1 ᠳ᠋ᠦ᠋ᠭᠡᠷ ᠰᠠᠷ᠎ᠠ ᠶᠢᠨ 2 ᠤᠨ ᠡᠳᠤᠷ᠂ ᠦᠪᠡᠷᠳᠡᠬᠡᠨ ᠵᠠᠰᠠᠬᠤ ᠤᠷᠤᠨ ᠤ ᠪᠠᠶ᠎ᠠ ᠶᠢᠨ ᠲᠠᠮᠢᠷ ᠤᠨ ᠲᠤᠪᠴᠢᠶ᠎ᠠ | ᠶᠢᠨ ᠳ᠋ᠦᠩᠨᠠᠨ ᠬᠦᠬᠢᠭᠦᠯᠭᠦ ᠶᠡᠭᠡ ᠬᠤᠷᠠᠯ ᠵᠢᠴᠢ ᠰᠢᠯᠢᠳᠡᠭ ᠤᠷᠠᠨ ᠰᠠᠶᠢᠬᠠᠨ ᠤ ᠪᠦᠳᠤᠬᠡᠯ ᠤᠨ ᠦᠵᠡᠬᠦᠯᠬᠡ ᠶᠢᠨ | ᠲᠤᠬᠯᠠᠯᠳᠠ ᠦᠪᠤᠷ ᠮᠤᠩᠭᠤᠯ ᠤᠨ ᠪᠠᠶ᠎ᠠ ᠶᠢᠨ ᠲᠠᠮᠢᠷ ᠤᠨ ᠤᠷᠳᠤᠨ ᠳᠤ ᠶᠠᠪᠤᠬᠳᠠᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠲᠤᠭᠯᠠᠯᠳᠠ ᠶᠢ ᠰᠤᠨᠢᠷᠬᠠᠪᠠ᠃ | 2018 ᠣᠨ ᠳᠤ ᠦᠪᠡᠷᠳᠡᠬᠡᠨ ᠵᠠᠰᠠᠬᠤ ᠤᠷᠤᠨ ᠤ ᠪᠠᠶ᠎ᠠ ᠶᠢᠨ ᠲᠠᠮᠢᠷ ᠤᠨ ᠦᠬᠡᠷᠡᠴᠢᠯᠠᠯᠳᠠ ᠬᠦᠨᠵᠡᠭᠡᠶᠢᠷᠡᠨ | ᠠᠬᠢᠵᠤ᠂ ᠤᠯᠠᠨ ᠲᠦᠮᠡᠨᠴᠢ ᠪᠠᠶ᠎ᠠ ᠶᠢᠨ ᠲᠠᠮᠢᠷ ᠤᠨ ᠠᠮᠵᠢᠯᠳᠠ ᠪᠦᠳᠤᠮᠵᠢ ᠪᠠᠷ ᠠᠷᠠᠳ ᠲᠤ ᠠᠰᠢᠬ ᠬᠦᠷᠳᠡᠬᠡᠵᠤ᠂ | ᠤᠷᠤᠯᠳᠤᠭᠠᠨ ᠤ ᠪᠠᠶ᠎ᠠ ᠶᠢᠨ ᠲᠠᠮᠢᠷ ᠤᠨ ᠬᠦᠳᠡᠯᠬᠡᠬᠡᠨ ᠲᠠᠪᠠᠯᠭᠠᠨ ᠰᠦᠷᠤᠨ ᠤᠷᠤᠬᠰᠢᠯᠠᠵᠤ᠂ ᠪᠠᠶ᠎ᠠ ᠶᠢᠨ ᠲᠠᠮᠢᠷ ᠤᠨ | ᠠᠵᠤ ᠤᠶᠢᠯᠡᠰ ᠤᠨ ᠤᠨᠴᠠᠯᠢᠬ ᠲᠤᠪᠤᠶᠢᠮ᠎ᠠ ᠪᠠᠶᠢᠵᠤ᠂ ᠪᠠᠶ᠎ᠠ ᠶᠢᠨ ᠲᠠᠮᠢᠷ ᠤᠨ ᠰᠤᠶᠤᠯ ᠡᠯᠪᠡᠭ ᠪᠠᠶᠠᠯᠢᠬ ᠪᠤᠯᠵᠤ᠂ | ᠪᠡᠶ᠎ᠡ ᠶᠢᠨ ᠲᠠᠮᠢᠷ ᠤᠨ ᠭᠠᠳᠠᠭᠠᠳᠤ ᠬᠠᠷᠢᠯᠴᠠᠭ᠎ᠠ ᠨᠡᠩ ᠠᠮᠢᠵᠢᠷᠠᠯ ᠤᠨ ᠬᠦᠴᠤᠨ ᠢᠶᠠᠷ ᠪᠢᠯᠬᠠᠵᠤ᠂ ᠪᠠᠶ᠎ᠠ ᠶᠢᠨ ᠲᠠᠮᠢᠷ | ᠢᠶᠠᠷ ᠶᠠᠳᠠᠭᠤ ᠶᠢ ᠲᠡᠳᠬᠦᠬᠦ ᠠᠵᠢᠯ ᠢ ᠲᠦᠢᠯ ᠤᠨ ᠣᠨᠣᠪᠴᠢᠲᠠᠢ ᠪᠠᠷ ᠬᠡᠷᠡᠭᠵᠢᠬᠦᠯᠪᠠ᠃ ᠪᠠᠶ᠎ᠡ ᠶᠢᠨ ᠲᠠᠮᠢᠷ ᠤᠨ | ᠰᠢᠰᠲ᠋ᠧᠮ ᠤᠨ ᠪᠦᠬᠦ ᠨᠦᠬᠦᠳ ᠤᠨ ᠢᠳᠡᠪᠬᠢᠯᠡᠨ ᠲᠠᠪᠰᠢᠬᠤ᠂ ᠨᠤᠶᠠᠨ ᠤᠷᠬᠢᠯ ᠦᠭᠡᠳᠠ ᠵᠤᠷᠢᠬᠳᠠᠢ ᠠᠪᠠᠷᠢᠬᠤ | ᠠᠵᠢᠯ ᠤᠨ ᠤᠷᠬᠢᠯᠤᠮ᠎ᠡ ᠬᠠᠯᠠᠭᠤᠨ ᠰᠡᠳᠬᠢᠯᠭᠡ ᠶᠢ ᠨᠢ ᠤᠯᠠᠮ ᠴᠢᠨᠠᠬᠰᠢᠳᠠ ᠬᠦᠭᠵᠢᠭᠡᠬᠦ ᠶᠢᠨ ᠲᠦᠯᠦᠭᠡ᠂ | ᠦᠪᠡᠷᠳᠡᠭᠡᠨ ᠵᠠᠰᠠᠬᠤ ᠤᠷᠤᠨ ᠤ ᠪᠠᠶ᠎ᠡ ᠶᠢᠨ ᠲᠠᠮᠢᠷ ᠤᠨ ᠲᠤᠪᠴᠢᠶ᠎ᠡ ᠪᠠᠶᠢᠭᠤᠯᠭ᠎ᠠ ᠶᠢᠨ ᠭᠠᠵᠠᠷ ᠠᠯᠪᠠᠨ ᠭᠡᠷ᠂ | ᠰᠢᠭᠤᠳ ᠬᠠᠷᠢᠶ᠎ᠡ ᠪᠠᠶᠢᠭᠤᠯᠭ᠎ᠠ ᠵᠡᠷᠭᠡ 43 ᠲᠡᠷᠢᠬᠦᠨ ᠤ ᠬᠠᠮᠳᠤ ᠨᠡᠶᠢᠳᠠ ᠪᠤᠯᠤᠨ 68 ᠲᠡᠷᠢᠬᠦᠨ ᠤ ᠬᠤᠪᠢ | ᠬᠦᠮᠦᠨ ᠢ ᠰᠠᠶᠢᠰᠢᠶᠠᠨ ᠬᠦᠭᠢᠬᠦᠯᠪᠡ᠃ | ᠰᠠᠶᠢᠰᠢᠶᠠᠨ ᠬᠦᠬᠢᠬᠦᠯᠬᠦ ᠠᠵᠢᠯᠯᠠᠭ᠎ᠠ ᠶᠢᠨ ᠲᠠᠷᠠᠭ᠎ᠠ᠂ ︽ᠬᠠᠷᠢᠭᠤᠴᠠᠯᠭ᠎ᠠ ᠪᠠᠨ ᠬᠦᠢᠴᠡᠳᠭᠡᠵᠤ ᠬᠦᠰᠡᠯ | ᠵᠡᠬᠦᠳᠤ ᠪᠠᠨ ᠲᠡᠷᠭᠡᠯᠰᠢᠬᠦᠯᠵᠤ ᠡᠬᠦᠷᠭᠡ ᠡᠬᠦᠷᠭᠡᠯᠡᠵᠤ ᠰᠢᠨ᠎ᠡ ᠴᠠᠭ ᠦᠶ᠎ᠡ ᠳᠤ ᠦᠭᠡᠷᠡᠴᠢᠯᠡᠯᠳᠠ ᠬᠢᠵᠤ ᠲᠡᠮᠡᠴᠡᠬᠦ︾ | ᠪᠠᠷ ᠭᠤᠤᠯ ᠰᠡᠳᠦᠪ ᠪᠤᠯᠭᠠᠬᠰᠡᠨ ᠪᠡᠶ᠎ᠡ ᠶᠢᠨ ᠲᠠᠮᠢᠷ ᠤᠨ ᠲᠤᠪᠴᠢᠶ᠎ᠡ ᠶᠢᠨ ᠰᠢᠯᠢᠳᠡᠭ ᠤᠷᠠᠨ ᠰᠠᠶᠢᠬᠠᠨ ᠤ ᠪᠦᠳᠦᠭᠡᠯ | ᠤᠨ ᠦᠵᠡᠬᠦᠯᠭᠡ ᠶᠢᠨ ᠲᠤᠬᠯᠠᠯᠳᠠ ᠭᠠᠷᠭᠠᠪᠡ᠃ ᠪᠠᠶ᠎ᠡ ᠶᠢᠨ ᠲᠠᠮᠢᠷ ᠤᠨ ᠰᠢᠰᠲ᠋ᠧᠮ ᠤᠨ ᠡᠯ᠎ᠡ ᠰᠠᠯᠠᠭ᠎ᠠ ᠮᠦᠴᠢᠷ | ᠨᠢᠭᠡᠴᠢ ᠶᠢᠨ ᠺᠠᠳ᠋ᠷ ᠠᠵᠢᠯᠳᠠᠨ ᠠᠴᠠ ᠨᠢᠳᠤᠷᠭᠠᠨ ᠡᠷᠳᠡᠮ ᠤᠨ ᠮᠠᠷᠭᠡᠰᠢᠯ ᠢᠶᠠᠷ ︽ᠵᠡᠪᠰᠡᠭ ᠤᠨ ᠡᠷᠳᠡᠮ ᠤᠨ ᠰᠦᠭ | ᠰᠦᠨᠡᠰᠤ︾ ᠶᠢ ᠲᠤᠬᠯᠠᠵᠤ᠂ ︽ᠦᠵᠡᠰᠬᠦᠯᠠᠩᠳᠤ ᠰᠠᠶᠢᠬᠠᠨ ᠮᠢᠨᠤ ᠨᠤᠲᠤᠭ︾ ᠳᠠᠭᠤᠤ ᠳᠤ ᠪᠦᠵᠢᠭ ᠬᠠᠪᠰᠤᠷᠭᠠᠨ | ᠲᠣᠭᠯᠠᠬᠤ ᠮᠡᠳᠤ ᠪᠠᠷ ᠭᠤᠴᠤ ᠰᠠᠶᠢᠬᠠᠨ ᠲᠤᠬᠯᠠᠯᠳᠠ ᠭᠠᠷᠭᠠᠬᠰᠡᠨ ᠪᠠᠶᠢᠨ᠎ᠡ᠃ |