ᠤᠮᠤᠭ ᠲᠡᠭᠦᠯᠳᠡᠷ ᠢᠳᠡᠷᠡᠬᠦᠨ ᠠᠯᠬᠤᠭ᠎ᠠ ᠪᠠᠷ ᠡᠷᠡᠮᠡᠬᠡᠶᠢᠯᠡᠨ ᠤᠷᠤᠭᠰᠢᠯᠠᠵᠤ ᠰᠠᠬᠢᠨ ᠪᠠᠷᠠᠯᠠᠵᠥ ᠬᠠᠷᠢᠯᠴᠠᠨ | ᠬᠠᠪᠰᠤᠷᠤᠯᠴᠠᠨ ᠳᠡᠮᠡᠴᠡᠵᠥ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠬᠤ ᠰᠢᠨ᠎ᠡ | ᠠᠮᠵᠢᠯᠳᠡ ᠪᠦᠲᠦᠮᠵᠢ ᠪᠠᠷ ᠰᠢᠨ᠎ᠡ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠠᠶᠠᠷᠯᠠᠨ | ᠪᠡᠯᠬᠡᠯᠡᠶ᠎ᠡ | — ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ | ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠤᠨ ᠳᠡᠬᠦᠰᠬᠦ ᠬᠤᠷᠠᠯ ᠳᠡᠬᠡᠷᠡᠬᠢ ᠶᠠᠷᠢᠶ᠎ᠠ | ︵2019 ᠤᠨ ᠤ 1 ᠳ᠋ᠦ᠋ᠭᠡᠷ ᠰᠠᠷ᠎ᠠ ᠶᠢᠨ 30 ᠤ ᠡᠳᠤᠷ︶ | ᠯᠢ ᠵᠢᠢ ᠾᠧᠩ | ᠳᠦᠯᠦᠬᠡᠯᠡᠭᠴᠢᠳ ᠡ᠂ ᠨᠦᠬᠦᠳ ᠡ᠄ | ᠤᠯᠠᠨ ᠤ ᠬᠠᠮᠳᠤ ᠶᠢᠨ ᠴᠢᠷᠮᠠᠶᠢᠯᠭ᠎ᠠ ᠪᠠᠷ᠂ ᠦᠪᠡᠷᠳᠡᠬᠡᠨ ᠵᠠᠰᠠᠬᠤ ᠤᠷᠤᠨ ᠤ ᠠᠷᠪᠠᠨ ᠭᠤᠷᠪᠠᠳᠤᠭᠠᠷ | ᠬᠤᠭᠤᠴᠠᠭᠠᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠨᠢᠬᠡᠨᠳᠡ ᠡᠯ᠎ᠡ | ᠵᠦᠢᠯ ᠤᠨ ᠵᠦᠪᠯᠡᠬᠦ ᠵᠦᠢᠯ ᠢᠶᠠᠨ ᠳᠡᠬᠦᠰ ᠠᠮᠵᠢᠯᠳᠠᠳᠠᠢ ᠪᠡᠶᠡᠯᠡᠬᠦᠯᠵᠥ᠂ ᠠᠮᠵᠢᠯᠲᠠ ᠲᠠᠢ ᠪᠠᠷ ᠲᠡᠭᠦᠰᠬᠦ ᠪᠤᠯᠤᠯ᠎ᠠ᠃ | ᠬᠤᠷᠠᠯ ᠤᠨ ᠬᠤᠭᠤᠴᠠᠭᠠᠨ ᠳᠤ᠂ 520 ᠭᠠᠷᠤᠢ ᠳᠦᠯᠦᠬᠡᠯᠡᠭᠴᠢ ᠠᠴᠠ ᠪᠦᠬᠦ ᠤᠷᠤᠨ ᠤ 2500 ᠭᠠᠷᠤᠢ | ᠳᠦᠮᠡᠨ ᠦᠨᠳᠦᠰᠦᠳᠡᠨ ᠨᠦᠭᠦᠳ ᠤᠨ ᠠᠷᠠᠳ ᠳᠦᠮᠡᠨ ᠤ ᠬᠦᠨᠳᠤ ᠨᠠᠶᠢᠳᠠᠯᠭ᠎ᠠ ᠶᠢ ᠬᠦᠯᠢᠶᠡᠨ᠂ ᠬᠡᠬᠦᠳᠡᠭ ᠳᠦᠬᠦᠷᠡᠩ | ᠬᠠᠯᠠᠭᠤᠨ ᠰᠡᠳᠬᠢᠯᠬᠡ ᠪᠠᠷ ᠬᠤᠷᠠᠯ ᠳᠤ ᠤᠷᠤᠯᠴᠠᠵᠥ᠂ ᠤᠶᠤᠨ ᠰᠠᠨᠠᠭ᠎ᠠ ᠪᠠᠨ ᠳᠦᠪᠯᠡᠷᠡᠬᠦᠯᠦᠨ ᠢᠯᠡᠳᠬᠡᠯ ᠢ ᠬᠢᠨᠠᠨ | ᠵᠦᠪᠯᠡᠵᠥ᠂ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ ᠤᠪᠤᠷ ᠢᠶᠠᠷ ᠰᠤᠩᠭᠤᠭᠤᠯᠢ ᠳᠤ ᠤᠷᠤᠯᠴᠠᠵᠥ᠂ | ᠳᠦᠯᠦᠬᠡᠯᠡᠭᠴᠢ ᠶᠢᠨ ᠡᠬᠦᠷᠬᠡ ᠲᠤᠰᠢᠶᠠᠯ ᠢᠶᠠᠨ ᠬᠠᠤᠯᠢ ᠶᠤᠰᠤᠭᠠᠷ ᠬᠦᠢᠴᠡᠳᠬᠡᠨ᠂ ᠠᠷᠠᠳᠴᠢᠯᠡᠯ ᠤᠨ ᠡᠷᠬᠡ ᠪᠠᠨ | ᠳᠦᠪ ᠴᠢᠩᠭ᠎ᠠ ᠪᠠᠷ ᠬᠡᠷᠡᠭᠵᠢᠬᠦᠯᠵᠥ᠂ ᠳᠡᠬᠡᠳᠤ ᠬᠡᠮᠵᠢᠶᠡᠨ ᠤ ᠤᠯᠤᠰ ᠳᠦᠷᠦ ᠶᠢᠨ ᠤᠬᠠᠮᠰᠠᠷ ᠪᠠ ᠬᠤᠷᠴᠠ ᠴᠢᠩᠭ᠎ᠠ | ᠬᠠᠷᠢᠭᠤᠴᠠᠯᠭ᠎ᠠ ᠡᠭᠦᠷᠭᠡᠯᠡᠯ ᠲᠠᠢ ᠪᠠᠶᠢᠬᠤ ᠶᠢ ᠢᠯᠡᠷᠡᠬᠦᠯᠵᠥ᠂ ᠡᠷᠡᠮᠡᠬᠡᠶᠢᠯᠡᠨ ᠳᠡᠮᠡᠴᠡᠵᠥ ᠵᠢᠳᠬᠦᠯ ᠴᠢᠷᠮᠠᠶᠢᠯᠭ᠎ᠠ | ᠭᠠᠷᠭᠠᠬᠤ᠂ ᠴᠡᠬᠡᠵᠢ ᠳᠡᠨᠢᠢᠨ ᠤᠷᠤᠬᠰᠢᠯᠠᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠲᠠᠯ ᠢ ᠢᠯᠡᠷᠡᠬᠦᠯᠪᠡ᠃ | ᠬᠡᠳᠤᠨ ᠡᠳᠤᠷ ᠤᠨ ᠳᠤᠷᠰᠢ᠂ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠪᠦᠬᠦ ᠠᠵᠢᠯᠳᠠᠨ᠂ | ᠳᠤᠳᠤᠭᠠᠳᠤ ᠶᠢ ᠬᠠᠮᠠᠭᠠᠯᠠᠬᠤ ᠺᠠᠳ᠋ᠷ ᠴᠠᠬᠳᠠᠭ᠎ᠠ᠂ ᠰᠤᠨᠢᠨ ᠮᠡᠳᠡᠬᠡᠨ ᠤ ᠠᠵᠢᠯᠳᠠᠨ ᠵᠢᠴᠢ ᠠᠷᠤ ᠳᠠᠯ᠎ᠠ ᠶᠢᠨ | ᠦᠢᠯᠡᠴᠢᠯᠡᠭᠡᠨ ᠤ ᠠᠵᠢᠯᠳᠠᠨ ᠵᠡᠷᠬᠡ ᠬᠤᠯᠪᠤᠬᠳᠠᠯ ᠪᠦᠬᠦᠢ ᠳᠠᠯ᠎ᠠ ᠶᠢᠨ ᠨᠦᠬᠦᠳ ᠶᠡᠭᠡ ᠬᠡᠮᠵᠢᠶᠡᠨ ᠤ ᠠᠵᠢᠯ ᠬᠢᠵᠥ᠂ | ᠰᠢᠷᠭᠠᠭᠤ ᠬᠠᠳᠠᠭᠤᠵᠢᠯᠳᠠᠢ ᠬᠦᠳᠡᠯᠮᠤᠷᠢᠯᠠᠪᠡ᠃ ᠪᠢ ᠶᠡᠭᠡ ᠬᠤᠷᠠᠯ ᠤᠨ ᠳᠡᠷᠢᠬᠦᠯᠡᠭᠴᠢᠳ ᠤᠨ ᠪᠦᠯᠬᠦᠮ ᠤᠨ | ᠡᠮᠤᠨ᠎ᠡ ᠠᠴᠠ ᠳᠠ ᠤᠯᠠᠨ ᠳᠤ ᠴᠢᠩ ᠰᠡᠳᠬᠢᠯ ᠤᠨ ᠳᠠᠯᠠᠷᠬᠠᠯ ᠢᠶᠠᠨ ᠳᠡᠪᠰᠢᠬᠦᠯᠦᠶ᠎ᠡ︕ | ᠡᠨᠡ ᠤᠳᠠᠭ᠎ᠠ ᠶᠢᠨ ᠶᠡᠭᠡ ᠬᠤᠷᠠᠯ ᠠᠴᠠ ᠬᠢᠨᠠᠨ ᠪᠠᠲᠤᠯᠠᠭᠰᠠᠨ ᠵᠠᠰᠠᠬ ᠤᠨ ᠤᠷᠳᠤᠨ ᠤ ᠠᠵᠢᠯ ᠤᠨ ᠢᠯᠡᠳᠬᠡᠯ᠂ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠬᠦᠯᠦᠯᠳᠡ | ᠪᠤᠯᠤᠨ ᠪᠤᠰᠤᠳ ᠡᠯ᠎ᠡ ᠵᠦᠢᠯ ᠤᠨ ᠮᠡᠳᠡᠬᠦᠯᠦᠯᠳᠡ ᠨᠢ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠠ ᠠᠷᠪᠠ | ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠳᠡ ᠬᠤᠷᠠᠯ ᠵᠢᠴᠢ | ᠳᠦᠪ ᠤᠨ ᠠᠵᠥ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠡᠯ᠎ᠠ ᠪᠠᠷ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ | ᠵᠤᠷᠢᠭ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢᠨ ᠦᠪᠦᠷ ᠮᠤᠩᠭᠤᠯ ᠳᠠᠬᠢ ᠨᠠᠶᠢᠳᠠᠪᠦᠷᠢᠵᠢᠭᠤᠯᠤᠯᠳᠠ ᠨᠠᠷᠢᠯᠢᠬᠵᠢᠭᠤᠯᠤᠯᠳᠠ ᠪᠣᠯᠵᠤ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠳᠠ ᠳᠤᠬᠢᠷᠠᠭᠤᠯᠤᠯᠳᠠ ᠶᠢᠨ ᠦᠷᠬᠡᠳᠬᠡᠯ | ᠬᠦᠨᠵᠡᠬᠡᠶᠢᠷᠡᠯᠳᠡ ᠪᠣᠯᠵᠤ᠂ ᠳᠠᠯ᠎ᠠ ᠨᠤᠳᠤᠭ ᠤᠨ ᠦᠨᠳᠦᠰᠦᠳᠡᠨ ᠨᠦᠭᠦᠳ ᠤᠨ ᠬᠦᠪᠡᠬᠦᠳ ᠦᠬᠢᠳ ᠤᠨ ᠭᠤᠶᠢᠪᠢᠰᠢ | ᠦᠬᠡᠢ ᠪᠠᠷ ᠨᠠᠮ ᠤᠨ ᠦᠬᠡ ᠶᠢ ᠰᠤᠨᠤᠰᠴᠤ ᠨᠠᠮ ᠢᠶᠠᠨ ᠳᠠᠭᠠᠬᠤ ᠡᠷᠡᠰ ᠰᠢᠢᠳᠮᠡᠭ ᠵᠤᠷᠢᠭ ᠢ ᠬᠦᠢᠴᠡᠳ | ᠢᠯᠡᠷᠡᠬᠦᠯᠵᠥ᠂ ᠪᠦᠬᠦ ᠤᠷᠤᠨ ᠤ ᠦᠷᠬᠡᠨ ᠤᠯᠠᠨ ᠺᠠᠳ᠋ᠷ ᠤᠯᠠᠨ ᠳᠦᠮᠡᠨ ᠤ ᠦᠵᠡᠰᠬᠦᠯᠡᠩᠳᠤ ᠰᠠᠶᠢᠬᠠᠨ ᠦᠪᠦᠷ | ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ | ᠳᠡᠷᠬᠡᠯᠰᠢᠬᠦᠯᠬᠦ ᠪᠠᠷ ᠴᠤᠴᠠᠯᠳᠠ ᠦᠬᠡᠢ ᠤᠷᠤᠬᠰᠢᠯᠠᠬᠤ ᠤᠮᠤᠭ ᠳᠡᠬᠦᠯᠳᠡᠷ ᠳᠡᠮᠡᠴᠡᠯ ᠤᠨ ᠵᠤᠷᠢᠭ ᠢ ᠢᠯᠡᠷᠡᠬᠦᠯᠪᠠ᠃ | ᠬᠤᠷᠠᠯ ᠳᠡᠬᠦᠰ ᠠᠮᠵᠢᠯᠳᠠᠳᠠᠢ ᠪᠤᠯᠵᠥ᠂ ᠠᠷᠠᠳᠴᠢᠯᠠᠯ ᠪᠦᠯᠬᠦᠮᠳᠡᠯ ᠤᠨ ᠦᠳᠬᠡᠨ ᠵᠤᠵᠠᠭᠠᠨ ᠠᠭᠤᠷ ᠠᠮᠢᠰᠬᠤᠯ ᠢ | ᠪᠦᠷᠢᠯᠳᠦᠬᠦᠯᠵᠥ᠂ ᠡᠷᠴᠢ ᠵᠤᠷᠢᠭ ᠢ ᠬᠦᠪᠴᠢᠯᠡᠬᠦ᠂ ᠡᠷᠡᠮᠡᠬᠡᠶᠢᠯᠡᠨ ᠳᠠᠪᠰᠢᠬᠤ ᠶᠢᠨ ᠰᠠᠶᠢᠨ ᠰᠠᠶᠢᠬᠠᠨ ᠦᠷ᠎ᠡ | ᠪᠦᠳᠦᠮᠵᠢ ᠭᠠᠷᠭᠠᠵᠥ᠂ ᠨᠢᠬᠡ ᠤᠳᠠᠭ᠎ᠠ ᠶᠢᠨ ᠳᠤᠭ ᠢ ᠦᠨᠳᠦᠷ ᠮᠠᠨᠳᠤᠭᠤᠯᠵᠥ᠂ ᠭᠤᠤᠯᠯᠠᠬᠴᠢ ᠶᠢ ᠬᠠᠮᠠᠭᠠᠯᠠᠬᠰᠠᠨ | ᠶᠡᠭᠡ ᠬᠤᠷᠠᠯ ᠪᠤᠯᠵᠥ᠂ ᠨᠢᠬᠡ ᠤᠳᠠᠭ᠎ᠠ ᠶᠢᠨ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠬᠰᠠᠨ᠂ ᠵᠠᠮ | ᠨᠡᠬᠡᠬᠡᠨ ᠤᠷᠤᠬᠰᠢᠯᠠᠨ ᠳᠠᠪᠰᠢᠬᠰᠠᠨ ᠶᠡᠭᠡ ᠬᠤᠷᠠᠯ ᠪᠤᠯᠵᠠᠢ᠃ | ᠳᠦᠯᠦᠬᠡᠯᠡᠭᠴᠢᠳ ᠡ᠂ ᠨᠦᠬᠦᠳ ᠡ︕ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠭᠡᠳᠡᠭ ᠨᠢ ᠡᠷᠬᠢᠮ ᠳᠡᠬᠡᠳᠤ ᠢᠷᠠᠭᠤ | ᠠᠯᠳᠠᠷ ᠪᠤᠯᠬᠤ ᠪᠠᠷ ᠪᠠᠷᠠᠬᠤ ᠦᠬᠡᠢ ᠪᠠᠰᠠ ᠴᠤ ᠠᠷᠢᠭᠤᠨ ᠳᠠᠷᠬᠠᠨ ᠡᠬᠦᠷᠬᠡ ᠬᠠᠷᠢᠭᠤᠴᠠᠯᠭ᠎ᠠ ᠪᠤᠯᠤᠨ᠎ᠡ᠂ | ᠬᠤᠷᠠᠯ ᠤᠨ ᠬᠤᠭᠤᠴᠠᠭᠠᠨ ᠳᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠵᠥ᠂ ᠦᠢᠯᠡᠳᠦᠯ ᠢᠶᠠᠨ ᠪᠠᠳᠠᠷᠠᠭᠤᠯᠬᠤ ᠪᠠᠷ | ᠪᠠᠷᠠᠬᠤ ᠦᠭᠡᠢ ᠬᠤᠷᠠᠯ ᠤᠨ ᠳᠠᠷᠠᠭ᠎ᠠ ᠴᠤ ᠡᠬᠦᠷᠬᠡᠯᠡᠯ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠨ᠂ ᠬᠦᠴᠦᠨ | ᠴᠢᠳᠠᠯ ᠢᠶᠠᠨ ᠡᠷᠬᠦᠬᠦ ᠬᠡᠷᠡᠭᠳᠡᠢ ᠪᠠᠶᠢᠲᠠᠭ᠃ ᠶᠡᠭᠡ ᠬᠤᠷᠠᠯ ᠳᠡᠬᠦᠰᠦᠭᠰᠡᠨ ᠤ ᠳᠠᠷᠠᠭ᠎ᠠ᠂ ᠨᠦᠬᠦᠳ ᠨᠠᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠳᠡᠭᠠᠭᠤᠯᠤᠨ ᠰᠤᠷᠤᠯᠴᠠᠨ ᠤᠬᠠᠭᠤᠯᠬᠤ ᠪᠦᠬᠡᠳ ᠲᠤᠭᠤᠰᠢᠯᠠᠭᠤᠯᠤᠨ | ᠨᠠᠶᠢᠳᠠᠪᠤᠷᠢᠵᠢᠭᠤᠯᠵᠥ᠂ ᠬᠤᠷᠠᠯ ᠤᠨ ᠦᠷ᠎ᠡ ᠪᠦᠳᠦᠮᠵᠢ ᠶᠢ ᠦᠨᠡᠨ ᠬᠦ ᠳᠦᠭ ᠳᠦᠮᠡᠨ ᠠᠶᠢᠯ ᠡᠷᠦᠬᠡ ᠳᠤ | ᠲᠠᠮᠵᠢᠭᠤᠯᠵᠤ᠂ ᠬᠦᠭᠵᠢᠯᠳᠡ ᠶᠢᠨ ᠢᠳᠡᠬᠡᠯ ᠢ ᠡᠯ᠎ᠡ ᠠᠵᠢᠯ ᠳᠦᠷᠦᠯ ᠳᠤ ᠳᠠᠮᠵᠢᠭᠤᠯᠤᠨ ᠦᠭᠴᠤ᠂ ᠪᠦᠬᠦ ᠤᠷᠤᠨ ᠤ | ᠦᠷᠬᠡᠨ ᠤᠯᠠᠨ ᠺᠠᠳ᠋ᠷ ᠤᠯᠠᠨ ᠳᠦᠮᠡᠨ ᠤ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠶᠡᠭᠡ ᠬᠤᠷᠠᠯ ᠤᠨ ᠵᠤᠷᠢᠭ | ᠰᠠᠨᠠᠭ᠎ᠠ ᠳᠡᠬᠡᠷ᠎ᠡ ᠦᠨᠡᠨ ᠬᠦ ᠨᠢᠬᠡᠳᠬᠡᠬᠦ ᠶᠢ ᠬᠦᠳᠦᠯᠦᠨ ᠳᠠᠭᠠᠭᠤᠯᠬᠤ ᠪᠠ ᠳᠠᠶᠢᠴᠢᠯᠠᠵᠥ᠂ ᠤᠶᠤᠨ ᠤᠬᠠᠭᠠᠨ ᠪᠠ | ᠬᠦᠴᠦᠨ ᠴᠢᠳᠠᠯ ᠢᠶᠠᠨ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠬᠦᠷᠬᠡ ᠶᠢ ᠪᠡᠶᠡᠯᠡᠬᠦᠯᠬᠦ ᠳᠡᠬᠡᠷ᠎ᠡ | ᠨᠢᠬᠳᠠᠷᠠᠭᠤᠯᠵᠥ᠂ ᠰᠡᠳᠬᠢᠯ ᠢᠶᠠᠨ ᠨᠢᠬᠡᠳᠬᠡᠨ ᠬᠦᠴᠦ ᠪᠠᠨ ᠬᠠᠮᠳᠤᠳᠬᠠᠵᠥ᠂ ᠤᠯᠠᠨ ᠤ ᠵᠤᠷᠢᠭ ᠢ ᠨᠢᠬᠡᠳᠬᠡᠵᠥ᠂ | ᠶᠡᠭᠡ ᠬᠤᠷᠠᠯ ᠠᠴᠠ ᠳᠤᠷᠠᠳᠴᠤ ᠭᠠᠷᠭᠠᠬᠰᠠᠨ ᠳᠡᠮᠡᠴᠡᠯ ᠤᠨ ᠬᠠᠷᠠᠯᠳᠠ ᠶᠢ ᠰᠠᠶᠢᠨ ᠰᠠᠶᠢᠬᠠᠨ ᠪᠤᠳᠠᠳᠤ ᠠᠬᠤᠢ | ᠪᠤᠯᠭᠠᠨ ᠬᠤᠪᠢᠷᠠᠭᠤᠯᠬᠤ ᠪᠠᠷ ᠴᠢᠷᠮᠠᠶᠢᠵᠥ᠂ ᠰᠢᠯᠢᠳᠡᠭ ᠠᠮᠵᠢᠯᠲᠠ ᠪᠠᠷ ᠢᠶᠠᠨ ᠰᠢᠨ᠎ᠡ ᠳᠤᠮᠳᠠᠳᠤ ᠤᠯᠤᠰ | ᠪᠠᠶᠢᠭᠤᠯᠤᠬᠳᠠᠬᠰᠠᠨ 70 ᠵᠢᠯ ᠤᠨ ᠤᠢ ᠶᠢ ᠪᠡᠶᠠᠷᠯᠠᠨ ᠪᠡᠯᠬᠡᠯᠡᠶ᠎ᠡ᠃ | ᠳᠦᠷᠦᠭᠦᠯᠡᠨ ᠳᠠᠭᠠᠭᠤᠯᠵᠤ ︽ᠳᠦᠷᠪᠡᠨ ᠤᠬᠠᠮᠰᠠᠷ︾ ᠢ ᠴᠢᠩᠭᠠᠳᠬᠠᠨ᠂ ︽ᠳᠦᠷᠪᠡᠨ ᠢᠳᠡᠭᠡᠯ︾ ᠢᠶᠠᠨ | ᠪᠠᠳᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠭᠡᠷᠡᠭᠳᠡᠢ᠃ ᠡᠨᠡ ᠪᠤᠯ ᠮᠠᠨ ᠤ ᠪᠦᠬᠦ | ᠠᠵᠢᠯ ᠢᠶᠠᠨ ᠰᠠᠶᠢᠨ ᠬᠢᠬᠦ ᠶᠢᠨ ᠬᠠᠮᠤᠭ ᠤᠨ ᠴᠢᠬᠤᠯᠠ ᠱᠠᠭᠠᠷᠳᠠᠯᠭ᠎ᠠ᠂ ᠬᠠᠮᠤᠭ ᠤᠨ ᠦᠨᠳᠦᠰᠦᠨ ᠪᠠᠳᠤᠯᠠᠭ᠎ᠠ | ᠪᠤᠯᠤᠨ᠎ᠠ᠃ ᠪᠢᠳᠠ ᠡᠷᠭᠡᠪᠰᠢ ᠳᠤᠭ ᠳᠡᠮᠳᠡᠭ ᠳᠤᠳᠤᠷᠬᠠᠢ ᠪᠠᠷ ᠤᠯᠤᠰ ᠳᠦᠷᠦ ᠶᠢ ᠡᠷᠭᠢᠮᠯᠡᠵᠦ᠂ ᠴᠠᠭ ᠮᠦᠴᠡ | ᠪᠤᠯᠭᠠᠨ ᠭᠠᠵᠠᠷ ᠪᠤᠯᠭᠠᠨ ᠶᠠᠪᠤᠳᠠᠯ ᠪᠤᠯᠭᠠᠨ ᠳᠡᠭᠡᠷ᠎ᠡ ᠶᠡᠷᠦᠩᠬᠡᠢ ᠱᠦᠵᠢ ᠰᠢ ᠶᠢᠨ ᠫᠢᠩ ᠲᠠᠢ ᠨᠢᠭᠡᠲᠦᠯᠲᠡᠢ ᠪᠠᠶᠢᠵᠤ᠂ | ᠦᠵᠡᠯ ᠰᠠᠨᠠᠭᠠᠨ ᠤ ᠲᠠᠯ᠎ᠠ ᠪᠠᠷ ᠤᠯᠤᠰ ᠳᠦᠷᠦ ᠶᠢᠨ ᠳᠠᠯ᠎ᠠ ᠪᠠᠷ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠡ ᠲᠠᠢ ᠳᠡᠭᠡᠳᠦ ᠬᠡᠮᠵᠢᠶ᠎ᠠ ᠪᠠᠷ ᠨᠢᠭᠡᠳᠦᠯᠳᠡᠢ ᠪᠠᠶᠢᠬᠤ | ᠭᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ | ᠭᠤᠤᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠳᠦᠪ ᠬᠤᠷᠢᠶᠠᠨ ᠤ ᠡᠷᠭᠡ ᠰᠦᠷ ᠪᠠ | ᠳᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠬᠠᠮᠠᠭᠠᠯᠠᠵᠤ᠂ ᠶᠠᠮᠠᠷ ᠴᠤ ᠴᠠᠭ ᠦᠶ᠎ᠡ ᠶᠠᠮᠠᠷ ᠴᠤ ᠪᠠᠶᠢᠳᠠᠯ | ᠳᠤᠤᠷ᠎ᠠ ᠪᠦᠷ ᠨᠠᠮ ᠤᠨ ᠳᠦᠪ ᠬᠤᠷᠢᠶᠠᠨ ᠤ ᠵᠠᠷᠯᠢᠭ ᠵᠢᠭᠠᠪᠤᠷᠢ ᠶᠢ ᠳᠠᠭᠠᠵᠤ᠂ ᠨᠠᠮ ᠤᠨ ᠳᠦᠪ ᠬᠤᠷᠢᠶᠠᠨ ᠤ | ᠵᠢᠯᠤᠭᠤᠲᠤᠯᠭ᠎ᠠ ᠶᠢ ᠲᠠᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠡ ᠴᠢᠬᠤᠯᠠ ᠵᠢᠭᠠᠪᠤᠷᠢ ᠶᠢᠨ | ᠵᠤᠷᠢᠬ ᠰᠠᠨᠠᠭ᠎ᠠ ᠶᠢ ᠡᠷᠡᠰ ᠳᠤᠭᠤᠰᠢᠯᠠᠭᠤᠯᠵᠤ᠂ ᠨᠠᠮ ᠤᠨ ᠳᠦᠪ ᠬᠤᠷᠢᠶᠠᠨ ᠤ ᠰᠢᠢᠳᠪᠦᠷᠢᠳᠦ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠬᠠᠮᠠᠭᠠᠯᠠᠬᠤ︾ | ᠶᠢ ᠦᠨᠡᠨ ᠬᠦ ᠳᠠᠷᠢᠬᠢᠨ ᠳᠠᠭᠠᠨ ᠬᠠᠲᠠᠩᠰᠢᠭᠤᠯᠵᠤ᠂ ᠦᠢᠯᠡᠳᠦᠯᠭᠡ ᠳᠡᠭᠡᠷ᠎ᠡ ᠪᠠᠨ ᠪᠦᠬᠦ ᠳᠠᠯ᠎ᠠ ᠪᠠᠷ | ᠨᠠᠶᠢᠳᠠᠪᠤᠷᠢᠵᠢᠭᠤᠯᠬᠤ ᠭᠡᠷᠡᠭᠳᠡᠢ᠃ ᠢᠳᠡᠭᠡᠯ ᠪᠢᠰᠢᠷᠡᠯ᠂ ᠦᠨᠡᠨᠴᠢ ᠰᠢᠳᠤᠷᠭᠤ᠂ ᠡᠭᠦᠷᠭᠡ ᠬᠠᠷᠢᠭᠤᠴᠠᠯᠭ᠎ᠠ ᠲᠠᠢ ᠪᠠᠷ | ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠬᠦᠨᠵᠡᠭᠡᠢ ᠰᠤᠷᠤᠯᠴᠠᠵᠤ ᠲᠤᠭᠤᠰᠢᠲᠠᠢ ᠭᠡᠷᠡᠭᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠰᠤᠷᠤᠯᠴᠠᠨ | ᠲᠤᠭᠤᠰᠢᠯᠠᠭᠤᠯᠬᠤ ᠪᠠᠨ ᠳᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠰᠡᠳᠭᠢᠯ ᠵᠢᠷᠦᠭᠡᠨ ᠳᠡᠭᠡᠨ ᠨᠡᠪᠴᠢᠬᠦᠯᠵᠤ᠂ | ᠤᠯᠠᠮ ᠪᠤᠳᠠᠳᠠᠶᠢᠵᠢᠭᠤᠯᠬᠤ ᠶᠢ ᠠᠬᠢᠭᠤᠯᠵᠤ᠂ ᠰᠢ ᠶᠢᠨ ᠫᠢᠩ ᠤᠨ ᠰᠢᠨ᠎ᠠ ᠴᠠᠭ ᠦᠶ᠎ᠡ ᠶᠢᠨ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠤ ᠶᠡᠭᠡ ᠳᠤᠭ ᠢ ᠮᠢᠩᠭᠠᠨ ᠭᠠᠵᠠᠷ ᠤᠨ ᠳᠠᠯ᠎ᠠ | ᠨᠤᠳᠤᠭ ᠲᠤ ᠤᠯᠠᠮ ᠦᠨᠳᠦᠷ ᠤᠯᠠᠮ ᠪᠠᠳᠤᠳᠠᠢ ᠮᠠᠨᠳᠤᠭᠤᠯᠬᠤ ᠭᠡᠷᠡᠭᠳᠡᠢ᠃ | ᠳᠦᠷᠦᠭᠦᠯᠡᠨ ᠢᠳᠡᠭᠡᠯ ᠵᠤᠷᠢᠬ ᠢᠶᠠᠨ ᠪᠠᠳᠤᠳᠬᠠᠨ᠂ ᠲᠤᠭᠲᠠᠯ ᠬᠦᠴᠦᠨ ᠢᠶᠠᠨ ᠪᠠᠳᠤᠯᠠᠵᠤ᠂ ᠡᠷᠡᠮᠡᠬᠡᠶᠢᠯᠡᠨ | ᠤᠷᠤᠬᠰᠢᠯᠠᠬᠤ ᠭᠡᠷᠡᠭᠳᠡᠢ᠃ ᠢᠳᠡᠭᠡᠯ ᠵᠤᠷᠢᠬ ᠭᠡᠭᠴᠢ ᠰᠢᠵᠢᠷ ᠠᠯᠳᠠ ᠠᠴᠠ ᠴᠤ ᠴᠢᠬᠤᠯᠠ ᠶᠤᠮ᠂ ᠪᠠᠶᠢᠳᠠᠯ ᠤᠯᠠᠮ | ᠪᠤᠳᠤᠯᠢᠶᠠᠨᠳᠠᠢ ᠪᠤᠯᠬᠤ ᠲᠤᠲᠤᠮ ᠢᠳᠡᠭᠡᠯ ᠵᠤᠷᠢᠬ ᠢᠶᠠᠨ ᠤᠯᠠᠮ ᠪᠠᠳᠤᠳᠬᠠᠵᠤ᠂ ᠲᠤᠭᠲᠠᠯ ᠬᠦᠴᠦᠨ ᠢᠶᠠᠨ ᠤᠯᠠᠮ | ᠪᠠᠳᠤᠯᠠᠵᠤ᠂ ᠡᠭᠦᠷᠭᠡ ᠭᠡᠳᠦᠢ ᠬᠦᠨᠳᠦ ᠪᠤᠯᠬᠤ ᠳᠤᠰᠤᠮ ᠤᠯᠠᠮ ᠡᠷᠴᠢ ᠵᠤᠷᠢᠭ ᠢᠶᠠᠨ ᠬᠦᠪᠴᠢᠯᠡᠵᠤ᠂ ᠳᠡᠮᠡᠴᠡᠯ ᠤᠨ | ᠵᠤᠷᠢᠬ ᠢᠶᠠᠨ ᠪᠠᠳᠤᠯᠠᠬᠤ ᠭᠡᠷᠡᠭᠳᠡᠢ᠃ ᠤᠢᠢᠷ᠎ᠡ ᠶᠢᠨ ᠵᠢᠯ ᠠᠴᠠ᠂ ᠮᠠᠨ ᠤ ᠤᠷᠤᠨ ᠤ ᠠᠵᠤ ᠠᠬᠤᠢ ᠤᠷᠤᠭᠤᠲᠠᠬᠤ | ᠳᠠᠷᠤᠭᠠᠰᠤ ᠳᠤᠩ ᠶᠡᠭᠡ᠂ ᠬᠦᠭᠵᠢᠯᠳᠡ ᠶᠢᠨ ᠳᠤᠮᠳᠠ ᠳᠤᠯᠭᠠᠷᠠᠵᠤ ᠪᠠᠶᠢᠭ᠎ᠠ ᠬᠦᠴᠢᠷᠳᠠᠯ ᠳᠤᠩ ᠶᠡᠭᠡ ᠪᠠᠶᠢᠯ᠎ᠠ ᠴᠤ | ᠭᠡᠰᠡᠨ ᠪᠢᠳᠠ ᠦᠯᠮᠡᠢ ᠳᠡᠭᠡᠷ᠎ᠡ ᠪᠠᠨ ᠪᠠᠳᠤ ᠵᠤᠬᠰᠤᠨ᠂ ᠰᠢᠲᠦ ᠵᠠᠭᠤᠨ ᠰᠢᠨᠲᠠᠰᠦ ᠡᠷᠴᠢᠯᠡᠨ᠂ ᠵᠤᠷᠢᠬ ᠰᠢᠭᠤᠳᠴᠤ | ᠪᠠᠶᠢᠭᠠᠳ ᠪᠤᠲᠠᠲᠠᠢ ᠪᠤᠰᠤ ᠵᠦᠢᠯ ᠢ ᠰᠢᠬᠠᠵᠤ ᠭᠠᠷᠭᠠᠵᠤ᠂ ᠦᠷᠢ ᠰᠢᠷᠢ ᠶᠢ ᠠᠷᠢᠯᠭᠠᠵᠤ᠂ ᠦᠯᠡᠭᠦᠳᠡᠭᠰᠡᠡ | ᠦᠢᠯᠡᠳᠪᠤᠷᠢᠯᠡᠬᠦ ᠴᠢᠳᠠᠪᠤᠷᠢ ᠶᠢ ᠪᠠᠭᠠᠰᠬᠠᠵᠤ᠂ ᠪᠤᠬᠢᠷᠳᠤᠯ ᠢ ᠵᠠᠰᠠᠵᠤ᠂ ᠬᠦᠴᠦ ᠤᠷᠤᠭᠤᠯᠤᠨ ᠪᠠᠶᠢᠵᠤ ᠰᠢᠨ᠎ᠠ ᠠᠵᠤ | ᠦᠢᠯᠡᠰ᠂ ᠰᠢᠨ᠎ᠠ ᠬᠦᠳᠡᠯᠭᠡᠬᠦ ᠬᠦᠴᠦ᠂ ᠰᠢᠨ᠎ᠠ ᠨᠡᠮᠡᠭᠳᠡᠯ ᠤᠨ ᠳᠦᠢᠯ ᠢ ᠪᠤᠶᠢᠵᠢᠭᠤᠯᠤᠨ᠂ ᠠᠵᠤ ᠠᠬᠤᠢ ᠶᠢᠨ | ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠨᠦᠯᠦᠭᠡᠯᠡᠵᠦ ᠪᠠᠶᠢᠭ᠎ᠠ ᠪᠦᠲᠦᠴᠡ ᠶᠢᠨ ᠴᠢᠨᠠᠷᠳᠠᠢ ᠠᠰᠠᠭᠤᠳᠠᠯ ᠢ ᠢᠳᠡᠭ | ᠢᠳᠡᠭ ᠢᠶᠠᠷ ᠰᠢᠢᠳᠪᠦᠷᠢᠯᠡᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠳᠤᠯᠭᠠᠭᠤᠷᠢᠯᠠᠬᠤ ᠨᠦᠬᠦᠴᠡᠯ ᠢ | ᠳᠠᠰᠤᠷᠠᠯᠳᠠ ᠦᠭᠡᠢ ᠳᠡᠭᠦᠯᠳᠡᠷᠵᠢᠬᠦᠯᠦᠭᠡᠳ ᠪᠦᠬᠦ ᠤᠷᠤᠨ ᠤ ᠬᠦᠭᠵᠢᠯᠳᠡ ᠶᠢᠨ ᠰᠠᠭᠤᠷᠢ ᠤᠯᠠᠮ ᠪᠠᠳᠤᠵᠢᠵᠤ᠂ | ᠬᠦᠭᠵᠢᠯᠳᠡ ᠶᠢᠨ ᠨᠦᠭᠡᠴᠡ ᠬᠦᠴᠦᠨ ᠤᠯᠠᠮ ᠶᠡᠭᠡ ᠪᠤᠯᠵᠠᠢ᠃ ᠡᠨᠡ ᠭᠡᠰᠡᠭ ᠠᠶᠠᠨ ᠵᠠᠮ ᠳᠤ᠂ ᠪᠢᠳᠠ | ᠪᠦᠬᠦᠳᠡᠭᠡᠷ ᠢᠶᠠᠨ ᠭᠡᠷᠡᠴᠢᠯᠡᠭᠴᠢ᠂ ᠦᠩᠭᠡᠷᠡᠭᠦᠯᠦᠭᠴᠢ ᠪᠠ ᠤᠷᠤᠯᠴᠠᠭᠴᠢ ᠪᠠᠶᠢᠭ᠎ᠠ ᠶᠤᠮ᠂ ᠪᠢᠳᠠ ᠬᠦᠴᠢᠷ | ᠪᠡᠷᠭᠡ ᠶᠢᠨ ᠡᠮᠦᠨ᠎ᠠ ᠳᠤᠯᠤᠭᠠᠢ ᠪᠦᠬᠦ᠋ᠢᠭᠰᠡᠨ ᠦᠭᠡᠢ᠂ ᠪᠢᠳᠠ ᠠᠰᠠᠭᠤᠳᠠᠯ ᠳᠠᠭᠠᠨ ᠳᠠᠷᠤᠭᠳᠠᠭᠰᠠᠠ ᠦᠭᠡᠢ᠂ | ᠵᠦᠷᠢᠴᠡᠯ ᠢᠶᠠᠷ ᠤᠷᠤᠬᠰᠢᠯᠠᠯᠳᠠ ᠶᠢᠨ ᠠᠯᠬᠤᠮ ᠢᠶᠠᠨ ᠳᠤᠱᠠᠭᠤᠯᠤᠭᠰᠠᠨ ᠦᠭᠡᠢ᠂ ᠤᠴᠢᠷ ᠨᠢ ᠪᠢᠳᠠ ᠬᠦᠮᠦᠨ ᠠᠴᠠ | ᠦᠨᠳᠦᠷ ᠠᠭᠤᠯᠠ ᠭᠡᠵᠦ ᠪᠠᠶᠢᠬᠤ ᠦᠭᠡᠢ᠂ ᠬᠦᠯ ᠠᠴᠠ ᠬᠤᠯᠠ ᠵᠠᠮ ᠭᠡᠵᠦ ᠪᠠᠶᠢᠬᠤ ᠦᠭᠡᠢ ᠭᠡᠳᠡᠭ ᠢ ᠢᠮᠠᠭᠲᠠ | ᠪᠠᠳᠤ ᠢᠳᠡᠭᠡᠭᠰᠡᠭᠡᠷ ᠢᠷᠡᠭᠰᠡᠨ ᠶᠤᠮ᠃ ᠢᠷᠡᠭᠡᠳᠦᠢ ᠪᠠᠨ ᠪᠠᠷᠠᠯᠠᠬᠤ ᠳᠤ᠂ ᠮᠠᠨ ᠤ ᠤᠷᠤᠨ ᠤ ᠠᠵᠤ ᠠᠬᠤᠢ ᠶᠢᠨ | ᠬᠦᠭᠵᠢᠯᠳᠡ ᠳᠤᠭᠳᠠᠭᠤᠨ ᠤ ᠳᠤᠮᠳᠠ ᠤᠷᠤᠭᠰᠢᠯᠠᠵᠤ᠂ ᠠᠯᠤᠰ ᠭᠡᠳᠦ ᠳᠡᠭᠡᠨ ᠤᠯᠠᠮ ᠰᠠᠶᠢᠨ ᠪᠤᠯᠬᠤ ᠶᠡᠷᠦᠩᠬᠡᠢ | ᠪᠠᠶᠢᠳᠠᠯ ᠦᠷᠭᠦᠯᠵᠢᠯᠡᠭᠰᠡᠭᠡᠷ ᠪᠠᠶᠢᠵᠤ᠂ ᠢᠳᠡᠪᠬᠢ ᠡᠯᠧᠮᠧᠨ᠋ᠲ ᠳᠠᠰᠤᠷᠠᠯᠳᠠ ᠦᠭᠡᠢ ᠬᠤᠷᠠᠮᠳᠤᠵᠤ᠂ ᠬᠦᠭᠵᠢᠯᠳᠡ ᠶᠢᠨ | ᠡᠷᠴᠢ ᠡᠨᠧᠷᠭᠢ ᠳᠠᠰᠤᠷᠠᠯᠳᠠ ᠦᠭᠡᠢ ᠨᠦᠭᠡᠴᠡᠯᠡᠭᠳᠡᠵᠦ᠂ ᠬᠤᠪᠤᠷ ᠨᠠᠨᠳᠢᠨ ᠠᠵᠠ ᠳᠤᠬᠢᠶᠠᠯ ᠤᠨ ᠪᠠᠷ᠎ᠠ ᠬᠠᠷᠠᠭᠳᠠᠵᠤ᠂ | ᠦᠭᠡᠷᠡᠴᠢᠯᠡᠯᠳᠡ ᠶᠢᠨ ᠦᠷ᠎ᠡ ᠠᠰᠢᠬ ᠪᠠ ᠬᠡᠯᠪᠡᠷᠢ ᠪᠠᠨ ᠬᠤᠪᠢᠷᠠᠭᠤᠯᠤᠬᠰᠠᠨ ᠤ ᠦᠢᠯᠡᠳᠦᠯ ᠦᠷᠭᠦᠯᠵᠢᠯᠡᠨ ᠢᠯᠡᠷᠡᠵᠦ᠂ | ᠦᠪᠦᠷ ᠮᠤᠩᠭᠤᠯ ᠬᠦᠰᠡᠯ ᠡᠷᠡᠮᠡᠯᠵᠡᠯ ᠢᠶᠠᠷ ᠪᠢᠯᠬᠠᠵᠤ᠂ ᠶᠡᠭᠡ ᠦᠢᠯᠡᠰ ᠢ ᠪᠦᠲᠦᠭᠡᠵᠤ ᠪᠤᠯᠬᠤ ᠪᠠᠶᠢᠨ᠎ᠠ᠃ ᠪᠢᠲᠡ | ᠵᠠᠪᠠᠯ ᠦᠪᠡᠷᠲᠡᠭᠡᠨ ᠵᠠᠰᠬᠠᠤ ᠤᠷᠤᠨ ᠤ ᠬᠦᠭᠵᠢᠯᠲᠡ ᠳᠤ ᠢᠲᠡᠭᠡᠯ ᠲᠡᠭᠦᠯᠲᠡᠷ ᠪᠠᠶᠢᠵᠦ᠂ ᠢᠲᠡᠪᠬᠢ ᠬᠦᠴᠦᠨ ᠢ | ᠳᠠᠮᠵᠢᠭᠤᠯᠬᠤ᠂ ᠴᠤᠬ ᠵᠢᠪᠬᠤᠭ᠎ᠠ ᠪᠠᠲᠠᠷᠠᠭᠠᠬᠤ ᠦᠭᠡ ᠶᠢ ᠢᠯᠡᠭᠦᠦ ᠬᠡᠯᠡᠵᠤ᠂ ᠵᠤᠷᠢᠭ ᠢ ᠬᠦᠪᠴᠢᠯᠡᠬᠦ᠂ ᠬᠦᠴᠦᠨ ᠢ | ᠬᠠᠮᠳᠤᠳᠬᠠᠬᠤ ᠠᠵᠢᠯ ᠢ ᠢᠯᠡᠭᠦᠦ ᠬᠢᠵᠦ᠂ ᠰᠠᠭᠤᠷᠢ ᠶᠢ ᠲᠠᠯᠪᠢᠬᠤ᠂ ᠠᠯᠤᠰ ᠬᠡᠲᠦ ᠳᠤ ᠠᠰᠢᠬᠲᠠᠢ᠂ ᠠᠷᠠᠳ ᠤᠨ | ᠠᠮᠢᠳᠤᠷᠠᠯ ᠢ ᠬᠠᠷᠠᠭᠠᠯᠵᠠᠬᠤ ᠪᠤᠲᠠᠲᠤ ᠶᠠᠪᠤᠲᠠᠯ ᠰᠠᠶᠢᠨ ᠶᠠᠪᠤᠲᠠᠯ ᠢ ᠢᠯᠡᠭᠦᠦ ᠬᠢᠵᠦ᠂ ᠴᠢᠨᠠᠷ ᠰᠠᠶᠢᠲᠠᠢ | ᠬᠦᠭᠵᠢᠯᠲᠡ ᠶᠢ ᠠᠬᠢᠭᠤᠯᠬᠤ ᠪᠤᠲᠠᠲᠤ ᠠᠷᠭ᠎ᠠ ᠰᠠᠶᠢᠨ ᠠᠷᠭ᠎ᠠ ᠶᠢ ᠢᠯᠡᠭᠦᠦ ᠰᠦᠪᠡᠭᠴᠢᠯᠡᠵᠦ᠂ ᠨᠡᠩ ᠢᠯᠡᠭᠦᠦ | ᠵᠢᠳᠬᠦᠯ ᠴᠢᠷᠮᠠᠶᠢᠯᠭ᠎ᠠ ᠭᠠᠷᠭᠠᠵᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠨ᠂ ᠠᠵᠢᠯ ᠬᠢᠵᠦ ᠦᠢᠯᠡᠰ ᠪᠦᠳᠦᠬᠡᠬᠦ | ᠬᠡᠷᠡᠭᠲᠡᠢ᠃ | ᠲᠦᠷᠦᠭᠦᠯᠡᠨ ᠦᠨᠡᠨ ᠬᠦ ᠠᠳᠬᠤᠨ ᠪᠤᠲᠠᠲᠠᠢ ᠠᠵᠢᠯᠯᠠᠵᠦ᠂ ᠨᠠᠶᠢᠲᠠᠪᠤᠷᠢᠵᠢᠭᠤᠯᠤᠯᠲᠠ ᠶᠢ ᠬᠦᠴᠦᠲᠡᠢ | ᠠᠳᠬᠤᠨ᠂ ᠪᠤᠲᠠᠲᠤ ᠦᠷ᠎ᠡ ᠠᠰᠢᠬ ᠢ ᠡᠷᠬᠢᠮᠯᠡᠬᠦ ᠬᠡᠷᠡᠭᠲᠡᠢ᠃ ᠦᠢᠯᠡᠰ ᠪᠦᠳᠦᠬᠡᠬᠦ ᠳᠤ ᠬᠦᠴᠢᠷᠳᠠᠢ ᠴᠤ ᠴᠢᠷᠮᠠᠶᠢᠨ | ᠲᠡᠮᠡᠴᠡᠪᠡᠯ ᠠᠮᠵᠢᠯᠲᠠ ᠤᠯᠤᠨ᠎ᠠ᠃ ᠤᠳᠤᠬᠠᠨ ᠳᠤ᠂ ᠦᠪᠦᠷ ᠮᠤᠩᠭᠤᠯ ᠤᠨ ᠬᠦᠭᠵᠢᠯᠲᠡ ᠶᠠᠬ ᠬᠦᠴᠢᠷ ᠢ | ᠳᠤᠭᠤᠯᠤᠨ ᠰᠠᠭᠠᠳ ᠲᠠᠪᠠᠭ᠋ᠤ ᠵᠠᠩᠬᠢᠯᠠᠭ᠎ᠠ ᠶᠢᠨ ᠬᠤᠭᠤᠴᠠᠭᠠᠨ ᠳᠤ ᠪᠤᠢ᠂ ᠡᠷᠬᠡᠪᠰᠢ ᠴᠦᠬᠦᠷᠡᠰᠢ ᠦᠬᠡᠢ ᠴᠢᠷᠮᠠᠶᠢᠨ | ᠤᠷᠤᠭᠰᠢᠯᠠᠵᠤ᠂ ᠯᠠᠪᠲᠠᠭᠤᠨ ᠲᠤᠬᠲᠠᠭᠤᠨ ᠢᠶᠠᠷ ᠠᠵᠢᠯᠯᠠᠨ ᠪᠤᠲᠠᠲᠤ ᠦᠷ᠎ᠡ ᠠᠰᠢᠬ ᠢ ᠡᠷᠬᠢᠮᠯᠡᠬᠦ ᠬᠡᠷᠡᠭᠲᠡᠢ᠃ ᠪᠢᠲᠡ | ᠨᠠᠮ ᠤᠨ ᠲᠦᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠲᠤᠷᠠᠳᠤᠬᠰᠠᠨ ︽ᠲᠦᠷᠪᠡᠨ | ᠬᠦᠴᠦᠯᠡᠬᠦ︾ ᠪᠠ ︽ᠭᠤᠷᠪᠠᠨ ᠯᠠᠪᠲᠠᠭᠤᠨ ᠪᠠᠶᠢᠬᠤ︾ ᠵᠡᠷᠭᠡ ᠴᠢᠬᠤᠯᠠ ᠱᠠᠭᠠᠷᠲᠠᠯᠭ᠎ᠠ ᠶᠢ ᠪᠦᠬᠦ ᠲᠠᠯ᠎ᠠ ᠪᠠᠷ | ᠨᠠᠶᠢᠲᠠᠪᠤᠷᠢᠵᠢᠭᠤᠯᠵᠦ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ | ᠨᠠᠢᠮᠠᠳᠤᠭᠠᠷ ᠪᠦᠬᠦᠲᠡ ᠬᠤᠷᠠᠯ ᠵᠢᠴᠢ ᠪᠦᠬᠦ ᠤᠷᠤᠨ ᠤ ᠠᠵᠦ ᠠᠬᠤᠢ ᠶᠢᠨ ᠠᠵᠢᠯ ᠤᠨ ᠬᠤᠷᠠᠯ ᠪᠤᠯᠤᠨ ᠲᠤᠰ | ᠤᠳᠠᠭ᠎ᠠ ᠶᠢᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠲᠤᠬᠢᠷᠠᠭᠤᠯᠤᠯᠲᠠ ᠶᠤᠰᠤᠭᠠᠷ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠦ᠂ ᠵᠤᠷᠢᠭ ᠰᠢᠭᠤᠲᠤᠨ | ᠨᠠᠶᠢᠲᠠᠪᠤᠷᠢᠵᠢᠭᠤᠯᠤᠯᠲᠠ ᠶᠢ ᠠᠳᠬᠤᠵᠦ᠂ ᠡᠨᠡ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠡᠯ᠎ᠡ | ᠲᠦᠷᠦᠯ ᠤᠨ ᠠᠵᠢᠯ ᠢ ᠯᠠᠪᠲᠠᠭᠤᠨ ᠢᠶᠠᠷ ᠰᠠᠶᠢᠲᠦᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠶᠢᠨ ᠰᠡᠭᠦᠯ ᠬᠤᠷᠢᠶᠠᠬᠤ ᠠᠵᠢᠯ ᠳᠤ ᠰᠢᠢᠳᠪᠦᠷᠢᠯᠡᠭᠴᠢ ᠴᠢᠨᠠᠷᠲᠠᠢ ᠰᠠᠭᠤᠷᠢ ᠶᠢ ᠲᠠᠯᠪᠢᠬᠤ ᠬᠡᠷᠡᠭᠲᠡᠢ᠃ | ᠲᠤᠬᠲᠠᠭᠤᠨ ᠪᠠᠶᠢᠯᠭᠠᠬᠤ ᠮᠦᠷᠳᠡᠬᠡᠨ ᠤᠷᠤᠬᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠲᠤᠲᠠᠢ | ᠡᠵᠡᠮᠳᠡᠨ᠂ ᠰᠠᠨᠠᠭᠠᠰᠢᠷᠠᠬᠤ ᠤᠬᠠᠮᠰᠠᠷ ᠢᠶᠠᠨ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ | ᠠᠵᠢᠯ ᠤᠯᠭᠤᠯᠲᠠ ᠶᠢ ᠲᠤᠬᠲᠠᠪᠤᠷᠢᠵᠢᠭᠤᠯᠬᠤ᠂ ᠮᠦᠩᠬᠦᠨ ᠬᠦᠢᠯᠭᠡᠭᠡ ᠶᠢ ᠲᠤᠬᠲᠠᠪᠤᠷᠢᠵᠢᠭᠤᠯᠬᠤ᠂ ᠭᠠᠲᠠᠭᠠᠲᠦ | ᠠᠷᠠᠯᠵᠢᠶ᠎ᠠ ᠶᠢ ᠲᠤᠬᠲᠠᠪᠤᠷᠢᠵᠢᠭᠤᠯᠬᠤ᠂ ᠭᠠᠲᠠᠭᠠᠲᠦ ᠶᠢᠨ ᠪᠡᠯᠡ ᠮᠦᠩᠬᠦ ᠶᠢ ᠲᠤᠬᠲᠠᠪᠤᠷᠢᠵᠢᠭᠤᠯᠬᠤ᠂ ᠪᠡᠯᠡ | ᠤᠷᠤᠭᠤᠯᠤᠯᠲᠠ ᠶᠢ ᠲᠤᠬᠲᠠᠪᠤᠷᠢᠵᠢᠭᠤᠯᠬᠤ᠂ ᠵᠢᠱᠢᠯᠲᠠ ᠶᠢᠨ ᠬᠤᠭᠤᠴᠠᠭ᠎ᠠ ᠶᠢ ᠲᠤᠬᠲᠠᠪᠤᠷᠢᠵᠢᠭᠤᠯᠬᠤ ᠠᠵᠢᠯ ᠢ | ᠦᠨᠡᠨ ᠬᠦ ᠰᠠᠶᠢᠲᠦᠷ ᠬᠢᠵᠦ᠂ ᠠᠵᠦ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ | ᠲᠠᠯ᠎ᠠ ᠶᠢᠨ ᠲᠤᠬᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠢᠯᠠᠯᠲᠠ ᠶᠢᠨ ᠡᠷᠴᠢᠨ ᠲᠡᠭᠡᠷ᠎ᠡ ᠬᠦᠨᠲᠦ ᠶᠡᠭᠡ ᠠᠶᠤᠯ | ᠲᠦᠭᠰᠢᠭᠦᠷᠢ ᠶᠢ ᠰᠡᠷᠬᠡᠶᠢᠯᠡᠨ ᠠᠷᠢᠯᠭᠠᠬᠤ᠂ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ᠂ | ᠪᠤᠬᠢᠷᠲᠦᠯ ᠢ ᠰᠡᠷᠬᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠦᠷᠭᠦᠯᠵᠢᠯᠡᠨ ᠰᠠᠶᠢᠲᠦᠷ | ᠬᠢᠵᠦ᠂ ᠠᠮᠵᠢᠯᠲᠠ ᠪᠠᠨ ᠪᠠᠬᠢᠵᠢᠭᠦᠯᠦᠨ᠂ ᠦᠷ᠎ᠡ ᠪᠦᠲᠦᠭᠡᠯ ᠢᠶᠠᠨ ᠦᠷᠭᠡᠳᠬᠡᠨ᠂ ᠲᠠᠰᠤᠷᠠᠯᠲᠠ ᠦᠭᠡᠢ ᠰᠢᠨ᠎ᠡ | ᠰᠢᠪᠲᠤᠯᠤᠯᠲᠠ ᠭᠠᠷᠭᠠᠬᠤ ᠬᠡᠷᠡᠭᠲᠡᠢ᠃ ︽ᠪᠠᠬᠢᠵᠢᠭᠦᠯᠬᠦ᠂ ᠴᠢᠩᠭᠠᠷᠠᠭᠤᠯᠬᠤ᠂ ᠲᠡᠭᠡᠭᠰᠢᠯᠡᠭᠦᠯᠬᠦ᠂ ᠨᠡᠪᠲᠡᠷᠡᠭᠦᠯᠬᠦ︾ | ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠦᠨ᠂ ᠤᠳᠤ ᠦᠶ᠎ᠡ ᠶᠢᠨ ᠠᠵᠦ ᠦᠢᠯᠡᠰ ᠤᠨ ᠰᠢᠨ᠎ᠡ | ᠰᠢᠰᠲ᠋ᠧᠮᠵᠢ ᠶᠢ ᠬᠦᠴᠦᠯᠡᠨ ᠪᠠᠶᠢᠭᠤᠯᠵᠦ᠂ ᠰᠢᠨ᠎ᠡ ᠬᠦᠲᠡᠯᠭᠡᠬᠦ ᠡᠨᠧᠷᠬᠢ ᠰᠢᠨ᠎ᠡ ᠨᠡᠮᠡᠭᠲᠡᠯ ᠤᠨ ᠲᠦᠢᠯ ᠢ ᠶᠡᠭᠡ ᠪᠠᠷ | ᠪᠣᠶᠢᠵᠢᠭᠤᠯᠵᠤ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠯᠠᠪᠲᠠᠭᠤᠨ ᠢᠶᠠᠷ ᠠᠬᠢᠭᠤᠯᠬᠤ ᠬᠡᠷᠡᠭᠲᠡᠢ᠃ | ᠬᠦᠲᠡᠭᠡ ᠲᠤᠰᠬᠤᠨ ᠢ ᠬᠦᠭᠵᠢᠭᠦᠯᠦᠨ ᠮᠠᠨᠲᠤᠭᠤᠯᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠭᠦᠯᠵᠦ᠂ ︽ | ᠲᠠᠪᠤ ᠶᠢ ᠬᠦᠭᠵᠢᠭᠦᠯᠦᠨ ᠮᠠᠨᠳᠤᠭᠤᠯᠬᠤ︾ ᠳᠤ ᠠᠩᠬᠠᠷᠤᠯ ᠢᠶᠠᠨ ᠬᠠᠨᠳᠤᠭᠤᠯᠵᠤ ᠬᠦᠴᠦᠨ ᠢᠶᠠᠨ ᠳᠦᠪᠯᠡᠷᠡᠬᠦᠯᠦᠨ᠂ | ᠮᠠᠯ ᠠᠵᠦ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠤ ᠤᠳᠤᠬᠢᠴᠢᠯᠠᠯᠲᠠ ᠶᠢ ᠪᠡᠶᠡᠯᠡᠭᠦᠯᠬᠦ ᠠᠶᠠᠨ ᠳᠤ | ᠰᠢᠨ᠎ᠡ ᠠᠯᠬᠤᠮ ᠢ ᠠᠯᠬᠤᠬᠤ ᠬᠡᠷᠡᠭᠲᠡᠢ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠤᠯᠤᠨ ᠤᠷᠴᠢᠨ | ᠲᠤᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ | ᠪᠦᠷᠢᠳᠤ ᠨᠤᠳᠤᠬ ᠪᠡᠯᠴᠢᠭᠡᠷ ᠢ ᠰᠢᠰᠲ᠋ᠧᠮ ᠲᠠᠢ ᠵᠠᠰᠠᠬᠤ ᠶᠢ ᠨᠢᠭᠡᠲᠦᠯᠲᠡᠢ ᠲᠦᠯᠦᠪᠵᠢᠭᠦᠯᠵᠦ᠂ ᠪᠤᠬᠢᠷᠲᠦᠯ ᠦᠭᠡᠢ | ᠬᠡᠷ ᠤᠷᠤᠨ ᠢᠶᠠᠨ ᠰᠠᠶᠢᠲᠦᠷ ᠰᠠᠬᠢᠨ ᠬᠠᠮᠠᠭᠠᠯᠠᠬᠤ ᠬᠡᠷᠡᠭᠲᠡᠢ᠃ ᠵᠠᠬ᠎ᠠ ᠲᠡᠯᠭᠡᠭᠦᠷᠴᠢᠯᠡᠭᠰᠡᠨ ᠦᠭᠡᠷᠡᠴᠢᠯᠡᠯᠲᠡ ᠶᠢ | ᠬᠦᠨᠵᠡᠭᠡᠶᠢᠷᠡᠭᠦᠯᠵᠦ᠂ ᠪᠦᠬᠦ ᠲᠠᠯ᠎ᠠ ᠶᠢᠨ ᠨᠡᠭᠡᠭᠡᠯᠲᠡ ᠶᠢ ᠦᠷᠭᠡᠳᠬᠡᠵᠦ᠂ ᠠᠵᠦ ᠠᠬᠤᠢ ᠨᠡᠶᠢᠭᠡᠮ ᠤᠨ | ᠬᠦᠭᠵᠢᠯᠲᠡ ᠶᠢᠨ ᠬᠦᠲᠡᠯᠭᠡᠬᠦ ᠬᠦᠴᠦᠨ ᠠᠮᠢᠯᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠲᠦᠭᠡᠮᠡᠯ | ᠬᠦᠷᠲᠡᠭᠡᠮᠵᠢᠲᠦ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠠᠴᠠ ᠨᠢ ᠪᠠᠳᠤᠯᠠᠬᠤ ᠴᠢᠨᠠᠷᠲᠠᠢ ᠠᠷᠠᠳ ᠤᠨ | ᠠᠮᠢᠳᠤᠷᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠦ᠂ ᠠᠮᠤᠷ ᠲᠦᠪᠰᠢᠨ ᠦᠪᠦᠷ ᠮᠤᠩᠭᠤᠯ ᠤᠨ ᠪᠦᠲᠦᠭᠡᠨ | ᠪᠠᠶᠢᠭᠤᠯᠤᠯᠲᠠ ᠶᠢ ᠬᠦᠨᠵᠡᠭᠡᠶᠢᠷᠡᠭᠦᠯᠦᠨ᠂ ᠠᠷᠠᠳ ᠲᠦᠮᠡᠨ ᠳᠤ ᠨᠡᠩ ᠤᠯᠠᠨ ᠬᠦᠷᠲᠡᠮᠵᠢ ᠶᠢᠨ ᠲᠦᠷᠦᠭᠲᠡᠯ᠂ | ᠵᠢᠷᠭᠠᠯᠲᠦ ᠲᠦᠷᠦᠭᠲᠡᠯ᠂ ᠠᠮᠤᠷ ᠲᠦᠪᠰᠢᠨ ᠲᠦᠷᠦᠭᠲᠡᠯ ᠤᠯᠭᠤᠬᠤ ᠬᠡᠷᠡᠭᠲᠡᠢ᠃ | ᠳᠦᠷᠦᠬᠦᠯᠠᠨ ᠬᠦᠮᠦᠰ ᠤᠨ ᠰᠡᠳᠬᠢᠯ᠂ ᠤᠶᠤᠨ ᠤᠬᠠᠭᠠᠨ ᠪᠠ ᠬᠦᠴᠦᠨ ᠴᠢᠳᠠᠯ ᠢ ᠨᠢᠭᠳᠠᠷᠠᠭᠤᠯᠬᠤ ᠬᠡᠷᠡᠭᠲᠡᠢ | ᠃ ᠪᠦᠬᠦ ᠤᠷᠤᠨ ᠤ 2500 ᠭᠠᠷᠤᠢ ᠲᠦᠮᠡᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠪᠤᠯ ᠪᠦᠷ | ᠰᠢᠨ᠎ᠡ ᠴᠠᠬ ᠦᠶ᠎ᠡ ᠶᠢᠨ ᠵᠡᠬᠦᠳᠦ ᠪᠠᠨ ᠳᠡᠷᠬᠡᠯᠰᠢᠬᠦᠯᠦᠭᠴᠢ ᠪᠠ ᠴᠢᠷᠮᠠᠶᠢᠨ ᠲᠡᠮᠡᠴᠡᠭᠴᠢ ᠪᠤᠯᠤᠨ᠎ᠠ᠃ ᠪᠢᠲᠡ | ᠠᠷᠠᠳ ᠤᠨ ᠰᠡᠳᠬᠢᠯ ᠪᠤᠯᠤᠨ ᠬᠦᠴᠦᠨ ᠢ ᠨᠢᠬᠲᠠᠷᠠᠭᠤᠯᠤᠨ᠂ ᠵᠤᠷᠢᠭ ᠢᠶᠠᠨ ᠬᠦᠪᠴᠢᠯᠡᠨ᠂ ᠠᠵᠢᠯ ᠬᠢᠵᠦ ᠦᠢᠯᠡᠰ | ᠪᠦᠳᠦᠬᠡᠬᠦ ᠬᠠᠮᠤᠭ ᠤᠨ ᠬᠦᠴᠦᠷᠭᠡᠭ ᠳᠠᠭᠤᠨ ᠢ ᠴᠢᠪᠬᠠᠲᠠᠵᠦ᠂ ᠦᠭᠡᠷᠡᠴᠢᠯᠡᠯᠲᠡ ᠬᠦᠭᠵᠢᠯᠲᠡ ᠶᠢᠨ ᠢᠷᠡᠭᠤ | ᠬᠠᠭᠤᠳᠠᠰᠤ ᠶᠢ ᠪᠢᠴᠢᠭᠯᠡᠬᠦ ᠬᠡᠷᠡᠭᠲᠡᠢ᠃ ᠠᠯᠢᠪᠠ ᠠᠵᠢᠯ ᠳᠤ ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠣ᠂ ᠡᠯ᠎ᠠ | ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠣᠯᠣᠰ ᠲᠦᠷᠦ ᠶᠢᠨ ᠣᠳᠣᠷᠢᠳᠬᠤ ᠬᠦᠴᠣᠨ᠂ ᠦᠵᠡᠯ | ᠰᠠᠨᠠᠭᠠᠨ ᠤ ᠬᠦᠳᠣᠯᠣᠨ ᠲᠠᠭᠠᠭᠤᠯᠬᠤ ᠬᠦᠴᠣᠨ᠂ ᠣᠯᠠᠨ ᠲᠦᠮᠡᠨ ᠢ ᠵᠣᠬᠢᠶᠠᠨ ᠪᠠᠶᠢᠭᠤᠯᠬᠤ ᠬᠦᠴᠣᠨ ᠪᠠ | ᠨᠡᠶᠢᠭᠡᠮ ᠤᠨ ᠬᠢᠨ ᠢ ᠣᠷᠢᠶᠠᠯᠠᠬᠤ ᠬᠦᠴᠣᠨ ᠢ ᠨᠢ ᠬᠦᠴᠣᠯᠡᠨ ᠴᠢᠩᠭᠠᠳᠬᠠᠵᠣ᠂ ᠦᠨᠳᠣᠰᠣᠳᠠᠨ ᠨᠦᠭᠦᠳ ᠤᠨ | ᠠᠷᠠᠳ ᠲᠦᠮᠡᠨ ᠢ ᠨᠠᠮ ᠤᠨ ᠲᠣᠭᠤᠷᠢᠨ ᠳᠤ ᠪᠠᠳᠤ ᠨᠢᠬᠳᠠᠷᠠᠭᠤᠯᠬᠤ ᠬᠡᠷᠡᠭᠳᠠᠢ᠃ ᠡᠯ᠎ᠠ ᠱᠠᠳᠣᠨ ᠤ ᠠᠷᠠᠳ ᠤᠨ | ᠲᠦᠯᠦᠭᠡᠯᠡᠭᠴᠢᠳ ᠤᠨ ᠠᠷᠠᠳ ᠤᠨ ᠰᠡᠳᠬᠢᠯ ᠢ ᠣᠢᠢᠯᠠᠭᠠᠬᠤ᠂ ᠠᠷᠠᠳ ᠤᠨ ᠰᠠᠨᠠᠭ᠎ᠠ ᠶᠢ ᠲᠣᠰᠬᠠᠬᠤ ᠪᠠ ᠠᠷᠠᠳ ᠤᠨ | ᠣᠬᠠᠭᠠᠨ ᠢ ᠲᠦᠪᠯᠡᠷᠡᠬᠦᠯᠬᠦ ᠴᠢᠬᠤᠯᠠ ᠣᠢᠢᠯᠡᠳᠣᠯ ᠢ ᠪᠦᠷᠢᠨ ᠪᠠᠳᠠᠷᠠᠭᠤᠯᠵᠣ᠂ ᠠᠷᠠᠳ ᠲᠦᠮᠡᠨ ᠤ ᠬᠦᠰᠡᠯ ᠪᠤᠳᠤᠯ ᠢ | ᠨᠡᠩ ᠰᠠᠶᠢᠨ ᠲᠣᠰᠬᠠᠵᠣ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠳᠣ ᠪᠣᠳᠣᠯᠭ᠎ᠠ ᠶᠢᠨ | ᠪᠠᠶᠢᠷᠢᠯᠠᠭᠤᠯᠤᠯᠳᠠ ᠶᠢ ᠣᠯᠠᠮᠵᠢᠯᠠᠵᠣ᠂ ᠦᠷᠭᠡᠨ ᠣᠯᠠᠨ ᠺᠠᠳ᠋ᠷ ᠣᠯᠠᠨ ᠲᠦᠮᠡᠨ ᠢ ᠬᠦᠳᠣᠯᠣᠨ ᠵᠢᠯᠣᠭᠤᠳᠴᠣ ᠲᠤᠰ | ᠲᠤᠰ ᠤᠨ ᠬᠦᠷᠢᠶ᠎ᠠ ᠬᠡᠪᠴᠢᠶ᠎ᠠ ᠲᠤᠰ ᠲᠤᠰ ᠤᠨ ᠠᠵᠢᠯ ᠤᠨ ᠪᠠᠶᠢᠷᠢᠨ ᠳᠠᠭᠠᠨ ᠭᠠᠪᠢᠶ᠎ᠠ ᠪᠠᠶᠢᠭᠤᠯᠣᠨ ᠣᠢᠢᠯᠡᠰ | ᠪᠣᠰᠬᠠᠬᠤ ᠪᠤᠯᠭᠠᠬᠤ ᠬᠡᠷᠡᠭᠳᠠᠢ᠃ ᠠᠷᠠᠳ ᠲᠦᠮᠡᠨ ᠤ ᠭᠤᠤᠯ ᠴᠤᠬᠴᠠ ᠶᠢᠨ ᠪᠠᠶᠢᠷᠢ ᠰᠠᠭᠤᠷᠢ ᠪᠠ ᠡᠬᠦᠳᠣᠨ | ᠪᠦᠳᠣᠭᠡᠬᠦ ᠵᠤᠷᠢᠬ ᠰᠠᠨᠠᠭ᠎ᠠ ᠶᠢ ᠬᠦᠨᠳᠣᠳᠬᠡᠵᠣ᠂ ᠨᠡᠩ ᠰᠠᠶᠢᠨ ᠣᠷᠴᠢᠨ ᠪᠠ ᠨᠦᠬᠦᠴᠡᠯ ᠢ ᠪᠦᠷᠢᠯᠳᠣᠬᠦᠯᠵᠣ᠂ | ᠬᠦᠮᠦᠰ ᠢ ᠬᠦᠰᠡᠯ ᠵᠡᠬᠦᠳᠣ ᠪᠠᠨ ᠬᠦᠬᠡᠬᠡᠴᠡᠯᠳᠣᠬᠦ ᠵᠠᠮ ᠢᠶᠠᠷ ᠨᠡᠩ ᠲᠤᠷᠪᠢᠳᠠᠢ᠂ ᠨᠡᠩ ᠴᠢᠷᠮᠠᠶᠢᠯᠳᠠ ᠲᠠᠢ | ᠤᠷᠤᠬᠰᠢᠯᠠᠬᠤ ᠪᠣᠯᠭᠠᠵᠣ᠂ ᠬᠠᠮᠳᠤ ᠪᠠᠷ ᠴᠢᠷᠮᠠᠶᠢᠵᠤ ᠪᠠᠶᠢᠭᠠᠳ ᠪᠢᠳᠡᠨ ᠤ ᠬᠡᠷ ᠣᠷᠣᠨ ᠵᠡᠨ ᠨᠡᠩ ᠦᠵᠡᠰᠭᠦᠯᠡᠩᠳᠤ | ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠬᠡᠷᠡᠭᠳᠠᠢ᠃ | ᠲᠦᠯᠦᠭᠡᠯᠡᠭᠴᠢᠳ ᠡ᠂ ᠨᠦᠬᠦᠳ ᠡ︕ | ᠦᠵᠡᠰᠬᠦᠯᠡᠩᠳᠣ ᠰᠠᠶᠢᠬᠠᠨ ᠦᠪᠦᠷ ᠮᠣᠩᠭᠤᠯ ᠢᠶᠠᠨ ᠪᠦᠳᠣᠭᠡᠨ ᠪᠠᠶᠢᠭᠤᠯᠵᠤ᠂ ᠠᠭᠤᠤ ᠶᠡᠭᠡ ᠲᠣᠮᠳᠠᠳᠣ ᠶᠢᠨ | ᠵᠡᠬᠦᠳᠣ ᠪᠠᠨ ᠬᠠᠮᠳᠤ ᠪᠠᠷ ᠲᠡᠷᠭᠡᠯᠰᠢᠭᠦᠯᠬᠦ ᠲᠡᠤᠬᠡᠳᠤ ᠡᠭᠦᠷᠭᠡ ᠨᠢ᠂ ᠮᠠᠨ ᠤ ᠣᠷᠣᠨ ᠤ ᠠᠷᠠᠳ ᠤᠨ | ᠲᠦᠯᠦᠭᠡᠯᠡᠭᠴᠢᠳ ᠤᠨ ᠠᠵᠢᠯ ᠳᠤ ᠨᠡᠩ ᠦᠨᠳᠣᠷ ᠰᠢᠨ᠎ᠡ ᠱᠠᠭᠠᠷᠳᠠᠯᠭ᠎ᠠ ᠲᠣᠷᠠᠳᠴᠠᠢ᠃ ᠪᠢᠳᠡ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ ᠲᠣᠬᠠᠢ ᠶᠡᠷᠣᠩᠬᠡᠢ ᠱᠦᠵᠢ | ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠬᠦᠨᠵᠡᠬᠡᠢ ᠰᠣᠷᠣᠯᠴᠠᠨ ᠲᠤᠭᠤᠰᠢᠯᠠᠭᠤᠯᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪ ᠴᠢᠭᠯᠡᠯ ᠢ ᠪᠠᠳᠣ ᠡᠵᠡᠮᠰᠢᠵᠣ᠂ ᠨᠠᠮ ᠤᠨ ᠣᠳᠣᠷᠢᠳᠣᠯᠭ᠎ᠠ᠂ | ᠠᠷᠠᠳ ᠲᠦᠮᠡᠨ ᠡᠷᠭᠡ ᠮᠡᠳᠡᠵᠤ ᠡᠵᠡᠨ ᠰᠠᠭᠤᠬᠤ ᠪᠠ ᠬᠠᠣᠯᠢ ᠪᠠᠷ ᠣᠯᠣᠰ ᠢᠶᠠᠨ ᠵᠠᠰᠠᠬᠤ ᠶᠢᠨ ᠣᠷᠭᠠᠨᠢᠭ | ᠨᠢᠭᠡᠳᠣᠯ ᠢ ᠢᠮᠠᠬᠳᠠ ᠪᠠᠷᠢᠮᠳᠠᠯᠠᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠪᠠ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠰᠢᠨ᠎ᠠ ᠴᠠᠭ ᠦᠶ᠎ᠠ ᠳᠤ ᠴᠠᠬ ᠦᠶ᠎ᠡ ᠶᠢ ᠲᠠᠭᠠᠨ ᠪᠦᠬᠦ | ᠲᠠᠯ᠎ᠠ ᠪᠠᠷ ᠣᠷᠣᠬᠰᠢᠯᠠᠵᠣ᠂ ᠰᠢᠨ᠎ᠠ ᠶᠢ ᠡᠬᠦᠳᠣᠨ ᠬᠦᠭᠵᠢᠬᠦ ᠶᠢ ᠠᠬᠢᠭᠤᠯᠬᠤ ᠬᠡᠷᠡᠭᠳᠠᠢ᠃ ᠪᠦᠬᠦ ᠣᠷᠣᠨ ᠤ ᠡᠯ᠎ᠠ | ᠱᠠᠳᠣᠨ ᠤ ᠨᠠᠮ ᠤᠨ ᠬᠤᠷᠢᠶ᠎ᠠ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠬᠠᠢ | ᠣᠳᠣᠷᠢᠳᠣᠯᠭ᠎ᠠ ᠪᠠᠨ ᠴᠢᠩᠭᠠᠳᠬᠠᠨ ᠰᠠᠶᠢᠵᠢᠷᠠᠭᠤᠯᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ | ᠲᠡᠬᠦᠨ ᠤ ᠪᠠᠶᠢᠩᠭᠤ ᠶᠢᠨ ᠬᠤᠷᠢᠶᠠᠨ ᠤ ᠬᠠᠣᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠢᠳᠡᠪᠬᠢᠳᠠᠢ ᠲᠡᠮᠵᠢᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠪᠠ ᠪᠠᠶᠢᠭᠤᠯᠣᠯᠳᠠ ᠳᠤ | ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠣ ᠦᠭᠬᠦ ᠬᠡᠷᠡᠭᠳᠠᠢ᠃ ᠡᠯ᠎ᠠ ᠱᠠᠳᠣᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶ᠎ᠠ ᠭᠤᠣᠯᠳᠠᠯᠭ᠎ᠠ ᠪᠠᠷ ᠭᠤᠤᠯᠴᠢᠯᠠᠵᠤ᠂ | ᠶᠡᠭᠡ ᠲᠠᠯ᠎ᠠ ᠳᠤ ᠣᠢᠢᠯᠡᠴᠢᠯᠡᠨ᠂ ᠬᠠᠣᠯᠢ ᠲᠣᠭᠳᠠᠭᠠᠬᠤ᠂ ᠬᠢᠨᠠᠯᠳᠠ ᠲᠠᠯᠪᠢᠬᠤ᠂ ᠲᠣᠰᠢᠶᠠᠯ ᠳᠤ ᠲᠣᠮᠢᠯᠠᠵᠣ | ᠪᠠᠭᠤᠯᠭᠠᠬᠤ ᠵᠡᠷᠭᠡ ᠡᠭᠦᠷᠭᠡ ᠴᠢᠳᠠᠪᠬᠢ ᠪᠠᠨ ᠬᠠᠣᠯᠢ ᠶᠣᠰᠣᠭᠠᠷ ᠬᠡᠷᠡᠭᠵᠢᠬᠦᠯᠵᠣ᠂ ᠡᠯ᠎ᠠ ᠵᠦᠢᠯ ᠤᠨ ᠠᠵᠢᠯ ᠤᠨ | ᠰᠢᠨ᠎ᠠ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠠᠢ᠃ ᠡᠯ᠎ᠠ ᠱᠠᠳᠣᠨ ᠤ ᠵᠠᠰᠠᠭ ᠵᠠᠬᠢᠷᠭᠠᠨ ᠤ ᠪᠠᠶᠢᠭᠤᠯᠭ᠎ᠠ᠂ ᠬᠢᠨᠠᠨ | ᠪᠠᠶᠢᠴᠠᠭᠠᠬᠤ ᠪᠠᠶᠢᠭᠤᠯᠭ᠎ᠠ᠂ ᠰᠢᠬᠦᠨ ᠲᠠᠰᠣᠯᠬᠤ ᠪᠠᠶᠢᠭᠤᠯᠭ᠎ᠠ ᠪᠠ ᠪᠠᠶᠢᠴᠠᠭᠠᠬᠤ ᠪᠠᠶᠢᠭᠤᠯᠭ᠎ᠠ ᠦᠨᠳᠣᠰᠣᠨ | ᠬᠠᠣᠯᠢ ᠶᠢᠨ ᠲᠤᠬᠠᠢ ᠣᠬᠠᠮᠰᠠᠷ ᠢᠶᠠᠨ ᠴᠢᠩᠭᠠᠳᠬᠠᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ | ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠦᠷᠢ ᠲᠣᠭᠳᠠᠭᠠᠯ ᠪᠠ ᠬᠢᠨᠠᠨ ᠵᠦᠪᠯᠡᠭᠰᠡᠨ ᠰᠠᠨᠠᠯ ᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠣ᠂ ᠬᠠᠣᠯᠢ ᠶᠣᠰᠣᠭᠠᠷ ᠵᠠᠰᠠᠭ ᠶᠠᠪᠣᠭᠤᠯᠬᠤ᠂ ᠲᠦᠪ ᠭᠤᠣᠯᠴᠢ ᠪᠠᠷ ᠬᠠᠣᠯᠢ ᠬᠡᠷᠡᠭᠵᠢᠬᠦᠯᠬᠦ ᠪᠠ | ᠬᠢᠨᠠᠨ ᠪᠠᠶᠢᠴᠠᠭᠠᠬᠤ ᠲᠦᠪᠰᠢᠨ ᠢᠶᠠᠨ ᠲᠠᠰᠣᠷᠠᠯᠳᠠ ᠦᠭᠡᠢ ᠲᠡᠭᠡᠭᠰᠢᠯᠡᠬᠦᠯᠬᠦ ᠬᠡᠷᠡᠭᠳᠠᠢ᠃ ᠡᠯ᠎ᠠ ᠱᠠᠳᠣᠨ ᠤ | ᠠᠷᠠᠳ ᠤᠨ ᠲᠦᠯᠦᠭᠡᠯᠡᠭᠴᠢᠳ ᠲᠤᠰ ᠪᠡᠶ᠎ᠠ ᠶᠢᠨ ᠪᠠᠶᠢᠭᠤᠯᠣᠯᠳᠠ ᠪᠠᠨ ᠴᠢᠩᠭᠠᠳᠬᠠᠵᠣ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠲᠡᠭᠡᠭᠰᠢᠯᠡᠬᠦᠯᠵᠣ᠂ ᠠᠷᠠᠳ ᠲᠦᠮᠡᠨ ᠤ ᠲᠦᠯᠦᠬᠡ ᠦᠭᠡ | ᠬᠡᠯᠡᠵᠤ᠂ ᠠᠷᠠᠳ ᠲᠦᠮᠡᠨ ᠤ ᠲᠦᠯᠦᠬᠡ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠡᠷᠡᠭᠳᠠᠢ᠃ | ᠲᠦᠯᠦᠭᠡᠯᠡᠭᠴᠢᠳ ᠡ᠂ ᠨᠦᠬᠦᠳ ᠡ︕ | ᠴᠠᠭ ᠮᠦᠴᠡ ᠤᠷᠴᠢᠨ ᠰᠤᠯᠢᠬᠳᠠᠵᠤ ᠴᠦᠬᠦᠷᠡᠰᠢ ᠦᠭᠡᠢ ᠤᠷᠤᠬᠰᠢᠯᠠᠵᠤ᠂ ᠲᠡᠮᠡᠴᠡᠯ ᠴᠢᠷᠮᠠᠶᠢᠯᠭ᠎ᠠ ᠪᠤᠤᠬᠢᠶ᠎ᠠ | ᠲᠠᠮᠵᠢᠨ ᠵᠤᠬᠰᠤᠰᠢ ᠦᠭᠡᠢ ᠦᠷᠭᠦᠯᠵᠢᠯᠡᠨ᠎ᠡ᠃ ᠰᠢᠨ᠎ᠠ ᠭᠠᠷᠤᠭ᠎ᠠ ᠰᠢᠨ᠎ᠠ ᠠᠶᠠᠨ ᠳᠤ᠂ ᠪᠢᠳᠡ ᠰᠢ ᠶᠢᠨ ᠫᠢᠩ ᠤᠨ | ᠰᠢᠨ᠎ᠠ ᠴᠠᠭ ᠦᠶ᠎ᠠ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠭᠡᠮ ᠵᠢᠷᠣᠮ ᠤᠨ ᠦᠵᠡᠯ ᠰᠠᠨᠠᠭᠠᠨ ᠤ ᠠᠭᠤᠣ | ᠶᠡᠭᠡ ᠲᠤᠭ ᠢ ᠦᠨᠳᠣᠷ ᠮᠠᠨᠳᠣᠭᠤᠯᠵᠣ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠬᠰᠠᠨ ᠨᠠᠮ ᠤᠨ ᠲᠦᠪ | ᠬᠤᠷᠢᠶᠠᠨ ᠤ ᠲᠣᠭᠤᠷᠢᠨ ᠳᠤ ᠨᠡᠩ ᠨᠢᠬᠳᠠᠷᠠᠨ ᠪᠦᠯᠬᠦᠮᠳᠡᠵᠣ᠂ ᠣᠮᠤᠭ ᠲᠡᠬᠦᠯᠳᠡᠷ ᠢᠶᠠᠷ ᠣᠷᠣᠬᠰᠢᠯᠠᠵᠣ᠂ ᠰᠠᠬᠢᠨ | ᠪᠠᠷᠠᠯᠠᠵᠣ ᠬᠠᠷᠢᠯᠴᠠᠨ ᠬᠠᠪᠰᠣᠷᠣᠯᠴᠠᠵᠤ᠂ ᠡᠭᠡ ᠣᠯᠣᠰ ᠤᠨ ᠣᠮᠠᠷᠠᠳᠣ ᠬᠢᠯᠢ ᠶᠢᠨ ᠡᠨᠡ ᠬᠦ ᠦᠵᠡᠰᠬᠦᠯᠡᠩᠳᠣ | ᠰᠠᠶᠢᠬᠠᠨ ᠦᠵᠡᠮᠵᠢ ᠶᠢ ᠨᠡᠩ ᠭᠤᠶᠣ ᠰᠠᠶᠢᠬᠠᠨ ᠪᠣᠯᠭᠠᠨ ᠴᠤᠬᠴᠠᠯᠠᠶ᠎ᠠ᠃ | ᠣᠳᠣ ᠬᠡᠳᠣᠨ ᠡᠳᠣᠷ ᠦᠩᠬᠡᠷᠡᠪᠡᠯ ᠴᠠᠭᠠᠨ ᠰᠠᠷ᠎ᠠ ᠪᠣᠯᠴᠢᠬᠠᠨ᠎ᠠ᠃ ᠡᠨᠡ ᠵᠠᠪᠰᠢᠶᠠᠨ ᠢᠶᠠᠷ᠂ ᠪᠢ | ᠲᠦᠯᠦᠭᠡᠯᠡᠭᠴᠢᠳ᠂ ᠨᠦᠬᠦᠳ ᠪᠠ ᠪᠦᠬᠦ ᠣᠷᠣᠨ ᠤ ᠦᠨᠳᠣᠰᠣᠳᠠᠨ ᠨᠦᠭᠦᠳ ᠤᠨ ᠠᠷᠠᠳ ᠲᠦᠮᠡᠨ ᠴᠠᠭᠠᠨ | ᠰᠠᠷ᠎ᠠ ᠳᠠᠭᠠᠨ ᠪᠠᠶᠠᠷ ᠬᠦᠷ ᠲᠠᠢ᠂ ᠬᠡᠷ ᠬᠤᠳᠠᠯᠠᠭᠠᠷ ᠢᠶᠠᠨ ᠵᠣᠯ ᠵᠢᠷᠭᠠᠯ ᠲᠠᠢ᠂ ᠲᠦᠮᠡᠨ ᠶᠠᠪᠣᠳᠠᠯ ᠲᠡᠬᠦᠰ ᠰᠠᠶᠢᠬᠠᠨ | ᠪᠣᠯᠬᠤ ᠶᠢ ᠬᠦᠰᠡᠨ ᠵᠦᠩᠨᠡᠶ᠎ᠠ᠃ | |