ᠥᠪᠡᠷᠲᠡᠭᠡᠨ ᠵᠠᠰᠠᠬᠤ ᠣᠷᠣᠨ ᠤ 5 ᠰᠠᠯᠠᠭ᠎ᠠ ᠮᠥᠴᠢᠷ ᠬᠠᠮᠲᠤᠷᠠᠵᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ  ᠤ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠢ ᠴᠡᠭᠴᠡᠯᠡᠨ ᠵᠠᠰᠠᠵᠤ ᠪᠤᠢ
ᠨᠡᠶᠢᠲᠡᠯᠡᠭᠰᠡᠨ ᠴᠠᠭ᠄
2019/1/7
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠵᠡᠷᠭᠡ 5 ᠰᠠᠯᠠᠭ᠎ᠠ ᠮᠥᠴᠢᠷ 2018 ᠣᠨ ᠤ 12 ᠳ᠋ᠤᠭᠠᠷ ᠰᠠᠷ᠎ᠠ ᠶᠢᠨ ᠡᠴᠦᠰ ᠠᠴᠠ ᠡᠬᠢᠯᠡᠨ ᠪᠦᠬᠦ ᠣᠷᠣᠨ ᠤ ᠬᠡᠪᠴᠢᠶᠡᠨ ᠳᠣᠲᠣᠷ᠎ᠠ ᠮᠠᠯᠵᠢᠬᠤ ᠲᠠᠷᠢᠶᠠᠯᠠᠬᠤ ᠣᠷᠣᠨ ᠤ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ  ᠶᠢ 3 ᠰᠠᠷ᠎ᠠ ᠶᠢᠨ ᠬᠤᠭᠤᠴᠠᠭ᠎ᠠ ᠲᠠᠢ ᠲᠥᠪᠯᠡᠷᠡᠭᠦᠯᠦᠨ ᠥᠷᠨᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠢ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠪᠦᠬᠦ ᠲᠠᠯ᠎ᠠ ᠪᠠᠷ ᠴᠣᠬᠢᠯᠲᠠ ᠥᠭᠴᠦ᠂ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠡᠮᠬᠢ ᠵᠢᠷᠤᠮ ᠢ ᠪᠠᠲᠤᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠲᠦᠮᠵᠢᠲᠡᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠥᠷᠭᠡᠨ ᠤᠯᠠᠨ ᠠᠷᠠᠳ ᠤᠯᠠᠨ ᠤ ᠪᠡᠶ᠎ᠡ ᠮᠠᠬᠠᠪᠤᠳ ᠤᠨ ᠡᠷᠡᠭᠦᠯ ᠮᠡᠨᠳᠦ ᠪᠣᠯᠣᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠪᠠᠷ ᠪᠣᠯᠪᠠ᠃      ᠲᠤᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠨᠢ ᠭᠤᠣᠯᠳᠠᠭᠤ ᠵᠢᠵᠢᠭ ᠦᠢᠯᠡᠳᠬᠡᠯ ᠤᠨ ᠭᠠᠵᠠᠷ᠂  ᠵᠢᠵᠢᠭ ᠳᠡᠯᠭᠡᠭᠦᠷ᠂ ᠵᠢᠵᠢᠭ ᠬᠤᠭᠤᠯᠠ ᠤᠮᠳᠠ ᠶᠢᠨ ᠭᠠᠵᠠᠷ᠂ ᠵᠢᠵᠢᠭ ᠬᠤᠭᠤᠯᠠᠨ ᠭᠡᠷ᠂ ᠵᠢᠵᠢᠭ ᠬᠤᠳᠠᠯᠳᠤᠭᠠᠴᠢᠨ ᠵᠡᠷᠭᠡ ᠢᠳᠡᠭᠡᠨ ᠦᠢᠯᠡᠳᠪᠦᠷᠢᠯᠡᠵᠦ ᠡᠵᠡᠩᠨᠡᠵᠦ ᠪᠠᠶᠢᠭ᠎ᠠ ᠭᠤᠣᠯ ᠴᠣᠭᠴᠠ ᠪᠣᠯᠤᠨ ᠮᠠᠯᠵᠢᠬᠤ ᠲᠠᠷᠢᠶᠠᠯᠠᠬᠤ ᠣᠷᠣᠨ ᠤ ᠴᠤᠭᠯᠠᠭ᠎ᠠ ᠮᠠᠶᠢᠮᠠᠶ᠂ ᠢᠳᠡᠭᠡᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠶᠢᠨ ᠲᠦᠬᠦᠮ ᠢᠳᠡᠭᠡᠨ᠂ ᠰᠤᠯᠠ ᠢᠳᠡᠭᠡᠨ᠂ ᠠᠷᠢᠬᠢ ᠤᠮᠳᠠᠭᠠᠨ᠂ ᠠᠮᠲᠠ ᠣᠷᠣᠭᠤᠯᠤᠭᠴᠢ᠂ ᠰᠦ ᠬᠢᠭᠡᠳ ᠴᠠᠭᠠᠨ ᠢᠳᠡᠭᠡᠨ᠂ ᠮᠢᠬ᠎ᠠ ᠬᠢᠭᠡᠳ ᠮᠢᠬᠠᠨ ᠪᠦᠲᠦᠭᠡᠭᠳᠡᠬᠦᠨ ᠵᠡᠷᠭᠡ ᠮᠠᠯᠵᠢᠬᠤ ᠲᠠᠷᠢᠶᠠᠯᠠᠬᠤ ᠣᠷᠣᠨ ᠳᠤ ᠬᠡᠷᠡᠭᠯᠡᠭᠡ ᠶᠡᠬᠡᠲᠡᠢ ᠢᠳᠡᠭᠡᠨ ᠤ ᠲᠥᠷᠥᠯ ᠵᠦᠢᠯ ᠢ ᠵᠠᠰᠠᠵᠤ ᠴᠡᠭᠴᠡᠯᠡᠬᠦ ᠪᠠᠷ ᠪᠣᠯᠪᠠ᠃      ᠲᠤᠰᠬᠠᠶ ᠴᠡᠭᠴᠡᠯᠡᠨ ᠵᠠᠰᠠᠵᠤ ᠠᠵᠢᠯᠯᠠᠭ᠎ᠠ ᠶᠢᠨ ᠬᠤᠭᠤᠴᠠᠭᠠᠨ ᠳᠤ᠂ 5 ᠰᠠᠯᠠᠭ᠎ᠠ ᠮᠥᠴᠢᠷ ᠨᠢ ᠨᠢᠭᠡ ᠪᠦᠯᠦᠭ  ᠮᠠᠯᠵᠢᠬᠤ ᠲᠠᠷᠢᠶᠠᠯᠠᠬᠤ ᠣᠷᠣᠨ ᠤ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠢ ᠲᠥᠪᠯᠡᠷᠡᠭᠦᠯᠦᠨ ᠬᠤᠷᠢᠶᠠᠵᠤ  ᠠᠪᠴᠤ᠂ ᠨᠢᠭᠡ ᠪᠦᠯᠦᠭ ᠲᠠᠸᠠᠷ ᠤᠨ ᠲᠡᠮᠳᠡᠭᠲᠦ ᠶᠢᠨ ᠡᠷᠬᠡ ᠳᠤ ᠬᠠᠯᠳᠠᠭᠰᠠᠨ ᠬᠤᠳᠠᠯ ᠬᠠᠭᠤᠷᠮᠠᠭ ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠬᠠᠤᠯᠢ ᠶᠢ ᠵᠥᠷᠢᠴᠡᠨ ᠶᠠᠯ᠎ᠠ ᠬᠢᠭᠰᠡᠨ ᠡᠲᠡᠭᠡᠳ ᠢ ᠴᠢᠩᠭ᠎ᠠ ᠰᠢᠢᠳᠬᠡᠨ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠲᠢᠭᠯᠢᠮ ᠢ ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠦᠢᠯ ᠦᠢᠯᠡᠳᠪᠦᠷᠢᠯᠡᠭᠴᠢ᠂ ᠡᠵᠡᠩᠨᠡᠭᠴᠢ ᠶᠢᠨ ᠬᠠᠤᠯᠢ ᠶᠢ ᠰᠠᠬᠢᠵᠤ ᠦᠢᠯᠡᠳᠪᠦᠷᠢᠯᠡᠨ ᠡᠵᠡᠩᠨᠡᠬᠦ ᠪᠠ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠭᠴᠢᠳ ᠤᠨ ᠠᠮᠤᠷ ᠲᠦᠪᠰᠢᠨ ᠬᠡᠷᠡᠭᠯᠡᠬᠦ ᠤᠬᠠᠮᠰᠠᠷ ᠢ  ᠴᠢᠩᠭᠠᠳᠬᠠᠨ᠎ᠠ᠃  ᠨᠢᠭᠡᠨᠲᠡ ᠣᠯᠵᠤ ᠮᠡᠳᠡᠭᠰᠡᠨ ᠠᠶᠤᠯ ᠲᠦᠭᠰᠢᠭᠦᠷᠢ ᠶᠢᠨ ᠲᠠᠯᠲᠠ ᠭᠡᠮ ᠪᠣᠯᠣᠨ ᠵᠢᠷᠤᠮᠵᠢᠭᠤᠨ ᠪᠤᠰᠤ  ᠦᠢᠯᠡ ᠠᠵᠢᠯᠯᠠᠭ᠎ᠠ ᠶᠢ ᠴᠡᠭᠴᠡᠯᠡᠨ ᠰᠠᠶᠢᠵᠢᠷᠠᠭᠤᠯᠬᠤ ᠨᠣᠷᠮ᠎ᠠ ᠶᠢ 100% ᠬᠦᠷᠦᠭᠦᠯᠦᠨ᠎ᠡ︔  ᠨᠢᠭᠡᠨᠲᠡ ᠣᠯᠵᠤ ᠮᠡᠳᠡᠭᠰᠡᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠴᠣᠬᠢᠯᠲᠠ ᠥᠭᠴᠦ ᠪᠠᠶᠢᠴᠠᠭᠠᠨ ᠰᠢᠢᠳᠪᠦᠷᠢᠯᠡᠬᠦ ᠨᠣᠷᠮ᠎ᠠ ᠶᠢ 100%᠎ ᠳᠤ ᠬᠦᠷᠦᠭᠦᠯᠦᠨ᠎ᠡ︔ ᠢᠳᠡᠭᠡᠨ ᠢ ᠦᠢᠯᠡᠳᠴᠦ ᠬᠤᠳᠠᠯᠳᠤᠬᠤ ᠲᠠᠯ᠎ᠠ ᠪᠠᠷ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠬᠠᠤᠯᠢ ᠶᠣᠰᠣᠭᠠᠷ ᠰᠢᠯᠵᠢᠭᠦᠯᠦᠨ ᠬᠦᠷᠭᠡᠬᠦ ᠨᠣᠷᠮ᠎ᠠ ᠶᠢ 100%᠎ ᠳᠤ ᠬᠦᠷᠦᠭᠦᠯᠦᠨ᠂ 2019 ᠣᠨ ᠤ ᠴᠠᠭᠠᠨ ᠰᠠᠷ᠎ᠠ ᠠᠴᠠ ᠡᠮᠦᠨ᠎ᠡ᠂ ᠮᠠᠨ ᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠤ ᠠᠰᠠᠭᠤᠳᠠᠯ ᠢ ᠪᠦᠲᠦᠮᠵᠢᠲᠡᠶ ᠡᠵᠡᠮᠳᠡᠬᠦ ᠪᠠᠷ ᠴᠢᠷᠮᠠᠶᠢᠨ᠎ᠠ᠃ ᠮᠠᠨ ᠤ ᠣᠷᠣᠨ ᠲᠤᠰᠬᠠᠶ ᠴᠡᠭᠴᠡᠯᠡᠨ ᠵᠠᠰᠠᠯᠲᠠ ᠪᠠᠷ ᠠᠵᠠ ᠲᠣᠬᠢᠶᠠᠯ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠬᠤᠳᠠᠯ ᠬᠠᠭᠤᠷᠮᠠᠭ ᠴᠢᠨᠠᠷ ᠮᠠᠭᠤᠲᠠᠢ ᠢᠳᠡᠭᠡᠨ ᠢ ᠴᠡᠭᠴᠡᠯᠡᠨ ᠵᠠᠰᠠᠬᠤ ᠠᠵᠢᠯᠯᠠᠭ᠎ᠠ ᠳᠤ ᠪᠦᠬᠦ ᠨᠡᠶᠢᠭᠡᠮ ᠢᠶᠠᠷ ᠢᠶᠠᠨ ᠢᠳᠡᠪᠬᠢᠲᠡᠶ ᠣᠷᠣᠯᠴᠠᠬᠤ ᠶᠢ ᠤᠯᠠᠮ ᠨᠢᠭᠡ ᠠᠯᠬᠤᠮ ᠳᠠᠶᠢᠴᠢᠯᠠᠨ ᠬᠥᠲᠥᠯᠥᠨ ᠵᠢᠯᠣᠭᠤᠳᠴᠤ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠪᠦᠬᠦ ᠲᠠᠯ᠎ᠠ ᠪᠠᠷ  ᠵᠢᠷᠤᠮᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠢ  ᠬᠢᠨᠠᠨ ᠬᠠᠮᠢᠶᠠᠷᠬᠤ ᠰᠠᠭᠤᠷᠢ ᠶᠢ ᠪᠠᠬᠢᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠬᠢᠷᠢ ᠬᠡᠮᠵᠢᠶ᠎ᠡ ᠪᠣᠯᠣᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号