ᠥᠪᠥᠷ ᠵᠠᠰᠠᠭ ᠠᠯᠪᠠᠨ ᠲᠠᠷᠬᠠᠭᠠᠭᠰᠠᠨ ﹇2018﹈ 36 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ︵ᠳᠣᠷᠣᠭᠰᠢ ᠰᠤᠷᠭᠠᠭᠤᠯᠢ ᠭᠡᠵᠣ ᠶᠡᠷᠣᠩᠬᠡᠶᠢᠯᠡᠨ | ᠨᠠᠷᠠᠶᠢᠳᠣᠨᠠ︶ ᠤᠨ ᠠᠮᠣᠷ ᠲᠦᠪᠰᠢᠨ ᠤ ᠠᠵᠢᠯ ᠢ ᠴᠢᠩᠭᠠᠳᠬᠠᠬᠤ ᠪᠣᠯ ᠨᠠᠮ ᠤᠨ ᠰᠤᠷᠭᠠᠨ ᠬᠥᠮᠦᠵᠢᠯ ᠤᠨ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠤᠭᠴᠢᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠪᠠᠲᠤᠯᠠᠬᠤ ᠶᠢᠨ ᠤᠷᠢᠲᠠᠯ ᠪᠠ ᠰᠠᠭᠤᠷᠢ ᠮᠥᠨ᠂ ᠥᠷᠭᠡᠨ ᠤᠯᠠᠨ ᠪᠠᠭᠰᠢ ᠰᠤᠷᠤᠭᠴᠢᠳ ᠤᠨ ᠪᠡᠶ᠎ᠡ ᠶᠢᠨ ᠠᠮᠤᠷ | ᠲᠦᠪᠰᠢᠨ ᠳᠤ ᠬᠤᠯᠪᠣᠭᠳᠠᠵᠤ᠂ ᠮᠢᠩᠭ᠎ᠠ ᠲᠦᠮᠡᠨ ᠭᠡᠷ ᠪᠦᠯᠢ ᠶᠢᠨ ᠵᠣᠯ ᠵᠢᠷᠭᠠᠯ ᠪᠠ ᠨᠡᠶᠢᠭᠡᠮ ᠤᠨ ᠡᠶ᠎ᠡ | ᠵᠣᠬᠢᠴᠠᠯ ᠲᠠᠢ ᠲᠣᠭᠲᠠᠭᠤᠨ ᠪᠠᠶᠢᠬᠤ ᠳᠤ ᠬᠤᠯᠪᠣᠭᠳᠠᠬᠤ ᠶᠠᠪᠣᠳᠠᠯ ᠪᠣᠯᠣᠨ᠎ᠠ᠃ ᠰᠤᠷᠭᠠᠭᠤᠯᠢ ᠶᠢᠨ ᠠᠮᠣᠷ | ᠲᠦᠪᠰᠢᠨ ᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠰᠠᠶᠢᠵᠢᠷᠠᠭᠤᠯᠬᠤ ᠶᠢᠨ ᠲᠣᠰᠠᠳᠠ᠂ ︽ᠳᠤᠮᠳᠠᠳᠤ | ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠤᠨ ᠠᠮᠣᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2017﹈ 35 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠭᠦ ᠲᠤᠬᠠᠶ ᠳᠣᠣᠷᠠᠬᠢ ᠮᠡᠲᠦ ᠰᠠᠨᠠᠯ ᠢ ᠳᠤᠷᠠᠣᠡᠪᠠ᠄ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠠ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠥᠮᠦᠨ ᠢᠶᠠᠷ ᠦᠨᠳᠦᠰᠦ ᠪᠣᠯᠭᠠᠬᠤ᠂ ᠪᠦᠬᠦ ᠲᠠᠯ᠎ᠠ ᠪᠠᠷ | ᠰᠡᠷᠭᠡᠶᠢᠯᠡᠨ ᠡᠵᠡᠮᠳᠡᠬᠦ᠂ ᠬᠠᠤᠯᠢ ᠶᠣᠰᠣᠭᠠᠷ ᠵᠠᠰᠠᠬᠤ᠂ ᠳᠦᠷᠦᠯ ᠬᠤᠪᠢᠶᠠᠨ ᠠᠷᠭᠠᠴᠠᠬᠤ᠂ ᠭᠤᠣᠯᠳᠠᠯᠭ᠎ᠠ ᠪᠠᠨ | ᠳᠤᠪᠤᠶᠢᠯᠭᠠᠬᠤ ᠵᠠᠷᠴᠢᠮ ᠢ ᠪᠠᠷᠢᠮᠲᠠᠯᠠᠬᠤ ᠬᠡᠷᠩᠳᠠᠢ᠃ ᠰᠢᠨᠵᠢᠯᠡᠬᠦ ᠤᠬᠠᠭᠠᠨᠴᠢ ᠰᠢᠰᠲ᠋ᠧᠮ ᠲᠠᠢ᠂ ᠦᠨᠡᠡᠭᠦ | ᠪᠦᠲᠦᠮᠵᠢᠲᠡᠶ ᠪᠠᠶᠢᠬᠤ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮᠵᠢ ᠶᠢ ᠪᠠᠶᠢᠭᠤᠯᠵᠣ᠂ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠣᠭᠰᠠᠨ᠂ ᠵᠠᠰᠠᠭ ᠤᠨ ᠣᠷᠳᠣᠨ | ᠬᠠᠷᠢᠭᠤᠴᠠᠵᠣ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠪᠣᠯᠬᠤ ᠰᠤᠷᠭᠠᠭᠤᠯᠢ ᠶᠢᠨ ᠠᠮᠣᠷ ᠲᠦᠪᠰᠢᠨ ᠤ | ᠲᠦᠭᠰᠢᠭᠦᠷᠢ ᠶᠢ ᠣᠷᠢᠣᠡᠴᠢᠯᠠᠨ ᠰᠡᠷᠭᠡᠶᠢᠯᠡᠬᠦ᠂ ᠬᠠᠮᠢᠶᠠᠷᠤᠨ ᠡᠵᠡᠮᠳᠡᠬᠦ ᠪᠠ ᠰᠢᠢᠳᠪᠦᠷᠢᠯᠡᠬᠦ ᠰᠢᠰᠲ᠋ᠧᠮ ᠢ | ᠪᠦᠷᠢᠯᠳᠣᠭᠦᠯᠵᠣ᠂ ᠴᠢᠳᠠᠪᠤᠷᠢᠳᠠᠨ ᠪᠦᠢᠵᠢᠭᠤᠯᠣᠨ ᠬᠥᠮᠦᠵᠢᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠵᠤ᠂ ᠰᠤᠷᠤᠭᠴᠢᠳ ᠤᠨ ᠠᠮᠤᠷ ᠲᠦᠪᠰᠢᠨ ᠪᠦᠭᠡᠣᠨ ᠡᠷᠡᠭᠦᠯ ᠴᠢᠬᠢᠷᠠᠭ ᠢᠶᠠᠷ ᠦᠰᠦᠨ ᠪᠤᠶᠢᠵᠢᠬᠤ ᠳᠤ | ᠪᠠᠲᠤᠯᠠᠭ᠎ᠠ ᠬᠠᠩᠭᠠᠨ᠎ᠠ᠃ | ᠬᠤᠶᠠᠷ᠂ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠬᠦ | ᠰᠢᠰᠲ᠋ᠧᠮᠵᠢ ᠶᠢ ᠲᠡᠭᠦᠯᠳᠡᠷᠵᠢᠭᠦᠯᠣᠨ᠎ᠠ | ︵ᠨᠢᠭᠡ︶ ᠰᠤᠷᠭᠠᠭᠤᠯᠢ ᠶᠢᠨ ᠠᠮᠤᠷ ᠲᠦᠪᠰᠢᠨ ᠤ ᠭᠦᠮᠣᠵᠢᠯ ᠤᠨ ᠲᠣᠭᠲᠠᠴᠠ ᠶᠢ ᠪᠦᠷᠢᠨᠰᠢᠭᠦᠯᠣᠨ᠎ᠠ᠃ | ᠰᠤᠷᠤᠭᠴᠢᠳ ᠤᠨ ᠠᠮᠣᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠢ | ᠳᠡᠭᠡᠭᠰᠢᠯᠡᠭᠦᠯᠭᠦ ᠪᠠᠷ ᠬᠡᠪ ᠴᠢᠨᠠᠷ ᠤᠨ ᠰᠤᠷᠭᠠᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠰᠤᠷᠭᠠᠭᠤᠯᠢ ᠶᠢᠨ | ᠠᠮᠤᠷ ᠲᠦᠪᠰᠢᠨ ᠢ ᠪᠠᠳᠣᠯᠠᠬᠤ ᠬᠥᠮᠦᠵᠢᠯ ᠤᠨ ᠬᠠᠨᠳᠤᠯᠭᠠᠲᠤ ᠴᠢᠨᠠᠷ ᠬᠢᠭᠡᠣᠨ ᠪᠦᠲᠦᠮᠵᠢᠲᠦ ᠴᠢᠨᠠᠷ ᠢ ᠬᠦᠴᠦᠯᠡᠨ | ᠳᠡᠭᠡᠭᠰᠢᠯᠡᠭᠦᠯᠣᠨ᠎ᠠ᠃ ᠠᠮᠣᠷ ᠲᠦᠪᠰᠢᠨ ᠤ ᠬᠥᠮᠦᠵᠢᠯ ᠢ ᠬᠠᠤᠯᠢ ᠪᠠᠷ ᠵᠠᠰᠠᠬᠤ ᠬᠥᠮᠦᠵᠢᠯ ᠪᠣᠯᠣᠨ ᠡᠯ᠎ᠡ ᠬᠢᠴᠢᠶᠠᠯ | ᠲᠦᠷᠦᠯ ᠤᠨ ᠰᠣᠷᠭᠠᠨ ᠬᠥᠮᠦᠵᠢᠯ ᠯᠦᠭᠡ ᠣᠷᠭᠠᠨᠢᠭ ᠢᠶᠠᠷ ᠠᠭᠤᠰᠤᠯᠴᠠᠭᠤᠯᠵᠣ᠂ ᠤᠯᠤᠰ ᠠᠷᠠᠳ ᠤᠨ ᠰᠤᠷᠭᠠᠨ | ᠬᠥᠮᠦᠵᠢᠯ ᠤᠨ ᠰᠢᠰᠲ᠋ᠧᠮᠵᠢ ᠪᠠ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠡᠯ ᠤᠨ ᠵᠢᠭᠠᠨ ᠰᠤᠷᠭᠠᠯᠲᠠ ᠶᠢᠨ | ᠠᠭᠤᠯᠭ᠎ᠠ ᠳᠤ ᠪᠦᠬᠦ ᠲᠠᠯ᠎ᠠ ᠪᠠᠷ ᠣᠷᠣᠭᠤᠯᠣᠨ᠎ᠠ︔ ᠬᠡᠦᠬᠡᠳ ᠤᠨ ᠴᠡᠴᠡᠷᠯᠢᠭ ᠨᠢ ᠤᠯᠠᠷᠢᠯ ᠪᠦᠷᠢ᠂ ᠳᠤᠮᠳᠠᠳᠤ ᠪᠠᠭ᠎ᠠ | ᠰᠤᠷᠭᠠᠭᠤᠯᠢ ᠨᠢ ᠰᠠᠷ᠎ᠠ ᠪᠦᠷᠢ ᠨᠢᠭᠡ ᠤᠳᠠᠭ᠎ᠠ ᠭᠠᠵᠠᠷ ᠬᠥᠳᠡᠯᠦᠯᠲᠡ᠂ ᠭᠠᠯ ᠲᠦᠢᠮᠡᠷ ᠵᠡᠷᠭᠡ ᠪᠠᠴᠢᠮ ᠪᠠᠶᠢᠳᠠᠯ ᠢ | ᠠᠷᠭᠠᠴᠠᠵᠣ ᠵᠠᠶᠢᠯᠠᠭᠤᠯᠬᠤ ᠰᠣᠷᠢᠯᠲᠠ ᠶᠢ ᠵᠣᠬᠢᠶᠠᠨ ᠪᠠᠶᠢᠭᠤᠯᠵᠣ ᠬᠢᠭᠦ ᠬᠡᠷᠩᠳᠠᠢ᠃ ᠰᠤᠷᠭᠠᠨ ᠬᠥᠮᠦᠵᠢᠯ ᠤᠨ | ᠰᠠᠯᠠᠭ᠎ᠠ ᠮᠥᠴᠢᠷ ᠨᠢ ᠠᠮᠣᠷ ᠲᠦᠪᠰᠢᠨ ᠤ ᠮᠡᠳᠡᠯᠭᠡ ᠶᠢ ᠰᠣᠷᠭᠠᠭᠤᠯᠢ ᠶᠢᠨ ᠵᠠᠬᠢᠷᠤᠯ᠂ ᠪᠠᠭᠰᠢ ᠨᠠᠷ ᠢ | ᠪᠣᠯᠪᠠᠰᠤᠷᠠᠭᠤᠯᠬᠤ ᠶᠢᠨ ᠴᠢᠬᠤᠯᠠ ᠠᠭᠤᠯᠭ᠎ᠠ ᠪᠣᠯᠭᠠᠵᠤ᠂ ᠪᠣᠯᠪᠠᠰᠤᠷᠠᠭᠤᠯᠬᠤ ᠡᠷᠴᠢᠮ ᠢᠶᠠᠨ ᠴᠢᠩᠭᠠᠷᠠᠭᠤᠯᠬᠤ ᠶᠢᠨ | ᠬᠠᠮᠲᠤ ᠰᠢᠯᠭᠠᠨ ᠬᠢᠨᠠᠬᠤ ᠶᠢ ᠵᠣᠬᠢᠶᠠᠨ ᠪᠠᠶᠢᠭᠤᠯᠬᠤ ᠬᠡᠷᠡᠭᠲᠡᠶ᠃ | ︵ᠬᠤᠶᠠᠷ︶ ᠰᠤᠷᠤᠭᠴᠢᠳ ᠤᠨ ᠠᠮᠣᠷ ᠲᠦᠪᠰᠢᠨ ᠤ ᠣᠷᠣᠨ ᠪᠦᠰᠡ ᠶᠢᠨ ᠲᠦᠷᠢᠮ ᠢ ᠪᠠᠶᠢᠭᠤᠯᠣᠨ᠎ᠠ᠃ | ᠰᠤᠷᠭᠠᠭᠤᠯᠢ ᠶᠢᠨ ᠬᠦᠷᠢᠶ᠎ᠠ ᠶᠢᠨ ᠡᠷᠬᠢᠨ ᠲᠣᠭᠤᠷᠢᠨ ᠳᠤ ᠣᠷᠴᠢᠨ ᠲᠣᠭᠤᠷᠢᠨ ᠤ ᠪᠣᠬᠢᠷᠳᠣᠯ ᠲᠠᠢ ᠠᠵᠤ ᠠᠬᠤᠶᠢᠯᠠᠯ᠂ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠶᠢ ᠴᠠᠭᠠᠵᠠᠯᠠᠨ᠂ ᠰᠦᠯᠵᠢᠶᠡᠨ ᠳᠤ ᠭᠠᠷᠬᠤ ᠦᠶᠯᠡᠴᠢᠯᠡᠭᠡ᠂ ᠵᠤᠭ᠎ᠠ | ᠴᠡᠩᠭᠡᠯ᠂ ᠱᠠᠩᠨᠠᠯᠳᠣ ᠰᠤᠭᠤᠯᠤᠭ᠎ᠠ ᠵᠡᠷᠭᠡ ᠡᠵᠡᠩᠨᠡᠯᠲᠡ ᠶᠢᠨ ᠭᠠᠵᠠᠷ ᠲᠠᠯᠠᠪᠤᠷ ᠨᠡᠭᠡᠭᠡᠨ ᠭᠠᠷᠭᠠᠬᠤ ᠶᠢ ᠴᠠᠭᠠᠵᠠᠯᠠᠵᠣ᠂ | ᠲᠤᠰᠤ ᠨᠡᠮᠡᠬᠦ ᠦᠷᠲᠡᠭᠡ᠂ ᠬᠡᠢ ᠨᠡᠮᠡᠬᠦ ᠥᠷᠲᠡᠭᠡ ᠪᠠ ᠰᠢᠩᠭᠡᠵᠢᠯ ᠬᠡᠢ ᠶᠢᠨ ᠦᠷᠳᠡᠭᠡ ᠵᠡᠷᠭᠡ ᠠᠮᠤᠷ ᠲᠦᠪᠰᠢᠨ ᠢ | ᠨᠦᠯᠣᠭᠡᠯᠡᠭᠦ ᠳᠠᠯᠳᠠ ᠭᠡᠮ ᠣᠷᠣᠰᠢᠵᠣ ᠪᠠᠶᠢᠭ᠎ᠠ ᠭᠠᠵᠠᠷ ᠳᠠᠯᠠᠪᠣᠷ ᠪᠠᠶᠢᠭᠤᠯᠬᠤ ᠶᠢ ᠴᠠᠭᠠᠵᠠᠯᠠᠬᠤ ᠬᠡᠷᠩᠳᠠᠢ᠃ | ᠰᠤᠷᠤᠭᠴᠢᠳ ᠤᠨ ᠠᠮᠣᠷ ᠲᠦᠪᠰᠢᠨ ᠤ ᠣᠷᠣᠨ ᠪᠦᠰᠨ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ | ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠨᠢ ᠡᠳᠦᠷ ᠲᠤᠲᠤᠮ ᠤᠨ ᠴᠠᠭᠳᠠᠨ ᠲᠣᠭᠤᠷᠢᠵᠣ | ᠰᠡᠷᠭᠡᠶᠢᠯᠡᠨ ᠡᠵᠡᠮᠳᠡᠬᠦ ᠳᠦᠷᠢᠮ ᠢᠶᠠᠨ ᠪᠦᠷᠢᠨᠰᠢᠭᠦᠯᠵᠣ᠂ ᠰᠤᠷᠭᠠᠭᠤᠯᠢ ᠶᠢᠨ ᠡᠷᠬᠢᠨ ᠲᠣᠭᠤᠷᠢᠨ ᠳᠤ ︽ | ᠰᠣᠷᠣᠭᠴᠢᠣᠨ ᠢ ᠬᠠᠮᠠᠭᠠᠯᠠᠬᠤ ᠠᠵᠢᠯ ᠤᠨ ᠪᠠᠶᠢᠷᠢ︾ ᠶᠢᠨ ᠪᠠᠶᠢᠭᠤᠯᠤᠯᠲᠠ ᠶᠢ ᠴᠢᠩᠭᠠᠣᠡᠬᠠᠵᠣ᠂ ᠭᠦᠯ ᠭᠦᠭᠵᠢᠶᠠᠨ | ᠶᠡᠭᠡ ᠲᠠᠢ ᠦᠶ᠎ᠡ ᠳᠠᠬᠢ ᠵᠢᠵᠢᠭᠦᠷᠯᠡᠨ ᠠᠵᠢᠯᠯᠠᠬᠤ ᠲᠣᠭᠲᠠᠴᠠ ᠶᠢ ᠲᠡᠭᠦᠯᠳᠡᠷᠵᠢᠭᠦᠯᠣᠨ᠂ ᠸᠢᠳᠢᠣ᠋ ᠬᠢᠨᠠᠨ ᠡᠵᠡᠮᠳᠡᠬᠦ | ᠰᠢᠰᠲ᠋ᠧᠮ ᠢ ᠪᠠᠶᠢᠷᠢᠯᠠᠭᠤᠯᠬᠤ ᠭᠡᠷᠩᠳᠠᠢ︔ ᠳᠣᠲᠣᠭᠠᠳᠤ ᠶᠢ ᠬᠠᠮᠠᠭᠠᠯᠠᠬᠤ ᠶᠢᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠡᠭᠦᠳᠡᠨ ᠳᠠᠬᠢ ᠵᠠᠮ ᠬᠠᠷᠢᠯᠴᠠᠭᠠᠨ ᠤ ᠡᠮᠬᠢ | ᠲᠢᠭᠯᠢᠮ ᠤᠨ ᠬᠠᠮᠢᠶᠠᠷᠤᠯᠲᠠ ᠶᠢ ᠴᠢᠩᠭᠠᠣᠡᠬᠠᠵᠣ᠂ ᠰᠤᠷᠤᠭᠴᠢᠳ ᠤᠨ ᠰᠤᠷᠭᠠᠭᠤᠯᠢ ᠳᠤ ᠣᠴᠢᠬᠤ ᠰᠣᠷᠭᠠᠭᠤᠯᠢ ᠠᠴᠠ | ᠰᠠᠯᠬᠤ ᠦᠶ᠎ᠡ ᠶᠢᠨ ᠠᠮᠣᠷ ᠲᠦᠪᠰᠢᠨ ᠪᠦᠭᠡᠣᠨ ᠡᠮᠬᠢ ᠵᠢᠷᠤᠮ ᠲᠠᠢ ᠪᠠᠶᠢᠬᠤ ᠶᠢ ᠦᠨᠡᠡᠭᠦ ᠪᠠᠲᠤᠯᠠᠬᠤ ᠬᠡᠷᠡᠭᠲᠡᠶ᠃ | ᠰᠤᠷᠭᠠᠭᠤᠯᠢ ᠨᠢ ᠰᠤᠷᠭᠠᠭᠤᠯᠢ ᠶᠢᠨ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠭᠠᠵᠠᠷ | ᠳᠠᠯᠠᠪᠣᠷ ᠢ ᠪᠠᠶᠢᠭᠤᠯᠵᠣ᠂ ᠢᠯᠡ ᠲᠣᠳᠣᠷᠬᠠᠶ ᠲᠡᠮᠳᠡᠭ ᠪᠣᠰᠬᠠᠬᠤ ᠬᠡᠷᠩᠳᠠᠢ᠃ | ︵ᠭᠤᠷᠪᠠ︶ ᠰᠤᠷᠭᠠᠭᠤᠯᠢ ᠶᠢᠨ ᠠᠮᠣᠷ ᠲᠦᠪᠰᠢᠨ ᠤ ᠰᠡᠷᠡᠮᠵᠢᠯᠡᠭᠦᠯᠬᠦ ᠪᠠ ᠲᠦᠭᠰᠢᠭᠦᠷᠢ ᠶᠢ ᠦᠨᠡᠯᠡᠨ ᠵᠢᠱᠢᠬᠦ | ᠲᠦᠷᠢᠮ ᠢ ᠪᠦᠷᠢᠨᠰᠢᠭᠦᠯᠣᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠲᠤᠷᠠᠵᠣ ᠪᠠᠶᠢᠭᠠᠣᠨ ᠣᠷᠣᠨ ᠪᠦᠰᠡ ᠶᠢᠨ ᠴᠢᠨᠠᠷᠲᠠᠶ ᠰᠤᠷᠭᠠᠭᠤᠯᠢ ᠶᠢᠨ ᠠᠮᠣᠷ ᠲᠦᠪᠰᠢᠨ ᠤ | ᠲᠦᠭᠰᠢᠭᠦᠷᠢ ᠶᠢᠨ ᠨᠠᠷᠢᠨ ᠳᠠᠩᠰᠠ ᠶᠢ ᠲᠣᠭᠳᠠᠭᠠᠨ᠂ ᠡᠭᠡ ᠲᠠᠩᠰᠠ ᠶᠢᠨ ᠲᠥᠷᠢᠮ ᠢ ᠪᠠᠶᠢᠭᠤᠯᠵᠤ᠂ ᠣᠷᠣᠰᠢᠵᠤ | ᠪᠠᠶᠢᠭ᠎ᠠ ᠠᠮᠣᠷ ᠲᠦᠪᠰᠢᠨ ᠤ ᠲᠦᠭᠰᠢᠭᠦᠷᠢ ᠶᠢᠨ ᠲᠠᠯᠳᠠ ᠬᠡᠮ ᠢ ᠴᠠᠭ ᠲᠤᠬᠠᠶ ᠳᠤ ᠨᠢ ᠴᠡᠭᠴᠡᠯᠡᠨ ᠥᠭᠡᠷᠡᠴᠢᠯᠡᠵᠦ | ᠨᠠᠶᠢᠳᠠᠪᠤᠷᠢᠵᠢᠭᠤᠯᠬᠤ ᠬᠡᠷᠡᠭᠲᠡᠶ᠃ ᠰᠤᠷᠭᠠᠭᠤᠯᠢ ᠶᠢᠨ ᠠᠮᠤᠷ ᠲᠦᠪᠰᠢᠨ ᠢ ᠨᠥᠯᠥᠭᠡᠯᠡᠬᠦ ᠤᠯᠠᠨ ᠨᠡᠶᠢᠲᠡ ᠶᠢᠨ ᠠᠮᠣᠷ | ᠲᠦᠪᠰᠢᠨ ᠤ ᠬᠡᠷᠡᠭ᠂ ᠪᠠᠶᠢᠭᠠᠯᠢ ᠶᠢᠨ ᠭᠠᠶ ᠭᠠᠮᠰᠢᠭ ᠵᠡᠷᠭᠡ ᠲᠦᠭᠰᠢᠭᠦᠷᠢ ᠭᠠᠷᠬᠤ ᠦᠶ᠎ᠡ ᠳᠤ᠂ ᠬᠤᠯᠪᠣᠭᠳᠠᠯ ᠪᠥᠬᠦᠢ | ᠰᠠᠯᠠᠭ᠎ᠠ ᠮᠥᠴᠢᠷ ᠨᠢ ᠬᠠᠮᠤᠭ ᠤᠨ ᠳᠡᠷᠢᠭᠦᠨ ᠳᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠮᠡᠳᠡᠭᠦᠯᠵᠣ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠠᠮᠤᠭ ᠳᠡᠷᠢᠭᠦᠨ ᠳᠤ ᠰᠣᠷᠭᠠᠭᠤᠯᠢ ᠳᠤ ᠮᠡᠳᠡᠭᠳᠡᠬᠦ ᠶᠢᠨ ᠬᠠᠮᠳᠣ | ᠰᠤᠷᠭᠠᠭᠤᠯᠢ ᠶᠢ ᠵᠢᠯᠣᠭᠤᠳᠤᠨ ᠰᠡᠷᠭᠡᠶᠢᠯᠡᠬᠦ ᠬᠡᠷᠡᠭᠲᠡᠶ᠃ | ᠭᠤᠷᠪᠠ᠂ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢᠨ ᠬᠠᠮᠢᠶᠠᠷᠣᠨ ᠡᠵᠡᠮᠳᠡᠭᠦ ᠲᠣᠭᠲᠠᠴᠠ ᠶᠢ | ᠪᠦᠷᠢᠨᠰᠢᠭᠦᠯᠣᠨ᠎ᠠ | ︵ᠨᠢᠭᠡ︶ ᠰᠤᠷᠭᠠᠭᠤᠯᠢ ᠶᠢᠨ ᠠᠮᠣᠷ ᠲᠦᠪᠰᠢᠨ ᠤ ᠬᠠᠮᠢᠶᠠᠷᠤᠯᠲᠠ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠣᠨ᠎ᠠ᠃ ᠰᠤᠷᠭᠠᠭᠤᠯᠢ ᠨᠢ ᠰᠤᠷᠭᠠᠭᠤᠯᠢ ᠶᠢᠨ ᠵᠠᠬᠢᠷᠣᠯ ︵ | ᠴᠡᠴᠡᠷᠯᠢᠭ ᠤᠨ ᠳᠠᠷᠤᠭ᠎ᠠ︶ ᠶᠢᠨ ᠠᠮᠣᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ | ᠰᠤᠷᠭᠠᠭᠤᠯᠢ ᠶᠢᠨ ᠲᠣᠳᠣᠭᠠᠳᠣ ᠶᠢᠨ ᠠᠮᠣᠷ ᠲᠦᠪᠰᠢᠨ ᠤ ᠠᠵᠢᠯ ᠤᠨ ᠪᠠᠶᠢᠭᠤᠯᠤᠮᠵᠢ ᠶᠢ ᠪᠦᠷᠢᠨᠰᠢᠭᠦᠯᠣᠨ᠂ ᠠᠮᠣᠷ | ᠲᠦᠪᠰᠢᠨ ᠤ ᠲᠤᠰᠬᠠᠶ ᠲᠤᠰᠢᠶᠡᠯ ᠲᠠᠢ ᠬᠠᠮᠢᠶᠠᠷᠣᠭᠴᠢ ᠲᠤᠬᠢᠷᠭᠤᠯᠵᠦ᠂ ᠰᠤᠷᠭᠠᠭᠤᠯᠢ ᠪᠣᠯᠣᠨ ᠪᠠᠭᠰᠢ ᠨᠠᠷ ᠤᠨ | ᠰᠤᠷᠤᠭᠴᠢᠳ ᠢ ᠬᠥᠮᠦᠵᠢᠭᠦᠯᠬᠦ ᠪᠠ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠣᠷᠢᠵᠢᠭᠤᠯᠬᠤ ᠬᠡᠷᠩᠳᠠᠢ᠃ ᠡᠯ᠎ᠡ | ᠲᠥᠷᠥᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠣᠷᠭᠠᠭᠤᠯᠢ ᠶᠢᠨ ᠭᠠᠳᠠᠨᠠᠬᠢ ᠭᠦᠳᠡᠯᠭᠡᠭᠡᠨ ᠤ ᠭᠠᠵᠡᠷ ᠲᠠᠯᠠᠪᠤᠷ | ᠪᠠ ᠬᠢᠴᠢᠶᠡᠯ ᠤᠨ ᠭᠠᠳᠠᠭᠤᠷᠬᠢ ᠠᠩᠭᠢ ᠵᠢᠴᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢᠶᠠᠷ | ᠵᠥᠪᠰᠢᠶᠡᠷᠡᠭᠦᠯᠣᠭ᠍ᠰᠡᠨ ᠦᠭᠡᠢ ᠪᠠᠷ ᠡᠷᠬᠢᠯᠡᠵᠣ ᠪᠠᠶᠢᠭ᠎ᠠ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ | ᠪᠠᠶᠢᠭᠤᠯᠤᠮᠵᠢ ᠳᠤ ᠪᠣᠯ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠬᠤᠯᠪᠣᠭᠳᠠᠯ ᠪᠥᠬᠦᠢ ᠰᠠᠯᠠᠭ᠎ᠠ | ᠮᠥᠴᠢᠷ ᠢ ᠨᠢᠭᠡᠳᠦᠯᠲᠡᠶ ᠲᠦᠯᠣᠪᠵᠢᠭᠦᠯᠣᠨ ᠵᠣᠬᠢᠴᠠᠭᠤᠯᠵᠤ ᠪᠠᠶᠢᠭᠠᠣᠨ ᠠᠮᠣᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠭᠦᠯᠣᠨ᠂ ᠡᠷᠬᠢᠯᠡᠨ ᠬᠢᠭᠰᠡᠣᠨ ᠢ ᠰᠢᠮᠳᠠᠭᠤᠯᠵᠣ ᠪᠠᠶᠢᠭᠠᠣᠨ ᠠᠮᠣᠷ | ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ | ︵ᠬᠤᠶᠠᠷ︶ ᠰᠤᠷᠭᠠᠭᠤᠯᠢ ᠶᠢᠨ ᠠᠮᠤᠷ ᠢ ᠬᠠᠮᠠᠭᠠᠯᠠᠬᠤ ᠠᠩᠬᠢ ᠪᠠᠶᠢᠭᠤᠯᠣᠨ᠎ᠠ᠃ ᠰᠤᠷᠭᠠᠭᠤᠯᠢ ᠨᠤᠭᠤᠳ | ᠠᠮᠤᠷ ᠢ ᠬᠠᠮᠠᠭᠠᠯᠠᠬᠤ ᠠᠩᠬᠢ ᠪᠠᠶᠢᠭᠤᠯᠬᠤ ᠬᠡᠷᠩᠳᠠᠢ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠨᠢ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠰᠤᠷᠭᠠᠭᠤᠯᠢ ᠨᠤᠭᠤᠳ ᠲᠤ ᠠᠮᠤᠷ ᠢ ᠬᠠᠮᠠᠭᠠᠯᠠᠬᠤ | ᠦᠢᠯᠡᠴᠢᠯᠡᠭᠡ ᠨᠢᠭᠡᠳᠣᠯᠳᠠᠢ ᠬᠠᠩᠭᠠᠬᠤ ᠬᠡᠷᠡᠭᠲᠡᠶ᠃ ᠳᠣᠣᠷᠠᠬᠢ ᠪᠠᠷᠢᠮᠵᠢᠶ᠎ᠠ ᠶᠣᠰᠣᠭᠠᠷ ᠠᠮᠤᠷ ᠢ ᠬᠠᠮᠠᠭᠠᠯᠠᠭᠴᠢ | ᠲᠣᠬᠢᠷᠠᠭᠤᠯᠬᠤ ᠬᠡᠷᠡᠭᠲᠡᠶ᠄ ᠪᠠᠭᠰᠢ ᠰᠣᠷᠣᠬᠴᠢ ᠠᠵᠢᠯᠲᠠᠨ ᠠᠵᠢᠯᠴᠢᠨ ᠤ ᠶᠡᠷᠦᠩᠬᠡᠶ ᠬᠥᠮᠦᠨ ᠤ ᠲᠤᠭ᠎ᠠ ᠨᠢ 100 | ᠬᠥᠮᠦᠨ ᠭᠦᠷᠭᠦ ᠦᠭᠡᠢ ᠰᠣᠷᠭᠠᠭᠤᠯᠢ ᠳᠤ᠂ ᠲᠤᠰᠬᠠᠶ ᠲᠤᠰᠢᠶᠠᠯ ᠲᠠᠢ ᠠᠮᠤᠷ ᠢ ᠬᠠᠮᠠᠭᠠᠯᠠᠬᠴᠢ ᠶᠢ ᠠᠳᠠᠭ ᠲᠤ ᠪᠠᠨ | 1 ᠶᠢ ᠲᠣᠬᠢᠷᠠᠭᠤᠯᠬᠤ ᠬᠡᠷᠩᠳᠠᠢ︔ 100 ᠬᠥᠮᠦᠨ ᠠᠴᠠ ᠳᠡᠭᠡᠭᠰᠢ 1000 ᠬᠥᠮᠦᠨ ᠭᠦᠷᠭᠦ ᠦᠭᠡᠢ | ᠰᠤᠷᠭᠠᠭᠤᠯᠢ ᠳᠤ᠂ ᠲᠤᠰᠬᠠᠶ ᠲᠤᠰᠢᠶᠠᠯ ᠲᠠᠢ ᠠᠮᠤᠷ ᠢ ᠬᠠᠮᠠᠭᠠᠯᠠᠭᠴᠢ ᠶᠢ ᠠᠳᠠᠭ ᠲᠤ ᠪᠠᠨ 2 ᠢ ᠲᠣᠬᠢᠷᠠᠭᠤᠯᠬᠤ | ᠬᠡᠷᠡᠭᠲᠡᠶ︔ 1000 ᠭᠦᠮᠣᠨ ᠠᠴᠠ ᠳᠠᠪᠠᠭᠰᠠᠨ ᠰᠤᠷᠭᠠᠭᠤᠯᠢ ᠳᠤ᠂ 500 ᠰᠣᠷᠣᠭᠴᠢ ᠨᠡᠮᠡᠭᠳᠡᠬᠦ ᠪᠦᠷᠢ ᠲᠤᠰᠬᠠᠶ | ᠲᠤᠰᠢᠶᠠᠯ ᠲᠠᠢ ᠠᠮᠤᠷ ᠢ ᠬᠠᠮᠠᠭᠠᠯᠠᠭᠴᠢ ᠶᠢ 1 ᠶᠢ ᠨᠡᠮᠡᠵᠣ ᠲᠣᠬᠢᠷᠠᠭᠤᠯᠬᠤ ᠬᠡᠷᠩᠳᠠᠢ᠃ ᠪᠠᠶᠢᠷᠢ ᠳᠤ ᠰᠠᠭᠤᠬᠤ | ᠳᠦᠷᠢᠮᠲᠦ ᠰᠤᠷᠭᠠᠭᠤᠯᠢ ᠨᠢ ᠲᠤᠰᠬᠠᠶ ᠲᠤᠰᠢᠶᠠᠯ ᠲᠠᠢ ᠠᠮᠤᠷ ᠢ ᠬᠠᠮᠠᠭᠠᠯᠠᠭᠴᠢ ᠶᠢ ᠠᠳᠠᠭ ᠲᠤ ᠪᠠᠨ 2 ᠢ | ᠲᠣᠬᠢᠷᠠᠭᠤᠯᠵᠣ᠂ ᠳᠡᠭᠡᠷ᠎ᠡ ᠳᠤᠷᠠᠳᠤᠭᠰᠠᠨ ᠪᠠᠷᠢᠮᠵᠢᠶ᠎ᠠ ᠶᠢᠨ ᠰᠠᠭᠤᠷᠢᠨ ᠳᠡᠭᠡᠷ᠎ᠡ ᠪᠠᠶᠢᠷᠢ ᠳᠤ ᠰᠠᠭᠤᠬᠤ ᠰᠤᠷᠤᠭᠴᠢ | 300 ᠨᠡᠮᠡᠭᠳᠡᠬᠦ ᠪᠦᠷᠢ ᠲᠤᠰᠬᠠᠶ ᠲᠤᠰᠢᠶᠠᠯ ᠲᠠᠢ ᠠᠮᠤᠷ ᠢ ᠬᠠᠮᠠᠭᠠᠯᠠᠭᠴᠢ ᠶᠢ 1 ᠶᠢ ᠨᠡᠮᠡᠵᠣ ᠲᠣᠬᠢᠷᠠᠭᠤᠯᠬᠤ | ᠬᠡᠷᠩᠳᠠᠢ᠃ | ︵ᠭᠤᠷᠪᠠ︶ ᠠᠮᠤᠷ ᠲᠦᠪᠰᠢᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠬᠦᠴᠣᠯᠡᠨ | ᠪᠠᠶᠢᠭᠤᠯᠣᠨ᠎ᠠ᠃ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠬᠢᠭᠦ ᠪᠠ ᠭᠠᠵᠠᠷ | ᠰᠣᠩᠭᠤᠬᠤ ᠳᠤ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠭᠠᠵᠠᠷ | ᠭᠦᠷᠣᠰᠣᠨ ᠤ ᠭᠠᠢ ᠭᠠᠮᠰᠢᠭ᠂ ᠪᠠᠶᠢᠭᠠᠯᠢ ᠶᠢᠨ ᠭᠠᠢ ᠭᠠᠮᠰᠢᠭ ᠪᠠ ᠣᠷᠴᠢᠨ ᠲᠣᠭᠤᠷᠢᠨ ᠤ ᠪᠣᠬᠢᠷᠲᠤᠯ ᠵᠡᠷᠭᠡ | ᠬᠦᠴᠦᠨ ᠵᠦᠢᠯ ᠢ ᠪᠦᠬᠦ ᠲᠠᠯ᠎ᠠ ᠪᠠᠷ ᠦᠨᠡᠯᠡᠨ ᠵᠢᠱᠢᠵᠣ᠂ ᠰᠤᠷᠭᠠᠭᠤᠯᠢ ᠶᠢᠨ ᠭᠡᠷ ᠪᠠᠶᠢᠰᠢᠩ᠂ ᠭᠠᠵᠡᠷ ᠲᠠᠯᠠᠪᠤᠷ᠂ | ᠵᠢᠭᠠᠨ ᠰᠤᠷᠭᠠᠬᠤ ᠵᠢᠴᠢ ᠠᠮᠢᠳᠤᠷᠠᠯ ᠤᠨ ᠪᠡᠯᠡᠣᠡᠭᠡᠮᠵᠢ ᠵᠡᠷᠭᠡ ᠨᠢ ᠠᠮᠣᠷ ᠲᠦᠪᠰᠢᠨ ᠤ ᠶᠠᠰᠤ ᠴᠢᠨᠠᠷ ᠪᠠ | ᠪᠠᠷᠢᠮᠵᠢᠶ᠎ᠠ ᠳᠤ ᠨᠠᠶᠢᠴᠡᠭᠦ ᠶᠢ ᠪᠠᠳᠣᠯᠠᠬᠤ ᠬᠡᠷᠩᠳᠠᠢ᠃ ᠰᠤᠷᠭᠠᠭᠤᠯᠢ ᠶᠢᠨ ᠭᠡᠷ ᠪᠠᠶᠢᠰᠢᠩ ᠤᠨ ᠪᠦᠲᠦᠭᠡᠨ | ᠪᠠᠶᠢᠭᠤᠯᠤᠯᠲᠠ ᠳᠤ ᠤᠯᠤᠰ ᠤᠨ ᠪᠠᠷᠢᠯᠭ᠎ᠠ ᠶᠢᠨ ᠭᠠᠵᠠᠷ ᠬᠥᠳᠡᠯᠦᠯᠲᠡ ᠶᠢ ᠳᠠᠭᠠᠭᠠᠬᠤ ᠬᠤᠯᠪᠣᠭᠳᠠᠯ ᠪᠦᠬᠦᠢ | ᠮᠡᠷᠭᠡᠵᠢᠯ ᠤᠨ ᠵᠢᠷᠤᠮᠵᠢᠯ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠣᠨ᠎ᠠ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ | ᠣᠷᠳᠣᠨ ᠪᠠᠶᠢᠭᠤᠯᠬᠤ ᠨᠦᠭᠦᠴᠡᠯ ᠲᠠᠢ ᠭᠠᠵᠠᠷ ᠣᠷᠣᠨ ᠨᠢ ᠤᠯᠤᠰ ᠤᠨ ᠭᠠᠮᠰᠢᠭ ᠢ ᠰᠡᠷᠭᠡᠶᠢᠯᠡᠨ ᠠᠶᠤᠯ ᠠᠴᠠ | ᠵᠠᠶᠢᠯᠠᠬᠤ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠪᠦᠳᠦᠭᠡᠠ ᠪᠠᠶᠢᠭᠤᠯᠬᠤ ᠬᠡᠷᠡᠭᠲᠡᠶ᠃ ᠰᠤᠷᠭᠠᠭᠤᠯᠢ ᠶᠢᠨ | ᠬᠦᠷᠢᠶᠡᠨ ᠤ ᠪᠠᠷᠢᠯᠭ᠎ᠠ ᠶᠢᠨ ᠶᠠᠰᠤ ᠴᠢᠨᠠᠷ ᠲᠤ ᠨᠠᠰᠣᠨ ᠲᠣᠷᠰᠢᠳᠠ ᠬᠠᠷᠢᠭᠤᠴᠠᠯᠭ᠎ᠠ ᠡᠭᠦᠷᠭᠡᠯᠡᠭᠦ ᠲᠥᠷᠢᠮ ᠢ | ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠪᠦᠭᠦᠨ ᠳᠤ ᠶᠠᠰᠤ | ᠴᠢᠨᠠᠷ ᠤᠨ ᠠᠰᠠᠭᠤᠳᠠᠯ ᠠᠴᠠ ᠪᠣᠯᠵᠣ ᠠᠮᠣᠷ ᠲᠦᠪᠰᠢᠨ ᠤ ᠬᠡᠨᠡᠳᠠᠯ ᠬᠡᠷᠩ ᠭᠠᠷᠣᠭᠰᠠᠨ ᠪᠣᠯ᠂ ᠲᠦᠯᠣᠪᠵᠢᠭᠦᠯᠭᠦ᠂ | ᠪᠦ᠋ᠲᠦᠭᠡᠨ ᠪᠠᠶᠢᠭᠤᠯᠬᠤ᠂ ᠬᠠᠶᠢᠨ ᠰᠢᠨᠵᠢᠭᠦ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠬᠠᠮᠢᠶᠠᠷᠬᠤ | ᠵᠡᠷᠭᠡ ᠨᠢᠭᠡᠴᠨ ᠨᠢ ᠨᠠᠰᠤᠨ ᠲᠣᠷᠰᠢᠳᠠ ᠬᠠᠷᠢᠭᠤᠴᠠᠯᠭ᠎ᠠ ᠡᠭᠦᠷᠭᠡᠯᠡᠵᠣ᠂ ᠪᠠᠶᠢᠴᠠᠭᠠᠨ ᠲᠤᠳᠤᠯᠠᠮᠠᠭᠴᠨ᠂ ᠬᠠᠮᠢᠶ᠎ᠠ | ᠪᠦᠬᠦᠢ ᠬᠦᠷᠢᠶ᠎ᠠ ᠴᠠᠷᠠᠭᠠᠨ ᠳᠤ ᠣᠷᠣᠬᠤ ᠶᠢ ᠨᠢ ᠬᠢᠵᠠᠭᠠᠷᠯᠠᠨ᠎ᠠ᠃ | ︵ᠲᠦᠷᠪᠡ︶ ᠴᠠᠭᠳᠠᠭ᠎ᠠ ᠪᠣᠯᠣᠨ ᠰᠤᠷᠭᠠᠭᠤᠯᠢ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠤᠯᠠᠮ ᠨᠢᠭᠡ | ᠠᠯᠬᠤᠮ ᠪᠦᠷᠢᠨᠰᠢᠭᠦᠯᠣᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠢ ᠰᠤᠷᠭᠠᠭᠤᠯᠢ ᠶᠢᠨ ᠴᠠᠭᠳᠠᠭᠠᠨ ᠤ | ᠶᠠᠪᠤᠳᠠᠯ ᠤᠨ ᠲᠠᠰᠤᠭ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠷᠰᠢᠯᠭ᠎ᠠ ᠲᠠᠢ | ᠠᠷᠠᠣᠨ ᠤᠨ ᠴᠠᠭᠳᠠᠭ᠎ᠠ ᠶᠢ ᠲᠣᠮᠢᠯᠠᠵᠤ ᠰᠤᠷᠭᠠᠭᠤᠯᠢ ᠶᠢᠨ ᠠᠮᠣᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ | ᠵᠢᠯᠣᠭᠤᠣᠡᠬᠤ ᠬᠡᠷᠩᠳᠠᠢ᠃ ᠰᠤᠷᠭᠠᠭᠤᠯᠢ ᠨᠢ ᠳᠠᠷᠤᠪᠴᠢ ᠪᠠᠷ ᠲᠦᠭᠰᠢᠭᠦᠷᠢ ᠮᠡᠳᠡᠭᠡᠯᠡᠭᠦ ᠰᠢᠰᠲ᠋ᠧᠮ ᠢ ᠤᠭᠰᠠᠷᠠᠵᠣ᠂ | ᠰᠤᠷᠭᠠᠭᠤᠯᠢ ᠶᠢᠨ ᠬᠦᠷᠢᠶᠡᠨ ᠤ ᠸᠢᠳᠢᠣ᠋ ᠬᠢᠨᠠᠨ ᠡᠵᠡᠮᠳᠡᠬᠦ ᠰᠢᠰᠲ᠋ᠧᠮ᠂ ᠪᠠᠴᠢᠮ ᠪᠠᠶᠢᠳᠠᠯ ᠤᠨ ᠲᠦᠭᠰᠢᠭᠦᠷᠢ ᠮᠡᠳᠡᠭᠡᠯᠡᠭᠦ | ᠲᠣᠨᠣᠭᠯᠠᠯ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨᠠᠨ | ᠡᠵᠡᠮᠳᠡᠬᠦ ᠪᠣᠶᠣ ᠲᠦᠭᠰᠢᠭᠦᠷᠢ ᠮᠡᠳᠡᠭᠡᠯᠡᠭᠦ ᠲᠠᠪᠴᠠᠩ ᠳᠤ ᠵᠠᠯᠭᠠᠨ ᠣᠷᠣᠭᠤᠯᠬᠤ ᠶᠢᠨ ᠬᠠᠮᠳᠣ᠂ ᠣᠯᠠᠨ ᠨᠡᠶᠢᠲᠡ ᠶᠢᠨ | ᠠᠮᠣᠷ ᠲᠦᠪᠰᠢᠨ ᠤ ᠸᠢᠳᠢᠣ᠋ ᠬᠢᠨᠠᠨ ᠡᠵᠡᠮᠳᠡᠭᠦ ᠬᠤᠯᠪᠣᠭᠠᠳᠣ ᠰᠦᠯᠵᠢᠶ᠎ᠠ ᠶᠢᠨ ᠬᠠᠮᠲᠤ ᠳᠠᠭᠠᠨ ᠭᠦᠷᠳᠡᠭᠦ | ᠳᠠᠪᠴᠠᠩ ᠯᠤᠭ᠎ᠠ ᠵᠠᠯᠭᠠᠯᠳᠣᠭᠤᠯᠣᠨ᠂ ᠰᠤᠷᠭᠠᠭᠤᠯᠢ ᠶᠢᠨ ᠬᠦᠷᠢᠶᠡᠨ ᠤ ᠠᠮᠣᠷ ᠲᠦᠪᠰᠢᠨ ᠤ ᠰᠦᠯᠵᠢᠶᠡᠨ ᠳᠠᠬᠢ | ᠴᠠᠭᠳᠠᠨ ᠪᠠᠶᠢᠴᠠᠭᠠᠬᠤ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠵᠤ᠂ ᠰᠤᠷᠭᠠᠭᠤᠯᠢ ᠶᠢᠨ ᠠᠮᠣᠷ ᠲᠦᠪᠰᠢᠨ ᠤ | ᠠᠰᠠᠭᠤᠳᠠᠯ ᠢ ᠴᠠᠭ ᠲᠤᠬᠠᠶ ᠳᠤ ᠨᠢ ᠡᠵᠡᠮᠰᠢᠵᠦ᠂ ᠲᠠᠷᠣᠢ ᠲᠦᠷᠭᠡᠨ ᠰᠢᠢᠳᠪᠦᠷᠢᠯᠡᠬᠦ ᠬᠡᠷᠡᠭᠲᠡᠶ᠃ | ︵ᠲᠠᠪᠤ︶ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠳᠦᠷ ᠲᠤᠳᠤᠮ ᠤᠨ ᠬᠠᠮᠢᠶᠠᠷᠤᠯᠲᠠ ᠶᠢᠨ ᠡᠭᠦᠷᠭᠡ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠣᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠨᠢ ᠰᠤᠷᠭᠠᠭᠤᠯᠢ ᠶᠢᠨ ᠠᠮᠣᠷ ᠲᠦᠪᠰᠢᠨ ᠤ ᠡᠳᠦᠷ ᠲᠤᠳᠤᠮ ᠤᠨ ᠬᠠᠮᠢᠶᠠᠷᠤᠯᠲᠠ ᠶᠢᠨ | ᠡᠭᠦᠷᠭᠡ ᠬᠠᠷᠢᠭᠤᠴᠠᠯᠭ᠎ᠠ ᠶᠢ ᠦᠨᠡᠡᠭᠦ ᠡᠭᠦᠷᠭᠡᠯᠡᠬᠦ ᠬᠡᠷᠡᠭᠲᠡᠶ᠃ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠰᠠᠯᠠᠭ᠎ᠠ ᠮᠥᠴᠢᠷ ᠨᠢ ᠰᠤᠷᠭᠠᠭᠤᠯᠢ ᠶᠢᠨ ᠠᠷᠢᠭᠤᠨ ᠴᠡᠪᠠᠷ ᠬᠢᠵᠢᠭ ᠰᠡᠷᠭᠡᠶᠢᠯᠡᠬᠦ ᠪᠠ ᠠᠷᠢᠭᠤᠨ ᠴᠡᠪᠡᠷ | ᠡᠷᠡᠭᠦᠯᠵᠢᠯ ᠤᠨ ᠠᠵᠢᠯ ᠳᠤ ᠬᠢᠨᠠᠯᠲᠠ ᠲᠠᠯᠪᠢᠵᠤ ᠵᠢᠭᠠᠨ ᠵᠢᠯᠣᠭᠤᠳᠬᠤ ᠶᠢ ᠴᠢᠩᠭᠠᠳᠬᠠᠵᠤ᠂ ᠰᠤᠷᠭᠠᠭᠤᠯᠢ ᠳᠤ | ᠡᠭᠦᠰᠦᠭᠰᠡᠨ ᠬᠢᠵᠢᠭ ᠤᠨ ᠪᠠᠶᠢᠳᠠᠯ ᠪᠤᠶᠤ ᠰᠤᠷᠤᠭᠴᠢᠣᠨ ᠤᠨ ᠣᠯᠠᠨ ᠨᠠᠶᠢᠳᠠ ᠶᠢᠨ ᠴᠢᠨᠠᠷᠳᠠᠢ ᠡᠷᠡᠭᠦᠯ ᠮᠡᠨᠳᠣ ᠶᠢᠨ | ᠠᠰᠠᠭᠤᠳᠠᠯ ᠳᠤ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠶᠢ ᠵᠢᠯᠣᠭᠤᠳᠴᠣ ᠪᠠᠶᠢᠭᠠᠣᠨ | ᠳᠠᠷᠦ᠋ᠢᠬᠠᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠨᠢ ᠰᠤᠷᠭᠠᠭᠤᠯᠢ ᠶᠢᠨ ᠬᠤᠭᠤᠯᠠᠨ ᠭᠡᠷ᠂ ᠰᠤᠷᠭᠠᠭᠤᠯᠢ ᠶᠢᠨ ᠭᠠᠳᠠᠭᠤᠷᠬᠢ ︽ᠰᠣᠷᠣᠭᠴᠢ ᠳᠤ | ᠵᠣᠷᠢᠭᠤᠯᠣᠭᠰᠠᠨ ᠠᠮᠠᠷᠠᠵᠣ ᠬᠤᠭᠤᠯᠠᠯᠠᠬᠤ ᠭᠠᠵᠡᠷ︾ ᠪᠣᠯᠤᠨ ᠰᠤᠷᠤᠭᠴᠢᠳ ᠤᠨ ᠬᠠᠮᠳᠣ ᠪᠠᠷ ᠬᠡᠷᠩᠯᠡᠭᠦ ᠳᠤ | ᠰᠤᠷᠭᠠᠭᠤᠯᠢ ᠶᠢᠨ ᠬᠤᠳᠠᠯᠳᠤᠨ ᠠᠪᠣᠭᠰᠠᠨ ᠢᠳᠡᠭᠡᠨ ᠪᠠ ᠡᠮ ᠤᠨ ᠵᠦᠢᠯ ᠢ ᠵᠢᠯᠣᠭᠤᠣᠡᠬᠤ ᠪᠠ ᠬᠢᠨᠠᠨ | ᠪᠠᠶᠢᠴᠠᠭᠠᠬᠤ ᠶᠢ ᠴᠢᠩᠭᠠᠣᠡᠬᠠᠬᠤ ᠬᠡᠷᠡᠭᠲᠡᠶ᠃ ᠣᠷᠣᠨ ᠰᠠᠭᠤᠴᠠ ᠬᠤᠳᠠ ᠬᠥᠳᠡᠭᠡ ᠶᠢᠨ ᠪᠥᠳᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠪᠠᠷᠢᠯᠭ᠎ᠠ ᠶᠢᠨ ᠪᠥᠳᠥᠭᠡᠨ ᠪᠠᠶᠢᠭᠤᠯᠤᠯᠲᠠ ᠳᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠨᠢ | ᠰᠤᠷᠭᠠᠭᠤᠯᠢ ᠵᠢᠴᠢ ᠡᠷᠬᠢᠨ ᠲᠣᠭᠤᠷᠢᠨ ᠤ ᠠᠭᠠᠷ ᠮᠠᠨᠳᠠᠯ᠂ ᠬᠥᠷᠥᠰᠥ ᠰᠢᠷᠣᠢ᠂ ᠤᠰᠤᠨ ᠴᠣᠭᠴᠠ ᠶᠢᠨ ᠣᠷᠴᠢᠨ | ᠲᠣᠭᠤᠷᠢᠨ ᠤ ᠠᠮᠣᠷ ᠲᠦᠪᠰᠢᠨ ᠳᠤ ᠬᠢᠨᠠᠯᠳᠠ ᠬᠠᠮᠢᠶᠠᠷᠣᠯᠳᠠ ᠶᠢ ᠴᠢᠩᠭᠠᠣᠡᠬᠠᠬᠤ ᠬᠡᠷᠡᠭᠲᠡᠶ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠰᠤᠷᠤᠭᠴᠢ ᠶᠢᠨ ᠲᠡᠷᠭᠡ᠂ ᠪᠠᠭᠰᠢ ᠰᠤᠷᠤᠭᠴᠢ ᠶᠢᠨ ᠬᠠᠮᠲᠤ ᠪᠠᠷ ᠬᠡᠷᠩᠯᠡᠭᠦ | ᠲᠡᠷᠭᠡᠨ ᠤ ᠦᠢᠯᠡᠴᠢᠯᠡᠭᠡ ᠬᠠᠩᠭᠠᠬᠤ ᠵᠠᠮ ᠲᠡᠭᠡᠭᠡᠪᠦᠷᠢ ᠶᠢᠨ ᠠᠵᠤ ᠠᠬᠤᠶᠢᠯᠠᠯ ᠳᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠰᠤᠷᠤᠭᠴᠢ ᠶᠢᠨ ᠳᠡᠷᠭᠡᠨ ᠤ ᠬᠠᠤᠯᠢ ᠪᠤᠰᠤ ᠠᠵᠢᠯᠯᠠᠭᠠᠨ ᠳᠤ ᠴᠡᠭᠴᠡᠯᠡᠨ ᠵᠠᠰᠠᠬᠤ ᠡᠷᠴᠢᠮ ᠢᠶᠠᠨ | ᠴᠢᠩᠭᠠᠷᠠᠭᠤᠯᠬᠤ ᠬᠡᠷᠩᠳᠠᠢ᠃ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠰᠤᠷᠭᠠᠭᠤᠯᠢ ᠶᠢᠨ ᠣᠨᠴᠠ ᠲᠦᠷᠦᠯ ᠤᠨ ᠲᠥᠬᠦᠭᠡᠷᠦᠮᠵᠢ ᠳᠤ ᠭᠤᠣᠯᠳᠠᠯᠭ᠎ᠠ ᠲᠠᠢ ᠬᠢᠨᠠᠨ ᠪᠠᠶᠢᠴᠠᠭᠠᠯᠳᠠ ᠶᠢ | ᠬᠡᠷᠩᠵᠢᠭᠦᠯᠵᠣ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠵᠢᠯᠴᠠᠵᠣ ᠪᠠᠶᠢᠭᠠᠣᠨ ᠰᠤᠷᠭᠠᠭᠤᠯᠢ ᠶᠢᠨ | ᠬᠤᠳᠠᠯᠳᠤᠨ ᠠᠪᠬᠤ ᠦᠢᠯᠡᠳᠬᠦᠨ ᠳᠤ ᠶᠠᠰᠤ ᠴᠢᠨᠠᠷ ᠤᠨ ᠬᠢᠨᠠᠯᠳᠠ ᠬᠠᠮᠢᠶᠠᠷᠣᠯᠳᠠ ᠶᠢ ᠴᠢᠩᠭᠠᠣᠡᠬᠠᠬᠤ ᠶᠢᠨ ᠬᠠᠮᠳᠣ | ᠦᠢᠯᠡᠳᠬᠦᠨ ᠤ ᠶᠠᠰᠤ ᠴᠢᠨᠠᠷ ᠤᠨ ᠠᠮᠣᠷ ᠲᠦᠪᠰᠢᠨ ᠢ ᠨᠦᠯᠣᠭᠡᠯᠡᠭᠦ ᠲᠦᠭᠰᠢᠭᠦᠷᠢ ᠶᠢᠨ ᠮᠡᠳᠡᠭᠡ ᠵᠠᠩᠭᠢ ᠶᠢ ᠬᠢᠨᠠᠨ | ᠰᠢᠨᠵᠢᠵᠣ ᠴᠤᠭᠯᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠶᠢᠨ ᠭᠠᠯ | ᠤᠨᠲᠠᠷᠠᠭᠠᠬᠤ ᠰᠠᠯᠠᠭ᠎ᠠ ᠮᠥᠴᠢᠷ ᠨᠢ ᠰᠤᠷᠭᠠᠭᠤᠯᠢ ᠶᠢᠨ ᠭᠠᠯ ᠰᠡᠷᠭᠡᠶᠢᠯᠡᠭᠦ ᠠᠮᠣᠷ ᠲᠦᠪᠰᠢᠨ ᠤ ᠪᠠᠶᠢᠴᠠᠭᠠᠯᠲᠠ ᠶᠢ | ᠬᠠᠤᠯᠢ ᠶᠣᠰᠣᠭᠠᠷ ᠴᠢᠩᠭᠠᠳᠬᠠᠵᠤ᠂ ᠰᠤᠷᠭᠠᠭᠤᠯᠢ ᠶᠢ ᠵᠢᠯᠣᠭᠤᠣᠡᠴᠣ ᠪᠠᠶᠢᠭᠠᠣᠨ ᠭᠠᠯ ᠰᠡᠷᠭᠡᠶᠢᠯᠡᠭᠦ ᠠᠮᠣᠷ | ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠭᠠᠵᠠᠷ ᠬᠥᠳᠡᠯᠦᠯᠲᠡ ᠶᠢᠨ ᠰᠠᠯᠠᠭ᠎ᠠ | ᠮᠥᠴᠢᠷ ᠨᠢ ᠰᠤᠷᠭᠠᠭᠤᠯᠢ ᠶᠢ ᠵᠢᠯᠣᠭᠤᠣᠡᠴᠣ ᠪᠠᠶᠢᠭᠠᠣᠨ ᠭᠠᠵᠠᠷ ᠬᠥᠳᠡᠯᠦᠯᠲᠡ ᠶᠢᠨ ᠠᠮᠣᠷ ᠲᠦᠪᠰᠢᠨ ᠤ | ᠮᠡᠳᠡᠯᠭᠡ ᠶᠢᠨ ᠤᠬᠠᠭᠤᠯᠭ᠎ᠠ ᠬᠥᠮᠦᠵᠢᠯ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠦᠷᠨᠢᠭᠦᠯᠭᠦ ᠬᠡᠷᠩᠳᠠᠢ᠃ | ᠶᠡᠷᠦᠩᠬᠡᠶᠢᠯᠡᠨ ᠵᠠᠰᠠᠬᠤ᠂ ᠦᠢᠯᠡᠳᠪᠦᠷᠢ ᠬᠤᠳᠠᠯᠳᠤᠭ᠎ᠠ᠂ ᠰᠣᠶᠣᠯ᠂ ᠰᠣᠨᠢᠨ ᠮᠡᠳᠡᠭᠡ ᠬᠡᠪᠯᠡᠯ ᠺᠢᠨᠣ᠋ ᠷᠠᠳᠢᠣ᠋ ᠲᠧᠯᠸᠢᠰ᠂ | ᠬᠤᠳᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠨᠢ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ | ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠳᠠᠬᠢ ᠢᠯᠠᠩᠭᠤᠶ᠎ᠠ ᠰᠤᠷᠤᠭᠴᠢᠳ ᠤᠨ ᠠᠮᠣᠷ ᠲᠦᠪᠰᠢᠨ ᠤ | ᠣᠷᠣᠨ ᠪᠦᠰᠨ ᠶᠢᠨ ᠳᠣᠲᠣᠷᠠᠬᠢ ᠡᠵᠡᠩᠨᠡᠯᠲᠡ ᠦᠢᠯᠡᠴᠢᠯᠡᠭᠡᠨ ᠤ ᠬᠤᠯᠪᠣᠭᠳᠠᠯ ᠪᠦᠬᠦᠢ ᠭᠠᠵᠡᠷ ᠲᠠᠯᠠᠪᠤᠷ᠂ | ᠡᠵᠡᠩᠨᠡᠯᠳᠠ ᠶᠢᠨ ᠠᠵᠢᠯᠯᠠᠭ᠎ᠠ ᠶᠢᠨ ᠬᠠᠮᠢᠶᠠᠷᠣᠯᠳᠠ ᠪᠠ ᠬᠢᠨᠠᠯᠲᠠ ᠲᠠᠯᠪᠢᠯᠳᠠ ᠶᠢ ᠴᠢᠩᠭᠠᠣᠡᠬᠠᠬᠤ | ᠬᠡᠷᠡᠭᠲᠡᠶ᠃ | ︵ᠵᠢᠷᠭᠤᠭ᠎ᠠ︶ ᠰᠤᠷᠤᠭᠴᠢᠳ ᠤᠨ ᠳᠠᠷᠣᠯᠠᠵᠣ ᠳᠣᠷᠣᠮᠵᠢᠯᠠᠬᠤ ᠪᠠ ᠬᠦᠴᠦᠷᠬᠡᠭᠯᠡᠭᠦ ᠠᠵᠢᠯᠯᠠᠭ᠎ᠠ ᠶᠢ | ᠰᠡᠷᠭᠡᠶᠢᠯᠡᠨ ᠡᠵᠡᠮᠳᠡᠭᠦ ᠪᠦᠲᠦᠮᠵᠢᠲᠡᠶ ᠲᠣᠭᠲᠠᠴᠠ ᠶᠢ ᠪᠠᠶᠢᠭᠤᠯᠣᠨ᠎ᠠ᠃ ᠰᠤᠷᠭᠠᠭᠤᠯᠢ ᠨᠢ ᠰᠤᠷᠭᠠᠨ ᠬᠥᠮᠦᠵᠢᠭᠦᠯᠭᠦ᠂ | ᠬᠠᠮᠢᠶᠠᠷᠬᠤ ᠬᠠᠷᠢᠭᠤᠴᠠᠯᠭ᠎ᠠ ᠪᠠᠨ ᠦᠨᠡᠡᠭᠦ ᠭᠦᠢᠴᠡᠳᠬᠡᠨ᠂ ᠰᠤᠷᠤᠭᠴᠢᠳ ᠤᠨ ᠲᠤᠰᠠᠯᠠᠮᠵᠢ ᠭᠤᠶᠤᠴᠢᠯᠠᠬᠤ ᠤᠲᠠᠰᠤ | ᠪᠠ ᠬᠠᠷᠢᠯᠴᠠᠬᠤ ᠬᠥᠮᠦᠨ ᠭᠠᠷᠭᠠᠵᠣ᠂ ᠳᠠᠷᠣᠯᠠᠵᠣ ᠳᠣᠷᠣᠮᠵᠢᠯᠠᠬᠤ ᠪᠠ ᠬᠦᠴᠦᠷᠬᠡᠭᠯᠡᠭᠦ ᠠᠵᠢᠯᠯᠠᠭ᠎ᠠ ᠶᠢ ᠡᠷᠳᠠ ᠣᠯᠵᠣ | ᠮᠡᠳᠡᠵᠣ᠂ ᠴᠠᠭ ᠲᠣᠬᠠᠢ ᠳᠤ ᠨᠢ ᠬᠠᠷᠰᠢᠯᠠᠬᠤ ᠪᠠ ᠬᠤᠷᠢᠭᠯᠠᠬᠤ ᠬᠡᠷᠡᠭᠲᠡᠶ᠃ ᠨᠦᠯᠣᠭᠡ ᠮᠠᠭᠤᠬᠠᠢ ᠦᠢᠯᠨ | ᠠᠵᠢᠯᠯᠠᠭ᠎ᠠ ᠲᠠᠢ᠂ ᠬᠦᠴᠦᠷᠬᠡᠭᠯᠡᠭᠦ ᠠᠵᠢᠯᠯᠠᠭ᠎ᠠ ᠲᠠᠢ ᠰᠤᠷᠤᠭᠴᠢ ᠶᠢ ᠪᠣᠯ᠂ ᠰᠤᠷᠭᠠᠭᠤᠯᠢ ᠶᠢᠨ ᠬᠦᠷᠢᠶᠡᠨ ᠤ | ᠴᠠᠭᠳᠠᠭᠠᠨ ᠤ ᠶᠠᠪᠤᠳᠠᠯ ᠤᠨ ᠳᠠᠰᠤᠭ ᠤᠨ ᠠᠷᠠᠣᠨ ᠤᠨ ᠴᠠᠭᠳᠠᠭ᠎ᠠ ᠪᠤᠶᠤ ᠬᠠᠤᠯᠢ ᠪᠠᠷ ᠵᠠᠰᠠᠬᠤ ᠳᠡᠳ᠋ ᠵᠠᠬᠢᠷᠤᠯ ᠠᠴᠠ | ᠰᠤᠷᠭᠠᠨ ᠴᠡᠭᠡᠷᠯᠡᠭᠦᠯᠬᠦ ᠬᠡᠷᠡᠭᠲᠡᠶ᠃ ᠬᠦᠴᠦᠷᠬᠡᠭᠯᠡᠯ ᠤᠨ ᠦᠢᠯᠨ ᠪᠠᠶᠢᠳᠠᠯ ᠢᠶᠠᠷ ᠬᠦᠨᠳᠦ ᠬᠡᠴᠡᠭᠦᠣ᠂ ᠬᠠᠤᠯᠢ ᠠᠴᠠ | ᠵᠥᠷᠢᠴᠡᠵᠦ ᠶᠠᠯ᠎ᠠ ᠳᠤ ᠭᠦᠷᠣᠭ᠍ᠰᠡᠨ ᠰᠣᠷᠣᠭᠴᠢ ᠶᠢ ᠪᠣᠯ᠂ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ ᠶᠢᠨ | ᠪᠠᠶᠢᠭᠤᠯᠭ᠎ᠠ ᠠᠴᠠ ᠠᠭᠤᠴᠢᠯᠠᠬᠤ ᠪᠣᠯᠪᠠᠴᠣ ᠲᠣᠷ᠎ᠠ ᠪᠠᠷ ᠨᠢ ᠳᠠᠯᠪᠢᠵᠣ ᠪᠣᠯᠬᠤ ᠦᠭᠡᠢ᠂ ᠬᠠᠯᠠᠮᠵᠢᠯᠠᠨ ᠬᠠᠶᠢᠷᠠᠯᠠᠬᠤ | ᠮᠦᠷᠳᠡᠭᠡᠨ ᠪᠠᠰᠨ ᠴᠢᠩᠭ᠎ᠠ ᠬᠠᠮᠢᠶᠠᠷᠬᠤ ᠵᠠᠷᠴᠢᠮ ᠢ ᠪᠠᠷᠢᠮᠲᠠᠯᠠᠵᠣ᠂ ᠲᠤᠰᠬᠠᠶ ᠪᠠᠶᠢᠭᠤᠯᠤᠮᠵᠢ ᠪᠤᠶᠤ ᠲᠤᠰᠬᠠᠶ | ᠠᠵᠢᠯᠳᠠᠨ ᠢ ᠲᠣᠭᠲᠠᠭᠠᠵᠤ ᠬᠠᠤᠯᠢ ᠶᠣᠰᠣᠭᠠᠷ ᠰᠢᠢᠳᠪᠦᠷᠢᠯᠡᠨ᠎ᠠ᠂ ᠣᠨᠴᠣᠭᠤᠶᠢᠯᠠᠨ ᠶᠠᠯ᠎ᠠ ᠬᠢᠭᠰᠡᠨ ᠰᠢᠨᠵᠢ ᠴᠢᠨᠠᠷ ᠪᠠ | ᠦᠢᠯᠡ ᠪᠠᠶᠢᠳᠠᠯ ᠨᠢ ᠬᠠᠷ᠎ᠠ ᠬᠤᠣᠷᠲᠠᠶ᠂ ᠠᠷᠭ᠎ᠠ ᠬᠢᠳᠠᠯ ᠨᠢ ᠬᠠᠷᠬᠢᠰ ᠬᠡᠷᠴᠡᠭᠡᠢ᠂ ᠡᠴᠣᠰ ᠤᠨ ᠦᠷ᠎ᠡ ᠳ᠋ᠦᠩ ᠨᠢ | ᠬᠦᠨᠳᠦ ᠬᠡᠴᠡᠭᠦᠣ ᠪᠣᠯᠣᠭᠰᠠᠨ ᠪᠣᠯ᠂ ᠡᠷᠬᠡᠪᠰᠢ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠬᠡᠬᠦ ᠬᠡᠷᠡᠭᠲᠡᠶ᠃ ᠲᠣᠣᠷ | ᠰᠦᠯᠵᠢᠶᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠣᠣᠷ ᠰᠦᠯᠵᠢᠶ᠎ᠡ ᠪᠠᠷ ᠳᠠᠷᠣᠯᠠᠵᠣ ᠲᠣᠷᠣᠮᠵᠢᠯᠠᠬᠰᠠᠨ | ᠪᠤᠶᠤ ᠰᠤᠷᠭᠠᠭᠤᠯᠢ ᠶᠢᠨ ᠬᠦᠷᠢᠶᠡᠨ ᠳᠠᠬᠢ ᠬᠦᠴᠦᠷᠬᠡᠭᠯᠡᠭᠰᠡᠨ ᠬᠡᠷᠩ ᠢ ᠳᠡᠯᠭᠡᠷᠡᠭᠦᠯᠣᠨ ᠳᠠᠷᠬᠠᠭᠠᠬᠤ ᠶᠢ ᠳᠠᠷᠦ᠋ᠢᠬᠠᠨ | ᠲᠣᠬᠢᠷᠠᠭᠤᠯᠣᠨ ᠡᠵᠡᠮᠰᠢᠭᠦ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠨᠡᠪᠳᠡᠷᠡᠭᠦᠯᠣᠨ ᠮᠡᠳᠡᠭᠡᠯᠡᠭᠦ | ᠬᠡᠷᠩᠳᠠᠢ᠃ | ︵ᠲᠤᠯᠤᠭ᠎ᠠ︶ ᠰᠤᠷᠭᠠᠭᠤᠯᠢ ᠪᠠ ᠰᠤᠷᠤᠭᠴᠢ ᠶᠢᠨ ᠠᠮᠤᠷ ᠲᠦᠪᠰᠢᠨ ᠳᠤ ᠬᠤᠯᠪᠣᠭᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠨ᠎ᠠ᠃ ᠰᠣᠷᠭᠠᠭᠤᠯᠢ ᠳᠤ ᠬᠠᠤᠯᠢ ᠪᠤᠰᠤ ᠪᠠᠷ | ᠲᠦᠷᠢᠨ ᠤᠷᠤᠵᠣ ᠰᠣᠷᠭᠠᠨ ᠬᠥᠮᠦᠵᠢᠭᠦᠯᠵᠣ ᠵᠢᠭᠠᠨ ᠰᠤᠷᠭᠠᠬᠤ ᠡᠮᠬᠢ ᠵᠢᠷᠤᠮ ᠢ ᠰᠠᠮᠠᠭᠤᠷᠠᠭᠤᠯᠣᠨ ᠲᠦᠢᠪᠡᠭᠡᠭᠰᠡᠨ᠂ | ᠪᠠᠭᠰᠢ ᠰᠤᠷᠤᠭᠴᠢᠳ ᠤᠨ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠬᠠᠯᠳᠠᠭᠰᠠᠨ ᠵᠡᠷᠭᠡ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ | ᠶᠣᠰᠣᠭᠠᠷ ᠡᠷᠡᠰ ᠰᠢᠣᠡᠭᠡᠵᠣ᠂ ᠲᠤᠰᠬᠠᠶ ᠬᠡᠷᠡᠭ ᠲᠤ ᠲᠤᠰᠬᠠᠶ ᠬᠥᠮᠦᠨ ᠬᠠᠷᠢᠭᠤᠴᠠᠬᠤ ᠲᠦᠷᠢᠮ ᠢ ᠬᠡᠷᠩᠵᠢᠭᠦᠯᠭᠦ | ᠬᠡᠷᠩᠳᠠᠢ᠃ ᠵᠣᠳᠣᠵᠣ ᠵᠠᠨᠴᠢᠬᠤ᠂ ᠱᠠᠯᠢᠭᠯᠠᠭᠠ᠂ ᠪᠡᠯᠭᠡ ᠶᠢᠨ ᠬᠠᠯᠳᠠᠯᠭ᠎ᠠ ᠵᠡᠷᠭᠡ ᠰᠤᠷᠤᠭᠴᠢᠳ ᠤᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠨᠢ ᠥᠴᠦᠬᠡᠨ ᠴᠦ ᠠᠭᠤᠴᠢᠯᠠᠬᠤ ᠦᠭᠡᠢ ᠳᠦᠷᠢᠮ ᠢ ᠪᠠᠶᠢᠭᠤᠯᠵᠤ᠂ ᠴᠠᠭ | ᠲᠣᠬᠠᠢ ᠳᠤ ᠨᠢ ᠮᠡᠳᠡᠵᠣ᠂ ᠴᠠᠭ ᠲᠤᠬᠠᠶ ᠳᠤ ᠨᠢ ᠰᠢᠢᠳᠪᠦᠷᠢᠯᠡᠨ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠣ᠂ ᠬᠠᠤᠯᠢ | ᠴᠠᠭᠠᠵᠨ ᠶᠢᠨ ᠬᠠᠷᠢᠭᠤᠴᠠᠯᠭ᠎ᠠ ᠨᠡᠬᠡᠮᠵᠢᠯᠡᠬᠦ ᠴᠢᠬᠤᠯᠨ ᠲᠠᠢ ᠪᠣᠯ᠂ ᠳᠣᠲᠣᠭᠠᠳᠤ ᠶᠢ ᠬᠠᠮᠠᠭᠠᠯᠠᠬᠤ᠂ ᠬᠠᠤᠯᠢ | ᠴᠠᠭᠠᠵᠠ ᠶᠢᠨ ᠪᠠᠶᠢᠭᠤᠯᠭ᠎ᠠ ᠶᠢ ᠬᠠᠮᠵᠢᠨ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠳᠬᠡᠬᠦ ᠬᠡᠷᠡᠭᠲᠡᠶ᠃ | ︵ᠨᠠᠢᠮᠨ︶ ᠥᠷᠭᠡᠨ ᠢᠶᠠᠷ ᠣᠷᠣᠯᠴᠠᠨ᠂ ᠵᠣᠬᠢᠴᠠᠭᠤᠯᠣᠨ ᠬᠠᠮᠵᠢᠯᠴᠠᠵᠣ᠂ ᠵᠡᠷᠭᠡ ᠳᠤ ᠨᠢ ᠠᠳᠬᠤᠵᠤ | ᠬᠠᠮᠲᠤᠪᠠᠷ ᠬᠠᠮᠢᠶᠠᠷᠬᠤ ᠰᠤᠷᠤᠭᠴᠢᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ ᠲᠣᠣᠷ ᠰᠦᠯᠵᠢᠶ᠎ᠠ ᠶᠢ ᠪᠣᠢ | ᠪᠣᠯᠭᠠᠨ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠬᠦᠷᠢᠶᠡᠨ ᠳᠤ ᠭᠠᠷᠤᠭᠰᠠᠨ | ᠰᠣᠷᠣᠭᠴᠢ ᠶᠢᠨ ᠪᠡᠶ᠎ᠡ ᠶᠢᠨ ᠡᠷᠬᠡ ᠳᠤ ᠬᠠᠯᠳᠣᠭᠰᠠᠨ ᠦᠢᠯᠨ ᠠᠵᠢᠯᠯᠠᠭ᠎ᠠ ᠳᠤ ᠬᠢᠨᠠᠯᠲᠠ ᠲᠠᠯᠪᠢᠬᠤ ᠲᠣᠭᠲᠠᠴᠠ ᠪᠠ | ᠢᠯᠡᠴᠢᠯᠡᠨ ᠵᠠᠭᠠᠯᠳᠣᠬᠤ ᠠᠷᠭ᠎ᠠ ᠵᠠᠮ ᠢ ᠪᠦᠷᠢᠨᠰᠢᠭᠦᠯᠣᠨ᠂ ᠪᠠᠶᠢᠴᠠᠭᠠᠨ ᠰᠢᠢᠳᠪᠦᠷᠢᠯᠡᠬᠦ ᠵᠢᠷᠣᠮᠵᠢᠭᠰᠠᠨ ᠳᠡᠰ | ᠳᠠᠷᠠᠭᠠᠯᠠᠯ ᠲᠣᠭᠳᠠᠭᠠᠬᠤ ᠬᠡᠷᠩᠳᠠᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ ᠨᠢ | ᠨᠠᠰᠤᠨ ᠳᠤ ᠦᠯᠣ ᠬᠦᠷᠦᠭᠰᠡᠦᠠ ᠤᠨ ᠡᠷᠬᠡ ᠶᠢ ᠬᠠᠮᠠᠭᠠᠯᠠᠬᠤ ᠬᠠᠯᠠᠮᠰᠢᠯ ᠣᠳᠠᠰᠣ ᠶᠢ ᠲᠡᠭᠦᠯᠳᠡᠷᠵᠢᠭᠦᠯᠵᠦ᠂ ᠵᠣᠬᠢᠬᠤ | ᠬᠠᠤᠯᠢ ᠴᠠᠭᠠᠵᠠ ᠶᠢᠨ ᠯᠠᠪᠯᠠᠭ᠎ᠠ᠂ ᠰᠡᠳᠬᠢᠴᠡ ᠶᠢᠨ ᠬᠠᠪᠰᠣᠷᠣᠨ ᠵᠢᠯᠤᠭᠤᠣᠡᠬᠤ ᠵᠡᠷᠭᠡ ᠶᠢ ᠬᠠᠩᠭᠠᠬᠤ ᠬᠡᠷᠩᠳᠠᠢ᠃ | ᠡᠮᠡᠭᠲᠡᠶᠢᠴᠦᠳ ᠤᠨ ᠬᠤᠯᠪᠣᠭᠠᠳᠣ ᠬᠤᠷᠠᠯ ᠤᠨ ᠵᠣᠬᠢᠶᠠᠨ ᠪᠠᠶᠢᠭᠤᠯᠤᠯᠲᠠ ᠨᠢ ᠭᠡᠷ ᠤᠨ ᠠᠬᠠᠮᠠᠳ ᠢ ᠢᠳᠡᠪᠬᠢᠲᠡᠶ | ᠵᠢᠯᠣᠭᠤᠳᠴᠣ ᠪᠠᠶᠢᠭᠠᠣᠨ ᠵᠥᠪ ᠣᠨᠣᠪᠴᠢᠲᠠᠶ ᠭᠡᠷ ᠪᠦᠯᠢ ᠶᠢᠨ ᠬᠥᠮᠦᠵᠢᠯ ᠬᠢᠵᠣ᠂ ᠨᠠᠰᠤᠨ ᠳᠤ ᠦᠯᠣ | ᠬᠦᠷᠦᠭᠰᠡᠦᠠ ᠢ ᠭᠡᠷ ᠪᠦᠯᠢ ᠠᠴᠠ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠤᠬᠠᠭᠤᠯᠭ᠎ᠠ ᠶᠢ ᠦᠷᠨᠢᠭᠦᠯᠵᠣ᠂ ᠨᠠᠰᠤᠨ ᠳᠤ ᠦᠯᠤ ᠬᠥᠷᠦᠭᠰᠡᠳ ᠢ ᠭᠡᠷ ᠪᠦᠯᠢ ᠠᠴᠠ ᠬᠠᠮᠠᠭᠠᠯᠠᠬᠤ ᠬᠠᠤᠯᠢ | ᠴᠠᠭᠠᠵᠠ ᠶᠢᠨ ᠲᠣᠭᠲᠠᠭᠠᠯ ᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠬᠡᠷᠩᠳᠠᠢ᠃ | ᠲᠦᠷᠪᠡ᠂ ᠰᠤᠷᠭᠠᠭᠤᠯᠢ ᠶᠢᠨ ᠠᠮᠣᠷ ᠲᠦᠪᠰᠢᠨ ᠤ ᠭᠡᠨᠡᠳᠠᠯ ᠢ ᠰᠢᠢᠳᠪᠦᠷᠢᠯᠡᠬᠦ ᠪᠠ ᠲᠦᠭᠰᠢᠭᠦᠷᠢ ᠶᠢ | ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠣᠨ᠎ᠠ | ︵ᠨᠢᠭᠡ︶ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠢ ᠠᠷᠭᠠᠴᠠᠬᠤ ᠲᠣᠭᠲᠠᠴᠠ ᠶᠢ ᠪᠦᠷᠢᠨᠰᠢᠭᠦᠯᠣᠨ᠎ᠠ᠃ | ᠰᠤᠷᠭᠠᠭᠤᠯᠢ ᠳᠤ ᠬᠦᠨᠳᠦ ᠣᠨᠴᠠ ᠶᠡᠭᠡ ᠠᠮᠣᠷ ᠲᠦᠪᠰᠢᠨ ᠤ ᠬᠡᠨᠡᠳᠠᠯ ᠭᠠᠷᠪᠡᠯ᠂ ᠣᠷᠣᠨ ᠨᠤᠲᠤᠭ ᠤᠨ ᠵᠠᠰᠠᠭ ᠤᠨ | ᠣᠷᠳᠣᠨ ᠤ ᠬᠢᠨ ᠬᠠᠮᠤᠭ ᠤᠨ ᠲᠡᠷᠢᠭᠦᠨ ᠳᠤ ᠵᠣᠬᠢᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ | ᠲᠥᠰᠦᠯ ᠢᠶᠠᠨ ᠡᠭᠢᠯᠡᠭᠦᠯᠵᠣ᠂ ᠠᠪᠤᠷᠠᠨ ᠲᠤᠰᠠᠯᠠᠬᠤ᠂ ᠭᠡᠨᠡᠳᠠᠯ ᠢ ᠰᠣᠳᠣᠯᠣᠨ ᠪᠠᠶᠢᠴᠠᠭᠠᠬᠤ᠂ ᠬᠠᠷᠢᠭᠤᠴᠠᠯᠭ᠎ᠠ ᠶᠢ | ᠮᠠᠭᠠᠣᠡᠯᠠᠨ ᠲᠣᠭᠲᠠᠭᠠᠬᠤ ᠵᠢᠴᠢ ᠬᠤᠶᠢᠳᠣᠬᠢ ᠶᠠᠪᠤᠳᠠᠯ ᠢ ᠰᠢᠢᠳᠪᠦᠷᠢᠯᠡᠬᠦ ᠶᠢ ᠵᠣᠬᠢᠶᠠᠨ ᠪᠠᠶᠢᠭᠤᠯᠣᠨ ᠦᠷᠨᠢᠭᠦᠯᠭᠦ ᠶᠢᠨ | ᠬᠠᠮᠳᠣ᠂ ᠨᠡᠶᠢᠭᠡᠮ ᠤᠨ ᠬᠠᠯᠠᠮᠵᠢᠯᠠᠨ ᠠᠩᠬᠠᠷᠴᠣ ᠪᠠᠶᠢᠭ᠎ᠠ ᠳᠤ ᠴᠠᠭ ᠲᠤᠬᠠᠶ ᠳᠤ ᠨᠢ ᠬᠠᠷᠢᠭᠤ ᠦᠭᠭᠦ ᠬᠡᠷᠩᠳᠠᠢ᠃ | ᠬᠦᠨᠳᠦ ᠬᠡᠴᠡᠭᠦᠣ ᠪᠠᠶᠢᠭᠠᠯᠢ ᠶᠢᠨ ᠭᠠᠮᠰᠢᠭ᠂ ᠤᠯᠠᠨ ᠨᠡᠶᠢᠲᠡ ᠶᠢᠨ ᠠᠮᠣᠷ ᠲᠦᠪᠰᠢᠨ ᠤ ᠭᠡᠨᠡᠳᠠᠯ ᠭᠠᠷᠪᠡᠯ᠂ | ᠳᠡᠳᠡᠭᠡᠷ ᠲᠤ ᠨᠥᠯᠥᠭᠡᠯᠡᠭᠳᠡᠭᠰᠡᠨ ᠰᠤᠷᠭᠠᠭᠤᠯᠢ ᠶᠢ ᠵᠣᠬᠢᠶᠠᠨ ᠪᠠᠶᠢᠭᠤᠯᠵᠣ ᠠᠪᠤᠷᠠᠨ ᠲᠤᠰᠠᠯᠠᠯᠳᠠ ᠬᠢᠭᠦ ᠬᠡᠷᠩᠳᠠᠢ᠃ | ᠰᠤᠷᠭᠠᠭᠤᠯᠢ ᠶᠢᠨ ᠲᠣᠳᠣᠭᠠᠳᠣ ᠶᠢᠨ ᠪᠠ ᠰᠤᠷᠭᠠᠭᠤᠯᠢ ᠶᠢᠨ ᠭᠠᠳᠠᠭᠤᠷᠬᠢ ᠰᠤᠷᠭᠠᠨ ᠬᠥᠮᠦᠵᠢᠯ ᠵᠢᠭᠠᠨ ᠰᠤᠷᠭᠠᠬᠤ | ᠠᠵᠢᠯᠯᠠᠭᠠᠨ ᠳᠤ ᠠᠮᠣᠷ ᠲᠦᠪᠰᠢᠨ ᠤ ᠬᠡᠨᠡᠳᠠᠯ ᠭᠠᠷᠪᠡᠯ᠂ ᠰᠤᠷᠭᠠᠭᠤᠯᠢ ᠨᠢ ᠲᠠᠷᠦ᠋ᠢᠬᠠᠨ ᠪᠠᠭᠰᠢ ᠠᠵᠢᠯᠲᠠᠨ | ᠠᠵᠢᠯᠴᠢᠨ ᠢᠶᠠᠨ ᠵᠣᠬᠢᠶᠠᠨ ᠪᠠᠶᠢᠭᠤᠯᠵᠤ ᠠᠶᠣᠯ ᠠᠴᠠ ᠠᠪᠣᠷᠠᠬᠤ᠂ ᠠᠪᠤᠷᠠᠨ ᠲᠤᠰᠠᠯᠠᠬᠤ ᠪᠠ ᠰᠡᠷᠭᠡᠶᠢᠯᠠᠨ | ᠬᠠᠮᠠᠭᠠᠯᠠᠬᠤ ᠳᠤ ᠣᠷᠣᠯᠴᠠᠭᠤᠯᠣᠨ᠂ ᠰᠤᠷᠤᠭᠴᠢᠳ ᠤᠨ ᠪᠡᠶ᠎ᠡ ᠶᠢᠨ ᠠᠮᠣᠷ ᠲᠦᠪᠰᠢᠨ ᠢ ᠪᠠᠲᠤᠯᠠᠬᠤ ᠬᠡᠷᠡᠭᠲᠡᠶ᠃ | ︵ᠬᠤᠶᠠᠷ︶ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠤᠨ ᠬᠠᠷᠢᠭᠤᠴᠠᠯᠭ᠎ᠠ ᠨᠡᠬᠡᠮᠵᠢᠯᠡᠬᠦ ᠪᠠ | ᠰᠢᠢᠳᠪᠦᠷᠢᠯᠡᠬᠦ ᠳᠦᠷᠢᠮ ᠢ ᠪᠦᠷᠢᠨᠰᠢᠭᠦᠯᠣᠨ᠎ᠠ᠃ ᠪᠠᠭᠰᠢ ᠰᠤᠷᠤᠭᠴᠢ ᠶᠢᠨ ᠦᠬᠦᠵᠣ ᠰᠢᠷᠬᠠᠲᠤᠭᠰᠠᠨ ᠠᠮᠣᠷ | ᠲᠦᠪᠰᠢᠨ ᠤ ᠬᠡᠨᠡᠳᠠᠯ ᠭᠠᠷᠪᠠᠯ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠣᠨ ᠬᠤᠯᠪᠣᠭᠠᠯᠠᠵᠣ ᠬᠡᠨᠡᠳᠠᠯ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠮᠠᠭᠠᠳᠯᠠᠨ | ᠲᠣᠭᠲᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠰᠤᠷᠭᠠᠭᠤᠯᠢ ᠵᠢᠴᠢ ᠬᠠᠮᠢᠶ᠎ᠠ ᠪᠦᠬᠦᠢ ᠲᠠᠯ᠎ᠠ ᠶᠢᠨ ᠬᠢᠨ | ᠬᠠᠷᠢᠭᠤᠴᠠᠯᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ | ᠨᠡᠬᠡᠮᠵᠢᠯᠡᠬᠦ ᠬᠡᠷᠡᠭᠲᠡᠶ︔ ᠰᠤᠷᠭᠠᠭᠤᠯᠢ ᠳᠤ ᠬᠠᠷᠢᠭᠤᠴᠠᠯᠭ᠎ᠠ ᠥᠬᠡᠶ ᠪᠣᠯ᠂ ᠪᠣᠳᠠᠲᠤ ᠬᠡᠷᠩ ᠢ ᠢᠯᠭᠠᠷᠠᠭᠤᠯᠣᠨ | ᠲᠣᠩᠭᠠᠵᠣ᠂ ᠲᠠᠷᠦ᠋ᠢᠬᠠᠨ ᠲᠣᠳᠣᠷᠬᠠᠶᠢᠯᠠᠵᠤ᠂ ᠦᠯᠣ ᠡᠭᠦᠷᠭᠡᠯᠡᠭᠦ ᠬᠠᠷᠢᠭᠤᠴᠠᠯᠭ᠎ᠠ ᠶᠢ ᠰᠤᠷᠭᠠᠭᠤᠯᠢ | ᠡᠭᠦᠷᠭᠡᠯᠡᠬᠦ ᠠᠴᠠ ᠵᠠᠶᠢᠯᠠᠭᠤᠯᠬᠤ ᠬᠡᠷᠩᠳᠠᠢ᠃ ᠬᠠᠤᠯᠢ ᠴᠠᠭᠠᠵᠠ ᠶᠢᠨ ᠪᠠᠶᠢᠭᠤᠯᠭ᠎ᠠ ᠨᠢ ᠬᠡᠷᠡᠭ ᠤᠨ ᠵᠢᠱᠢᠶ᠎ᠡ ᠪᠠᠷ | ᠵᠢᠯᠣᠭᠤᠳᠬᠤ ᠶᠢ ᠴᠢᠩᠭᠠᠳᠬᠠᠵᠤ᠂ ᠨᠡᠶᠢᠭᠡᠮ ᠤᠨ ᠬᠢᠨ ᠢ ᠬᠥᠲᠥᠯᠥᠨ ᠵᠢᠯᠣᠭᠤᠳᠴᠤ ᠰᠤᠷᠭᠠᠭᠤᠯᠢ ᠶᠢᠨ ᠠᠮᠣᠷ | ᠲᠦᠪᠰᠢᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠵᠦᠢ ᠵᠣᠬᠢᠰᠲᠠᠶ ᠲᠠᠨᠢᠭᠤᠯᠵᠣ᠂ ᠰᠣᠷᠣᠭᠴᠢ ᠶᠢᠨ ᠬᠠᠷᠠᠭᠠᠯᠵᠠᠨ | ᠬᠠᠮᠠᠭᠠᠯᠠᠭᠴᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠣ᠂ ᠰᠤᠷᠤᠭᠴᠢᠳ ᠤᠨ ᠭᠡᠷ ᠤᠨ ᠠᠬᠠᠮᠠᠳ ᠤᠨ | ᠬᠠᠷᠠᠭᠠᠯᠵᠠᠨ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠬᠤ ᠬᠡᠷᠩᠳᠠᠢ᠃ ᠵᠠᠰᠠᠭ ᠵᠠᠬᠢᠷᠭᠠᠨ ᠤ | ᠡᠶᠡᠳᠡᠭᠦᠯᠭᠦ᠂ ᠬᠥᠨᠳᠡᠯᠡᠨ ᠠᠴᠠ ᠲᠠᠰᠤᠯᠬᠤ᠂ ᠠᠷᠠᠳ ᠤᠨ ᠡᠶᠡᠳᠡᠭᠦᠯᠭᠦ᠂ ᠳᠠᠭᠠᠳᠬᠠᠯ ᠠᠴᠠ ᠲᠥᠯᠥᠭᠦ᠂ ᠬᠠᠤᠯᠢ | ᠴᠠᠭᠠᠵᠠ ᠶᠢᠨ ᠲᠤᠰᠠᠯᠠᠮᠵᠢ ᠵᠡᠷᠭᠡ ᠠᠷᠭ᠎ᠠ ᠮᠠᠶ᠋ᠢᠭ ᠢ ᠢᠳᠡᠪᠬᠢᠲᠡᠶ ᠠᠰᠢᠭᠯᠠᠨ᠂ ᠬᠠᠤᠯᠢ ᠪᠠᠷ ᠵᠠᠰᠠᠬᠤ ᠠᠷᠭ᠎ᠠ ᠵᠠᠮ ᠢᠶᠠᠷ | ᠳᠡᠮᠵᠢᠨ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠢ ᠰᠢᠢᠣᠡᠪᠣᠷᠢᠯᠠᠵᠣ᠂ ᠵᠢᠭᠤᠷᠠᠯᠳᠤᠭᠠᠨ ᠢ ᠣᠬᠠᠮᠵᠢᠳᠠᠢ ᠪᠠᠷ | ᠨᠠᠮᠳᠠᠭᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶ᠎ᠠ ᠶᠢ ᠪᠦᠰᠡᠯᠡᠨ ᠲᠦᠭᠵᠢᠭᠦ᠂ ᠪᠠᠭᠰᠢ ᠨᠡᠷ ᠢ ᠵᠣᠳᠣᠵᠤ | ᠲᠣᠷᠣᠮᠵᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠᠷ ᠰᠤᠷᠭᠠᠭᠤᠯᠢ ᠶᠢᠨ ᠬᠡᠪ ᠤᠨ ᠰᠤᠷᠭᠠᠨ | ᠬᠥᠮᠦᠵᠢᠯ ᠵᠢᠭᠠᠨ ᠰᠤᠷᠭᠠᠬᠤ ᠡᠮᠬᠢ ᠵᠢᠷᠤᠮ ᠢ ᠨᠦᠯᠣᠭᠡᠯᠡᠭᠰᠠᠨ ᠪᠦᠭᠦᠨ ᠳᠤ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠠᠴᠠ ᠬᠠᠤᠯᠢ ᠶᠣᠰᠣᠭᠠᠷ ᠴᠢᠬᠤᠯᠠ ᠪᠦᠬᠦᠢ ᠠᠷᠭ᠎ᠠ ᠬᠡᠮᠵᠢᠶ᠎ᠡ ᠠᠪᠴᠤ᠂ ᠡᠷᠡᠰ ᠰᠢᠭᠤᠷᠬᠠᠶ | ᠰᠢᠢᠳᠪᠦᠷᠢᠯᠡᠬᠦ ᠬᠡᠷᠡᠭᠲᠡᠶ᠃ ᠠᠮᠤᠷ ᠲᠦᠪᠰᠢᠨ ᠤ ᠬᠠᠮᠢᠶᠠᠷᠤᠯᠲᠠ ᠠᠴᠠ ᠵᠥᠷᠢᠴᠡᠭᠰᠡᠨ ᠠᠵᠢᠯᠯᠠᠭ᠎ᠠ ᠪᠣᠯᠣᠭᠰᠠᠨ ᠪᠣᠯ᠂ | ᠬᠠᠤᠯᠢ ᠶᠣᠰᠣᠭᠠᠷ ᠠᠮᠤᠷ ᠲᠦᠪᠰᠢᠨ ᠤ ᠬᠠᠮᠢᠶᠠᠷᠤᠯᠲᠠ ᠶᠢᠨ ᠰᠢᠳᠬᠡᠯ ᠲᠣᠷᠭᠠᠭᠤᠯᠢ ᠦᠭᠭᠦᠨ᠎ᠠ᠂ ᠶᠠᠯ᠎ᠠ ᠳᠤ | ᠭᠦᠷᠣᠭ᠍ᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠩ ᠤᠨ ᠬᠠᠷᠢᠭᠤᠴᠠᠯᠭ᠎ᠠ ᠨᠡᠬᠡᠮᠵᠢᠯᠡᠬᠦ ᠬᠡᠷᠩᠳᠠᠢ᠃ | ︵ᠭᠤᠷᠪᠠ︶ ᠭᠡᠨᠡᠳᠡᠯ ᠤᠨ ᠲᠦᠭᠰᠢᠭᠦᠷᠢ ᠶᠢ ᠬᠤᠪᠢᠶᠠᠨ ᠡᠭᠦᠷᠭᠡᠯᠡᠬᠦ ᠤᠯᠠᠨ ᠡᠰᠢᠵᠢᠭᠰᠡᠨ ᠲᠣᠭᠲᠠᠴᠠ ᠶᠢ | ᠪᠠᠶᠢᠭᠤᠯᠣᠨ᠎ᠠ᠃ ᠰᠤᠷᠭᠠᠭᠤᠯᠢ ᠡᠷᠬᠢᠯᠡᠨ ᠪᠠᠶᠢᠭᠤᠯᠤᠭᠴᠢ ᠨᠢ ᠲᠣᠭᠲᠠᠭᠠᠯ ᠶᠣᠰᠣᠭᠠᠷ ᠰᠤᠷᠭᠠᠭᠤᠯᠢ ᠳᠤ | ᠰᠤᠷᠭᠠᠭᠤᠯᠢ ᠶᠢᠨ ᠳᠠᠯ᠎ᠠ ᠶᠢᠨ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠴᠤ ᠦᠭᠭᠦ ᠬᠡᠷᠩᠳᠠᠢ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠭᠠᠭᠤᠯᠢ ᠨᠢ ᠰᠤᠷᠭᠠᠭᠤᠯᠢ ᠶᠢᠨ ᠲᠠᠯ᠎ᠠ ᠶᠢᠨ | ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠳᠤ ᠵᠠᠷᠤᠳᠠᠯ ᠢ ᠠᠯᠪᠠᠨ ᠵᠠᠷᠤᠳᠠᠯ ᠠᠴᠠ ᠭᠠᠷᠭᠠᠵᠤ᠂ ᠪᠤᠰᠤᠳ | ᠰᠤᠷᠭᠠᠭᠤᠯᠢ ᠶᠢᠨ ᠰᠣᠷᠭᠠᠭᠤᠯᠢ ᠶᠢᠨ ᠲᠠᠯ᠎ᠠ ᠶᠢᠨ ᠬᠠᠷᠢᠭᠤᠴᠠᠯᠭ᠎ᠠ ᠶᠢᠨ ᠳᠠᠭᠠᠳᠬᠠᠯ ᠳᠤ ᠣᠷᠣᠯᠴᠠᠬᠤ ᠵᠠᠷᠤᠳᠠᠯ ᠢ | ᠡᠯ᠎ᠡ ᠠᠶᠢᠮᠠᠭ ᠬᠤᠳᠠ ᠨᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠩᠵᠢᠭᠦᠯᠭᠦ ᠬᠡᠷᠩᠳᠠᠢ᠃ | ᠰᠤᠷᠤᠭᠴᠢᠳ ᠤᠨ ᠠᠰᠢᠭ ᠲᠤᠰᠠ ᠯᠤᠭ᠎ᠠ ᠨᠢᠭᠲᠠ ᠬᠤᠯᠪᠣᠭᠳᠠᠬᠤ ᠢᠳᠡᠭᠡᠨ ᠤ ᠠᠮᠣᠷ ᠲᠦᠪᠰᠢᠨ᠂ | ᠰᠤᠷᠭᠠᠭᠤᠯᠢ ᠶᠢᠨ ᠭᠠᠳᠠᠭᠤᠷᠬᠢ ᠳᠠᠳᠤᠯᠭ᠎ᠠ ᠬᠢᠭᠦ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠭᠡᠮᠲᠦᠯ ᠵᠡᠷᠭᠡ ᠬᠦᠷᠢᠶ᠎ᠠ | ᠬᠡᠪᠴᠢᠶᠠᠨ ᠳᠠᠬᠢ ᠬᠠᠷᠢᠭᠤᠴᠠᠯᠭ᠎ᠠ ᠶᠢᠨ ᠳᠠᠭᠠᠳᠬᠠᠯ ᠢ ᠢᠳᠡᠪᠬᠢᠲᠡᠶ ᠰᠦᠪᠡᠭᠴᠢᠯᠡᠵᠦ᠂ ᠰᠤᠷᠭᠠᠭᠤᠯᠢ ᠶᠢᠨ ᠠᠮᠣᠷ | ᠲᠦᠪᠰᠢᠨ ᠤ ᠲᠦᠭᠰᠢᠭᠦᠷᠢ ᠶᠢ ᠠᠷᠢᠯᠭᠠᠨ ᠰᠢᠢᠣᠡᠪᠣᠷᠢᠯᠡᠭᠦ ᠲᠠᠯ᠎ᠠ ᠳᠠᠬᠢ ᠳᠠᠭᠠᠳᠬᠠᠯ ᠤᠨ ᠴᠢᠳᠠᠮᠵᠢᠳᠣ | ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠩᠳᠠᠢ᠃ ᠳᠠᠭᠠᠳᠬᠠᠯ ᠤᠨ ᠦᠢᠯᠡᠰ ᠤᠨ ᠬᠢᠨᠠᠯᠳᠠ ᠬᠠᠮᠢᠶᠠᠷᠣᠯᠳᠠ ᠶᠢᠨ | ᠰᠠᠯᠠᠭ᠎ᠠ ᠮᠥᠴᠢᠷ ᠨᠢ ᠰᠤᠷᠭᠠᠭᠤᠯᠢ ᠯᠤᠭ᠎ᠠ ᠬᠤᠯᠪᠣᠭᠳᠠᠭᠰᠠᠨ ᠳᠠᠭᠠᠳᠬᠠᠯ ᠤᠨ ᠲᠤᠬᠠᠶᠢᠯᠠᠭᠰᠠᠨ ᠠᠵᠢᠯ ᠳᠤ ᠬᠢᠨᠠᠯᠲᠠ | ᠲᠠᠯᠪᠢᠯᠳᠠ ᠪᠠ ᠬᠠᠮᠢᠶᠠᠷᠣᠯᠳᠠ ᠪᠠᠨ ᠴᠢᠩᠭᠠᠣᠡᠬᠠᠵᠣ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ | ᠬᠠᠮᠲᠤᠷᠠᠯᠴᠠᠨ ᠳᠠᠭᠠᠳᠬᠠᠯ ᠤᠨ ᠺᠣᠮᠫᠠᠨᠢ ᠬᠢᠭᠡᠣᠨ ᠰᠤᠷᠭᠠᠭᠤᠯᠢ ᠯᠤᠭ᠎ᠠ ᠶᠢᠨ ᠬᠠᠮᠳᠣᠷᠠᠯᠴᠠᠭ᠎ᠠ ᠶᠢ ᠬᠠᠣᠯᠢ ᠶᠣᠰᠣᠭᠠᠷ | ᠵᠢᠷᠣᠮᠵᠢᠭᠤᠯᠣᠨ᠂ ᠰᠤᠷᠭᠠᠭᠤᠯᠢ ᠶᠢᠨ ᠨᠡᠷ᠎ᠡ ᠪᠠᠷ ᠰᠤᠷᠤᠭᠴᠢᠳ ᠢᠶᠠᠷ ᠳᠠᠭᠠᠳᠬᠠᠯ ᠤᠨ ᠨᠡᠷᠡᠣᠡᠭᠦᠨ ᠢ ᠬᠤᠳᠠᠯᠳᠤᠨ | ᠠᠪᠣᠭᠤᠯᠬᠤ ᠪᠤᠶᠤ ᠰᠣᠷᠣᠭᠴᠢᠣᠨ ᠲᠤ ᠰᠢᠭᠤᠳ ᠪᠣᠷᠣᠯᠠᠭᠤᠯᠣᠨ ᠦᠭᠭᠦ ᠶᠢ ᠴᠢᠩᠭ᠎ᠠ ᠴᠠᠭᠠᠵᠠᠯᠠᠬᠤ ᠬᠡᠷᠩᠳᠠᠢ᠃ | ︵ᠲᠥᠷᠪᠡ︶ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠢ ᠬᠠᠤᠯᠢ ᠶᠣᠰᠣᠭᠠᠷ ᠰᠢᠢᠳᠪᠦᠷᠢᠯᠡᠬᠦ ᠶᠢ | ᠳᠡᠮᠵᠢᠬᠦ ᠰᠢᠰᠲ᠋ᠧᠮᠵᠢ ᠶᠢ ᠢᠳᠡᠪᠬᠢᠲᠡᠶ ᠪᠠᠶᠢᠭᠤᠯᠣᠨ᠎ᠠ᠃ ᠡᠯ᠎ᠡ ᠭᠠᠵᠠᠷ ᠤᠨ ᠬᠢᠨ ᠠᠷᠭ᠎ᠠ ᠬᠡᠮᠵᠢᠶ᠎ᠡ ᠠᠪᠴᠤ᠂ | ᠳᠤᠮᠳᠠᠳᠤ ᠪᠠᠭ᠎ᠠ ᠰᠤᠷᠭᠠᠭᠤᠯᠢ ᠳᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ ᠪᠠᠶᠢᠭᠤᠯᠬᠤ ᠶᠢ ᠳᠡᠯᠭᠡᠷᠡᠭᠦᠯᠭᠦ | ᠬᠡᠷᠩᠳᠠᠢ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠤᠷᠭᠠᠭᠤᠯᠢ ᠨᠢ ᠰᠣᠨᠢᠨ ᠮᠡᠳᠡᠭᠡᠨ ᠤ ᠥᠭᠦᠯᠡᠭᠴᠢ ᠶᠢᠨ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠡᠨᠡᠳᠠᠯ ᠭᠠᠷᠤᠭᠰᠠᠨ ᠤ ᠳᠠᠷᠠᠭᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ | ᠠᠷᠭᠠᠴᠠᠬᠤ ᠴᠢᠳᠠᠪᠤᠷᠢ ᠪᠠᠨ ᠴᠢᠩᠭᠠᠣᠡᠬᠠᠬᠤ ᠬᠡᠷᠡᠭᠲᠡᠶ᠃ ᠰᠣᠷᠭᠠᠨ ᠭᠦᠮᠣᠵᠢᠯ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠯᠴᠠᠨ᠂ ᠬᠡᠷᠩᠴᠡᠭᠡ | ᠱᠠᠭᠠᠷᠳᠠᠯᠭ᠎ᠠ ᠲᠠᠢ ᠭᠠᠵᠡᠷ ᠣᠷᠣᠨ ᠳᠤ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠤᠨ ᠠᠷᠠᠳ ᠤᠨ | ᠡᠶᠡᠳᠡᠭᠦᠯᠬᠦ ᠺᠣᠮᠢᠰ ᠪᠠᠶᠢᠭᠤᠯᠬᠤ ᠶᠢ ᠰᠦᠪᠡᠭᠴᠢᠯᠡᠵᠦ᠂ ᠨᠡᠯᠢᠶᠡᠳ ᠰᠠᠶᠢᠨ ᠲᠤᠰᠬᠠᠶ ᠮᠡᠷᠭᠡᠵᠢᠯ ᠤᠨ ᠮᠡᠳᠡᠯᠭᠡ ᠲᠠᠢ | ᠬᠥᠮᠦᠰ ᠢ ᠣᠷᠣᠭᠤᠯᠣᠨ ᠠᠪᠴᠤ ᠠᠷᠠᠳ ᠤᠨ ᠡᠶᠡᠳᠡᠭᠦᠯᠦᠭᠴᠢ ᠶᠢᠨ ᠠᠵᠢᠯ ᠢ ᠡᠭᠦᠷᠭᠡᠯᠡᠭᠦᠯᠵᠣ᠂ ᠰᠤᠷᠭᠠᠭᠤᠯᠢ ᠶᠢᠨ | ᠠᠮᠣᠷ ᠲᠦᠪᠰᠢᠨ ᠤ ᠭᠡᠨᠡᠳᠠᠯ ᠤᠨ ᠢᠷᠭᠡᠨ ᠤ ᠬᠡᠷᠩ ᠤᠨ ᠲᠥᠯᠥᠪᠦᠷᠢᠯᠡᠭᠦ ᠵᠢᠭᠤᠷᠠᠯᠳᠤᠭᠠᠨ ᠢ ᠬᠠᠤᠯᠢ ᠶᠣᠰᠣᠭᠠᠷ | ᠡᠶᠡᠳᠡᠭᠦᠯᠭᠦ ᠬᠡᠷᠩᠳᠠᠢ᠃ | ᠲᠠᠪᠤ᠂ ᠤᠳᠤᠷᠢᠳᠣᠯᠭ᠎ᠠ ᠶᠢᠨ ᠬᠠᠷᠢᠭᠤᠴᠠᠯᠭ᠎ᠠ ᠪᠠ ᠪᠠᠲᠤᠯᠠᠭ᠎ᠠ ᠶᠢᠨ ᠲᠣᠭᠲᠠᠴᠠ ᠶᠢ ᠴᠢᠩᠭᠠᠷᠠᠭᠤᠯᠣᠨ᠎ᠠ | ︵ᠨᠢᠭᠡ︶ ᠵᠣᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠶᠢ ᠴᠢᠩᠭᠠᠣᠡᠬᠠᠨ᠎ᠠ᠃ ᠡᠯ᠎ᠡ ᠱᠠᠲᠤᠨ ᠤ | ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠰᠤᠷᠭᠠᠭᠤᠯᠢ ᠶᠢᠨ ᠠᠮᠤᠷ | ᠲᠦᠪᠰᠢᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠭᠦᠢᠴᠡᠳᠬᠡᠯ ᠲᠤᠭ᠎ᠠ ᠪᠠ ᠨᠡᠶᠢᠭᠡᠮ ᠤᠨ | ᠵᠠᠰᠠᠯᠲᠠ ᠶᠢᠨ ᠴᠢᠬᠤᠯᠠ ᠠᠭᠤᠯᠭ᠎ᠠ ᠪᠣᠯᠭᠠᠵᠣ᠂ ᠨᠠᠮ ᠤᠨ ᠬᠤᠷᠢᠶ᠎ᠠ ᠤᠳᠤᠷᠢᠳᠣᠭᠰᠠᠨ᠂ ᠵᠠᠰᠠᠭ ᠤᠨ ᠣᠷᠳᠣᠨ ᠢᠶᠠᠷ | ᠭᠤᠣᠯ ᠤᠳᠤᠷᠢᠳᠤᠮᠵᠢ ᠪᠣᠯᠭᠠᠬᠰᠠᠨ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠢᠭᠡᠴᠨ ᠨᠦᠭᠦᠳ ᠣᠷᠣᠯᠴᠠᠭᠰᠠᠨ | ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ | ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ | ᠠᠵᠢᠯ ᠳᠠᠬᠢ ᠲᠣᠪᠤᠶᠢᠮ᠎ᠠ ᠠᠰᠠᠭᠤᠳᠠᠯ ᠢ ᠲᠣᠭᠳᠠᠭᠰᠠᠨ ᠬᠤᠭᠤᠴᠠᠭ᠎ᠠ ᠲᠠᠢ ᠪᠠᠷ ᠰᠤᠳᠤᠯᠤᠨ ᠰᠢᠢᠳᠪᠦᠷᠢᠯᠡᠵᠣ᠂ ᠲᠤᠰ | ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ᠂ ᠵᠡᠷᠭᠡ ᠳᠤ ᠨᠢ ᠠᠳᠬᠤᠵᠤ ᠬᠠᠮᠲᠤᠪᠠᠷ ᠬᠠᠮᠢᠶᠠᠷᠤᠭᠰᠠᠨ | ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ | ︵ᠬᠤᠶᠠᠷ︶ ᠰᠠᠭᠤᠷᠢ ᠪᠠᠲᠤᠯᠠᠭ᠎ᠠ ᠶᠢ ᠴᠢᠩᠭᠠᠷᠠᠭᠤᠯᠣᠨ᠎ᠠ᠃ ᠡᠯ᠎ᠡ ᠱᠠᠲᠤᠨ ᠤ ᠪᠠᠶᠢᠭᠤᠯᠤᠮᠵᠢ ᠣᠷᠣᠨ | ᠲᠤᠭ᠎ᠠ ᠶᠢᠨ ᠰᠠᠯᠠᠭ᠎ᠠ ᠮᠥᠴᠢᠷ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠳᠣᠬᠠᠨ ᠤ ᠣᠷᠣᠨ ᠲᠣᠭᠠᠨ ᠤ | ᠪᠦᠲᠦᠴᠡ ᠶᠢ ᠰᠢᠯᠢᠳᠡᠭᠵᠢᠭᠦᠯᠵᠣ᠂ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠠᠵᠢᠯ ᠢ | ᠬᠠᠷᠢᠭᠤᠴᠠᠵᠤ ᠪᠠᠶᠢᠭ᠎ᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠪᠠᠶᠢᠭᠤᠯᠤᠮᠵᠢ ᠶᠢ ᠵᠣᠬᠢᠰᠳᠠᠢ ᠪᠠᠷ ᠬᠠᠷᠠᠭᠠᠯᠵᠠᠬᠤ ᠬᠡᠷᠩᠳᠠᠢ᠃ ᠠᠶᠢᠮᠠᠭ ᠬᠤᠲᠠ ᠶᠢᠨ ᠰᠤᠷᠭᠠᠨ | ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠳᠠᠭ ᠲᠤ ᠪᠠᠨ 2 ᠭᠦᠮᠣᠨ᠂ ᠬᠤᠰᠢᠭᠤ ᠰᠢᠶᠠᠨ ︵ | ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠲᠤ ᠠᠳᠠᠭ ᠲᠤ ᠪᠠᠨ 1 | ᠭᠦᠮᠣᠨ᠂ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ | ᠠᠳᠠᠭ ᠲᠤ ᠪᠠᠨ 1 ᠭᠦᠮᠣᠨ ᠢ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠬᠠᠷᠢᠭᠤᠴᠠᠬᠤ ᠠᠵᠢᠯᠲᠠᠨ ᠤ | ᠪᠠᠷᠢᠮᠵᠢᠶ᠎ᠠ ᠪᠠᠷ ᠲᠣᠬᠢᠷᠠᠭᠤᠯᠬᠤ ᠬᠡᠷᠩᠳᠠᠢ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠵᠠᠷᠤᠳᠠᠯ ᠢ ᠲᠣᠭᠲᠠᠭᠠᠯ ᠶᠣᠰᠣᠭᠠᠷ | ᠡᠩ ᠤᠨ ᠣᠯᠠᠨ ᠨᠡᠶᠢᠲᠡ ᠶᠢᠨ ᠲᠥᠰᠦᠪ ᠲᠤ ᠣᠷᠣᠭᠤᠯᠵᠣ᠂ ᠵᠦᠢ ᠵᠣᠬᠢᠰᠲᠠᠶ ᠵᠠᠷᠤᠯᠭ᠎ᠠ ᠶᠢ ᠪᠠᠲᠤᠯᠠᠬᠤ | ᠬᠡᠷᠩᠳᠠᠢ᠃ | ︵ᠭᠤᠷᠪᠠ︶ ᠰᠢᠮᠳᠠᠭᠤᠯᠣᠨ ᠵᠢᠯᠣᠭᠤᠳᠬᠤ ᠪᠠ ᠰᠢᠯᠭᠠᠨ ᠬᠢᠨᠠᠬᠤ ᠲᠣᠭᠲᠠᠴᠠ ᠶᠢ ᠪᠦᠷᠢᠨᠰᠢᠭᠦᠯᠣᠨ᠎ᠠ᠃ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠮᠳᠠᠭᠤᠯᠣᠨ ᠵᠢᠯᠣᠭᠤᠳᠬᠤ | ᠪᠠᠶᠢᠭᠤᠯᠤᠮᠵᠢ ᠨᠢ ᠰᠤᠷᠭᠠᠭᠤᠯᠢ ᠶᠢᠨ ᠠᠮᠣᠷ ᠲᠦᠪᠰᠢᠨ ᠤ ᠠᠵᠢᠯ ᠢ ᠰᠤᠷᠭᠠᠨ ᠬᠥᠮᠦᠵᠢᠯ ᠤᠨ ᠰᠢᠮᠳᠠᠭᠤᠯᠣᠨ | ᠵᠢᠯᠣᠭᠤᠳᠬᠤ ᠠᠵᠢᠯ ᠤᠨ ᠴᠢᠬᠤᠯᠠ ᠠᠭᠤᠯᠭ᠎ᠠ ᠪᠣᠯᠭᠠᠨ᠂ ᠵᠠᠰᠠᠭ ᠤᠨ ᠣᠷᠳᠣᠨ ᠵᠢᠴᠢ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠭᠦ ᠡᠭᠦᠷᠭᠡ | ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠳᠤ ᠬᠢᠨᠠᠯᠳᠠ ᠳᠠᠯᠪᠢᠬᠤ᠂ ᠪᠠᠶᠢᠴᠠᠭᠠᠬᠤ ᠶᠢ ᠴᠢᠩᠭᠠᠳᠬᠠᠵᠤ᠂ ᠬᠦᠨᠳᠦ | ᠶᠡᠭᠡ ᠠᠮᠣᠷ ᠲᠦᠪᠰᠢᠨ ᠤ ᠬᠡᠨᠡᠳᠠᠯ ᠪᠤᠶᠤ ᠬᠦᠨᠳᠦ ᠶᠡᠭᠡ ᠨᠥᠯᠥᠭᠡ ᠲᠠᠢ ᠪᠣᠯᠣᠭᠰᠠᠨ ᠰᠤᠷᠭᠠᠭᠤᠯᠢ ᠶᠢᠨ | ᠬᠦᠷᠢᠶᠡᠨ ᠳᠠᠬᠢ ᠠᠮᠤᠷ ᠲᠦᠪᠰᠢᠨ ᠤ ᠬᠡᠷᠡᠭ ᠲᠤ ᠰᠢᠮᠳᠠᠭᠤᠯᠣᠨ ᠵᠢᠯᠣᠭᠤᠣᠡᠬᠤ ᠶᠢ ᠵᠣᠬᠢᠶᠠᠨ ᠪᠠᠶᠢᠭᠤᠯᠬᠤ ᠶᠢᠨ | ᠬᠠᠮᠳᠣ ᠰᠢᠮᠳᠠᠭᠤᠯᠣᠨ ᠵᠢᠯᠣᠳᠣᠭᠤᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠬᠦ ᠬᠡᠷᠡᠭᠲᠡᠶ᠃ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠨᠢ ᠰᠤᠷᠭᠠᠭᠤᠯᠢ ᠶᠢᠨ ᠠᠮᠣᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠠᠵᠢᠯ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ | ᠰᠤᠷᠭᠠᠭᠤᠯᠢ ᠡᠷᠬᠢᠯᠡᠬᠦ ᠪᠠ ᠰᠤᠷᠭᠠᠭᠤᠯᠢ ᠶᠢᠨ ᠤᠳᠤᠷᠢᠳᠬᠤ ᠪᠠᠭ ᠤᠨ ᠠᠵᠢᠯ ᠢ ᠰᠢᠯᠭᠠᠨ ᠬᠢᠨᠠᠬᠤ ᠶᠢᠨ ᠴᠢᠬᠤᠯᠠ | ᠠᠭᠤᠯᠭ᠎ᠠ ᠪᠣᠯᠭᠠᠬᠤ ᠬᠡᠷᠩᠳᠠᠢ᠃ ᠶᠡᠷᠦᠩᠬᠡᠶᠢᠯᠡᠨ ᠵᠠᠰᠠᠬᠤ ᠰᠠᠯᠠᠭ᠎ᠠ ᠮᠥᠴᠢᠷ ᠨᠢ ᠰᠤᠷᠭᠠᠨ ᠬᠥᠮᠦᠵᠢᠯ ᠤᠨ ᠰᠠᠯᠠᠭ᠎ᠠ | ᠮᠥᠴᠢᠷ ᠲᠠᠢ ᠬᠤᠯᠪᠣᠭᠠᠯᠠᠵᠣ ᠪᠠᠶᠢᠭᠠᠣᠨ ᠰᠤᠷᠭᠠᠭᠤᠯᠢ ᠶᠢᠨ ᠠᠮᠣᠷ ᠲᠦᠪᠰᠢᠨ ᠤ ᠬᠡᠨᠡᠳᠠᠯ ᠣᠯᠠᠨᠲᠠ ᠭᠠᠷᠬᠤ ᠭᠠᠵᠡᠷ | ᠣᠷᠣᠨ ᠳᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ | ᠳᠦᠷᠢᠮ ᠤᠨ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠢ ᠨᠢ ᠰᠢᠮᠳᠠᠭᠤᠯᠣᠨ ᠵᠢᠯᠣᠭᠤᠳᠴᠣ᠂ ᠪᠣᠯᠵᠣᠨ ᠶᠠᠷᠢᠯᠴᠠᠬᠤ᠂ | ᠨᠠᠷᠡᠯᠠᠨ ᠵᠢᠭᠠᠵᠣ ᠰᠢᠮᠳᠠᠭᠤᠯᠤᠨ ᠭᠦᠢᠴᠡᠳᠬᠡᠭᠦ ᠵᠡᠷᠭᠡ ᠠᠷᠭ᠎ᠠ ᠮᠠᠶ᠋ᠢᠭ ᠤᠳ ᠢ ᠠᠪᠴᠣ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠪᠠᠷ ᠰᠢᠮᠳᠠᠭᠤᠯᠵᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠳᠠᠶᠢᠵᠢᠭᠤᠯᠣᠨ ᠨᠠᠶᠢᠳᠠᠪᠤᠷᠢᠵᠢᠭᠤᠯᠤᠭᠰᠠᠨ ᠦᠭᠡᠢ ᠠᠴᠠ ᠪᠤᠯᠵᠤ ᠬᠦᠨᠳᠦ ᠨᠣᠴᠢᠲᠠᠶ ᠣᠷᠰᠢᠭ ᠳ᠋ᠦᠩ | ᠭᠠᠷᠣᠭᠰᠠᠨ ᠪᠣᠯ᠂ ᠨᠢᠭᠡ ᠪᠢᠯᠧᠲ ᠢᠶᠠᠷ ᠡᠷᠡᠰ ᠭᠦᠴᠣᠨ ᠦᠭᠡᠢ ᠪᠣᠯᠭᠠᠬᠤ ᠬᠡᠷᠡᠭᠲᠡᠶ᠃ | ᠳᠡᠭᠡᠳᠣ ᠵᠡᠷᠭᠡ ᠶᠢᠨ ᠰᠤᠷᠭᠠᠭᠤᠯᠢ ᠨᠤᠭᠤᠳ ᠨᠢ ᠦᠪᠡᠷ ᠤᠨ ᠢᠶᠠᠨ ᠪᠣᠳᠠᠳᠠᠢ ᠲᠠᠢ ᠪᠠᠨ ᠤᠶᠠᠯᠳᠤᠭᠤᠯᠤᠨ᠂ | ᠲᠤᠰ ᠰᠠᠨᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠬᠦ ᠠᠷᠭ᠎ᠠ ᠲᠣᠭᠲᠠᠭᠠᠵᠣ᠂ ᠠᠮᠣᠷ ᠲᠦᠪᠰᠢᠨ ᠤ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠦᠷᠢᠨᠰᠢᠭᠦᠯᠣᠨ᠂ ᠠᠵᠢᠯ ᠤᠨ ᠲᠣᠭᠲᠠᠴᠠ ᠪᠠ ᠪᠦᠳᠦᠬᠡᠨ | ᠪᠠᠶᠢᠭᠤᠯᠣᠯᠳᠠ ᠶᠢᠨ ᠲᠥᠰᠦᠯ ᠢᠶᠠᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠯᠣᠭᠤᠳᠣᠯᠭ᠎ᠠ ᠪᠠ ᠳᠡᠮᠵᠢᠯᠭᠡ ᠦᠵᠡᠭᠦᠯᠣᠨ᠂ ᠬᠠᠮᠢᠶ᠎ᠠ ᠪᠦᠬᠦᠢ | ᠡᠭᠦᠷᠭᠡ ᠬᠠᠷᠢᠭᠤᠴᠠᠯᠭ᠎ᠠ ᠪᠠᠨ ᠦᠨᠡᠡᠭᠦ ᠭᠦᠢᠴᠡᠳᠬᠡᠬᠦ ᠬᠡᠷᠡᠭᠲᠡᠶ᠃ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠠ︶ |