ᠪᠦᠬᠦ ᠤᠷᠤᠨ ᠤ ᠠᠵᠢᠯ ᠠᠴᠠ ᠪᠠᠨ ᠳᠠᠷᠬᠠᠯᠠᠬᠳᠠᠭᠰᠠᠨ | ᠠᠵᠢᠯ ᠠᠴᠠ ᠪᠠᠨ ᠠᠮᠠᠷᠠᠬᠰᠠᠨ ᠠᠬᠠᠮᠠᠳ ᠨᠦᠬᠦᠳ ᠲᠤ᠄ | ᠤᠷᠢᠬᠠᠨ ᠬᠠᠪᠤᠷ ᠦᠢᠷᠠᠳᠴᠤ᠂ ᠤᠨ ᠵᠢᠯ ᠰᠢᠨᠡᠳᠬᠦ ᠪᠤᠯᠤᠯ᠎ᠡ᠃ 2019 ᠤᠨ ᠤ ᠴᠠᠭᠠᠨ ᠰᠠᠷ᠎ᠠ ᠬᠦᠷᠴᠤ | ᠢᠷᠡᠬᠦ ᠳᠠᠰᠢᠷᠠᠮ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠠᠴᠠ ᠪᠦᠬᠦ | ᠤᠷᠤᠨ ᠤ ᠠᠵᠢᠯ ᠠᠴᠠ ᠪᠠᠨ ᠳᠠᠷᠬᠠᠯᠠᠬᠳᠠᠭᠰᠠᠨ ᠠᠵᠢᠯ ᠠᠴᠠ ᠪᠠᠨ ᠠᠮᠠᠷᠠᠬᠰᠠᠨ ᠠᠬᠠᠮᠠᠳ ᠨᠦᠬᠦᠳ ᠪᠤᠯᠤᠨ ᠲᠠ | ᠨᠠᠷ ᠤᠨ ᠬᠡᠷ ᠪᠦᠯᠢ ᠶᠢᠨ ᠬᠢᠨ ᠳᠤ ᠪᠠᠶᠠᠷ ᠤᠨ ᠡᠳᠤᠷ ᠤᠨ ᠮᠡᠨᠳᠦᠴᠢᠯᠡᠯ ᠬᠦᠷᠬᠡᠵᠤ᠂ ᠰᠠᠷ᠎ᠠ ᠰᠢᠨ᠎ᠡ ᠶᠢᠨ ᠵᠦᠩᠨᠡᠯ | ᠳᠡᠪᠰᠢᠭᠦᠯᠵᠦ ᠪᠠᠶᠢᠨ᠎ᠠ︕ | 2018 ᠤᠨ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ | ᠳᠤᠭᠤᠰᠢᠯᠠᠭᠤᠯᠤᠬᠰᠠᠨ ᠡᠬᠢᠯᠡᠯᠳᠡ ᠶᠢᠨ ᠵᠢᠯ᠂ ᠮᠦᠨ ᠴᠤ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠶᠢᠨ | ᠶᠠᠪᠤᠴᠠ ᠳᠠᠬᠢ ᠳᠦᠢᠯ ᠤᠨ ᠶᠡᠷᠦ ᠪᠤᠰᠤ ᠶᠢᠨ ᠨᠢᠬᠡ ᠵᠢᠯ ᠪᠤᠯᠤᠨ᠎ᠡ᠃ ᠶᠡᠷᠦᠩᠬᠡᠢ ᠱᠦᠵᠢ ᠰᠢ ᠶᠢᠨ ᠫᠢᠩ ᠦᠪᠦᠷ | ᠮᠤᠩᠭᠤᠯ ᠳᠤ ᠪᠦᠷᠢᠨ ᠪᠢᠯᠧᠲ ᠢᠶᠠᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢ ᠪᠠᠷ ᠰᠤᠩᠭᠤᠬᠳᠠᠵᠥ᠂ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ | ᠤᠨ ᠦᠪᠦᠷ ᠮᠤᠩᠭᠤᠯ ᠤᠨ ᠳᠦᠯᠦᠬᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠰᠠᠨ ᠪᠦᠬᠡᠳ | ᠴᠢᠬᠤᠯᠠ ᠶᠠᠷᠢᠶ᠎ᠠ ᠳᠠᠯᠪᠢᠪᠠ᠂ ᠡᠨᠡ ᠪᠤᠯ ᠦᠪᠦᠷ ᠮᠤᠩᠭᠤᠯ ᠤᠨ ᠬᠦᠭᠵᠢᠯᠳᠡ ᠶᠢᠨ ᠳᠡᠥᠬᠡᠨ ᠳᠡᠬᠡᠷᠡᠬᠢ ᠬᠦᠰᠢᠶ᠎ᠠ | ᠲᠡᠮᠳᠡᠭ ᠤᠨ ᠠᠴᠢ ᠬᠤᠯᠪᠤᠬᠳᠠᠯ ᠲᠠᠢ ᠳᠤᠮᠤ ᠶᠠᠪᠤᠳᠠᠯ ᠮᠦᠨ᠂ ᠪᠦᠬᠦ ᠤᠷᠤᠨ ᠤ ᠦᠨᠳᠦᠰᠦᠳᠡᠨ ᠨᠦᠭᠦᠳ ᠤᠨ | ᠠᠷᠠᠳ ᠳᠦᠮᠡᠨ ᠤ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠤ ᠠᠭᠤᠤ ᠶᠡᠭᠡ | ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ ᠢᠳᠡᠬᠡᠯ ᠵᠤᠷᠢᠭ ᠢ ᠶᠡᠭᠡ ᠪᠠᠷ ᠬᠦᠪᠴᠢᠯᠡᠪᠠ᠃ ᠡᠨᠡ ᠨᠢᠬᠡ | ᠵᠢᠯ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠪᠠᠲᠦ ᠴᠢᠩᠭ᠎ᠠ | ᠤᠳᠤᠷᠢᠳᠤᠯᠭ᠎ᠠ ᠳᠤᠤᠷ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠰᠢ ᠶᠢᠨ | ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠭᠤᠰᠢᠯᠠᠭᠤᠯᠵᠥ᠂ | ︽ᠳᠦᠷᠪᠡᠨ ᠤᠬᠠᠮᠰᠠᠷ︾ ᠢ ᠪᠠᠲᠦ ᠪᠤᠢ ᠪᠤᠯᠭᠠᠨ᠂ ︽ᠳᠦᠷᠪᠡᠨ ᠢᠳᠡᠬᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠭᠦᠢᠴᠡᠳᠭᠡᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ | ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠳᠤᠭᠤᠰᠢᠯᠠᠭᠤᠯᠵᠥ᠂ ᠨᠠᠮ ᠤᠨ ᠲᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ | ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠥ | ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠤᠨ᠂ ᠰᠢᠨ᠎ᠡ ᠬᠠᠭᠤᠴᠢᠨ ᠬᠦᠳᠡᠯᠬᠡᠬᠦ | ᠡᠨᠧᠷᠬᠢ ᠶᠢᠨ ᠰᠤᠯᠢᠬᠳᠠᠯ ᠢ ᠳᠦᠷᠬᠡᠳᠬᠡᠪᠡ︔ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢ ᠯᠠᠪᠳᠠᠭᠤᠨ | ᠪᠠᠳᠤᠳᠠᠢ ᠠᠬᠢᠭᠤᠯᠵᠥ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠨᠢᠬᠡᠳᠦᠯᠳᠡᠢ ᠳᠦᠯᠦᠪᠵᠢᠬᠦᠯᠦᠨ | ᠰᠠᠶᠢᠲᠤᠷ ᠬᠢᠪᠡ︔ ᠦᠨᠳᠦᠰᠦᠳᠡᠨ ᠤ ᠪᠦᠯᠬᠦᠮᠳᠡᠯ ᠪᠠ ᠬᠢᠯᠢ ᠬᠢᠵᠠᠭᠠᠷ ᠤᠨ ᠠᠮᠤᠷ ᠲᠤᠭᠳᠠᠭᠤᠨ ᠢ ᠯᠠᠪᠳᠠᠭᠤᠨ | ᠪᠠᠳᠤᠳᠠᠢ ᠠᠬᠢᠭᠤᠯᠵᠥ᠂ ᠡᠭᠡ ᠤᠯᠤᠰ ᠤᠨ ᠤᠮᠠᠷᠠᠳᠤ ᠶᠢᠨ ᠠᠮᠤᠷ ᠳᠤᠬᠳᠠᠭᠤᠨ ᠤ ᠬᠠᠯᠬᠠᠪᠴᠢ ᠶᠢ ᠴᠢᠨᠠᠬᠰᠢᠳᠠ | ᠪᠠᠬᠢᠵᠢᠬᠦᠯᠪᠡ︔ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠥ᠂ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠡᠯ᠎ᠡ ᠵᠦᠢᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ | ᠰᠠᠶᠢᠲᠤᠷ ᠬᠢᠪᠡ︔ ᠰᠢᠨ᠎ᠠ ᠴᠠᠬ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠠᠷᠤᠩᠬᠡᠢ ᠱᠠᠭᠠᠷᠳᠠᠯᠭ᠎ᠠ ᠶᠢ ᠪᠦᠬᠦ | ᠲᠠᠯ᠎ᠠ ᠪᠠᠷ ᠲᠤᠭᠤᠰᠢᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠬᠦᠨᠵᠡᠬᠡᠢ ᠠᠬᠢᠭᠤᠯᠤᠨ᠂ ᠪᠦᠬᠦ | ᠤᠷᠤᠨ ᠤ ᠠᠵᠤ ᠠᠬᠤᠢ ᠶᠢᠨ ᠬᠦᠭᠵᠢᠯᠳᠠ᠂ ᠦᠨᠳᠤᠰᠤᠳᠠᠨ ᠤ ᠪᠦᠯᠬᠦᠮᠳᠡᠯ᠂ ᠨᠡᠶᠢᠭᠡᠮ ᠤᠨ ᠲᠤᠭᠳᠠᠭᠤᠨ᠂ ᠬᠢᠯᠢ | ᠬᠢᠵᠠᠭᠠᠷ ᠤᠨ ᠠᠮᠤᠷ ᠲᠤᠭᠳᠠᠭᠤᠨ ᠤ ᠶᠡᠭᠡ ᠰᠠᠶᠢᠨ ᠪᠠᠶᠢᠳᠠᠯ ᠴᠢᠨᠠᠬᠰᠢᠳᠠ ᠪᠠᠬᠢᠵᠢᠨ ᠬᠦᠭᠵᠢᠵᠤ᠂ ᠵᠢᠱᠢᠯᠳᠠ ᠪᠠᠷ | ᠤᠷᠤᠨ ᠨᠤᠳᠤᠭ ᠤᠨ ᠦᠢᠯᠡᠳᠪᠦᠷᠢᠯᠡᠯ ᠤᠨ ᠶᠠᠷᠤᠩᠬᠡᠢ ᠦᠷᠳᠡᠭ ᠤᠨ ᠨᠡᠮᠡᠭᠳᠡᠯ 5.3% ᠳᠤ ᠬᠦᠷᠴᠤ᠂ ᠡᠩ ᠤᠨ | ᠤᠯᠠᠨ ᠨᠡᠶᠢᠲᠡ ᠶᠢᠨ ᠲᠦᠰᠤᠪ ᠤᠨ ᠤᠷᠤᠯᠭ᠎ᠠ 9.1% ᠪᠠᠷ ᠨᠡᠮᠡᠭᠳᠡᠨ᠂ ᠬᠤᠳᠠ ᠬᠦᠳᠡᠭᠡ ᠶᠢᠨ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠦᠮᠤᠨ ᠲᠤᠮᠳᠠᠴᠢ ᠶᠢᠨ ᠡᠵᠡᠮᠳᠡᠵᠤ ᠪᠤᠯᠬᠤ ᠤᠷᠤᠯᠭ᠎ᠠ ᠲᠤᠰ ᠲᠤᠰ 7.4% | ᠪᠠ 9.7% ᠪᠠᠷ ᠨᠡᠮᠡᠭᠳᠡᠵᠤ᠂ ᠪᠦᠬᠦ ᠵᠢᠯ ᠳᠤ 23.5 ᠲᠦᠮᠡᠨ ᠬᠦᠮᠦᠨ ᠢ ᠶᠠᠳᠠᠭᠤ ᠠᠴᠠ ᠠᠩᠬᠢᠵᠢᠷᠠᠭᠤᠯᠵᠤ᠂ | ᠤᠯᠤᠰ ᠤᠨ ᠳᠡᠰ ᠤᠨ 10 ᠶᠠᠳᠠᠭᠤ ᠬᠦᠴᠢᠷᠳᠠᠯᠳᠠᠢ ᠬᠤᠰᠢᠭᠤ ᠰᠢᠶᠠᠨ ᠪᠤᠯᠤᠨ ᠤᠷᠤᠨ ᠤ ᠲᠡᠰ ᠤᠨ 13 ᠶᠠᠳᠠᠭᠤ | ᠬᠦᠴᠢᠷᠳᠠᠯᠳᠠᠢ ᠬᠤᠰᠢᠭᠤ ᠰᠢᠶᠠᠨ ᠢ ᠶᠠᠳᠠᠭᠤ ᠠᠴᠠ ᠠᠩᠬᠢᠵᠢᠷᠠᠭᠤᠯᠪᠠ᠃ ᠡᠳᠡᠬᠡᠷ ᠠᠮᠵᠢᠯᠳᠠ ᠪᠦᠳᠤᠮᠵᠢ ᠶᠢ | ᠤᠯᠤᠬᠰᠠᠨ ᠨᠢ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ᠂ ᠲᠤᠳᠤᠨᠤ ᠬᠠᠯᠠᠮᠵᠢᠯᠠᠯ ᠤᠨ ᠦᠷ᠎ᠠ | ᠳ᠋ᠦᠩ ᠪᠤᠯᠤᠨ᠎ᠠ᠂ ᠪᠦᠬᠦ ᠤᠷᠤᠨ ᠤ ᠦᠨᠳᠤᠰᠤᠳᠠᠨ ᠨᠦᠭᠦᠳ ᠤᠨ ᠠᠷᠠᠳ ᠲᠦᠮᠡᠨ ᠤ ᠬᠠᠷᠢᠯᠴᠠᠨ ᠬᠠᠪᠰᠤᠷᠤᠯᠴᠠᠵᠤ | ᠪᠦᠯᠬᠦᠮᠳᠡᠨ ᠲᠡᠮᠡᠴᠡᠭᠰᠡᠨ ᠤ ᠦᠷ᠎ᠠ ᠳ᠋ᠦᠩ ᠪᠤᠯᠤᠨ᠎ᠠ᠂ ᠮᠦᠨ ᠴᠤ ᠦᠷᠬᠡᠨ ᠤᠯᠠᠨ ᠠᠵᠢᠯ ᠠᠴᠠ ᠪᠠᠨ | ᠲᠠᠷᠬᠠᠯᠠᠬᠳᠠᠬᠰᠠᠨ ᠪᠠ ᠠᠵᠢᠯ ᠠᠴᠠ ᠪᠠᠨ ᠠᠮᠠᠷᠠᠭᠰᠠᠠ ᠠᠬᠠᠮᠠᠳ ᠨᠦᠬᠦᠳ ᠤᠨ ᠬᠠᠯᠠᠮᠵᠢᠯᠡᠨ ᠲᠡᠮᠵᠢᠵᠤ ᠬᠠᠷᠠᠮ | ᠦᠬᠡᠢ ᠵᠤᠷᠢᠭᠤᠯᠤᠬᠰᠠᠨ ᠤ ᠦᠷ᠎ᠠ ᠳ᠋ᠦᠩ ᠪᠤᠯᠬᠤ ᠶᠤᠮ᠃ ᠨᠢᠬᠡ ᠵᠢᠯ ᠤᠨ ᠲᠤᠷᠰᠢ᠂ ᠠᠬᠠᠮᠠᠳ ᠨᠦᠬᠦᠳ ᠨᠠᠷ | ᠠᠵᠢᠯ ᠠᠴᠠ ᠪᠠᠨ ᠲᠠᠷᠬᠠᠯᠠᠬᠳᠠᠬᠰᠠᠨ ᠴᠤ ᠠᠵᠢᠯ ᠤᠨ ᠵᠤᠷᠢᠬ ᠰᠢᠨᠳᠠᠷᠠᠰᠢ ᠦᠬᠡᠢ᠂ ᠠᠵᠢᠯ ᠠᠴᠠ ᠪᠠᠨ ᠠᠮᠠᠷᠠᠬᠰᠠᠨ | ᠴᠤ ᠡᠷᠴᠢ ᠬᠦᠴᠤᠨ ᠰᠤᠯᠠᠷᠠᠰᠢ ᠦᠬᠡᠢ ᠪᠠᠷ ᠨᠠᠮ ᠪᠠ ᠠᠷᠠᠳ ᠲᠦᠮᠡᠨ ᠤ ᠤᠶᠢᠢᠯᠡᠰ ᠲᠤ ᠰᠡᠳᠬᠢᠯ ᠲᠠᠯᠪᠢᠨ᠂ | ᠦᠪᠤᠷ ᠮᠤᠩᠭᠤᠯ ᠤᠨ ᠬᠦᠭᠵᠢᠯᠲᠡ ᠳᠤ ᠰᠡᠳᠬᠢᠯ ᠲᠠᠯᠪᠢᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠬᠦᠢᠴᠡᠳ | ᠪᠠᠳᠠᠷᠠᠭᠤᠯᠤᠨ᠂ ᠦᠪᠤᠷ ᠮᠤᠩᠭᠤᠯ ᠤᠨ ᠤᠳᠤᠬᠢᠴᠢᠯᠠᠯᠳᠠ ᠶᠢᠨ ᠪᠦᠳᠤᠬᠡᠨ ᠪᠠᠶᠢᠭᠤᠯᠤᠯᠲᠠ ᠶᠢ ᠠᠬᠢᠭᠤᠯᠬᠤ ᠳᠤ | ᠢᠳᠡᠪᠬᠢᠳᠠᠢ ᠬᠤᠪᠢ ᠨᠡᠮᠡᠷᠢ ᠦᠵᠡᠬᠦᠯᠪᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ | ᠤᠷᠳᠤᠨ ᠲᠠ ᠨᠠᠷ ᠲᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠶᠢᠨ ᠬᠠᠮᠲᠤ ᠡᠷᠬᠢᠮ ᠳᠡᠭᠡᠳᠦ | ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠭᠤᠤᠯ ᠭᠤᠷᠤᠬ᠎ᠠ ᠨᠡᠶᠢᠯᠡᠭᠡᠳ ᠠᠨᠠᠪᠠᠳ ᠲᠠᠯᠠᠢ ᠪᠤᠯᠳᠠᠭ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠤᠨ | ᠲᠠᠷᠪᠠᠭᠤᠯ ᠬᠡᠶᠢᠰᠭᠡᠨ ᠤᠷᠤᠭᠰᠢᠯᠠᠮᠤᠢ᠃ 2019 ᠤᠨ ᠪᠤᠯ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 | ᠵᠢᠯ ᠤᠨ ᠤᠢ᠂ ᠪᠠᠷᠠᠭᠤᠨ ᠤᠷᠤᠨ ᠢ ᠶᠡᠭᠡ ᠪᠠᠷ ᠨᠡᠬᠡᠬᠡᠨ ᠬᠦᠭᠵᠢᠬᠦᠯᠤᠯᠳᠠ ᠬᠢᠭᠰᠡᠨ 20 ᠵᠢᠯ ᠤᠨ ᠤᠢ᠂ ᠮᠦᠨ | ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠠ᠃ ᠰᠢᠨ᠎ᠠ ᠨᠢᠬᠡ ᠵᠢᠯ ᠳᠤ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠰᠢ ᠶᠢᠨ ᠫᠢᠩ ᠤᠨ ᠰᠢᠨ᠎ᠠ ᠴᠠᠬ | ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠨ᠂ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠪᠤᠯᠤᠨ ᠠᠷᠪᠠ ᠶᠢᠰᠤᠳᠤᠭᠡᠷ ᠬᠤᠭᠤᠴᠠᠭᠠᠨ ᠤ ᠲᠦᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠬ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠨ ᠲᠤᠭᠤᠰᠢᠯᠠᠭᠤᠯᠵᠤ᠂ ᠶᠠᠷᠤᠩᠬᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠠᠵᠢᠯ ᠤᠨ | ᠲᠤᠬᠠᠢ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠬ ᠰᠠᠨᠠᠭ᠎ᠠ ᠶᠢ ᠬᠦᠨᠵᠡᠬᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠳᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠪᠦᠬᠦ | ᠬᠦᠴᠦᠨ ᠢᠶᠠᠷ ᠰᠠᠶᠢᠲᠤᠷ ᠬᠢᠵᠤ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠠ ᠶᠢ ᠯᠠᠪᠳᠠᠭᠤᠨ ᠪᠠᠲᠤᠲᠠᠢ | ᠠᠬᠢᠭᠤᠯᠵᠤ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠬᠡᠷᠡᠴᠢᠯᠠᠯᠳᠠ ᠶᠢ ᠠᠬᠢᠭᠤᠯᠬᠤ᠂ ᠪᠦᠳᠤᠴᠠ ᠶᠢ | ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠬᠦᠷᠢ ᠶᠢ ᠰᠡᠷᠭᠡᠶᠢᠯᠡᠬᠦ ᠡᠯ᠎ᠠ | ᠵᠦᠢᠯ ᠤᠨ ᠠᠵᠢᠯ ᠢ ᠨᠢᠬᠡᠳᠤᠯᠳᠠᠢ ᠲᠦᠯᠤᠪᠵᠢᠬᠦᠯᠤᠨ ᠠᠬᠢᠭᠤᠯᠵᠤ᠂ ᠠᠷᠠᠳ ᠤᠯᠠᠨ ᠤ ᠬᠦᠷᠳᠡᠮᠵᠢ ᠶᠢᠨ | ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠠᠭᠦᠯᠵᠤ᠂ | ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠤᠭᠳᠠᠭᠤᠨ ᠢ | ᠴᠢᠨᠠᠭᠰᠢᠳᠠ ᠪᠠᠲᠤᠯᠠᠵᠤ᠂ ᠰᠢᠨ᠎ᠠ ᠴᠠᠭ ᠦᠶ᠎ᠠ ᠶᠢᠨ ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠠ ᠪᠤᠯᠤᠨ | ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠲᠠ ᠶᠢᠨ ᠰᠢᠨ᠎ᠠ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠪᠢᠳᠠ | ᠤᠷᠳᠤ ᠬᠤᠭᠤᠴᠠᠭ᠎ᠠ ᠪᠠᠷ ᠪᠠᠷᠢᠮᠳᠠᠯᠠᠬᠤ ᠳᠠᠭᠠᠭᠠᠮᠠᠭᠠᠢ ᠵᠤᠷᠢᠭ᠂ ᠴᠤᠴᠠᠯᠲᠠ ᠦᠭᠡᠢ ᠪᠠᠷ ᠤᠷᠤᠭᠰᠢᠯᠠᠬᠤ ᠲᠡᠮᠡᠴᠡᠯ | ᠤᠨ ᠵᠤᠷᠢᠭ᠂ ᠤᠯᠠᠨ ᠠᠴᠠ ᠲᠦᠷᠦᠭᠦᠯᠡᠨ ᠬᠢᠬᠦ ᠡᠷᠴᠢ ᠵᠤᠷᠢᠭ ᠢᠶᠠᠷ ᠬᠠᠷᠠᠯᠳᠠ ᠶᠢᠨ ᠢᠶᠠᠨ ᠲᠦᠯᠦᠬᠡ ᠬᠦᠴᠦᠯᠡᠨ | ᠴᠢᠷᠮᠠᠶᠢᠵᠤ᠂ ᠠᠯᠬᠤᠮ ᠪᠦᠷᠢ ᠶᠢ ᠪᠠᠲᠤᠲᠠᠢ ᠠᠯᠬᠤᠬᠤ ᠳᠤ ᠬᠦᠷᠪᠡᠯ ᠪᠦᠭᠦ ᠤᠷᠤᠨ ᠤ ᠦᠨᠳᠦᠰᠦᠲᠡᠨ ᠨᠦᠭᠦᠳ ᠤᠨ | ᠠᠷᠠᠳ ᠲᠦᠮᠡᠨ ᠤ ᠠᠮᠢᠳᠤᠷᠠᠯ ᠯᠠᠪᠳᠠᠢ ᠡᠳᠤᠷ ᠠᠴᠠ ᠡᠳᠤᠷ ᠰᠠᠶᠢᠵᠢᠷᠠᠵᠤ᠂ ᠤᠯᠠᠮ ᠠᠴᠠ ᠤᠯᠠᠮ ᠦᠬᠡᠳᠡᠯᠡᠨᠠ | ᠭᠡᠳᠡᠭ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠᠳᠤ ᠢᠳᠡᠭᠡᠵᠤ ᠪᠠᠶᠢᠨ᠎ᠠ᠃ | ᠠᠬᠠᠮᠠᠳ ᠨᠦᠭᠦᠳ ᠪᠤᠯ ᠨᠠᠮ ᠤᠨ ᠲᠦᠷᠤ ᠪᠠᠷᠢᠵᠤ ᠤᠯᠤᠰ ᠢᠶᠠᠨ ᠮᠠᠨᠳᠤᠭᠤᠯᠬᠤ ᠶᠢᠨ ᠴᠢᠬᠤᠯᠠ ᠤᠯᠤᠰ | ᠲᠦᠷᠤ ᠶᠢᠨ ᠡᠬᠢ ᠪᠠᠶᠠᠯᠢᠭ ᠮᠦᠨ᠃ ᠠᠬᠠᠮᠠᠳ ᠨᠦᠭᠦᠳ ᠢ ᠭᠦᠨᠳᠤᠳᠭᠡᠭᠦ ᠪᠤᠯ ᠲᠠᠷᠤᠢ ᠨᠠᠮ ᠤᠨ ᠢᠷᠡᠭᠤ | ᠠᠯᠳᠠᠷᠳᠤ ᠲᠡᠤᠭᠡ ᠶᠢ ᠭᠦᠨᠳᠤᠳᠭᠡᠵᠤ ᠪᠠᠶᠢᠭ᠎ᠠ ᠶᠠᠪᠤᠲᠠᠯ ᠮᠦᠨ᠂ ᠠᠬᠠᠮᠠᠳ ᠨᠦᠭᠦᠳ ᠢ ᠬᠠᠶᠢᠷᠠᠯᠠᠬᠤ ᠪᠤᠯ ᠲᠠᠷᠤᠢ | ᠨᠠᠮ ᠤᠨ ᠡᠷᠬᠢᠮ ᠨᠠᠨᠳᠢᠨ ᠦᠪ ᠭᠦᠷᠤᠩᠭᠡ ᠶᠢ ᠬᠠᠶᠢᠷᠠᠯᠠᠵᠤ ᠪᠠᠶᠢᠭ᠎ᠠ ᠶᠠᠪᠤᠲᠠᠯ ᠮᠦᠨ᠃ ᠰᠢᠨ᠎ᠠ ᠨᠢᠭᠡ ᠵᠢᠯ ᠳᠤ | ᠪᠦᠭᠦ ᠤᠷᠤᠨ ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠬᠠᠮᠠᠳ ᠺᠠᠳ᠋ᠷ ᠤᠨ ᠠᠵᠢᠯ ᠤᠨ | ᠲᠤᠬᠠᠢ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠠᠬᠠᠮᠠᠳ ᠨᠦᠬᠦᠳ ᠢ ᠰᠠᠶᠢᠲᠤᠷ ᠬᠠᠷᠠᠭᠠᠯᠵᠠᠨ ᠬᠠᠯᠠᠮᠵᠢᠯᠠᠵᠤ᠂ ᠬᠡᠭᠦᠳᠡᠭ ᠲᠦᠭᠦᠷᠡᠩ | ᠬᠠᠯᠠᠭᠤᠨ ᠰᠡᠳᠬᠢᠯᠭᠡ ᠪᠠᠷ ᠠᠬᠠᠮᠠᠳ ᠨᠦᠬᠦᠳ ᠲᠤ ᠦᠢᠯᠡᠴᠢᠯᠡᠨ᠂ ᠠᠬᠠᠮᠠᠳ ᠨᠦᠭᠦᠳ ᠲᠤ ᠰᠠᠶᠢᠨ ᠰᠠᠶᠢᠬᠠᠨ | ᠠᠮᠢᠳᠤᠷᠠᠯ ᠰᠤᠷᠤᠯᠴᠠᠯᠭ᠎ᠠ ᠶᠢᠨ ᠤᠷᠴᠢᠨ ᠲᠤᠭᠤᠷᠢᠨ ᠢ ᠡᠭᠦᠳᠦᠨ ᠦᠭᠬᠦ ᠪᠠᠷ ᠴᠢᠷᠮᠠᠶᠢᠵᠤ᠂ ᠠᠬᠠᠮᠠᠳ ᠨᠦᠭᠦᠳ ᠤᠨ | ᠲᠠᠭᠠᠯᠠᠮᠵᠢᠳᠠᠢ ᠠᠮᠢᠳᠤᠷᠠᠵᠤ ᠦᠳᠡᠯᠤᠭᠡ ᠨᠠᠰᠤ ᠪᠠᠨ ᠵᠤᠯ ᠵᠢᠷᠭᠠᠯ ᠲᠠᠢ ᠪᠠᠷ ᠦᠡᠭᠭᠡᠷᠡᠭᠦᠯᠭᠦ ᠶᠢ ᠨᠢ ᠪᠠᠳᠤᠯᠠᠬᠤ | ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠦᠭᠦ ᠤᠷᠤᠨ ᠤ ᠦᠷᠭᠡᠨ | ᠤᠯᠠᠨ ᠠᠵᠢᠯ ᠠᠴᠠ ᠪᠠᠨ ᠲᠠᠷᠬᠠᠯᠠᠬᠳᠠᠭᠰᠠᠨ ᠠᠵᠢᠯ ᠠᠴᠠ ᠪᠠᠨ ᠠᠮᠠᠷᠠᠭᠰᠠᠠ ᠠᠬᠠᠮᠠᠳ ᠨᠦᠭᠦᠳ ᠤᠨ ᠤᠬ | ᠰᠠᠨᠠᠭ᠎ᠠ ᠪᠠᠨ ᠦᠯᠦ ᠮᠠᠷᠲᠠᠨ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠯᠤᠰ ᠲᠦᠷᠤ ᠶᠢᠨ | ᠲᠠᠪᠠᠭᠤᠯᠢᠭ᠂ ᠲᠤᠷᠰᠢᠯᠭ᠎ᠠ ᠶᠢᠨ ᠲᠠᠪᠠᠭᠤᠯᠢᠭ᠂ ᠨᠡᠷ᠎ᠠ ᠬᠦᠨᠳᠦ ᠶᠢᠨ ᠲᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ | ᠦᠡᠭᠭᠡᠷᠡᠭᠰᠠᠨ ᠲᠠᠢ ᠪᠠᠨ ᠠᠳᠠᠯᠢ ᠪᠠᠷ ᠦᠪᠡᠷᠳᠠᠭᠡᠨ ᠵᠠᠰᠠᠬᠤ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ | ᠭᠦᠭᠵᠢᠯᠳᠠ ᠶᠢ ᠬᠠᠯᠠᠮᠵᠢᠯᠠᠨ ᠲᠡᠮᠵᠢᠵᠤ᠂ ᠪᠦᠭᠦ ᠤᠷᠤᠨ ᠤ ᠦᠨᠳᠤᠰᠤᠳᠠᠨ ᠨᠦᠭᠦᠳ ᠤᠨ ᠠᠷᠠᠳ ᠲᠦᠮᠡᠨ ᠲᠠᠢ | ᠬᠠᠮᠳᠤ ᠪᠠᠷ ᠲᠡᠮᠡᠴᠡᠨ ᠴᠢᠷᠮᠠᠶᠢᠵᠤ ᠡᠷᠡᠯᠬᠡᠭᠯᠡᠨ ᠤᠷᠤᠭᠰᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠤᠳᠤᠬᠢᠴᠢᠯᠠᠭᠰᠠᠠ ᠦᠪᠤᠷ ᠮᠤᠩᠭᠤᠯ ᠢ ᠪᠦᠲᠦᠭᠡᠨ ᠪᠠᠶᠢᠭᠤᠯᠬᠤ | ᠠᠤᠭ᠎ᠠ ᠬᠠᠷᠠᠯᠲᠠ ᠳᠡᠶᠢᠰᠢ ᠡᠷᠡᠮᠡᠬᠡᠶᠢᠯᠡᠨ ᠤᠷᠤᠭᠰᠢᠯᠠᠵᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ | ᠤᠷᠤᠨ ᠢᠶᠠᠨ ᠨᠡᠩ ᠦᠵᠡᠰᠭᠦᠯᠡᠩᠳᠤ ᠰᠠᠶᠢᠬᠠᠨ ᠪᠤᠯᠭᠠᠨ ᠴᠤᠭᠴᠠᠯᠠᠬᠤ ᠪᠠᠷ ᠴᠢᠷᠮᠠᠶᠢᠵᠤ᠂ ᠰᠢᠯᠢᠳᠡᠭ | ᠠᠮᠵᠢᠯᠲᠠ ᠪᠠᠷ ᠢᠶᠠᠨ ᠪᠦᠭᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠩ ᠤᠨ | ᠣᠢ ᠶᠢ ᠪᠡᠯᠭᠡᠯᠡᠬᠦ ᠶᠢ ᠬᠦᠰᠡᠵᠦ ᠪᠠᠶᠢᠨ᠎ᠠ︕ | ᠦᠷᠭᠡᠨ ᠤᠯᠠᠨ ᠠᠵᠢᠯ ᠠᠴᠠ ᠪᠠᠨ ᠲᠠᠷᠬᠠᠯᠠᠬᠳᠠᠭᠰᠠᠨ ᠠᠵᠢᠯ ᠠᠴᠠ ᠪᠠᠨ ᠠᠮᠠᠷᠠᠭᠰᠠᠠ ᠠᠬᠠᠮᠠᠳ ᠨᠦᠭᠦᠳ | ᠤᠨ ᠪᠠᠶ᠎ᠠ ᠮᠠᠬᠠᠪᠤᠳ ᠡᠷᠡᠭᠦᠯ ᠴᠢᠬᠢᠷᠠᠭ᠂ ᠭᠡᠷ ᠬᠤᠲᠠᠯᠠᠭᠠᠷ ᠢᠶᠠᠨ ᠵᠤᠯ ᠵᠢᠷᠭᠠᠯ ᠲᠠᠢ ᠪᠠᠶᠢᠬᠤ ᠶᠢ ᠴᠢᠩ | ᠰᠡᠳᠬᠢᠯ ᠠᠴᠠ ᠪᠠᠨ ᠵᠦᠡᠭᠨᠡᠵᠤ ᠪᠠᠶᠢᠨ᠎ᠠ︕ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠪᠦᠷ | ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠤᠷᠢᠶ᠎ᠠ | ᠦᠪᠤᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ | 2019 ᠤᠨ ᠤ 1 ᠳ᠋ᠦ᠋ᠭᠡᠷ ᠰᠠᠷ᠎ᠠ ᠶᠢᠨ 29 ᠤ ᠡᠳᠤᠷ |