ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠬᠦᠳᠠ ᠬᠤᠷᠠᠯ ᠬᠢᠪᠡ  ᠯᠢ ᠰᠢᠤ ᠯᠢᠩ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠷᠢᠬᠦᠯᠡᠭᠴᠢ ᠪᠠᠷ ᠰᠤᠩᠭᠤᠭᠳᠠᠵᠠᠢ
ᠨᠡᠶᠢᠲᠡᠯᠡᠭᠰᠡᠨ ᠴᠠᠭ᠄
2019/1/30
     1 ᠳ᠋ᠦ᠋ᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠭᠤᠷᠪᠠᠳᠤᠭᠠᠷ ᠤᠳᠠᠭ᠎ᠠ ᠶᠢᠨ ᠪᠦᠬᠦᠳᠠ ᠬᠤᠷᠠᠯ ᠬᠢᠵᠤ᠂ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ ᠪᠤᠯᠤᠨ ᠪᠠᠶᠢᠩᠭᠤ ᠶᠢᠨ ᠭᠡᠰᠢᠬᠦᠨ ᠢ ᠰᠤᠩᠭᠤᠨ ᠭᠠᠷᠭᠠᠵᠠᠢ᠃      ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠎ ᠤᠨ ᠱᠦᠵᠢ ᠯᠢ ᠰᠢᠤ ᠯᠢᠩ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠳ᠋ ᠲᠡᠷᠢᠬᠦᠯᠡᠭᠴᠢ ᠸᠠᠩ ᠵᠦᠡᠭ ᠾᠧ᠂ ᠯᠦᠸᠧ ᡁᠢ ᠬᠤ᠋᠂ ᠳ᠋ᠦᠡᠭ ᠾᠸᠡᠭ ᠢᠤᠢ᠂ ᠵᠸᠡᠭ ᠹᠦ᠋ ᠲᠢᠶᠡᠨ᠂ ᠯᠢᠤ ᠰᠢᠨ ᠯᠧ᠂ ᠮᠠ ᠮᠢᠩ᠂ ᠴᠠᠩ ᠵᠢᠶᠦ᠋ᠨ ᠵᠸᠡᠭ᠂ ᠴᠡᠴᠡᠭ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠠᠳ᠋ ᠲᠠᠷᠢᠬᠦᠯᠡᠭᠴᠢ ᠸᠠᠩ ᠵᠦᠡᠭ ᠾᠧ ᠬᠤᠷᠠᠯ ᠢ ᠡᠷᠬᠢᠯᠡᠵᠠᠢ᠃      ᠦᠪᠡᠷᠳᠡᠭᠡᠨ ᠵᠠᠰᠬᠠᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠎ ᠤ ᠬᠤᠷᠢᠶ᠎ᠠ ᠨᠡᠶᠢᠲᠡ 524 ᠭᠡᠰᠢᠬᠦᠨ ᠲᠠᠢ᠂ ᠰᠤᠩᠭᠤᠭᠤᠯᠢ ᠶᠢᠨ ᠶᠡᠭᠡ ᠬᠤᠷᠠᠯ ᠳᠤ 495  ᠭᠡᠰᠢᠬᠦᠨ  ᠤᠷᠤᠯᠴᠠᠵᠤ᠂ ᠪᠦᠬᠦ ᠭᠡᠰᠢᠬᠦᠨ ᠤ ᠭᠤᠷᠪᠠᠨ ᠤ ᠬᠤᠶᠠᠷ ᠬᠤᠪᠢ ᠶᠢ ᠲᠠᠪᠠᠨ᠂ ᠰᠤᠩᠭᠤᠭᠤᠯᠢ ᠶᠢᠨ ᠠᠷᠭ᠎ᠠ ᠶᠢᠨ ᠬᠠᠮᠢᠶ᠎ᠠ ᠪᠦᠬᠦᠢ ᠲᠤᠭᠳᠠᠭᠠᠯ ᠳᠤ ᠨᠡᠶᠢᠴᠡᠪᠡ᠃      ᠬᠤᠷᠠᠯ ᠠᠴᠠ ᠯᠢ ᠵᠢᠶᠠ ᠶᠢᠨ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠷᠢᠬᠦᠯᠡᠭᠴᠢ᠂ ᠭᠡᠰᠢᠬᠦᠨ ᠠᠴᠠ ᠪᠠᠨ ᠪᠠᠭᠤᠬᠤ ᠶᠢ ᠵᠦᠪᠰᠢᠶᠠᠷᠡᠬᠦ ᠲᠤᠬᠠᠢ ᠲᠤᠭᠳᠠᠭᠠᠯ︔ ᠸᠧᠢ ᠵᠢᠶᠦ᠋ᠨ ᠤ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠨᠠᠷᠢᠨ ᠪᠢᠴᠢᠭ ᠤᠨ ᠲᠠᠷᠤᠭ᠎ᠠ ᠠᠴᠠ ᠪᠠᠨ ᠪᠠᠭᠤᠬᠤ ᠶᠢ ᠵᠦᠪᠰᠢᠶᠠᠷᠡᠬᠦ ᠲᠤᠬᠠᠢ ᠲᠤᠭᠳᠠᠭᠠᠯ︔ ᠳ᠋ᠢ ᠷᠦᠢ ᠮᠢᠩ ᠤᠨ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠬᠦᠨ ᠠᠴᠠ ᠪᠠᠨ ᠪᠠᠭᠤᠬᠤ ᠶᠢ ᠵᠦᠪᠰᠢᠶᠠᠷᠡᠬᠦ ᠲᠤᠬᠠᠢ ᠲᠤᠭᠳᠠᠭᠠᠯ ᠢ ᠬᠢᠨᠡᠨ ᠵᠦᠪᠯᠡᠵᠤ ᠪᠠᠳᠤᠯᠠᠪᠠ᠃ ᠬᠤᠷᠠᠯ ᠠᠴᠠ ᠤᠯᠤᠰ ᠲᠦᠷᠤ ᠶᠢᠨ ᠵᠦᠪᠯᠡᠯᠭᠡᠨ ᠤ ᠦᠪᠤᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠎ ᠤᠨ ᠰᠤᠩᠭᠤᠭᠤᠯᠢ ᠶᠢᠨ ᠠᠷᠭ᠎ᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠤᠨ ᠰᠤᠩᠭᠤᠭᠤᠯᠢ ᠎ ᠶᠢᠨ ᠶᠡᠷᠦᠩᠭᠡᠢ ᠪᠢᠯᠧᠲ ᠬᠢᠨᠠᠭᠴᠢ᠂ ᠲᠠᠳ᠋ ᠶᠡᠷᠦᠩᠭᠡᠢ ᠪᠢᠯᠧᠲ ᠬᠢᠨᠡᠬᠴᠢ᠂ ᠪᠢᠯᠧᠲ ᠬᠢᠨᠠᠭᠴᠢ ᠶᠢᠨ ᠨᠠᠷᠠᠰ ᠢ ᠬᠢᠨᠡᠨ ᠵᠦᠪᠯᠡᠵᠤ ᠪᠠᠳᠤᠯᠠᠨ᠂ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠷᠢᠬᠦᠯᠡᠭᠴᠢ᠂ ᠨᠠᠷᠢᠨ ᠪᠢᠴᠢᠭ ᠤᠨ ᠲᠠᠷᠤᠭ᠎ᠠ ᠪᠤᠯᠤᠨ ᠪᠠᠶᠢᠩᠭᠤ ᠶᠢᠨ ᠭᠡᠰᠢᠬᠦᠨ ᠢ ᠰᠤᠩᠭᠤᠵᠠᠢ᠃      ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ᠪᠠ ᠪᠢᠯᠧᠲ ᠲᠠᠮᠳᠡᠭᠯᠡᠭᠰᠡᠨ ᠦᠷ᠎ᠠ  ᠳ᠋ᠦᠩ ᠎ ᠢ  ᠦᠨᠳᠤᠰᠤᠯᠠᠪᠠᠯ᠂ ᠯᠢ ᠰᠢᠤ ᠯᠢᠩ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠷᠢᠬᠦᠯᠡᠭᠴᠢ ᠪᠠᠷ ᠰᠤᠩᠭᠤᠭᠳᠠᠪᠠ︔ ᠳ᠋ᠢ ᠷᠦᠢ ᠮᠢᠩ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠨᠠᠷᠢᠨ ᠪᠢᠴᠢᠭ ᠤᠨ ᠲᠠᠷᠤᠭ᠎ᠠ ᠪᠠᠷ ᠰᠤᠩᠭᠤᠭᠳᠠᠪᠠ︔ ᠸᠠᠩ ᠾᠸᠡᠭ ᠵᠢᠶᠦ᠋ᠨ᠂ ᠱᠢ ᠯᠸᠢ᠂ ᠭᠤᠤ ᡁᠢ ᠮᠢᠩ᠂ ᠸᠧᠢ ᠵᠢᠶᠦ᠋ᠨ ᠤᠯᠤᠰ ᠲᠦᠷᠦ ᠶᠢᠨ ᠵᠦᠪᠯᠡᠯᠭᠡᠨ ᠤ ᠦᠪᠤᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠭᠡᠰᠢᠭᠦᠨ ᠢᠶᠠᠷ ᠰᠤᠩᠭᠤᠭᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号