶᠢᠲᠡ ᠳᠤ | ᠢᠯᠡ ᠪᠠᠷ ᠨᠡᠶᠢᠲᠡᠯᠡᠬᠦ ᠵᠡᠷᠭᠡ ᠳᠡᠰ ᠳᠠᠷᠠᠭᠠᠯᠠᠯ ᠢ ᠴᠢᠩᠳᠠ ᠬᠡᠷᠡᠭᠵᠢᠭᠦᠯᠬᠦ ᠬᠡᠷᠡᠭᠲᠡᠢ᠃ ᠠᠵᠢᠯ ᠤᠨ ᠲᠤᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠴᠤᠪᠤᠷᠠᠯ ᠢ ᠲᠡᠭᠦᠯᠳᠡᠷᠵᠢᠭᠦᠯᠦᠨ᠂ ᠲᠤᠭᠲᠠᠭᠠᠨ ᠶᠠᠪᠤᠭᠤᠯᠬᠤ ᠠᠵᠢᠯ ᠤᠨ | ᠵᠢᠷᠤᠮᠵᠢᠭᠤᠨ ᠡᠮᠬᠢ ᠲᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ | ︵ᠲᠠᠪᠤ︶ ᠲᠤᠭᠲᠠᠭᠠᠨ ᠶᠠᠪᠤᠭᠤᠯᠬᠤ ᠳᠤ ᠦᠨᠡᠯᠡᠨ ᠵᠢᠱᠢᠵᠦ ᠨᠤᠲᠠᠯᠠᠯᠲᠠ ᠬᠢᠬᠦ ᠶᠢ ᠴᠢᠩᠭᠠᠳᠬᠠᠬᠤ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠤᠷᠪᠢᠨ ᠲᠤᠭᠲᠠᠭᠠᠬᠤ ᠦᠶ᠎ᠡ ᠳᠤ᠂ | ᠨᠤᠤᠷᠠᠭᠯᠠᠬᠤ ᠰᠠᠯᠠᠭ᠎ᠠ ᠮᠦᠴᠢᠷ ᠨᠢ ᠪᠢᠴᠢᠭ ᠮᠠᠲ᠋ᠧᠷᠢᠶᠠᠯ ᠤᠨ ᠴᠢᠬᠤᠯᠠ ᠴᠢᠨᠠᠷ᠂ ᠪᠤᠯᠤᠮᠵᠢᠲᠤ ᠴᠢᠨᠠᠷ ᠪᠠ ᠵᠦᠢ | ᠶᠤᠰᠤᠨ ᠤ ᠴᠢᠨᠠᠷ ᠲᠤ ᠨᠤᠲᠠᠯᠠᠯᠲᠠ ᠬᠢᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ | ᠲᠤᠭᠲᠠᠭᠠᠭᠰᠠᠨ ᠠᠴᠠ ᠪᠤᠯᠬᠤ ᠵᠢᠱᠢᠭᠰᠡᠨ ᠦᠷ᠎ᠡ ᠳ᠋ᠦᠡᠭ ᠪᠤᠯᠤᠨ ᠡᠭᠦᠰᠴᠦ ᠮᠡᠳᠡᠬᠦ᠋ᠢᠴᠡ ᠨᠦᠯᠦᠭᠡ ᠶᠢ ᠰᠢᠨᠵᠢᠯᠡᠬᠦ | ᠤᠬᠠᠭᠠᠨᠴᠢ ᠪᠠᠷ ᠦᠨᠡᠯᠡᠨ ᠵᠢᠱᠢᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠠᠤᠯᠢ | ᠶᠤᠰᠤᠨ ᠤ ᠬᠦᠴᠦᠨ ᠲᠠᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠪᠢᠴᠢᠭ ᠮᠠᠲ᠋ᠧᠷᠢᠶᠠᠯ ᠢ ᠲᠤᠭᠲᠠᠭᠠᠬᠤ | ᠠᠵᠢᠯ ᠲᠤᠮᠳᠠᠬᠢ ᠲᠤᠰᠬᠠᠢ ᠮᠡᠷᠭᠡᠵᠢᠯ ᠤᠨ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠦ᠂ ᠲᠤᠰᠬᠠᠢ | ᠮᠡᠷᠭᠡᠵᠢᠯ ᠤᠨ ᠴᠢᠨᠠᠷ᠂ ᠮᠡᠷᠬᠡᠰᠢᠯ ᠤᠨ ᠴᠢᠨᠠᠷ ᠢᠶᠠᠷ ᠴᠢᠩᠭ᠎ᠠ ᠵᠢᠴᠢ ᠬᠤᠯᠪᠤᠭᠳᠠᠬᠤ ᠬᠡᠪᠴᠢᠶ᠎ᠡ ᠪᠠᠷ ᠦᠷᠭᠡᠨ᠂ | ᠬᠦᠴᠢᠷ ᠤᠨ ᠬᠡᠮᠵᠢᠶ᠎ᠡ ᠪᠠᠷ ᠶᠡᠬᠡᠲᠡᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠬᠠᠮᠢᠶ᠎ᠠ | ᠪᠦᠬᠦᠢ ᠲᠤᠰᠬᠠᠢ ᠬᠦᠷᠢᠶ᠎ᠠ ᠴᠠᠷᠠᠭ᠎ᠠ ᠶᠢᠨ ᠮᠡᠷᠭᠡᠵᠢᠯᠲᠡᠣᠨ ᠢ ᠵᠤᠬᠢᠶᠠᠨ ᠪᠠᠶᠢᠭᠤᠯᠵᠦ ᠨᠤᠲᠠᠯᠠᠯᠲᠠ ᠬᠢᠯᠬᠡᠬᠦ | ᠬᠡᠷᠡᠭᠲᠡᠢ᠃ | ︵ᠵᠢᠷᠭᠤᠭ᠎ᠠ︶ ᠦᠷᠭᠡᠨ ᠢᠶᠠᠷ ᠰᠠᠨᠠᠯ ᠬᠤᠷᠢᠶᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ | ᠪᠢᠴᠢᠭ ᠮᠠᠲ᠋ᠧᠷᠢᠶᠠᠯ ᠢ ᠲᠤᠭᠲᠠᠭᠠᠬᠤ ᠳᠠᠭᠠᠨ ᠠᠷᠠᠳᠴᠢᠯᠠᠯ ᠢ ᠭᠦᠢᠴᠡᠳ ᠪᠠᠳᠠᠷᠠᠭᠤᠯᠵᠦ᠂ ᠠᠷᠠᠳ ᠤᠨ ᠣᠶᠤᠨ | ᠤᠬᠠᠭᠠᠨ ᠢ ᠦᠷᠭᠡᠨ ᠢᠶᠠᠷ ᠲᠦᠪᠯᠡᠷᠡᠭᠦᠯᠦᠨ᠂ ᠠᠷᠠᠳ ᠤᠨ ᠰᠠᠨᠠᠯ ᠢ ᠬᠦᠨᠵᠡᠭᠡᠢ ᠲᠤᠰᠬᠠᠵᠣ᠂ ᠭᠠᠭᠴᠠ ᠬᠦ ᠵᠠᠰᠠᠭ | ᠵᠠᠬᠢᠷᠭᠠᠨ ᠤ ᠪᠠᠶᠢᠭᠤᠯᠭ᠎ᠠ᠂ ᠰᠢᠰᠲ᠋ᠧᠮ ᠤᠨ ᠲᠤᠳᠤᠭᠠᠳᠤ ᠠᠴᠠ ᠪᠠᠨ ᠰᠠᠨᠠᠯ ᠬᠤᠷᠢᠶᠠᠭᠠᠳ ᠯᠨ ᠪᠠᠶᠢᠵᠦ ᠪᠤᠯᠬᠤ | ᠦᠭᠡᠢ᠃ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠳᠤ ᠨᠢ ᠬᠤᠯᠪᠤᠭᠳᠠᠭᠰᠠᠨ ᠪᠤᠶᠤ ᠠᠷᠠᠳ ᠢᠷᠭᠡᠳ᠂ | ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠴᠢᠬᠤᠯᠠ ᠨᠦᠯᠦᠭᠡ | ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠬᠠᠤᠯᠢ ᠶᠤᠰᠤᠭᠠᠷ ᠨᠢᠭᠤᠴᠠ ᠶᠢ | ᠬᠠᠮᠠᠭᠠᠯᠠᠬᠤ ᠴᠢᠬᠤᠯᠠ ᠲᠠᠢ ᠠᠴᠠ ᠭᠠᠳᠠᠨ᠎ᠠ᠂ ᠨᠤᠤᠷᠠᠭᠯᠠᠬᠤ ᠰᠠᠯᠠᠭ᠎ᠠ ᠮᠦᠴᠢᠷ ᠨᠢ ᠵᠠᠰᠠᠭ ᠤᠨ ᠤᠷᠳᠤᠨ ᠤ | ᠰᠦᠯᠵᠢᠶ᠎ᠡ᠂ ᠰᠤᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠰᠤᠨᠢᠨ ᠰᠡᠳᠭᠦᠯ᠂ ᠷᠠᠳᠢᠤ᠋ ᠨᠡᠪᠲᠡᠷᠡᠭᠦᠯᠭᠡ᠂ ᠲᠧᠯᠸᠢᠰ | ᠵᠡᠷᠭᠡ ᠤᠯᠠᠨ ᠲᠦᠮᠡᠨ ᠤ ᠤᠶᠢᠯᠠᠭᠠᠵᠤ ᠮᠡᠳᠡᠬᠦ ᠳᠤ ᠳᠦᠭᠦᠮ ᠠᠷᠭ᠎ᠠ ᠬᠡᠯᠪᠡᠷᠢ ᠪᠠᠷ ᠨᠡᠶᠢᠭᠡᠮ ᠨᠡᠶᠢᠲᠡ ᠶᠢᠨ ᠰᠠᠨᠠᠯ ᠢ | ᠰᠤᠨᠤᠰᠬᠤ ᠬᠡᠷᠡᠭᠲᠡᠢ︔ ᠤᠯᠠᠨ ᠲᠦᠮᠡᠨ ᠤ ᠴᠢᠬᠤᠯᠠ ᠶᠡᠭᠡ ᠠᠰᠢᠭ ᠲᠤᠰᠠ ᠶᠢᠨ ᠲᠤᠬᠢᠷᠠᠭᠤᠯᠤᠯᠲᠠ ᠲᠠᠢ | ᠬᠤᠯᠪᠤᠭᠳᠠᠭᠰᠠᠨ ᠪᠠᠶᠢᠪᠠᠯ᠂ ᠨᠤᠤᠷᠠᠭᠯᠠᠬᠤ ᠰᠠᠯᠠᠭ᠎ᠠ ᠮᠦᠴᠢᠷ ᠨᠢ ᠬᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ | ᠰᠠᠭᠤᠳᠠᠯ ᠤᠨ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠯᠲᠡ ᠰᠤᠨᠤᠰᠬᠤ ᠬᠤᠷᠠᠯ ᠪᠤᠶᠤ ᠲᠤᠬᠠᠢ ᠶᠢᠨ | ᠭᠠᠵᠠᠷ ᠲᠤ ᠨᠢ ᠭᠦᠷᠴᠣ ᠰᠤᠷᠪᠤᠯᠵᠢᠯᠠᠬᠤ ᠵᠡᠷᠭᠡ ᠬᠡᠯᠪᠡᠷᠢ ᠪᠠᠷ ᠡᠯ᠎ᠡ ᠲᠠᠯ᠎ᠠ ᠶᠢᠨ ᠰᠠᠨᠠᠯ ᠢ ᠭᠦᠢᠴᠡᠳ ᠰᠤᠨᠤᠰᠴᠤ᠂ | ᠤᠨᠴᠠᠭᠠᠶᠢᠯᠠᠨ ᠵᠠᠰᠠᠭ ᠵᠠᠬᠢᠷᠭᠠᠨ ᠤ ᠬᠠᠷᠢᠴᠠᠩᠭᠤᠢ ᠬᠦᠮᠦᠨ ᠪᠤᠯᠤᠨ ᠠᠰᠢᠭ ᠲᠤᠰᠠ ᠶᠢᠨ ᠬᠠᠮᠢᠶ᠎ᠠ ᠪᠦᠬᠦᠢ | ᠲᠠᠯ᠎ᠠ ᠶᠢᠨ ᠬᠢᠨ ᠤ ᠰᠠᠨᠠᠯ ᠢ ᠰᠤᠨᠤᠰᠬᠤ ᠬᠡᠷᠡᠭᠲᠡᠢ᠃ ᠰᠠᠨᠠᠯ ᠢᠶᠠᠨ ᠰᠤᠯᠢᠯᠴᠠᠨ ᠵᠦᠪᠳᠡᠯᠴᠡᠵᠦ ᠬᠠᠷᠢᠭᠤ ᠲᠤᠰᠬᠠᠬᠤ | ᠲᠤᠭᠲᠠᠴᠠ ᠶᠢ ᠪᠠᠶᠢᠭᠤᠯᠵᠤ᠂ ᠬᠠᠷᠢᠴᠠᠩᠭᠤᠢ ᠲᠦᠪᠯᠡᠷᠡᠭᠰᠡᠨ ᠰᠠᠨᠠᠯ ᠰᠠᠨᠠᠭᠤᠯᠭ᠎ᠠ ᠶᠢ ᠬᠡᠷᠡᠭᠯᠡᠭᠰᠡᠨ ᠦᠭᠡᠢ ᠪᠤᠯ | ᠨᠤᠤᠷᠠᠭᠯᠠᠬᠤ ᠰᠠᠯᠠᠭ᠎ᠠ ᠮᠦᠴᠢᠷ ᠨᠢ ᠰᠠᠨᠠᠭᠠᠴᠢᠯᠠᠭ᠎ᠠ ᠠᠴᠠ ᠪᠠᠨ ᠵᠦᠪᠳᠡᠯᠴᠡᠵᠦ᠂ ᠵᠦᠪᠳᠡᠯᠴᠡᠭᠡᠳ ᠮᠦᠨ ᠬᠦ ᠰᠠᠨᠠᠯ | ᠨᠢᠭᠡᠳᠦᠭᠰᠡᠨ ᠦᠭᠡᠢ ᠪᠤᠯ ᠨᠤᠤᠷᠠᠭᠯᠠᠬᠤ ᠰᠠᠯᠠᠭ᠎ᠠ ᠮᠦᠴᠢᠷ ᠨᠢ ᠤᠴᠢᠷ ᠰᠢᠯᠲᠠᠭᠠᠨ ᠢᠶᠠᠨ ᠲᠤᠳᠤᠷᠬᠠᠶᠢᠯᠠᠵᠦ᠂ ᠰᠠᠨᠠᠯ | ᠲᠤᠷᠠᠳᠬᠤ ᠬᠡᠷᠡᠭᠲᠡᠢ᠃ | ︵ᠳᠤᠯᠤᠭ᠎ᠠ︶ ᠬᠢᠨᠠᠨ ᠬᠠᠷᠭᠤᠭᠤᠯᠵᠦ ᠡᠵᠡᠮᠳᠡᠨ ᠬᠠᠷᠢᠭᠤᠴᠠᠬᠤ ᠪᠠᠨ ᠴᠢᠩᠳᠠᠯᠠᠬᠤ ᠬᠡᠷᠡᠭᠲᠡᠢ᠃ ᠬᠠᠤᠯᠢ | ᠶᠤᠰᠤᠴᠢ ᠴᠢᠨᠠᠷ ᠢ ᠬᠢᠨᠠᠨ ᠪᠠᠶᠢᠴᠠᠭᠠᠬᠤ ᠳᠡᠰ ᠳᠠᠷᠠᠭᠠᠯᠠᠯ ᠪᠤᠯᠤᠨ ᠲᠤᠭᠲᠠᠴᠠ ᠶᠢ ᠲᠡᠭᠦᠯᠳᠡᠷᠵᠢᠭᠦᠯᠦᠨ᠂ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠬᠤ ᠪᠠᠶᠢᠭᠤᠯᠭ᠎ᠠ ᠶᠢᠨ ᠠᠯᠪᠠᠯᠠᠬᠤ | ᠪᠠᠶᠢᠭᠤᠯᠤᠮᠵᠢ᠂ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠬᠤ ᠬᠡᠷᠡᠭᠲᠡᠢ᠃ ᠲᠤᠭᠲᠠᠭᠠᠬᠤ ᠪᠠᠶᠢᠭᠤᠯᠭ᠎ᠠ ᠶᠢᠨ ᠠᠯᠪᠠᠯᠠᠬᠤ | ᠪᠠᠶᠢᠭᠤᠯᠤᠮᠵᠢ ᠠᠴᠠ ᠨᠤᠤᠷᠠᠭᠯᠠᠬᠤ ᠰᠠᠯᠠᠭ᠎ᠠ ᠮᠦᠴᠢᠷ ᠨᠢ ᠲᠤᠨᠨᠳ᠋ᠬᠠᠰᠠᠨ ᠳᠡᠰ ᠳᠠᠷᠠᠭᠠᠯᠠᠯ ᠢ ᠴᠢᠩᠳᠠ ᠵᠢᠷᠤᠮᠯᠠᠵᠦ | ᠨᠣᠣᠷᠠᠭᠯᠠᠭᠰᠠᠨ ᠡᠰᠡᠬᠦ᠂ ᠦᠨᠡᠯᠡᠨ ᠵᠢᠱᠢᠵᠦ ᠨᠤᠲᠠᠯᠠᠯᠲᠠ ᠬᠢᠭᠰᠡᠨ ᠡᠰᠡᠬᠦ᠂ ᠦᠷᠭᠡᠨ ᠢᠶᠠᠷ ᠰᠠᠨᠠᠯ ᠬᠤᠷᠢᠶᠠᠭᠰᠠᠨ | ᠡᠰᠡᠬᠦ᠂ ᠲᠦᠪ ᠭᠤᠤᠯᠴᠢ ᠦᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠰᠡᠨ ᠡᠰᠡᠬᠦ ᠵᠡᠷᠭᠡ ᠶᠢ ᠬᠢᠨᠠᠨ | ᠬᠠᠷᠭᠤᠭᠤᠯᠬᠤ ᠬᠡᠷᠡᠭᠲᠡᠢ᠃ ᠲᠤᠭᠲᠠᠭᠠᠬᠤ ᠪᠠᠶᠢᠭᠤᠯᠭ᠎ᠠ ᠶᠢᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠬᠤ ᠶᠢ | ᠬᠠᠷᠢᠭᠤᠴᠠᠵᠤ ᠪᠠᠶᠢᠭ᠎ᠠ ᠰᠠᠯᠠᠭ᠎ᠠ ᠮᠦᠴᠢᠷ ᠨᠢ ᠪᠢᠴᠢᠭ ᠮᠠᠲ᠋ᠧᠷᠢᠶᠠᠯ ᠲᠤᠭᠲᠠᠭᠠᠬᠤ ᠭᠤᠤᠯ ᠴᠤᠭᠴᠠ᠂ ᠳᠡᠰ | ᠳᠠᠷᠠᠭᠠᠯᠠᠯ᠂ ᠬᠤᠯᠪᠤᠭᠳᠠᠯ ᠪᠦᠬᠦᠢ ᠠᠭᠤᠯᠭ᠎ᠠ ᠵᠡᠷᠭᠡ ᠶᠢᠨ ᠬᠠᠤᠯᠢ ᠴᠠᠭᠠᠵᠠ᠂ ᠬᠠᠤᠯᠢ ᠲᠤᠭᠲᠠᠭᠠᠯ ᠪᠠ ᠲᠤᠭᠲᠠᠭᠠᠯ | ᠳᠦᠷᠢᠮ ᠤᠨ ᠲᠤᠭᠲᠠᠭᠠᠯ ᠳᠤ ᠨᠡᠶᠢᠴᠠᠬᠦ ᠡᠰᠡᠬᠦ ᠳᠤ ᠴᠠᠭ ᠲᠤᠬᠠᠢ ᠳᠤ ᠨᠢ ᠬᠠᠤᠯᠢ ᠶᠤᠰᠤᠴᠢ ᠴᠢᠨᠠᠷ ᠤᠨ ᠬᠢᠨᠠᠨ | ᠪᠠᠶᠢᠴᠠᠭᠠᠯᠲᠠ ᠬᠢᠬᠦ ᠬᠡᠷᠡᠭᠲᠡᠢ᠃ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠶᠢ ᠳᠡᠮᠵᠢᠬᠰᠡᠨ ᠦᠭᠡᠢ ᠪᠤᠶᠤ | ᠬᠢᠨᠠᠨ ᠬᠠᠷᠭᠤᠭᠤᠯᠤᠭᠠᠳ ᠬᠠᠤᠯᠢ ᠳᠤ ᠨᠡᠶᠢᠴᠡᠭᠰᠡᠨ ᠦᠭᠡᠢ ᠪᠠᠶᠢᠪᠠᠯ᠂ ᠬᠠᠮᠲᠤ ᠪᠠᠷ ᠬᠢᠨᠠᠨ ᠵᠦᠪᠯᠡᠭᠦᠯᠬᠦ ᠪᠠᠷ | ᠲᠤᠰᠢᠶᠠᠵᠣ ᠪᠤᠯᠬᠤ ᠦᠭᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠨᠢ ᠵᠠᠰᠠᠭ | ᠵᠠᠬᠢᠷᠭᠠᠨ ᠤ ᠴᠢᠬᠤᠯᠠ ᠶᠡᠭᠡ ᠰᠢᠢᠳᠪᠤᠷᠢᠲᠤ ᠪᠤᠳᠤᠯᠭ᠎ᠠ ᠲᠤᠭᠲᠠᠭᠠᠬᠤ ᠵᠦᠢᠯᠡᠰ ᠲᠠᠢ ᠬᠤᠯᠪᠤᠭᠳᠠᠭᠰᠠᠨ ᠪᠠᠶᠢᠪᠠᠯ᠂ ︽ | ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠢᠢᠳᠪᠤᠷᠢᠲᠤ ᠪᠤᠳᠤᠯᠭ᠎ᠠ ᠲᠤᠭᠲᠠᠭᠠᠬᠤ | ᠳᠡᠰ ᠳᠠᠷᠠᠭᠠᠯᠠᠯ ᠤᠨ ᠲᠤᠭᠲᠠᠭᠠᠯ︾ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠵᠠᠷᠯᠢᠭ 209 ᠳ᠋ᠤᠭᠡᠷ ᠲᠤᠭᠠᠲᠦ︶ ᠶᠤᠰᠤᠭᠠᠷ ᠬᠠᠮᠢᠶ᠎ᠠ ᠪᠦᠬᠦᠢ ᠳᠡᠰ ᠳᠠᠷᠠᠭᠠᠯᠠᠯ ᠢ ᠭᠦᠢᠴᠡᠳᠭᠡᠬᠦ ᠬᠡᠷᠡᠭᠲᠡᠢ᠃ | ᠨᠤᠤᠷᠠᠭᠯᠠᠬᠤ ᠰᠠᠯᠠᠭ᠎ᠠ ᠮᠦᠴᠢᠷ ᠨᠢ ᠬᠦᠷᠭᠡᠨ ᠬᠢᠨᠠᠭᠤᠯᠬᠤ ᠡᠬᠡ ᠨᠤᠤᠷᠠᠭ ᠵᠢᠴᠢ ᠬᠤᠯᠪᠤᠭᠳᠠᠯ ᠪᠦᠬᠦᠢ ᠮᠠᠲ᠋ᠧᠷᠢᠶᠠᠯ ᠢ | ᠵᠡᠷᠬᠡ ᠳᠤ ᠨᠢ ᠲᠤᠭᠲᠠᠭᠠᠬᠤ ᠪᠠᠶᠢᠭᠤᠯᠭ᠎ᠠ ᠶᠢᠨ ᠠᠯᠪᠠᠯᠠᠬᠤ ᠪᠠᠶᠢᠭᠤᠯᠤᠮᠵᠢ ᠳᠤ ᠴᠠᠭ ᠲᠤᠬᠠᠢ ᠳᠤ ᠨᠢ ᠮᠡᠳᠡᠭᠦᠯᠦᠨ | ᠬᠦᠷᠬᠡᠬᠦ ᠶᠢᠨ ᠬᠠᠮᠲᠤ ᠮᠠᠲ᠋ᠧᠷᠢᠶᠠᠯ ᠤᠨ ᠪᠦᠷᠢᠨ ᠪᠦᠳᠦᠨ ᠴᠢᠨᠠᠷ ᠪᠠ ᠵᠢᠷᠤᠮᠵᠢᠯ ᠤᠨ ᠴᠢᠨᠠᠷ ᠢ ᠪᠠᠲᠤᠯᠠᠬᠤ | ᠬᠡᠷᠡᠭᠲᠡᠢ᠃ | ︵ᠨᠠᠢᠮᠠ︶ ᠬᠠᠮᠲᠤ ᠪᠠᠷ ᠰᠢᠢᠳᠪᠤᠷᠢᠲᠦ ᠪᠤᠳᠤᠯᠭ᠎ᠠ ᠲᠤᠭᠲᠠᠭᠠᠬᠤ ᠶᠢ ᠪᠠᠷᠢᠮᠲᠠᠯᠠᠬᠤ ᠬᠡᠷᠡᠭᠲᠡᠢ᠃ ᠬᠠᠮᠲᠤ ᠪᠠᠷ | ᠬᠢᠨᠠᠨ ᠵᠦᠪᠯᠡᠬᠦ ᠲᠦᠷᠢᠮ ᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠠᠴᠠ ᠵᠦᠷᠢᠴᠡᠨ ᠰᠢᠢᠳᠪᠤᠷᠢᠲᠦ ᠪᠤᠳᠤᠯᠭ᠎ᠠ | ᠲᠤᠨᠨᠳᠠᠭᠠᠬᠤ᠂ ᠭᠠᠭᠴᠠᠭᠠᠷ ᠡᠵᠡ ᠮᠡᠳᠡᠵᠦ ᠰᠢᠢᠳᠪᠦᠷᠢᠳᠦ ᠪᠤᠳᠤᠯᠭ᠎ᠠ ᠲᠤᠭᠲᠠᠭᠠᠬᠤ᠂ ︽ᠲᠤᠯᠤᠭᠠᠢ ᠮᠡᠳᠡᠨ︾ | ᠰᠢᠢᠳᠪᠦᠷᠢᠳᠦ ᠪᠤᠳᠤᠯᠭ᠎ᠠ ᠲᠤᠨᠨᠳᠠᠭᠠᠬᠤ ᠠᠴᠠ ᠰᠡᠷᠭᠡᠶᠢᠯᠡᠬᠦ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠳᠠᠢ ᠪᠢᠴᠢᠭ ᠮᠠᠲ᠋ᠧᠷᠢᠶᠠᠯ ᠳᠤ ᠬᠠᠤᠯᠢ ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠦ ᠵᠡᠷᠭᠡ ᠳᠡᠰ | ᠳᠠᠷᠠᠭᠠᠯᠠᠯ ᠢ ᠭᠦᠢᠴᠡᠳᠭᠡᠭᠰᠡᠨ ᠤ ᠳᠠᠷᠠᠭ᠎ᠠ᠂ ᠲᠤᠭᠲᠠᠭᠠᠬᠤ ᠪᠠᠶᠢᠭᠤᠯᠭ᠎ᠠ ᠳᠤ ᠬᠠᠮᠲᠤ ᠪᠠᠷ ᠬᠢᠨᠠᠨ ᠵᠦᠪᠯᠡᠭᠦᠯᠬᠦ | ᠳᠤᠷᠠᠳᠤᠯᠭ᠎ᠠ ᠳᠡᠪᠰᠢᠭᠦᠯᠵᠦ᠂ ᠵᠠᠰᠠᠭ ᠵᠠᠬᠢᠷᠭᠠᠨ ᠤ ᠰᠢᠢᠳᠪᠦᠷᠢᠳᠦ ᠪᠤᠳᠤᠯᠭ᠎ᠠ ᠲᠤᠨᠨᠳᠠᠭᠠᠬᠤ ᠶᠢᠨ ᠰᠢᠨᠵᠢᠯᠡᠬᠦ | ᠤᠬᠠᠭᠠᠨᠵᠢᠯᠳᠠ᠂ ᠠᠷᠠᠳᠴᠢᠯᠠᠯᠳᠠ ᠶᠢᠨ ᠠᠬᠢᠴᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ | ᠠᠷᠠᠳ ᠤᠨ ᠵᠠᠰᠠᠭ ᠤᠨ ᠤᠷᠳᠤᠨ ᠤ ᠲᠤᠭᠲᠠᠭᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠢ ᠲᠤᠰ ᠱᠠᠲᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠪᠤᠶᠤ ᠪᠦᠭᠦᠳᠡ ᠬᠤᠷᠠᠯ ᠢᠶᠠᠷ | ᠬᠢᠨᠠᠨ ᠵᠦᠪᠯᠡᠵᠦ ᠲᠤᠭᠲᠠᠭᠠᠨ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠲᠤᠭᠲᠠᠭᠠᠭᠰᠠᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠰᠠᠯᠠᠭ᠎ᠠ ᠮᠦᠴᠢᠷ ᠤᠨ ᠠᠯᠪᠠᠯᠠᠬᠤ ᠬᠤᠷᠠᠯ ᠢᠶᠠᠷ ᠬᠢᠨᠠᠨ ᠵᠦᠪᠯᠡᠵᠦ | ᠲᠤᠭᠲᠠᠭᠠᠬᠤ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠠᠮᠲᠤ ᠪᠠᠷ ᠬᠢᠨᠠᠨ | ᠵᠦᠪᠯᠡᠭᠰᠡᠨ ᠤ ᠳᠠᠷᠠᠭ᠎ᠠ ᠠᠭᠤᠯᠭ᠎ᠠ ᠨᠢ ᠨᠡᠯᠢᠶᠡᠳ ᠶᠡᠭᠡ ᠬᠤᠪᠢᠷᠠᠯᠲᠠ ᠲᠠᠢ ᠪᠤᠯ᠂ ᠳᠠᠬᠢᠨ ᠬᠠᠤᠯᠢ ᠶᠤᠰᠤᠴᠢ | ᠴᠢᠨᠠᠷ ᠤᠨ ᠬᠢᠨᠠᠨ ᠪᠠᠶᠢᠴᠠᠭᠠᠯᠳᠠ ᠬᠢᠯᠬᠡᠬᠦ ᠪᠠ ᠬᠠᠮᠲᠤ ᠪᠠᠷ ᠬᠢᠨᠠᠨ ᠵᠦᠪᠯᠡᠭᠦᠯᠬᠦ ᠬᠡᠷᠡᠭᠲᠡᠢ᠃ | ︵ᠶᠢᠰᠦ︶ ᠴᠠᠭ ᠲᠤᠬᠠᠢ ᠳᠤ ᠨᠢ ᠢᠯᠡ ᠨᠡᠶᠢᠲᠡᠯᠡᠬᠦ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠳᠠᠢ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 20 ᠡᠳᠦᠷ ᠤᠨ ᠳᠤᠲᠤᠷ᠎ᠠ᠂ ᠲᠤᠭᠲᠠᠭᠠᠬᠤ | ᠪᠠᠶᠢᠭᠤᠯᠭ᠎ᠠ ᠠᠴᠠ ᠵᠠᠰᠠᠭ ᠤᠨ ᠤᠷᠳᠤᠨ ᠤ ᠠᠯᠪᠠᠨ ᠮᠡᠳᠡᠭᠡ᠂ ᠵᠠᠰᠠᠭ ᠤᠨ ᠤᠷᠳᠤᠨ ᠤ ᠰᠦᠯᠵᠢᠶ᠎ᠡ᠂ ᠵᠠᠰᠠᠭ ᠤᠨ | ᠶᠠᠪᠤᠳᠠᠯ ᠤᠨ ᠰᠢᠨ᠎ᠡ ᠵᠠᠭᠤᠴᠢᠯᠠᠭᠤᠷ᠂ ᠰᠤᠨᠢᠨ ᠰᠡᠳᠭᠦᠯ᠂ ᠷᠠᠳᠢᠤ᠋ ᠨᠡᠪᠲᠡᠷᠡᠭᠦᠯᠭᠡ᠂ ᠲᠧᠯᠸᠢᠰ᠂ ᠵᠠᠷᠯᠠᠨ ᠨᠡᠶᠢᠲᠡᠯᠡᠬᠦ | ᠪᠤᠯᠤᠩ ᠵᠡᠷᠭᠡ ᠪᠠᠷ ᠨᠡᠶᠢᠭᠡᠮ ᠳᠤ ᠢᠯᠡ ᠨᠡᠶᠢᠲᠡᠯᠡᠵᠦ᠂ ᠲᠤᠳᠤᠭᠠᠳᠤ ᠶᠢᠨ ᠪᠢᠴᠢᠭ ᠮᠠᠲ᠋ᠧᠷᠢᠶᠠᠯ᠂ ᠰᠢᠰᠲ᠋ᠧᠮ ᠤᠨ | ᠳᠤᠲᠤᠷᠠᠬᠢ ᠱᠠᠭᠠᠷᠳᠠᠯᠭ᠎ᠠ ᠵᠡᠷᠭᠡ ᠬᠡᠯᠪᠡᠷᠢ ᠪᠠᠷ ᠳᠠᠷᠤᠮᠠᠯᠯᠠᠵᠣ ᠲᠠᠷᠬᠠᠭᠠᠨ ᠬᠡᠷᠩᠵᠢᠭᠦᠯᠵᠣ ᠪᠤᠯᠬᠤ ᠦᠭᠡᠢ᠂ ᠢᠯᠡ | ᠨᠡᠶᠢᠲᠡᠯᠡᠭᠰᠡᠨ ᠦᠭᠡᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠦᠨᠳᠦᠰᠦᠯᠡᠯ ᠪᠤᠯᠭᠠᠵᠦ ᠪᠤᠯᠬᠤ ᠦᠭᠡᠢ᠃ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ᠂ | ᠨᠤᠤᠷᠠᠭᠯᠠᠬᠤ ᠰᠠᠯᠠᠭ᠎ᠠ ᠮᠦᠴᠢᠷ ᠨᠢ ᠰᠤᠨᠢᠨ ᠮᠡᠳᠡᠭᠡ ᠨᠡᠶᠢᠲᠡᠯᠡᠬᠦ ᠬᠤᠷᠠᠯ᠂ ᠰᠦᠯᠵᠢᠶᠡᠨ ᠤ ᠰᠤᠷᠪᠤᠯᠵᠢᠯᠠᠭ᠎ᠠ᠂ | ᠲᠤᠰᠬᠠᠢ ᠮᠡᠷᠭᠡᠵᠢᠯᠲᠡᠨ ᠤ ᠲᠠᠶᠢᠯᠤᠮᠵᠢ ᠵᠡᠷᠭᠡ ᠠᠷᠭ᠎ᠠ ᠬᠡᠯᠪᠡᠷᠢ ᠪᠠᠷ ᠴᠠᠭ ᠲᠤᠬᠠᠢ ᠳᠤ ᠨᠢ ᠲᠠᠶᠢᠯᠪᠤᠷᠢᠯᠠᠨ | ᠲᠤᠳᠤᠷᠬᠠᠶᠢᠯᠠᠵᠤ᠂ ᠨᠡᠶᠢᠳᠡ ᠤᠯᠠᠨ ᠲᠠᠢ ᠰᠠᠨᠠᠯ ᠰᠤᠯᠢᠯᠴᠠᠬᠤ ᠪᠠ ᠬᠠᠮᠳᠣᠷᠠᠨ ᠭᠦᠳᠡᠯᠣᠯᠴᠡᠭᠦ ᠪᠠᠨ ᠴᠢᠩᠭᠠᠳᠬᠠᠵᠦ᠂ | ᠨᠡᠶᠢᠭᠡᠮ ᠤᠨ ᠡᠯ᠎ᠡ ᠡᠲᠡᠭᠡᠳ ᠲᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠨ | ᠶᠠᠪᠤᠭᠤᠯᠬᠤ ᠠᠬᠤᠢ ᠪᠠᠶᠢᠳᠠᠯ ᠵᠢᠴᠢ ᠬᠤᠯᠪᠤᠭᠳᠠᠯ ᠪᠦᠬᠦᠢ ᠠᠭᠤᠯᠭ᠎ᠠ ᠶᠢ ᠴᠠᠭ ᠲᠤᠬᠠᠢ ᠳᠤ ᠨᠢ ᠤᠶᠢᠯᠠᠭᠠᠭᠤᠯᠬᠤ | ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠵᠠᠷᠴᠢᠮ ᠳᠡᠭᠡᠷ᠎ᠡ ᠪᠠᠨ | ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠬᠦ ᠬᠡᠷᠡᠭᠲᠡᠢ᠃ ᠡᠯ᠎ᠡ ᠱᠠᠲᠤᠨ ᠤ | ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠨᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠤᠨ ᠮᠡᠳᠡᠭᠡ ᠵᠠᠩᠬᠢ ᠶᠢᠨ ᠲᠠᠪᠴᠠᠩ ᠢ ᠲᠦᠷᠬᠡᠳᠬᠡᠨ ᠪᠠᠶᠢᠭᠤᠯᠵᠦ᠂ ᠲᠠᠪᠴᠠᠩ ᠳᠤ ᠪᠢᠴᠢᠭ ᠮᠠᠲ᠋ᠧᠷᠢᠶᠠᠯ | ᠨᠡᠶᠢᠲᠡᠯᠡᠬᠦ᠂ ᠮᠡᠳᠡᠭᠡ ᠵᠠᠩᠬᠢ ᠶᠢ ᠬᠠᠮᠲᠤ ᠳᠤ ᠪᠠᠨ ᠬᠦᠷᠲᠡᠬᠦ᠂ ᠬᠦᠳᠡᠯᠦᠩᠭᠦᠢ ᠢᠶᠠᠷ ᠰᠢᠨᠡᠳᠬᠡᠬᠦ ᠵᠡᠷᠭᠡ ᠦᠢᠯᠡᠳᠦᠯ | ᠴᠢᠳᠠᠮᠵᠢ ᠲᠠᠢ ᠪᠠᠶᠢᠬᠤ ᠶᠢ ᠪᠠᠲᠤᠯᠠᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ | ᠵᠢᠷᠣᠮᠵᠢᠯᠳᠠ᠂ ᠨᠠᠷᠢᠯᠢᠬᠵᠢᠯᠳᠠ᠂ ᠬᠦᠳᠡᠯᠦᠩᠭᠦᠢ ᠪᠠᠷ ᠬᠠᠮᠢᠶᠠᠷᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ | ᠬᠡᠷᠡᠭᠲᠡᠢ᠃ | ︵ᠠᠷᠪᠠ︶ ᠦᠨᠡᠯᠡᠨ ᠵᠢᠱᠢᠬᠦ ᠠᠵᠢᠯ ᠢ ᠴᠢᠩᠭᠠᠷᠠᠭᠤᠯᠬᠤ ᠬᠡᠷᠡᠭᠲᠡᠢ᠃ ᠤᠯᠠᠨ ᠲᠦᠮᠡᠨ ᠤ ᠬᠤᠪᠢ ᠪᠡᠶ᠎ᠡ ᠶᠢᠨ | ᠠᠰᠢᠭ ᠲᠤᠰᠠ ᠳᠤ ᠬᠤᠯᠪᠤᠨᠨᠳᠠᠬᠤ᠂ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠬᠤ᠂ ᠤᠨᠴᠠᠭᠠᠶᠢᠯᠠᠨ ᠵᠠᠰᠠᠭ ᠤᠨ | ᠤᠷᠳᠤᠨ ᠤ ᠲᠦᠷᠢ ᠲᠦᠷᠬᠦ ᠶᠢ ᠨᠦᠯᠦᠭᠡᠯᠡᠵᠦ ᠮᠡᠳᠡᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠳᠤ᠂ ᠨᠡᠶᠢᠲᠡᠯᠡᠬᠦ ᠴᠠᠭ ᠲᠤᠬᠢᠶᠠᠯ ᠳᠤ ᠨᠢ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠦᠨᠡᠯᠡᠨ ᠵᠢᠱᠢᠬᠦ ᠭᠤᠤᠯ | ᠴᠤᠭᠴᠠ᠂ ᠦᠨᠡᠯᠡᠨ ᠵᠢᠱᠢᠬᠦ ᠪᠠᠷᠢᠮᠵᠢᠶ᠎ᠠ᠂ ᠦᠨᠡᠯᠡᠨ ᠵᠢᠱᠢᠬᠦ ᠳᠡᠰ ᠳᠠᠷᠠᠭᠠᠯᠠᠯ ᠢ ᠲᠤᠳᠤᠷᠬᠠᠶᠢᠯᠠᠬᠤ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠬᠤ ᠪᠠᠶᠢᠭᠤᠯᠭ᠎ᠠ ᠪᠤᠶᠤ ᠬᠡᠷᠡᠭᠵᠢᠭᠦᠯᠬᠦ | ᠪᠠᠶᠢᠭᠤᠯᠭ᠎ᠠ ᠠᠴᠠ ᠦᠨᠡᠯᠡᠨ ᠵᠢᠱᠢᠵᠣ ᠪᠤᠯᠤᠨ᠎ᠠ᠂ ᠪᠠᠰᠠ ᠭᠤᠷᠪᠠᠳᠠᠬᠢ ᠡᠳᠡᠭᠡᠣᠨ ᠤᠨ ᠪᠠᠶᠢᠭᠤᠯᠤᠮᠵᠢ ᠳᠤ ᠨᠠᠶᠢᠳᠠᠵᠤ | ᠦᠨᠡᠯᠡᠨ ᠵᠢᠱᠢᠭᠦᠯᠵᠣ ᠪᠤᠯᠤᠨ᠎ᠠ᠃ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ ᠲᠤᠬᠠᠢ ᠳᠤ ᠨᠢ | ᠰᠤᠳᠤᠯᠤᠨ ᠮᠠᠭᠠᠳᠯᠠᠵᠤ ᠰᠢᠢᠳᠪᠦᠷᠢᠯᠡᠨ᠂ ᠬᠠᠯᠠᠮᠵᠢᠯᠠᠨ ᠠᠩᠬᠠᠷᠴᠦ ᠪᠠᠶᠢᠭ᠎ᠠ ᠠᠰᠠᠭᠤᠳᠠᠯ ᠳᠤ ᠨᠢ | ᠰᠠᠨᠠᠭᠠᠴᠢᠯᠠᠭ᠎ᠠ ᠲᠠᠢ ᠪᠠᠷ ᠬᠠᠷᠢᠭᠤ ᠦᠭᠬᠦ ᠬᠡᠷᠡᠭᠲᠡᠢ᠃ ᠬᠡᠷᠡᠭᠵᠢᠭᠦᠯᠦᠭᠰᠡᠨ ᠤ ᠳᠠᠷᠠᠭ᠎ᠠ ᠦᠨᠡᠯᠡᠨ ᠵᠢᠱᠢᠬᠦ | ᠳᠦᠷᠢᠮ ᠢᠶᠠᠷ ᠳᠠᠮᠵᠢᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠡᠷᠡᠭᠵᠢᠭᠦᠯᠵᠣ | ᠪᠠᠶᠢᠭ᠎ᠠ ᠪᠠᠶᠢᠳᠠᠯ ᠢ ᠴᠠᠭ ᠲᠤᠬᠠᠢ ᠳᠤ ᠨᠢ ᠤᠶᠢᠯᠠᠭᠠᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠳᠤ ᠵᠠᠰᠠᠪᠤᠷᠢ ᠤᠷᠤᠭᠤᠯᠬᠤ᠂ ᠲᠡᠭᠦᠨ ᠢ ᠬᠦᠴᠦᠨ ᠦᠭᠡᠢ ᠪᠤᠯᠭᠠᠬᠤ ᠳᠤ ᠦᠨᠳᠦᠰᠦᠯᠡᠯ ᠬᠠᠨᠭ᠍ᠭᠠᠬᠤ | ᠬᠡᠷᠡᠭᠲᠡᠢ᠃ | ᠭᠤᠷᠪᠠ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠠᠵᠢᠯ ᠢ ᠵᠢᠭᠠᠨ | ᠵᠢᠯᠤᠭᠤᠳᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ | ︵ᠠᠷᠪᠠᠨ ᠨᠢᠭᠡ︶ ᠪᠦᠷᠢᠳᠭᠡᠨ ᠳᠠᠩᠰᠠᠯᠠᠵᠣ ᠬᠢᠨᠠᠯᠲᠠ ᠲᠠᠯᠪᠢᠬᠤ ᠪᠠᠨ ᠴᠢᠩᠭᠠᠷᠠᠭᠤᠯᠬᠤ ᠬᠡᠷᠡᠭᠲᠡᠢ᠃ | ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠶᠢᠨ ᠬᠢᠨᠠᠯᠲᠠ ᠲᠠᠯᠪᠢᠵᠤ ᠵᠢᠭᠠᠨ ᠵᠢᠯᠤᠭᠤᠳᠬᠤ | ᠡᠭᠦᠷᠬᠡ ᠴᠢᠳᠠᠪᠤᠷᠢ ᠶᠢ ᠭᠦᠢᠴᠡᠳ ᠪᠠᠳᠠᠷᠠᠭᠤᠯᠵᠦ᠂ ᠲᠤᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠲᠤᠭᠲᠠᠮᠠᠯ | ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠬᠤ ᠠᠷᠭ᠎ᠠ ᠬᠡᠯᠪᠡᠷᠢ ᠪᠠᠷ ᠳᠠᠮᠵᠢᠭᠤᠯᠵᠣ᠂ ᠬᠡᠯᠪᠡᠷᠢ ᠶᠢᠨ ᠬᠢᠨᠠᠨ | ᠪᠠᠶᠢᠴᠠᠭᠠᠯᠲᠠ ᠪᠤᠯᠤᠨ ᠪᠣᠳᠠᠳᠣ ᠴᠢᠨᠠᠷ ᠤᠨ ᠬᠢᠨᠠᠨ ᠪᠠᠶᠢᠴᠠᠭᠠᠯᠲᠠ ᠶᠢ ᠬᠢᠨᠠᠮᠠᠭᠠᠢ ᠰᠠᠶᠢᠲᠤᠷ ᠬᠢᠵᠦ᠂ ᠪᠢᠴᠢᠭ | ᠮᠠᠲ᠋ᠧᠷᠢᠶᠠᠯ ᠪᠠᠶᠢᠭᠠᠳ ᠪᠦᠷᠢᠳᠭᠡᠨ ᠳᠠᠩᠰᠠᠯᠠᠬᠤ ᠦᠭᠡᠢ᠂ ᠴᠠᠭ ᠲᠤᠬᠠᠢ ᠳᠤ ᠨᠢ ᠳᠡᠭᠡᠭᠰᠢ ᠮᠡᠳᠡᠭᠦᠯᠦᠨ | ᠲᠠᠩᠰᠠᠯᠠᠭᠤᠯᠬᠤ ᠦᠭᠡᠢ᠂ ᠵᠢᠷᠤᠮᠵᠢᠭᠤᠨ ᠪᠤᠰᠤ ᠠᠰᠠᠭᠤᠳᠠᠯ ᠤᠳ ᠢ ᠴᠠᠭ ᠲᠤᠬᠠᠢ ᠳᠤ ᠨᠢ ᠢᠯᠡᠷᠡᠭᠦᠯᠵᠦ᠂ | ᠤᠷᠤᠰᠢᠵᠦ ᠪᠠᠶᠢᠭ᠎ᠠ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠪᠦᠷᠢᠳᠭᠡᠨ | ᠳᠠᠩᠰᠠᠯᠠᠭᠤᠯᠬᠤ ᠨᠤᠷᠮ᠎ᠠ᠂ ᠴᠠᠭ ᠲᠤᠬᠠᠢ ᠳᠤ ᠨᠢ ᠪᠡᠶᠡᠯᠡᠭᠦᠯᠬᠦ ᠨᠤᠷᠮ᠎ᠠ᠂ ᠵᠢᠷᠤᠮᠵᠢᠯ ᠤᠨ ᠨᠤᠷᠮ᠎ᠠ ᠶᠢ ᠨᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ | ᠲᠤᠭᠲᠠᠭᠠᠬᠤ ᠰᠠᠯᠠᠭ᠎ᠠ ᠮᠦᠴᠢᠷ ᠤᠨ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠳᠤ ᠮᠡᠳᠡᠭᠦᠯᠦᠨ | ᠬᠦᠷᠭᠡᠭᠰᠡᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠪᠦᠷᠢᠳᠭᠡᠨ ᠳᠠᠩᠰᠠᠯᠠᠭᠤᠯᠬᠤ | ᠮᠠᠲ᠋ᠧᠷᠢᠶᠠᠯ ᠳᠤ᠂ ᠨᠤᠤᠷᠬᠠᠯᠠᠬᠤ ᠳᠤ ᠪᠠᠶᠢᠴᠠᠭᠠᠨ ᠰᠤᠳᠤᠯᠤᠯᠲᠠ ᠬᠢᠭᠰᠡᠨ᠂ ᠢᠯᠡ ᠪᠠᠷ ᠰᠠᠨᠠᠯ ᠬᠤᠷᠢᠶᠠᠭᠰᠠᠨ᠂ | ᠲᠤᠰᠬᠠᠢ ᠮᠡᠷᠭᠡᠵᠢᠯᠲᠡᠨ ᠨᠤᠲᠠᠯᠠᠭᠰᠠᠨ᠂ ᠰᠠᠯᠠᠭ᠎ᠠ ᠮᠦᠴᠢᠷ ᠤᠨ ᠬᠠᠤᠯᠢ ᠳᠦᠷᠢᠮ ᠤᠨ ᠪᠠᠶᠢᠭᠤᠯᠤᠮᠵᠢ ᠠᠴᠠ ᠬᠠᠤᠯᠢ | ᠶᠤᠰᠤᠴᠢ ᠴᠢᠨᠠᠷ ᠤᠨ ᠬᠢᠨᠠᠨ ᠪᠠᠶᠢᠴᠠᠭᠠᠯᠲᠠ ᠬᠢᠭᠰᠡᠨ᠂ ᠲᠦᠪ ᠭᠤᠤᠯᠴᠢ ᠦᠷᠢᠰᠦᠯᠳᠦᠬᠦ ᠶᠢ ᠬᠢᠨᠠᠨ ᠪᠠᠶᠢᠴᠠᠭᠠᠨᠨᠰᠠᠨ᠂ | ᠰᠠᠯᠠᠭ᠎ᠠ ᠮᠦᠴᠢᠷ ᠬᠠᠮᠲᠤ ᠪᠠᠷ ᠶᠠᠷᠢᠯᠴᠠᠵᠤ ᠲᠤᠨᠨᠳᠠᠭᠠᠬᠤ ᠵᠡᠷᠭᠡ ᠮᠠᠲ᠋ᠧᠷᠢᠶᠠᠯ ᠤᠳ ᠪᠠᠭᠲᠠᠬᠤ ᠬᠡᠷᠡᠭᠲᠡᠢ᠃ | ᠮᠠᠲ᠋ᠧᠷᠢᠶᠠᠯ ᠨᠢ ᠪᠦᠷᠢᠨ ᠭᠦᠢᠴᠡᠣᠨ ᠪᠢᠰᠢ ᠪᠣᠯ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ | ᠮᠡᠳᠡᠭᠦᠯᠵᠣ ᠬᠦᠷᠭᠡᠭᠰᠡᠨ ᠰᠠᠯᠠᠭ᠎ᠠ ᠮᠦᠴᠢᠷ ᠲᠤ ᠡᠬᠡᠭᠦᠯᠦᠨ ᠪᠤᠴᠠᠭᠠᠬᠤ ᠶᠢᠨ ᠬᠠᠮᠲᠤ᠂ ᠲᠡᠭᠦᠨ ᠢ ᠬᠠᠮᠢᠶ᠎ᠠ ᠪᠦᠬᠦᠢ | ᠮᠠᠲ᠋ᠧᠷᠢᠶᠠᠯ ᠢᠶᠠᠨ ᠨᠦᠬᠦᠵᠦ ᠪᠦᠷᠢᠳᠦᠭᠦᠯᠦᠭᠰᠡᠨ ᠤ ᠳᠠᠷᠠᠭ᠎ᠠ ᠳᠠᠬᠢᠨ ᠳᠡᠭᠡᠭᠰᠢ ᠮᠡᠳᠡᠭᠦᠯᠵᠦ ᠳᠠᠩᠰᠠᠯᠠᠭᠤᠯᠬᠤ ᠪᠠᠷ | ᠱᠠᠭᠠᠷᠳᠠᠬᠤ ᠬᠡᠷᠡᠭᠲᠡᠢ᠃ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠨᠢ ᠨᠠᠮ ᠤᠨ ᠬᠤᠷᠢᠶ᠎ᠠ᠂ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠡᠷᠭᠡ ᠰᠢᠰᠲ᠋ᠧᠮ ᠯᠤᠭ᠎ᠠ ᠪᠦᠷᠢᠳᠭᠡᠨ ᠲᠠᠩᠰᠠᠯᠠᠬᠤ ᠠᠵᠢᠯ ᠤᠨ | ᠲᠠᠯ᠎ᠠ ᠪᠠᠷ ᠵᠤᠬᠢᠴᠠᠯᠳᠤᠨ ᠬᠠᠮᠳᠤᠷᠠᠯᠴᠠᠬᠤ ᠪᠠᠨ ᠴᠢᠩᠭᠠᠳᠬᠠᠵᠦ᠂ ᠬᠤᠯᠪᠤᠭᠠᠯᠠᠨ ᠬᠦᠳᠡᠯᠦᠯᠴᠡᠬᠦ ᠲᠤᠭᠲᠠᠴᠠ ᠶᠢ | ᠪᠠᠶᠢᠭᠤᠯᠤᠨ ᠪᠦᠷᠢᠨᠰᠢᠬᠦᠯᠬᠦ ᠬᠡᠷᠡᠭᠲᠡᠢ︔ ᠠᠷᠠᠳ ᠤᠨ ᠰᠢᠭᠦᠭᠦ ᠬᠤᠷᠢᠶ᠎ᠠ᠂ ᠪᠠᠶᠢᠴᠠᠭᠠᠬᠤ ᠬᠤᠷᠢᠶ᠎ᠠ ᠯᠤᠭ᠎ᠠ | ᠵᠤᠯᠭᠠᠯᠳᠤᠭᠤᠯᠬᠤ ᠲᠤᠭᠲᠠᠴᠠ ᠶᠢ ᠪᠠᠶᠢᠭᠤᠯᠬᠤ ᠪᠠᠷ ᠰᠦᠪᠡᠭᠴᠢᠯᠡᠵᠦ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ | ᠴᠢᠷᠮᠠᠶᠢᠨ ᠪᠤᠢ ᠪᠤᠯᠭᠠᠵᠤ᠂ ᠬᠢᠨᠠᠯᠲᠠ ᠲᠠᠯᠪᠢᠬᠤ ᠪᠤᠲᠠᠲᠠᠢ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ | ︵ᠠᠷᠪᠠᠨ ᠬᠤᠶᠠᠷ︶ ᠪᠢᠴᠢᠭ ᠮᠠᠲ᠋ᠧᠷᠢᠶᠠᠯ ᠢ ᠴᠠᠭ ᠲᠤᠬᠠᠢ ᠳᠤ ᠨᠢ ᠢᠯᠭᠠᠷᠠᠭᠤᠯᠤᠨ ᠲᠢᠭᠯᠡᠬᠦ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠮᠠᠯ ᠬᠤᠭᠤᠴᠠᠭ᠎ᠠ ᠲᠠᠢ ᠪᠠ ᠲᠤᠰᠬᠠᠢ | ᠵᠦᠢᠯ ᠢᠶᠠᠷ ᠢᠯᠭᠠᠷᠠᠭᠤᠯᠤᠨ ᠲᠢᠭᠯᠡᠬᠦ ᠳᠦᠷᠢᠮ ᠢ ᠪᠠᠶᠢᠭᠤᠯᠬᠤ ᠶᠢᠨ ᠬᠠᠮᠲᠦ ᠴᠢᠩᠲᠠ ᠬᠡᠷᠡᠭᠵᠢᠭᠦᠯᠵᠦ᠂ ᠳᠡᠭᠡᠳᠦ | ᠪᠠᠶᠢᠷᠢ ᠶᠢᠨ ᠬᠠᠤᠯᠢ ᠶᠢᠨ ᠲᠤᠬᠢᠷᠠᠭᠤᠯᠤᠯᠲᠠ ᠪᠤᠶᠤ ᠠᠵᠦ ᠠᠬᠤᠢ ᠨᠡᠶᠢᠭᠡᠮ ᠤᠨ ᠭᠦᠭᠵᠢᠯᠲᠡ ᠶᠢᠨ ᠬᠡᠷᠡᠭᠴᠡᠭᠡ ᠶᠢ | ᠦᠨᠳᠦᠰᠦᠯᠡᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠴᠠᠭ | ᠲᠤᠬᠠᠢ ᠳᠤ ᠨᠢ ᠢᠯᠭᠠᠷᠠᠭᠤᠯᠤᠨ ᠲᠢᠭᠯᠡᠵᠦ᠂ ᠢᠯᠭᠠᠷᠠᠭᠤᠯᠤᠨ ᠲᠢᠭᠯᠡᠭᠰᠡᠨ ᠦᠷ᠎ᠡ ᠳ᠋ᠦᠡᠭ ᠢᠶᠠᠨ ᠨᠡᠶᠢᠭᠡᠮ ᠳᠤ | ᠨᠡᠶᠢᠲᠡᠯᠡᠬᠦ ᠬᠡᠷᠡᠭᠲᠡᠢ᠃ ᠤᠳᠤᠬᠢ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠠᠵᠢᠯ ᠤᠨ ᠬᠡᠷᠡᠭᠴᠡᠭᠡ ᠶᠢ | ᠦᠨᠳᠦᠰᠦᠯᠡᠨ᠂ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢᠨ ᠶᠠᠪᠤᠴᠠ ᠳᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠲᠢᠭᠯᠡᠬᠦ ᠪᠠ ᠬᠡᠷᠡᠭᠵᠢᠭᠦᠯᠬᠦ ᠶᠢ ᠵᠤᠯᠭᠠᠯᠳᠤᠭᠤᠯᠬᠤ | ᠠᠵᠢᠯ ᠢ ᠰᠠᠶᠢᠲᠤᠷ ᠬᠢᠵᠦ᠂ ᠰᠢᠨ᠎ᠡ ᠪᠠᠷ ᠵᠤᠬᠢᠶᠠᠨ ᠪᠠᠶᠢᠭᠤᠯᠤᠭᠳᠠᠬᠰᠠᠨ ᠪᠤᠶᠤ ᠡᠭᠦᠷᠭᠡ ᠬᠠᠷᠢᠭᠤᠴᠠᠯᠭ᠎ᠠ ᠳᠤ ᠨᠢ | ᠲᠤᠬᠢᠷᠠᠭᠤᠯᠤᠯᠲᠠ ᠭᠠᠷᠤᠨᠨᠰᠠᠨ ᠰᠠᠯᠠᠭ᠎ᠠ ᠮᠦᠴᠢᠷ ᠤᠳ ᠲᠤᠰ ᠰᠠᠯᠠᠭ᠎ᠠ ᠮᠦᠴᠢᠷ ᠤᠨ ᠬᠠᠷᠢᠭᠤᠴᠠᠨ ᠬᠡᠷᠡᠭᠵᠢᠬᠦᠯᠵᠣ | ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠲᠢᠭᠯᠡᠵᠦ᠂ ᠵᠠᠰᠠᠪᠣᠷᠢ | ᠣᠷᠣᠭᠤᠯᠬᠤ ᠴᠢᠬᠤᠯᠠ ᠲᠠᠢ ᠪᠣᠯ᠂ ᠴᠠᠭ ᠲᠤᠬᠠᠢ ᠳᠤ ᠨᠢ ᠵᠠᠰᠠᠪᠣᠷᠢ ᠣᠷᠣᠭᠤᠯᠬᠤ ᠬᠡᠷᠡᠭᠲᠡᠢ︔ ᠵᠠᠰᠠᠪᠣᠷᠢ | ᠣᠷᠣᠭᠤᠯᠬᠤ ᠴᠢᠬᠤᠯᠠ ᠦᠭᠡᠢ ᠪᠣᠯ ᠦᠷᠭᠦᠯᠵᠢᠯᠡᠨ ᠬᠡᠷᠡᠭᠵᠢᠭᠦᠯᠬᠦ ᠶᠢᠨ ᠵᠤᠯᠭᠠᠯᠳᠤᠭᠤᠯᠬᠤ ᠠᠵᠢᠯ ᠢ ᠰᠠᠶᠢᠲᠤᠷ ᠬᠢᠵᠦ᠂ | ᠬᠠᠤᠯᠢ ᠶᠤᠰᠤᠭᠠᠷ ᠡᠭᠦᠷᠭᠡ ᠴᠢᠳᠠᠪᠤᠷᠢ ᠬᠠᠷᠢᠭᠤᠴᠠᠯᠭ᠎ᠠ ᠪᠠᠨ ᠭᠦᠢᠴᠡᠳᠭᠡᠬᠦ ᠶᠢ ᠪᠠᠲᠤᠯᠠᠬᠤ ᠬᠡᠷᠡᠭᠲᠡᠢ᠃ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠮᠡᠳᠡᠭᠡ ᠵᠠᠩᠬᠢᠵᠢᠯᠲᠠ ᠶᠢᠨ ᠪᠠᠶᠢᠭᠤᠯᠤᠯᠲᠠ ᠶᠢ | ᠲᠦᠷᠭᠡᠳᠭᠡᠨ ᠠᠬᠢᠭᠤᠯᠵᠦ᠂ ᠪᠦᠬᠦ ᠤᠷᠤᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ | ᠡᠯᠧᠺᠲᠷᠤᠨ ᠢᠶᠠᠷ ᠮᠡᠳᠡᠭᠦᠯᠦᠨ ᠬᠦᠷᠭᠡᠵᠦ ᠪᠦᠷᠢᠳᠭᠡᠨ ᠲᠠᠩᠰᠠᠯᠠᠬᠤ ᠨᠢᠭᠡᠳᠦᠯᠲᠡᠢ ᠰᠢᠰᠲ᠋ᠧᠮ ᠢ ᠪᠠᠶᠢᠭᠤᠯᠵᠦ᠂ | ᠪᠦᠷᠢᠳᠭᠡᠨ ᠲᠠᠩᠰᠠᠯᠠᠬᠤ᠂ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ᠂ ᠢᠯᠭᠠᠷᠠᠭᠤᠯᠤᠨ ᠲᠢᠭᠯᠡᠬᠦ᠂ ᠨᠡᠶᠢᠲᠡᠯᠡᠬᠦ ᠶᠢᠨ | ᠪᠦᠬᠦ ᠦᠢᠯᠡᠳᠦᠯ ᠴᠢᠳᠠᠮᠵᠢ ᠶᠢ ᠪᠡᠶᠡᠯᠡᠭᠦᠯᠵᠦ᠂ ᠰᠦᠯᠵᠢᠶᠡᠨ ᠳᠤ ᠬᠢ ᠬᠢᠨᠠᠨ ᠪᠠᠶᠢᠴᠠᠭᠠᠬᠤ ᠲᠤᠭᠲᠠᠴᠠ ᠪᠠ | ᠢᠯᠭᠠᠷᠠᠭᠤᠯᠤᠨ ᠲᠢᠭᠯᠡᠬᠦ ᠳᠦᠷᠢᠮ ᠢ ᠪᠦᠷᠢᠨᠰᠢᠭᠦᠯᠬᠦ ᠬᠡᠷᠡᠭᠲᠡᠢ᠃ | ︵ᠠᠷᠪᠠᠨ ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠬᠤ ᠬᠡᠷᠡᠭᠲᠡᠢ᠃ ᠠᠷᠠᠳ ᠢᠷᠭᠡᠳ᠂ | ᠬᠠᠤᠯᠢ ᠶᠢᠨ ᠡᠷᠬᠡᠲᠡᠨ ᠪᠤᠯᠤᠨ ᠪᠤᠰᠤᠳ ᠵᠤᠬᠢᠶᠠᠨ ᠪᠠᠶᠢᠭᠤᠯᠤᠯᠲᠠ ᠨᠤᠭᠤᠳ ᠤᠨ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠳᠤ ᠰᠠᠨᠠᠭᠤᠯᠭ᠎ᠠ ᠦᠭᠴᠦ ᠬᠢᠨᠠᠨ ᠪᠠᠶᠢᠴᠠᠭᠠᠬᠤ ᠳᠦᠷᠢᠮ ᠢ | ᠪᠦᠷᠢᠨᠰᠢᠭᠦᠯᠵᠦ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠦᠴᠦᠨ ᠪᠦᠭᠦᠢ | ᠬᠤᠭᠤᠴᠠᠭᠠᠲᠤ ᠳᠦᠷᠢᠮ᠂ ᠪᠦᠷᠢᠳᠬᠡᠵᠦ ᠵᠠᠳᠠᠯᠤᠯᠲᠠ ᠬᠢᠬᠦ ᠳᠦᠷᠢᠮ ᠪᠤᠯᠤᠨ ᠪᠦᠷᠢᠳᠭᠡᠨ ᠳᠠᠩᠰᠠᠯᠠᠬᠤ ᠳᠤ ᠬᠢᠨᠠᠯᠲᠠ | ᠲᠠᠯᠪᠢᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠬᠦ ᠳᠦᠷᠢᠮ ᠢ ᠴᠢᠩᠲᠠ ᠭᠡᠷᠡᠭᠵᠢᠭᠦᠯᠬᠦ ᠬᠡᠷᠡᠭᠲᠡᠢ᠃ ︽ᠮᠡᠳᠡᠭᠳᠡᠯ︾ | ᠪᠤᠯᠤᠨ ︽ᠠᠷᠭ᠎ᠠ︾ ᠶᠢᠨ ᠱᠠᠭᠠᠷᠳᠠᠯᠭ᠎ᠠ ᠶᠢ ᠦᠨᠳᠦᠰᠦᠯᠡᠨ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ | ᠮᠠᠲ᠋ᠧᠷᠢᠶᠠᠯ ᠲᠤᠭᠲᠠᠭᠠᠬᠤ ᠪᠤᠯᠤᠨ ᠪᠦᠷᠢᠳᠭᠡᠨ ᠲᠠᠩᠰᠠᠯᠠᠬᠤ ᠳᠤ ᠬᠢᠨᠠᠯᠲᠠ ᠲᠠᠯᠪᠢᠬᠤ ᠳᠦᠷᠢᠮ ᠢ ᠵᠦᠷᠢᠴᠡᠭᠰᠡᠨ | ᠦᠢᠯᠡ ᠠᠵᠢᠯᠯᠠᠭ᠎ᠠ ᠳᠤ᠂ ᠵᠠᠰᠠᠭ ᠤᠨ ᠤᠷᠳᠤᠨ ᠤ ᠬᠠᠤᠯᠢ ᠳᠦᠷᠢᠮ ᠤᠨ ᠪᠠᠶᠢᠭᠤᠯᠤᠮᠵᠢ ᠠᠴᠠ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠦ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ ᠢ | ᠬᠠᠤᠯᠢ ᠶᠤᠰᠤᠭᠠᠷ ᠲᠤᠭᠲᠠᠭᠠᠨ ᠶᠠᠪᠤᠭᠤᠯᠵᠤ᠂ ᠵᠦᠢ ᠵᠤᠬᠢᠰᠲᠠᠢ ᠤᠴᠢᠷ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠦ ᠬᠢᠨᠠᠯᠲᠠ ᠲᠠᠯᠪᠢᠬᠤ ᠮᠡᠳᠡᠭᠳᠡᠯ ᠤᠨ ᠪᠢᠴᠢᠭ | ᠬᠡᠷᠡᠭᠵᠢᠭᠦᠯᠬᠦ ᠶᠢ ᠳᠡᠪᠴᠢᠪᠡᠯ᠂ ᠲᠤᠰ ᠱᠠᠲᠤᠨ ᠤ ᠵᠠᠰᠠᠭ ᠤᠨ ᠤᠷᠳᠤᠨ ᠠᠴᠠ ᠳᠡᠭᠦᠨ ᠤ ᠵᠠᠰᠠᠭ ᠵᠠᠬᠢᠷᠭᠠᠨ ᠤ | ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠨᠢ ᠬᠦᠴᠦᠨ ᠦᠭᠡᠢ ᠪᠤᠯᠭᠠᠬᠤ ᠲᠤᠷᠠᠳᠤᠯᠭ᠎ᠠ ᠳᠡᠪᠰᠢᠭᠦᠯᠬᠦ ᠶᠢᠨ | ᠬᠠᠮᠲᠤ᠂ ᠲᠤᠰ ᠱᠠᠲᠤᠨ ᠤ ᠵᠠᠰᠠᠭ ᠤᠨ ᠤᠷᠳᠤᠨ ᠪᠤᠶᠤ ᠳᠡᠭᠡᠷ᠎ᠡ ᠨᠢᠭᠡ ᠱᠠᠲᠤᠨ ᠤ ᠵᠠᠰᠠᠭ ᠤᠨ ᠤᠷᠳᠤᠨ ᠠᠴᠠ | ᠨᠡᠪᠲᠡᠷᠡᠭᠦᠯᠦᠨ ᠮᠡᠳᠡᠭᠡᠯᠡᠵᠦ ᠰᠢᠭᠦᠮᠵᠢᠯᠡᠬᠦ ᠬᠡᠷᠡᠭᠲᠡᠢ᠃ ᠦᠢᠯᠡ ᠪᠠᠶᠢᠳᠠᠯ ᠨᠢ ᠬᠦᠨᠳᠦ ᠨᠤᠴᠢᠲᠠᠢ ᠪᠤᠶᠤ ᠬᠦᠨᠳᠦ | ᠨᠤᠴᠢᠲᠠᠢ ᠤᠷᠰᠢᠭ ᠳ᠋ᠦᠡᠭ ᠭᠠᠷᠭᠠᠭᠰᠠᠨ ᠪᠠᠶᠢᠪᠠᠯ᠂ ᠪᠤᠯᠵᠤᠨ ᠶᠠᠷᠢᠯᠴᠠᠬᠤ ᠪᠤᠶᠤ ᠲᠤᠰᠬᠠᠢ ᠬᠢᠨᠠᠨ ᠵᠢᠯᠤᠭᠤᠳᠬᠤ | ᠵᠡᠷᠬᠡ ᠠᠷᠭ᠎ᠠ ᠬᠡᠯᠪᠡᠷᠢ ᠪᠠᠷ ᠲᠠᠮᠵᠢᠭᠤᠯᠤᠨ ᠴᠡᠭᠴᠡᠯᠡᠨ ᠰᠠᠶᠢᠵᠢᠷᠠᠭᠤᠯᠬᠤ ᠪᠠᠷ ᠰᠢᠮᠳᠠᠭᠤᠯᠵᠦ᠂ ᠴᠢᠬᠤᠯᠠ ᠲᠠᠢ | ᠦᠶ᠎ᠡ ᠳᠤ ᠨᠡᠶᠢᠭᠡᠮ ᠳᠤ ᠢᠯᠡᠷᠡᠭᠦᠯᠦᠨ ᠢᠯᠡᠴᠢᠯᠡᠬᠦ ᠶᠢᠨ ᠬᠠᠮᠲᠤ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠺᠠᠳ᠋ᠷ | ᠪᠤᠯᠤᠨ ᠰᠢᠭᠤᠳ ᠬᠠᠷᠢᠭᠤᠴᠠᠯᠭᠠᠲᠠᠨ ᠠᠴᠠ ᠰᠠᠬᠢᠯᠭ᠎ᠠ ᠪᠠᠲᠤ ᠬᠠᠤᠯᠢ ᠴᠠᠭᠠᠵᠠ ᠶᠤᠰᠤᠭᠠᠷ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠢ᠃ | ︵ᠠᠷᠪᠠᠨ ᠳᠦᠷᠪᠡ︶ ᠰᠢᠯᠭᠠᠨ ᠬᠢᠨᠠᠵᠦ ᠦᠨᠡᠯᠡᠯᠲᠡ ᠬᠢᠬᠦ ᠶᠢ ᠴᠢᠩᠭᠠᠳᠬᠠᠬᠤ ᠬᠡᠷᠡᠭᠲᠡᠢ᠃ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢ | ᠰᠢᠯᠭᠠᠨ ᠦᠨᠡᠯᠡᠬᠦ ᠠᠷᠭ᠎ᠠ︾ ︵ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | 223 ᠳ᠋ᠤᠭᠠᠷ ᠲᠤᠭᠠᠲᠤ︶ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠬᠠᠤᠯᠢ ᠪᠠᠷ ᠵᠠᠰᠠᠬᠤ | ᠵᠠᠰᠠᠭ ᠤᠨ ᠤᠷᠳᠤᠨ ᠤ ᠪᠠᠶᠢᠭᠤᠯᠤᠯᠲᠠ ᠶᠢᠨ ᠭᠦᠢᠴᠡᠳᠭᠡᠯ ᠲᠤᠭᠠᠨ ᠤ ᠰᠢᠰᠲ᠋ᠧᠮᠵᠢ︾ ︵ᠦᠪᠡᠷᠲᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ 225 ᠳ᠋ᠤᠭᠠᠷ ᠲᠤᠭᠠᠲᠤ︶ ᠶᠢᠨ ᠱᠠᠭᠠᠷᠳᠠᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ | ᠪᠠ ᠬᠢᠨᠠᠨ ᠬᠠᠮᠢᠶᠠᠷᠬᠤ ᠠᠵᠢᠯ ᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠲᠠ ᠶᠢ ᠰᠢᠯᠭᠠᠨ ᠦᠨᠡᠯᠡᠬᠦ | ᠭᠦᠢᠴᠡᠳᠭᠡᠯ ᠲᠤᠭᠠᠨ ᠤ ᠰᠢᠰᠲ᠋ᠧᠮᠵᠢ ᠳᠤ ᠵᠢᠨᠨᠰᠠᠭᠠᠨ ᠤᠷᠤᠭᠤᠯᠵᠦ᠂ ᠰᠢᠯᠭᠠᠨ ᠦᠨᠡᠯᠡᠬᠦ ᠭᠦᠢᠴᠡᠳᠭᠡᠯ ᠲᠤᠭ᠎ᠠ ᠶᠢ | ᠵᠦᠢ ᠵᠤᠬᠢᠰᠲᠠᠢ ᠲᠤᠬᠢᠷᠠᠭᠤᠯᠵᠤ᠂ ᠰᠢᠯᠭᠠᠨ ᠬᠢᠨᠠᠬᠤ ᠶᠢᠨ ᠰᠢᠨᠵᠢᠯᠡᠬᠦ ᠤᠬᠠᠭᠠᠨᠴᠢ ᠴᠢᠨᠡᠷ ᠪᠠ ᠠᠵᠢᠯᠯᠠᠭᠠᠲᠤ ᠴᠢᠨᠠᠷ ᠢ | ᠴᠢᠩᠭᠠᠷᠠᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ ᠬᠢᠨᠠᠨ | ᠬᠠᠮᠢᠶᠠᠷᠬᠤ ᠠᠵᠢᠯ ᠤᠨ ᠬᠠᠷᠠᠯᠲᠠᠲᠤ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠷᠤᠨ᠂ ᠡᠯ᠎ᠡ | ᠰᠠᠯᠠᠭ᠎ᠠ ᠮᠦᠴᠢᠷ ᠤᠨ ᠬᠢᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠲᠤᠭᠲᠠᠭᠠᠬᠤ ᠪᠠ | ᠬᠢᠨᠠᠨ ᠬᠠᠮᠢᠶᠠᠷᠬᠤ ᠠᠵᠢᠯ ᠤᠨ ᠬᠡᠷᠡᠭᠴᠡᠬᠡᠳᠦ ᠴᠢᠨᠠᠷ ᠪᠤᠯᠤᠨ ᠴᠢᠬᠤᠯᠠ ᠴᠢᠨᠠᠷ ᠲᠤ ᠬᠢ ᠲᠠᠨᠢᠯᠲᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠲᠡᠭᠦᠨ ᠢ ᠡᠳᠦᠷ ᠲᠤᠲᠤᠮ ᠤᠨ ᠴᠢᠬᠤᠯᠠ ᠠᠵᠢᠯ ᠳᠤ ᠵᠢᠭᠰᠠᠭᠠᠨ ᠤᠷᠤᠭᠤᠯᠵᠦ᠂ | ᠵᠤᠬᠢᠶᠠᠨ ᠪᠠᠶᠢᠭᠤᠯᠵᠦ ᠤᠳᠤᠷᠢᠳᠬᠤ ᠪᠠᠨ ᠴᠢᠩᠭᠠᠳᠬᠠᠵᠦ᠂ ᠨᠠᠶᠢᠳᠠᠪᠤᠷᠢᠵᠢᠭᠤᠯᠬᠤ ᠶᠢ ᠬᠢᠨᠠᠮᠠᠭᠠᠢ ᠠᠳᠬᠤᠬᠤ | ᠬᠡᠷᠡᠭᠲᠡᠢ᠃ ᠬᠠᠮᠢᠶ᠎ᠠ ᠪᠦᠬᠦᠢ ᠨᠠᠶᠢᠳᠠᠪᠤᠷᠢᠵᠢᠭᠤᠯᠤᠭᠰᠠᠨ ᠪᠠᠶᠢᠳᠠᠯ ᠪᠤᠯᠤᠨ ᠴᠢᠬᠤᠯᠠ ᠵᠦᠢᠯᠡᠰ ᠢᠶᠠᠨ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠤ ᠬᠠᠤᠯᠢ ᠳᠦᠷᠢᠮ ᠤᠨ ᠠᠯᠪᠠᠨ ᠭᠡᠷ ᠲᠤ ᠴᠠᠭ ᠲᠤᠬᠠᠢ ᠳᠤ ᠨᠢ | ᠮᠡᠳᠡᠭᠦᠯᠦᠨ ᠬᠦᠷᠭᠡᠬᠦ ᠬᠡᠷᠡᠭᠲᠡᠢ᠃ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠠᠤᠯᠢ | ᠳᠦᠷᠢᠮ ᠤᠨ ᠠᠯᠪᠠᠨ ᠭᠡᠷ ᠨᠢ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ ᠠᠵᠢᠯ ᠳᠤ | ᠬᠢᠨᠠᠯᠲᠠ ᠲᠠᠯᠪᠢᠵᠤ ᠵᠢᠯᠤᠭᠤᠳᠬᠤ ᠪᠠᠨ ᠴᠢᠩᠭᠠᠳᠬᠠᠬᠤ ᠶᠢᠨ ᠬᠠᠮᠲᠤ᠂ ᠴᠠᠭ ᠲᠤᠬᠠᠢ ᠳᠤ ᠨᠢ ᠬᠢᠨᠠᠯᠲᠠ ᠲᠠᠯᠪᠢᠵᠦ | ᠪᠠᠶᠢᠴᠠᠭᠠᠬᠤ ᠬᠡᠷᠡᠭᠲᠡᠢ᠃ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |