ᠥᠪᠥᠷ ᠮᠣᠩᠭᠤᠯ᠄ ᠨᠢᠳᠤᠨᠤᠨ ᠤ ᠠᠮᠤ ᠪᠤᠳᠠᠭᠠᠨ ᠤ ᠤᠨᠠᠯᠲᠠ 3553 ᠲᠦᠮᠡᠨ ᠲᠣᠨ ᠳᠤ ᠬᠦᠷᠴᠦ ᠥᠷᠭᠦᠯᠵᠢᠯᠡᠨ ᠠᠷᠪᠠᠨ ᠲᠠᠪᠤᠨ ᠵᠢᠯ ᠡᠯᠪᠡᠭ ᠬᠤᠷᠢᠶᠠᠯᠲᠠ ᠣᠯᠪᠠ
ᠨᠡᠶᠢᠲᠡᠯᠡᠭᠰᠡᠨ ᠴᠠᠭ᠄
2019/1/4
     2018 ᠣᠨ ᠳᠤ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ 3353 ᠲᠦᠮᠡᠨ ᠲᠣᠨ ᠳᠤ ᠬᠦᠷᠴᠦ᠂  ᠥᠷᠭᠦᠯᠵᠢᠯᠡᠨ ᠠᠷᠪᠠᠨ ᠲᠠᠪᠤᠨ ᠵᠢᠯ ᠡᠯᠪᠡᠭ ᠬᠤᠷᠢᠶᠠᠯᠲᠠ ᠣᠯᠪᠠ᠂ ᠡᠨᠡ ᠨᠢ ᠥᠪᠥᠷ ᠮᠣᠩᠭᠤᠯ ᠤᠨ ᠠᠮᠤ ᠪᠤᠳᠠᠭᠠᠨ ᠤ  ᠤᠨᠠᠯᠲᠠ ᠨᠢᠭᠡᠨᠲᠡ 6 ᠵᠢᠯ ᠳᠠᠷᠠᠭᠠᠯᠠᠨ 3000 ᠲᠦᠮᠡᠨ ᠲᠣᠨ ᠠᠴᠠ ᠳᠡᠭᠡᠭᠰᠢ ᠲᠣᠭᠲᠠᠪᠤᠷᠢᠵᠢᠵᠤ᠂ ᠨᠡᠷ᠎ᠡ ᠨᠢᠳᠡᠷ ᠲᠡᠭᠡᠨ ᠳᠣᠭᠢᠷᠬᠠᠰᠠᠨ  ᠤᠯᠤᠰ ᠤᠨ ︽ᠠᠮᠤ ᠪᠤᠳᠠᠭᠠᠨ ᠤ ᠬᠥᠮᠥᠷᠭᠡ︾ ᠪᠣᠯᠣᠭᠰᠠᠨ ᠢ ᠬᠠᠷᠠᠭᠤᠯᠵᠤ ᠪᠤᠢ᠃      ᠲᠠᠨᠢᠯᠴᠠᠭᠤᠯᠤᠭᠰᠠᠨ ᠢᠶᠠᠷ᠂ 2018 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ  ᠵᠦᠢᠯ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠬᠠᠪᠤᠷ ᠤᠨ ᠭᠠᠩ᠂ ᠰᠠᠯᠬᠢ ᠮᠥᠨᠳᠥᠷ᠂ ᠦᠶᠡᠷ ᠤᠰᠤᠲᠤᠯ ᠪᠣᠯᠣᠨ ᠡᠷᠲᠡ ᠬᠢᠷᠠᠭᠤ ᠤᠨᠠᠬᠤ ᠵᠡᠷᠭᠡ ᠠᠰᠢᠭ ᠦᠭᠡᠶ ᠬᠦᠴᠦᠨ ᠵᠦᠢᠯ ᠢ ᠢᠯᠠᠨ ᠳᠠᠪᠠᠵᠤ᠂ ᠡᠯ᠎ᠡ ᠭᠠᠵᠠᠷ ᠤᠨ ᠬᠢᠨ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ᠂ ᠮᠡᠷᠭᠡᠵᠢᠯ  ᠤᠨ ᠵᠢᠯᠤᠭᠤᠳᠤᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠠᠪᠴᠤ ᠭᠠᠢ ᠭᠠᠮᠰᠢᠭ ᠤᠨ ᠨᠥᠯᠥᠭᠡ ᠶᠢ ᠬᠥᠩᠭᠡᠷᠡᠭᠦᠯᠦᠭᠰᠡᠨ ᠢᠶᠠᠷ᠂ ᠠᠮᠤ ᠪᠤᠳᠠᠭ᠎ᠠ ᠲᠠᠷᠢᠬᠤ ᠲᠠᠯᠠᠪᠠᠢ 10185 ᠲᠦᠮᠡᠨ ᠮᠥ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.6 ᠲᠦᠮᠡᠨ ᠮᠦ ᠨᠡᠮᠡᠭᠳᠡᠪᠡ︔ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠨᠢ ᠮᠦ ᠪᠦᠷᠢ 697.73 ᠵᠢᠩ ᠳᠤ  ᠬᠦᠷᠴᠦ᠂ ᠠᠳᠠᠯᠢ ᠬᠤᠭᠤᠴᠠᠭᠠᠨ ᠤ ᠬᠢ ᠠᠴᠠ ᠮᠦ ᠪᠦᠷᠢ 57.77 ᠵᠢᠩ ᠨᠡᠮᠡᠭᠳᠡᠪᠡ᠃ ᠠᠮᠤ ᠪᠤᠳᠠᠭᠠᠨ ᠤ ᠠᠶᠤᠯ ᠦᠭᠡᠢ ᠶᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠥᠪᠥᠷ ᠮᠣᠩᠭᠤᠯ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠢ ᠴᠡᠪᠡᠷᠰᠢᠭᠦᠯᠬᠦ ᠵᠡᠷᠭᠡ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠷᠪᠠᠨ ᠶᠡᠭᠡ ᠠᠵᠢᠯᠯᠠᠭᠠᠨ ᠤ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠨᠢᠭᠡ ᠪᠦᠯᠦᠭ ᠲᠤᠰᠬᠠᠶ ᠬᠡᠷᠡᠭᠯᠡᠭᠡᠨ ᠤ ᠴᠢᠨᠠᠷ ᠰᠠᠶᠢᠲᠠᠶ ᠡᠭᠦᠯᠳᠡᠷ ᠪᠣᠯᠣᠨ ᠥᠪᠡᠷ ᠤᠨ ᠤᠢᠷᠳᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠪᠣᠬᠢᠷᠲᠤᠯ ᠦᠭᠡᠢ ᠮᠡᠷᠭᠡᠵᠢᠯ ᠢ ᠳᠡᠯᠭᠡᠷᠡᠭᠦᠯᠦᠨ᠂ ᠨᠢᠭᠡ ᠪᠦᠯᠦᠭ ᠦᠢᠯᠡᠳᠪᠦᠷᠢᠯᠡᠯ ᠢ ᠨᠢ ᠪᠠᠷᠢᠮᠵᠢᠶᠠᠵᠢᠭᠤᠯᠤᠭᠰᠠᠨ ᠰᠠᠭᠤᠷᠢᠨ ᠭᠠᠵᠠᠷ ᠪᠠᠶᠢᠭᠤᠯᠵᠤ᠂ ᠲᠠᠷᠢᠮᠠᠯ ᠢ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠡᠮᠵᠢᠶ᠎ᠡ 83.5%᠎ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠪᠰᠢᠯᠲᠠ ᠶᠢᠨ ᠬᠤᠪᠢ ᠨᠡᠮᠡᠷᠢ ᠶᠢᠨ ᠨᠣᠷᠮ᠎ᠠ ᠨᠢ 54%᠎ ᠳᠤ ᠬᠦᠷᠴᠡᠢ᠃ ᠡᠭᠦᠨ ᠤ ᠬᠠᠮᠲᠤ᠂ ᠥᠪᠥᠷ ᠮᠣᠩᠭᠤᠯ ᠲᠠᠷᠢᠶᠠᠯᠠᠩ ᠦᠢᠯᠡᠳᠪᠦᠷᠢᠯᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠪᠠᠬᠢᠵᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠳᠤᠮᠳᠠ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠥᠭᠡᠷᠡᠴᠢᠯᠡᠬᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠬᠢᠬᠦ᠂ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠲᠠᠷᠢᠶᠠᠨ ᠭᠠᠵᠠᠷ ᠤᠨ ᠢᠨᠵᠧᠨᠧᠷᠢᠩ ᠵᠡᠷᠭᠡ ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠵᠦ᠂ ᠨᠢᠭᠡ ᠪᠦᠯᠦᠭ ᠬᠡᠰᠡᠭ ᠬᠡᠰᠡᠭ ᠢᠶᠠᠷ ᠲᠥᠪᠯᠡᠷᠡᠭᠰᠡᠨ᠂ ᠭᠠᠩᠳᠠᠵᠤ ᠤᠰᠤᠲᠤᠪᠠᠴᠤ ᠤᠨᠠᠯᠲᠠ ᠶᠢ ᠪᠠᠲᠤᠯᠠᠬᠤ᠂ ᠡᠯᠪᠡᠭ ᠲᠣᠭᠲᠠᠭᠤᠨ ᠬᠤᠷᠢᠶᠠᠯᠲᠠ ᠲᠠᠢ᠂ ᠠᠮᠢ ᠠᠬᠤᠶ ᠳᠤ ᠨᠥᠬᠦᠷᠰᠡᠭ ᠪᠠᠶᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ᠂ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠣᠯᠣᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠠᠮᠤ ᠪᠤᠳᠠᠭᠠᠨ ᠤ ᠤᠨᠠᠯᠲᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠪᠠ᠃      ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠪᠣᠯᠬᠤ ᠪᠣᠬᠢᠷᠲᠤᠯ ᠦᠭᠡᠢ ᠠᠮᠢ ᠠᠬᠤᠶ ᠶᠢᠨ ᠬᠠᠯᠬᠠᠪᠴᠢ ᠪᠣᠯᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠣᠯᠪᠠᠰᠤᠷᠠᠭᠤᠯᠵᠤ ᠭᠠᠳᠠᠭᠰᠢ ᠭᠠᠷᠭᠠᠬᠤ ᠰᠠᠭᠤᠷᠢᠨ ᠭᠠᠵᠠᠷ ᠪᠣᠯᠣᠨ᠎ᠠ᠂ ᠵᠢᠯ ᠪᠦᠷᠢ ᠭᠠᠳᠠᠷ ᠣᠷᠣᠨ ᠳᠤ 1250 ᠲᠦᠮᠡᠨ ᠲᠣᠨ ᠠᠮᠤ ᠪᠤᠳᠠᠭ᠎ᠠ ᠶᠢ ᠲᠣᠭᠲᠠᠭᠤᠨ ᠢᠶᠠᠷ ᠭᠠᠷᠭᠠᠬᠤ ᠴᠢᠳᠠᠪᠤᠷᠢ ᠲᠠᠢ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号