ᠥᠪᠥᠷ ᠮᠣᠩᠭᠤᠯ ᠤᠨ ᠬᠡᠳᠦᠨ ᠵᠦᠢᠯ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠳᠡᠭᠡᠭᠰᠢᠯᠡᠪᠡ
ᠨᠡᠶᠢᠲᠡᠯᠡᠭᠰᠡᠨ ᠴᠠᠭ᠄
2019/1/4
     ᠤᠷᠴᠢᠮᠬᠠᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2018 ᠣᠨ ᠤ 21 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠮᠠᠨ ᠤ ᠣᠷᠣᠨ ᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠳᠠᠰ ᠤᠨ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢᠨ ᠪᠠᠷᠢᠮᠵᠢᠶ᠎ᠠ᠂ ᠥᠨᠥᠴᠢᠨ ᠬᠡᠤᠬᠡᠳ ᠢ ᠠᠰᠠᠷᠠᠨ ᠲᠡᠵᠢᠭᠡᠬᠦ ᠪᠠᠷᠢᠮᠵᠢᠶ᠎ᠠ ᠵᠢᠴᠢ ᠰᠣᠶᠣᠯ ᠤᠨ ᠬᠤᠪᠢᠰᠬᠠᠯ ᠤᠨ ᠦᠶ᠎ᠡ ᠶᠢᠨ ︽ᠭᠤᠷᠪᠠᠨ ᠠᠷᠠᠳ︾᠎ ᠤᠨ ᠠᠮᠢᠳᠤᠷᠠᠯ ᠤᠨ ᠨᠦᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠲᠤᠭᠲᠠᠭᠠᠭᠰᠠᠨ ᠪᠦᠭᠡᠳ ︽ᠬᠡᠳᠦᠨ ᠵᠦᠢᠯ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶᠎ ᠢ ᠪᠠᠭᠤᠯᠭᠠᠪᠠ᠃      ᠲᠤᠰ ︽ᠮᠡᠳᠡᠭᠳᠡᠯ︾᠎ ᠳᠤ ᠱᠠᠭᠠᠷᠳᠠᠭᠰᠠᠨ ᠨᠢ᠂ 2019 ᠤᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨ ᠤ ᠣᠷᠣᠨ ᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠨᠢᠭᠡᠪᠦᠷᠢ ᠳᠤ ᠰᠠᠷ᠎ᠠ ᠪᠦᠷᠢ 100 ᠲᠥᠭᠦᠷᠢᠭ ᠪᠤᠯᠭᠠᠨ ᠳᠡᠭᠡᠭᠰᠢᠯᠡᠭᠦᠯᠬᠦ ᠬᠡᠷᠡᠭᠲᠡᠢ᠂ ᠲᠤᠬᠠᠶᠢᠯᠠᠪᠠᠯ ᠤᠤᠯ ᠤᠨ ᠬᠥᠮᠦᠨ ᠨᠢᠭᠡᠪᠦᠷᠢ ᠳᠤ ᠰᠠᠷ᠎ᠠ ᠪᠦᠷᠢ 80 ᠲᠥᠭᠦᠷᠢᠭ ᠪᠠᠶᠢᠭᠰᠠᠨ ᠰᠠᠭᠤᠷᠢᠨ ᠳᠡᠭᠡᠷ᠎ᠡ 20 ᠲᠥᠭᠦᠷᠢᠭ ᠨᠡᠮᠡᠬᠦ ᠬᠡᠷᠡᠭᠲᠡᠢ︔ ᠬᠦᠨᠳᠦ ᠳᠡᠰ ᠤᠨ ᠵᠡᠮᠳᠡᠭ ᠬᠥᠮᠦᠨ ᠢ ᠠᠰᠠᠷᠠᠨ ᠰᠤᠪᠢᠯᠠᠬᠤ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠨᠢᠭᠡᠪᠦᠷᠢ ᠳᠤ ᠵᠢᠯ ᠪᠦᠷᠢ 1200 ᠲᠥᠭᠦᠷᠢᠭ ᠪᠤᠯᠭᠠᠨ ᠳᠡᠭᠡᠭᠰᠢᠯᠡᠭᠦᠯᠬᠦ ᠬᠡᠷᠡᠭᠲᠡᠢ᠂ ᠲᠤᠬᠠᠶᠢᠯᠠᠪᠠᠯ ᠤᠤᠯ ᠤᠨ ᠬᠥᠮᠦᠨ ᠨᠢᠭᠡᠪᠦᠷᠢ ᠳᠤ ᠵᠢᠯ ᠪᠦᠷᠢ 960 ᠲᠥᠭᠦᠷᠢᠭ ᠪᠠᠶᠢᠭᠰᠠᠨ ᠰᠠᠭᠤᠷᠢᠨ ᠳᠡᠭᠡᠷ᠎ᠡ 240 ᠲᠥᠭᠦᠷᠢᠭ ᠨᠡᠮᠡᠬᠦ ᠬᠡᠷᠡᠭᠲᠡᠢ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ  ᠱᠠᠲᠤ  ᠬᠤᠪᠢᠶᠠᠨ  ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠯ᠎ᠡ ᠭᠠᠵᠠᠷ ᠤᠨ ᠬᠥᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70%᠎ ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ ᠨᠥᠬᠦᠪᠥᠷᠢ ᠣᠯᠭᠤᠨ᠎ᠠ ᠭᠡᠵᠡᠢ᠃ ᠡᠭᠦᠨ ᠤ ᠬᠠᠮᠲᠤ ᠲᠤᠰ ︽ᠮᠡᠳᠡᠭᠳᠡᠯ︾᠎ ᠳᠤ ᠴᠢᠬᠤᠯᠠᠴᠢᠯᠠᠭᠰᠠᠨ ᠨᠢ᠂ 2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨ ᠤ ᠣᠷᠣᠨ ᠤ ᠥᠨᠥᠴᠢᠨ ᠵᠡᠮᠳᠡᠭ ᠬᠡᠦᠬᠡᠳ ᠢ ᠲᠦᠪᠯᠡᠷᠡᠭᠦᠯᠦᠨ ᠠᠰᠠᠷᠠᠨ ᠲᠡᠵᠢᠭᠡᠬᠦ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠨᠢᠭᠡᠪᠦᠷᠢ ᠳᠤ ᠰᠠᠷ᠎ᠠ ᠪᠦᠷᠢ 1330 ᠲᠥᠭᠦᠷᠢᠭ ᠪᠤᠯᠭᠠᠨ ᠳᠡᠭᠡᠭᠰᠢᠯᠡᠭᠦᠯᠬᠦ ᠬᠡᠷᠡᠭᠲᠡᠢ᠂ ᠲᠤᠬᠠᠶᠢᠯᠠᠪᠠᠯ ᠤᠤᠯ ᠤᠨ ᠬᠥᠮᠦᠨ ᠨᠢᠭᠡᠪᠦᠷᠢ ᠳᠤ ᠰᠠᠷ᠎ᠠ ᠪᠦᠷᠢ 1232 ᠲᠥᠭᠦᠷᠢᠭ ᠪᠠᠶᠢᠭᠰᠠᠨ ᠰᠠᠭᠤᠷᠢᠨ ᠳᠡᠭᠡᠷ᠎ᠡ 98 ᠲᠥᠭᠦᠷᠢᠭ ᠨᠡᠮᠡᠬᠦ ᠬᠡᠷᠡᠭᠲᠡᠢ᠃ ᠲᠠᠷᠠᠬᠠᠢ ᠠᠰᠠᠷᠠᠨ ᠲᠡᠵᠢᠭᠡᠬᠦ ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠨᠢᠭᠡᠪᠦᠷᠢ ᠳᠤ ᠰᠠᠷ᠎ᠠ ᠪᠦᠷᠢ 1088 ᠲᠥᠭᠦᠷᠢᠭ ᠪᠤᠯᠭᠠᠨ ᠳᠡᠭᠡᠭᠰᠢᠯᠡᠭᠦᠯᠬᠦ ᠬᠡᠷᠡᠭᠲᠡᠢ᠂ ᠲᠤᠬᠠᠶᠢᠯᠠᠪᠠᠯ ᠤᠤᠯ ᠤᠨ ᠬᠥᠮᠦᠨ ᠨᠢᠭᠡᠪᠦᠷᠢ ᠳᠤ ᠰᠠᠷ᠎ᠠ ᠪᠦᠷᠢ 1008 ᠲᠥᠭᠦᠷᠢᠭ ᠪᠠᠶᠢᠭᠰᠠᠨ ᠰᠠᠭᠤᠷᠢᠨ ᠳᠡᠭᠡᠷ᠎ᠡ 80 ᠲᠥᠭᠦᠷᠢᠭ ᠨᠡᠮᠡᠬᠦ ᠬᠡᠷᠡᠭᠲᠡᠢ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠠᠯᠠ ᠮᠥᠩᠭᠦ ᠶᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠱᠠᠲᠤ ᠬᠤᠪᠢᠶᠠᠨ ᠡᠭᠦᠷᠭᠡᠯᠡᠨ᠎ᠡ᠃ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠯ᠎ᠡ ᠭᠠᠵᠠᠷ ᠤᠨ ᠬᠥᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70%᠎ ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠥᠷᠥᠯ ᠤᠨ ᠭᠠᠵᠠᠷ ᠣᠷᠣᠨ ᠳᠤ ᠨᠥᠬᠦᠪᠥᠷᠢ ᠣᠯᠭᠤᠨ᠎ᠠ ᠭᠡᠵᠡᠢ᠃      2018 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠮᠠᠨ ᠤ ᠣᠷᠣᠨ ᠰᠣᠶᠣᠯ ᠤᠨ ᠬᠤᠪᠢᠰᠬᠠᠯ ᠤᠨ ᠦᠶ᠎ᠡ ᠶᠢᠨ ︽ᠭᠤᠷᠪᠠᠨ ᠠᠷᠠᠳ︾᠎ ᠤᠨ ᠠᠮᠢᠳᠤᠷᠠᠯ ᠤᠨ ᠨᠥᠬᠦᠪᠥᠷᠢ ᠶᠢᠨ ᠪᠠᠷᠢᠮᠵᠢᠶ᠎ᠠ ᠶᠢ ᠤᠤᠯ ᠨᠥᠬᠦᠪᠥᠷᠢ ᠶᠢᠨ ᠪᠠᠷᠢᠮᠵᠢᠶᠠᠨ ᠤ ᠰᠠᠭᠤᠷᠢᠨ ᠳᠡᠭᠡᠷ᠎ᠡ ᠬᠥᠮᠦᠨ ᠨᠢᠭᠡᠪᠦᠷᠢ ᠳᠤ ᠰᠠᠷ᠎ᠠ ᠪᠦᠷᠢ ᠳᠠᠬᠢᠨᠲᠠ 100 ᠲᠥᠭᠦᠷᠢᠭ ᠨᠡᠮᠡᠭᠳᠡᠭᠦᠯᠬᠦ ᠬᠡᠷᠡᠭᠲᠡᠢ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢ ᠪᠦᠬᠦᠨ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠭᠦᠷᠭᠡᠯᠡᠨ᠎ᠡ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号