ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠤᠷᠤᠨ ᠤ ᠠᠵᠤ | ᠠᠬᠤᠢ ᠶᠢᠨ ᠠᠵᠢᠯ ᠤᠨ ᠬᠤᠷᠠᠯ 2019 ᠣᠨ ᠤ 1 ᠳ᠋ᠦ᠋ᠭᠡᠷ ᠰᠠᠷ᠎ᠠ ᠶᠢᠨ 3 ᠠᠴᠠ 4 ᠤ ᠡᠳᠦᠷ ᠪᠤᠯᠳᠠᠯ᠎ᠠ | ᠬᠦᠬᠡᠬᠤᠳᠠ ᠳᠤ ᠬᠤᠷᠠᠯᠳᠤᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠬᠡᠰᠢᠭᠦᠨ 73 ᠬᠦᠮᠦᠨ᠂ ᠤᠷᠤᠯᠠᠬᠴᠢ ᠬᠡᠰᠢᠭᠦᠨ | 7 ᠬᠦᠮᠦᠨ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ ᠨᠦᠬᠦᠳ᠂ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ᠂ ᠬᠤᠰᠢᠭᠤ ᠰᠢᠶᠠᠨ ᠬᠤᠳᠠ ᠲᠤᠭᠤᠷᠢᠭ ᠤᠨ ᠨᠠᠮ ᠤᠨ ᠬᠤᠷᠢᠶᠠᠨ ᠤ ᠭᠤᠤᠯ | ᠬᠠᠷᠢᠭᠤᠴᠠᠯᠭᠠᠳᠠᠨ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠳᠤᠨ ᠤ ᠬᠡᠰᠡᠭ ᠲᠦᠯᠦᠭᠡᠯᠡᠭᠴᠢ ᠬᠤᠷᠠᠯ ᠳᠤ ᠰᠤᠯᠠ | ᠤᠷᠤᠯᠴᠠᠪᠠ᠃ | ᠪᠦᠬᠦᠳᠡ ᠬᠤᠷᠠᠯ ᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠠᠴᠠ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠯᠢ ᠵᠢᠢ ᠾᠧᠩ᠂ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠭᠦᠯᠡᠭᠴᠢ ᠪᠦ᠋ ᠰᠢᠶᠤᠤ ᠯᠢᠨ ᠲᠤᠰ ᠲᠤᠰ ᠶᠠᠷᠢᠶ᠎ᠠ ᠲᠠᠯᠪᠢᠵᠠᠢ᠃ | ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠬᠦᠲᠠ ᠬᠤᠷᠠᠯ | ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠦᠪ ᠤᠨ ᠠᠵᠤ ᠠᠬᠤᠢ ᠶᠢᠨ ᠠᠵᠢᠯ ᠤᠨ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠳᠡ ᠶᠢ ᠰᠤᠨᠤᠰᠤᠨ ᠶᠠᠷᠢᠯᠴᠠᠵᠤ᠂ ᠤᠳᠤᠬᠠᠨ ᠤ | ᠠᠵᠤ ᠠᠬᠤᠢ ᠶᠢᠨ ᠪᠠᠶᠢᠳᠠᠯ ᠢ ᠵᠠᠳᠠᠯᠤᠨ᠂ 2019 ᠣᠨ ᠤ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ᠃ | ᠪᠦᠬᠦᠳᠡ ᠬᠤᠷᠠᠯ ᠠᠴᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ | ᠤ ᠨᠢᠭᠡ ᠵᠢᠯ ᠤᠨ ᠲᠤᠷᠰᠢᠬᠢ ᠠᠵᠢᠯ ᠢ ᠬᠦᠢᠴᠡᠳ ᠨᠤᠳᠠᠯᠠᠪᠠ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠲᠦᠪ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ ᠤᠷᠤᠨ ᠤ ᠨᠠᠮ | ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠲᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠪᠤᠯᠤᠨ ᠵᠢᠭᠠᠪᠤᠷᠢ | ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠦ᠂ ︽ᠲᠦᠷᠪᠡᠨ ᠤᠬᠠᠮᠰᠠᠷ︾ ᠢ ᠪᠠᠲᠤ ᠪᠤᠢ | ᠪᠤᠯᠭᠠᠨ ︽ᠬᠤᠶᠠᠷ ᠢ ᠬᠠᠮᠠᠭᠠᠯᠠᠬᠤ︾ ᠶᠢ ᠦᠨᠡᠨᠴᠢ ᠪᠠᠷ ᠦᠢᠯᠡᠲᠦᠯᠭᠡᠵᠢᠭᠦᠯᠵᠦ᠂ ᠪᠦᠬᠦ ᠤᠷᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠨᠠᠮ ᠤᠨ ᠲᠦᠪ ᠬᠤᠷᠢᠶᠠᠨ ᠤ | ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠡᠶᠢᠳᠡᠪᠦᠷᠢᠵᠢᠭᠤᠯᠵᠤ᠂ | ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ | ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ | ᠵᠤᠬᠢᠴᠠᠭᠤᠯᠣᠨ ᠠᠬᠢᠭᠤᠯᠵᠤ᠂ ᠲᠤᠬᠲᠠᠭᠤᠨ ᠤ ᠲᠤᠮᠲᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ | ᠠᠶᠠᠰ ᠢ ᠪᠠᠷᠢᠮᠲᠠᠯᠠᠨ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠲᠤᠭᠠᠨ ᠢ ᠡᠷᠡᠰ ᠰᠠᠶᠢᠲᠦᠷ ᠬᠢᠵᠦ᠂ ᠠᠵᠦ | ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢ ᠯᠠᠪᠲᠠᠭᠤᠨ ᠪᠠᠲᠤᠲᠠᠢ ᠠᠬᠢᠭᠤᠯᠵᠦ᠂ ᠦᠭᠡᠷᠡᠴᠢᠯᠡᠯᠲᠡ ᠨᠡᠭᠡᠭᠡᠯᠲᠡ ᠶᠢ | ᠪᠦᠬᠦ ᠲᠠᠯ᠎ᠠ ᠪᠠᠷ ᠬᠦᠨᠵᠡᠭᠡᠶᠢᠷᠡᠭᠦᠯᠦᠨ᠂ ᠨᠡᠶᠢᠭᠡᠮ ᠵᠢᠷᠦᠮ ᠤᠨ ᠠᠷᠠᠳᠴᠢᠯᠠᠬᠰᠠᠨ ᠤᠯᠤᠰ ᠲᠦᠷᠦ ᠶᠢ ᠢᠲᠡᠪᠬᠢᠲᠡᠢ | ᠬᠦᠭᠵᠢᠭᠦᠯᠵᠦ᠂ ᠦᠵᠡᠯ ᠰᠠᠨᠠᠭ᠎ᠠ ᠰᠤᠷᠳᠠᠯ ᠤᠬᠠᠭᠤᠯᠭ᠎ᠠ ᠰᠤᠶᠤᠯ ᠤᠨ ᠠᠵᠢᠯ ᠢ ᠶᠡᠭᠡ ᠪᠠᠷ ᠴᠢᠩᠭᠠᠳᠬᠠᠨ᠂ ᠠᠷᠠᠳ | ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ | ᠬᠦᠨᠵᠡᠭᠡᠢ ᠠᠬᠢᠭᠤᠯᠤᠨ᠂ ᠪᠦᠬᠦ ᠤᠷᠤᠨ ᠤ ᠡᠯ᠎ᠠ ᠵᠦᠢᠯ ᠤᠨ ᠠᠵᠢᠯ ᠦᠢᠯᠡᠰ ᠲᠤ ᠰᠢᠨ᠎ᠠ ᠠᠬᠢᠴᠠ ᠲᠠᠢ ᠪᠤᠯᠵᠤ | ᠰᠢᠨ᠎ᠠ ᠦᠷ᠎ᠠ ᠪᠦᠳᠦᠮᠵᠢ ᠲᠠᠢ ᠪᠤᠯᠪᠠ ᠬᠡᠵᠦ ᠰᠠᠨᠠᠯ ᠨᠢᠭᠡᠲᠡᠢ ᠦᠵᠡᠵᠡᠢ᠃ | ᠪᠦᠭᠦᠳᠡ ᠬᠤᠷᠠᠯ ᠠᠴᠠ ᠱᠠᠭᠠᠷᠳᠠᠭᠰᠠᠨ ᠨᠢ᠂ ᠪᠦᠬᠦ ᠤᠷᠤᠨ ᠤ ᠡᠯ᠎ᠡ ᠱᠠᠲᠤᠨ ᠤ ᠨᠠᠮ ᠤᠨ ᠵᠤᠬᠢᠶᠠᠨ | ᠪᠠᠶᠢᠭᠤᠯᠤᠯᠲᠠ ᠪᠤᠯᠤᠨ ᠦᠷᠭᠡᠨ ᠤᠯᠠᠨ ᠨᠠᠮ ᠤᠨ ᠬᠡᠰᠢᠭᠦᠨ ᠺᠠᠳ᠋ᠷᠴᠤᠳ ᠤᠯᠤᠰ ᠲᠦᠷᠦ ᠶᠢᠨ ᠵᠤᠬᠰᠤᠴᠠ ᠪᠠᠨ | ᠴᠢᠨᠠᠭᠰᠢᠳᠠ ᠲᠡᠭᠡᠭᠰᠢᠯᠡᠬᠦᠯᠵᠦ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ | ᠬᠢᠨᠠᠮᠠᠭᠠᠢ ᠰᠤᠷᠤᠯᠴᠠᠨ ᠤᠶᠢᠯᠠᠭᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠦᠪ ᠤᠨ ᠰᠢᠨ᠎ᠡ ᠪᠠᠶᠢᠲᠠᠯ | ᠲᠤᠤᠷᠠᠬᠢ ᠠᠵᠦ ᠠᠬᠤᠢ ᠶᠢᠨ ᠠᠵᠢᠯ ᠢ ᠰᠠᠶᠢᠲᠦᠷ ᠬᠢᠬᠦ ᠲᠤᠬᠠᠢ ᠵᠢᠮ᠎ᠡ ᠶᠤᠰᠤᠴᠢ ᠴᠢᠨᠠᠷᠲᠠᠢ ᠲᠠᠨᠢᠯᠲᠠ ᠲᠡᠭᠡᠷ᠎ᠠ | ᠦᠨᠡᠨ ᠬᠦ ᠨᠢᠭᠡᠳᠭᠡᠵᠤ᠂ ᠲᠦᠪ ᠤᠨ ᠮᠠᠨ ᠤ ᠤᠯᠤᠰ ᠤᠨ ᠬᠦᠭᠵᠢᠯᠲᠡ ᠴᠢᠬᠤᠯᠠ ᠪᠠᠶᠢᠯᠳᠤᠬᠤ ᠪᠤᠳᠤᠯᠭ᠎ᠠ ᠶᠢᠨ | ᠠᠵᠠ ᠲᠤᠬᠢᠶᠠᠯᠲᠦ ᠬᠤᠭᠤᠴᠠᠭᠠᠨ ᠳᠤ ᠤᠷᠤᠰᠢᠵᠦ ᠪᠠᠶᠢᠭ᠎ᠠ ᠴᠢᠬᠤᠯᠠ ᠦᠭᠦᠯᠡᠯᠲᠡ ᠶᠢᠨ ᠲᠤᠬᠠᠢ ᠵᠦᠪ ᠲᠠᠨᠢᠯᠳᠠ | ᠲᠡᠭᠡᠷ᠎ᠠ ᠨᠢᠭᠡᠳᠭᠡᠵᠤ᠂ ᠲᠦᠪ ᠤᠨ ᠪᠠᠬᠢᠵᠢᠭᠦᠯᠬᠦ᠂ ᠴᠢᠩᠭᠠᠳᠬᠠᠬᠤ᠂ ᠲᠡᠭᠡᠭᠰᠢᠯᠡᠭᠦᠯᠬᠦ᠂ ᠨᠡᠪᠲᠡᠷᠡᠭᠦᠯᠬᠦ ᠲᠤᠬᠠᠢ | ᠴᠢᠬᠤᠯᠠ ᠶᠡᠭᠡ ᠴᠢᠭᠯᠡᠯᠲᠡ ᠳᠡᠭᠡᠷ᠎ᠡ ᠨᠢᠭᠡᠳᠭᠡᠵᠤ᠂ ᠲᠦᠪ ᠤᠨ ᠡᠨᠡ ᠵᠢᠯ ᠤᠨ ᠠᠵᠦ ᠠᠬᠤᠢ ᠶᠢᠨ ᠠᠵᠢᠯ ᠤᠨ | ᠲᠤᠬᠠᠢ ᠭᠤᠤᠯᠲᠠᠯᠭ᠎ᠠ ᠲᠠᠢ ᠡᠭᠦᠷᠭᠡ ᠲᠡᠭᠡᠷ᠎ᠡ ᠨᠢᠭᠡᠳᠬᠡᠵᠦ᠂ ᠲᠦᠪ ᠤᠨ ᠠᠵᠦ ᠠᠬᠤᠢ ᠶᠢᠨ ᠠᠵᠢᠯ ᠢ ᠤᠳᠤᠷᠢᠳᠬᠤ | ᠴᠢᠲᠠᠪᠤᠷᠢ ᠪᠤᠯᠤᠨ ᠲᠦᠪᠰᠢᠨ ᠢ ᠲᠡᠭᠡᠭᠰᠢᠯᠡᠭᠦᠯᠬᠦ ᠲᠤᠬᠠᠢ ᠴᠢᠬᠤᠯᠠ ᠱᠠᠭᠠᠷᠲᠠᠯᠭ᠎ᠠ ᠲᠡᠭᠡᠷ᠎ᠡ ᠨᠢᠭᠡᠳᠬᠡᠵᠦ᠂ ᠶᠡᠭᠡ | ᠲᠠᠯ᠎ᠠ ᠶᠡᠭᠡ ᠪᠠᠶᠢᠲᠠᠯ ᠢ ᠡᠵᠡᠮᠲᠡᠨ᠂ ᠬᠦᠭᠵᠢᠯᠲᠡ ᠶᠢᠨ ᠵᠢᠮ᠎ᠡ ᠶᠤᠰᠤ ᠲᠠᠢ ᠵᠤᠬᠢᠴᠠᠵᠤ᠂ ᠢᠲᠡᠪᠬᠢᠲᠡᠢ | ᠰᠠᠨᠠᠭᠠᠴᠢᠯᠠᠭ᠎ᠠ ᠲᠠᠢ ᠪᠠᠷ ᠬᠢᠵᠦ᠂ ᠠᠵᠦ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ | ᠶᠡᠭᠡ ᠲᠠᠯ᠎ᠠ ᠶᠢᠨ ᠲᠤᠬᠲᠠᠭᠤᠨ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠬᠡᠪᠠ᠃ | ᠪᠦᠬᠦᠳᠠ ᠬᠤᠷᠠᠯ ᠠᠴᠠ ᠵᠢᠭᠠᠭᠰᠠᠨ ᠨᠢ᠂ ᠤᠳᠤᠬᠠᠨ ᠳᠤ ᠮᠠᠨ ᠤ ᠤᠷᠤᠨ ᠤ ᠠᠵᠤ ᠠᠬᠤᠢ ᠶᠢᠨ ᠡᠷᠬᠢᠯᠳᠠ | ᠶᠡᠷᠦᠩᠭᠡᠢ ᠳᠡᠭᠡᠨ ᠲᠤᠭᠳᠠᠭᠤᠨ ᠪᠠᠶᠢᠵᠤ᠂ ᠲᠤᠬᠳᠠᠭᠤᠨ ᠤ ᠲᠤᠮᠳᠠ ᠤᠷᠤᠭᠰᠢᠯᠠᠨ᠂ ᠤᠷᠢᠳ ᠢᠶᠠᠷ ᠬᠦᠢᠴᠡᠳᠬᠡᠬᠦ | ᠵᠢᠭᠠᠯᠳᠠ ᠲᠤᠭ᠎ᠠ᠂ ᠪᠦᠲᠦᠴᠡ ᠶᠢᠨ ᠵᠢᠭᠠᠯᠳᠠ ᠲᠤᠭ᠎ᠠ᠂ ᠶᠠᠰᠤ ᠴᠢᠨᠠᠷ ᠦᠷ᠎ᠠ ᠠᠰᠢᠭ ᠤᠨ ᠵᠢᠭᠠᠯᠳᠠ ᠲᠤᠭ᠎ᠠ | ᠦᠷᠬᠦᠯᠵᠢᠯᠡᠨ ᠲᠡᠭᠡᠭᠰᠢᠯᠡᠵᠤ᠂ ᠦᠷᠬᠦᠯᠵᠢᠯᠡᠬᠦ ᠡᠷᠡᠬᠦᠯ ᠬᠦᠭᠵᠢᠯᠳᠠ ᠶᠢ ᠨᠦᠯᠦᠭᠡᠯᠡᠵᠤ ᠪᠠᠶᠢᠭ᠎ᠠ ᠪᠦᠲᠦᠴᠡ ᠶᠢᠨ | ᠴᠢᠨᠠᠷᠳᠠᠢ ᠠᠰᠠᠭᠤᠳᠠᠯ ᠢ ᠶᠠᠭ ᠰᠠᠶᠢᠬᠠᠨ ᠢᠳᠡᠭ ᠢᠳᠡᠭ ᠢᠶᠠᠷ ᠰᠢᠢᠳᠪᠤᠷᠢᠯᠡᠵᠤ᠂ ᠴᠢᠨᠠᠷ ᠰᠠᠶᠢᠳᠠᠢ ᠬᠦᠭᠵᠢᠯᠳᠠ ᠶᠢ | ᠲᠤᠯᠭᠠᠭᠤᠷᠢᠯᠠᠵᠤ ᠪᠠᠶᠢᠭ᠎ᠠ ᠨᠦᠬᠦᠴᠡᠯ ᠢ ᠢᠳᠡᠭ ᠢᠳᠡᠭ ᠢᠶᠠᠷ ᠲᠠᠰᠤᠷᠠᠯᠳᠠ ᠦᠭᠡᠢ ᠰᠠᠶᠢᠵᠢᠷᠠᠭᠤᠯᠤᠨ᠂ ᠢᠳᠡᠪᠬᠢᠳᠠᠢ | ᠬᠦᠴᠦᠨ ᠵᠤᠶᠢᠯ ᠲᠦᠷᠬᠡᠨ ᠢᠶᠠᠷ ᠬᠤᠷᠠᠮᠳᠤᠵᠤ ᠪᠤᠢ᠃ ᠡᠬᠦᠨ ᠤ ᠬᠠᠮᠳᠤ᠂ ᠬᠦᠭᠵᠢᠯᠳᠠ ᠶᠢᠨ ᠲᠤᠮᠳᠠᠬᠢ ᠬᠦᠴᠢᠷᠳᠠᠯ | ᠪᠠ ᠤᠷᠤᠭᠰᠢᠯᠠᠯᠳᠠ ᠶᠢᠨ ᠲᠤᠮᠳᠠᠬᠢ ᠠᠰᠠᠭᠤᠳᠠᠯ ᠢ ᠴᠦ ᠰᠡᠷᠭᠡᠭ ᠢᠶᠠᠷ ᠲᠠᠨᠢᠵᠤ᠂ ᠰᠠᠨᠠᠭᠠᠰᠢᠷᠠᠬᠤ ᠤᠬᠠᠮᠰᠠᠷ ᠢᠶᠠᠨ | ᠴᠢᠨᠠᠭᠰᠢᠳᠠ ᠲᠡᠭᠡᠭᠰᠢᠯᠡᠬᠦᠯᠤᠨ᠂ ᠬᠠᠮᠤᠭ ᠤᠨ ᠮᠠᠭᠤ ᠲᠠᠯ᠎ᠠ ᠠᠴᠠ ᠪᠤᠳᠤᠯᠬᠢᠯᠡᠨ ᠬᠠᠮᠤᠭ ᠤᠨ ᠰᠠᠶᠢᠨ ᠲᠠᠶᠢᠰᠢ | ᠴᠢᠷᠮᠠᠶᠢᠵᠤ᠂ ᠬᠠᠨᠭ᠍ᠭᠠᠯᠭ᠎ᠠ ᠶᠢᠨ ᠲᠠᠯ᠎ᠠ ᠶᠢᠨ ᠪᠦᠳᠤᠴᠠ ᠶᠢᠨ ᠴᠢᠨᠠᠷᠳᠠᠢ ᠦᠭᠡᠷᠡᠴᠢᠯᠡᠯᠳᠠ ᠶᠢ ᠭᠤᠶᠢᠪᠢᠰᠢ ᠦᠭᠡᠢ | ᠬᠦᠨᠵᠡᠭᠡᠶᠢᠷᠡᠬᠦᠯᠤᠨ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠵᠤ᠂ ᠠᠵᠤ | ᠠᠬᠤᠢ ᠢᠶᠠᠨ ᠬᠦᠭᠵᠢᠯᠳᠠ ᠶᠢᠨ ᠶᠠᠰᠤ ᠴᠢᠨᠠᠷ ᠤᠨ ᠬᠤᠪᠢᠰᠤᠯᠳᠠ᠂ ᠦᠷ᠎ᠠ ᠠᠰᠢᠭ ᠤᠨ ᠬᠤᠪᠢᠰᠤᠯᠳᠠ᠂ ᠬᠦᠳᠡᠯᠭᠡᠬᠦ | ᠬᠦᠴᠤᠨ ᠤ ᠬᠤᠪᠢᠰᠤᠯᠳᠠ ᠶᠢ ᠠᠬᠢᠭᠤᠯᠬᠤ ᠭᠡᠷᠡᠭᠳᠡᠢ᠃ ᠡᠯ᠎ᠠ ᠱᠠᠳᠤᠨ ᠤ ᠬᠢᠨ ᠪᠠᠶᠢᠯᠳᠤᠬᠤ ᠪᠤᠳᠤᠯᠭ᠎ᠠ ᠶᠢᠨ | ᠲᠤᠭᠳᠠᠯ ᠬᠦᠴᠤᠨ ᠢ ᠪᠠᠷᠢᠮᠳᠠᠯᠠᠨ᠂ ᠬᠤᠪᠢᠰᠤᠩᠭᠤᠢ ᠰᠡᠳᠬᠢᠬᠦᠢ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠪᠤᠢ | ᠪᠤᠯᠭᠠᠵᠤ᠂ ᠴᠢᠳᠠᠮᠠᠭᠠᠢ ᠪᠠᠷ ᠲᠠᠷᠤᠭᠠᠰᠤ ᠪᠠᠨ ᠬᠦᠳᠡᠯᠭᠡᠬᠦ ᠬᠦᠴᠤᠨ ᠪᠤᠯᠭᠠᠨ ᠦᠷᠢᠰᠤᠯᠳᠤᠭᠡᠨ ᠢ ᠠᠵᠠ ᠲᠤᠬᠢᠶᠠᠯ | ᠪᠤᠯᠭᠠᠨ ᠬᠤᠪᠢᠷᠠᠭᠤᠯᠵᠤ᠂ ︽ᠪᠠᠶᠢᠳᠠᠯ︾ ᠬᠢᠭᠡᠳ ︽ᠬᠠᠨᠳᠤᠰᠢ︾ ᠶᠢᠨ ᠬᠤᠪᠢᠷᠠᠯᠳᠠ ᠲᠤᠮᠳᠠ ᠢᠳᠡᠭᠡᠯ ᠵᠤᠷᠢᠭ | ᠢᠶᠠᠨ ᠪᠠᠳᠤᠳᠬᠠᠨ᠂ ︽ᠠᠶᠤᠯ ᠲᠦᠭᠰᠢᠬᠦᠷᠢ︾ ᠬᠢᠭᠡᠳ ︽ᠠᠵᠠ ᠲᠤᠬᠢᠶᠠᠯ︾ ᠤᠨ ᠰᠤᠯᠢᠬᠳᠠᠯ ᠲᠤᠮᠳᠠ ᠠᠵᠠ | ᠵᠠᠪᠰᠢᠶᠠᠨ ᠢ ᠡᠵᠡᠮᠳᠡᠵᠤ᠂ ︽ᠲᠤᠭᠳᠠᠭᠤᠨ︾ ᠬᠢᠭᠡᠳ ︽ᠲᠠᠪᠰᠢᠯᠳᠠ︾ ᠶᠢᠨ ᠨᠢᠭᠡᠳᠤᠯ ᠲᠤᠮᠳᠠ ᠢᠳᠡᠪᠬᠢᠳᠠᠢ ᠪᠠᠷ | ᠵᠢᠳᠬᠦᠯ ᠴᠢᠷᠮᠠᠶᠢᠯᠭ᠎ᠠ ᠭᠠᠷᠭᠠᠨ᠂ ᠦᠪᠡᠷ ᠢ ᠪᠠᠨ ᠦᠷᠡᠭᠳᠡᠬᠦᠯᠬᠦ ᠵᠤᠷᠢᠭ ᠰᠠᠨᠠᠭ᠎ᠠ ᠶᠢ ᠡᠪᠤᠷᠯᠠᠨ᠂ ᠬᠦᠴᠢᠷ ᠪᠡᠷᠭᠡ ᠶᠢ | ᠢᠯᠠᠨ ᠲᠠᠪᠠᠭ᠋ᠤ ᠬᠠᠳᠠᠭᠤ ᠵᠤᠷᠢᠭ ᠰᠢᠭᠤᠳᠴᠤ᠂ ᠵᠤᠷᠢᠭᠳᠠᠢ ᠠᠵᠢᠯᠯᠠᠵᠤ ᠵᠤᠷᠢᠭᠳᠠᠢ ᠬᠢᠬᠦ ᠬᠠᠷᠢᠭᠤᠴᠠᠯᠭ᠎ᠠ ᠡᠬᠦᠷᠬᠡᠯᠡᠯ | ᠢ ᠡᠬᠦᠷᠭᠡᠯᠡᠨ᠂ ᠦᠪᠤᠷ ᠮᠤᠩᠭᠤᠯ ᠤᠨ ᠠᠵᠤ ᠠᠬᠤᠢ ᠶᠢ ᠴᠢᠨᠠᠷ ᠰᠠᠶᠢᠳᠠᠢ ᠬᠦᠭᠵᠢᠯᠳᠠ ᠶᠢᠨ ᠱᠠᠳᠤᠨ ᠳᠤ | ᠤᠷᠤᠭᠤᠯᠬᠤ ᠪᠠᠷ ᠬᠦᠴᠤᠯᠡᠨ ᠠᠬᠢᠭᠤᠯᠬᠤ ᠭᠡᠷᠡᠭᠳᠡᠢ ᠭᠡᠪᠠ᠃ | ᠪᠦᠭᠦᠳᠡ ᠬᠤᠷᠠᠯ ᠠᠴᠠ ᠴᠢᠬᠤᠯᠠᠴᠢᠯᠠᠭᠰᠠᠨ ᠨᠢ᠂ 2019 ᠣᠨ ᠪᠤᠯ ᠰᠢᠨ᠎ᠠ ᠲᠤᠮᠳᠠᠳᠤ ᠤᠯᠤᠰ | ᠪᠠᠶᠢᠭᠤᠯᠤᠬᠳᠠᠬᠰᠠᠨ 70 ᠵᠢᠯ ᠤᠨ ᠤᠢ ᠪᠤᠯᠬᠤ ᠪᠦᠭᠡᠳ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠭᠦ | ᠵᠠᠩᠭᠢᠯᠠᠭ᠎ᠠ ᠶᠢᠨ ᠵᠢᠯ ᠮᠦᠨ᠃ ᠡᠨᠡ ᠵᠢᠯ ᠤᠨ ᠠᠵᠦ ᠠᠬᠤᠢ ᠶᠢᠨ ᠠᠵᠢᠯ ᠢ ᠰᠠᠶᠢᠳᠤᠷ ᠬᠢᠭᠦ ᠳᠤ᠂ ᠰᠢ ᠶᠢᠨ ᠫᠢᠡᠭ | ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠵᠦ᠂ ᠲᠦᠪ ᠬᠤᠷᠢᠶᠠᠨ ᠤ ᠡᠨᠡ ᠵᠢᠯ ᠤᠨ ᠠᠵᠦ ᠠᠬᠤᠢ ᠶᠢᠨ ᠠᠵᠢᠯ ᠤᠨ ᠶᠡᠷᠦᠩᠭᠡᠢ | ᠱᠠᠭᠠᠷᠳᠠᠯᠭ᠎ᠠ ᠶᠤᠰᠤᠭᠠᠷ ᠦᠪᠡᠷᠳᠡᠭᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ ᠪᠠᠨ ᠨᠢᠬᠳᠠ ᠤᠶᠠᠯᠳᠤᠭᠤᠯᠵᠦ᠂ | ᠰᠢᠨ᠎ᠠ ᠬᠦᠭᠵᠢᠯᠳᠠ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠨᠡᠮᠡᠭᠳᠡᠯ ᠢ | ᠲᠤᠬᠳᠠᠪᠤᠷᠢᠵᠢᠭᠤᠯᠬᠤ᠂ ᠦᠭᠡᠷᠡᠴᠢᠯᠠᠯᠳᠠ ᠶᠢ ᠠᠬᠢᠭᠤᠯᠬᠤ᠂ ᠪᠦᠲᠦᠴᠡ ᠶᠢ ᠲᠤᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠳᠡᠭᠡᠭᠦ᠂ ᠠᠶᠤᠯ ᠲᠦᠭᠰᠢᠭᠦᠷᠢ ᠶᠢ ᠰᠡᠷᠭᠡᠶᠢᠯᠡᠭᠦ ᠠᠵᠢᠯ ᠢ ᠨᠢᠭᠡᠳᠦᠯᠳᠡᠢ ᠲᠦᠯᠦᠪᠵᠢᠭᠦᠯᠦᠨ | ᠠᠬᠢᠭᠤᠯᠵᠦ᠂ ᠠᠵᠦ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ ᠪᠠᠳᠤᠳᠠᠢ ᠠᠬᠢᠭᠤᠯᠤᠨ᠂ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠯᠠᠪᠳᠠᠭᠤᠨ ᠪᠠᠳᠤᠳᠠᠢ ᠠᠬᠢᠭᠤᠯᠵᠦ᠂ | ᠦᠨᠳᠦᠰᠦᠳᠡᠨ ᠤ ᠪᠦᠯᠭᠦᠮᠳᠠᠯ ᠪᠠ ᠬᠢᠯᠢ ᠬᠢᠵᠠᠭᠠᠷ ᠤᠨ ᠲᠤᠬᠳᠠᠭᠤᠨ ᠢ ᠯᠠᠪᠳᠠᠭᠤᠨ ᠪᠠᠳᠤᠳᠠᠢ ᠠᠬᠢᠭᠤᠯᠵᠦ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠰᠢᠪᠲᠤᠷᠭᠠᠨ ᠤ ᠠᠵᠢᠯ ᠳᠤ ᠰᠢᠢᠳᠪᠤᠷᠢᠯᠡᠭᠴᠢ ᠴᠢᠨᠠᠷᠳᠠᠢ | ᠰᠠᠭᠤᠷᠢ ᠲᠠᠯᠪᠢᠵᠤ ᠥᠭᠬᠦ ᠬᠡᠷᠡᠭᠳᠡᠢ᠃ | ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠦᠷᠭᠦᠯᠵᠢᠯᠠᠨ ᠰᠠᠶᠢᠳᠤᠷ ᠬᠢᠵᠦ᠂ ᠦᠷᠢ | ᠦᠭᠴᠡᠭᠡ ᠶᠢᠨ ᠠᠶᠤᠯ ᠲᠦᠭᠰᠢᠭᠦᠷᠢ ᠶᠢ ᠠᠷᠢᠯᠭᠠᠬᠤ ᠡᠨᠡ ᠬᠦ ᠰᠢᠵᠢᠮ ᠢ ᠢᠮᠠᠬᠳᠠ ᠴᠢᠩᠭᠠᠳᠬᠠᠨ᠂ ᠠᠷᠪᠢᠴᠢ | ᠭᠠᠮᠳᠠᠢ ᠪᠠᠶᠢᠬᠤ ᠦᠵᠡᠯ ᠰᠠᠨᠠᠭ᠎ᠠ ᠶᠢ ᠪᠤᠢ ᠪᠤᠯᠭᠠᠵᠦ᠂ ᠤᠷᠤᠯᠭ᠎ᠠ ᠪᠠᠨ ᠨᠡᠮᠡᠭᠳᠡᠭᠦᠯᠦᠨ ᠵᠠᠷᠤᠳᠠᠯ ᠢᠶᠠᠨ ᠪᠠᠭᠠᠰᠬᠠᠵᠦ᠂ | ᠦᠡᠭᠭᠡᠨ ᠲᠠᠯ᠎ᠠ ᠪᠡ ᠦᠨᠳᠦᠰᠦ ᠠᠴᠠ ᠨᠢ ᠰᠠᠶᠢᠳᠤᠷ ᠵᠠᠰᠠᠵᠦ᠂ ᠴᠠᠬ ᠲᠤᠬᠢᠶᠠᠯ᠂ ᠠᠶᠢᠵᠠᠮ ᠪᠠ ᠡᠷᠴᠢᠮ ᠢ ᠰᠠᠶᠢᠳᠤᠷ | ᠡᠵᠡᠮᠳᠠᠨ᠂ ᠲᠠᠷᠤᠭᠳᠠᠵᠤ ᠪᠠᠶᠢᠭ᠎ᠠ ᠦᠷᠢ ᠦᠭᠴᠡᠭᠡ ᠶᠢ ᠲᠤᠬᠳᠠᠭᠤᠨ ᠢᠶᠠᠷ ᠰᠢᠢᠳᠪᠤᠷᠢᠯᠡᠵᠦ᠂ ᠲᠠᠯᠳᠠ ᠴᠢᠨᠠᠷᠳᠠᠢ | ᠦᠷᠢ ᠦᠭᠴᠡᠭᠡ ᠶᠢᠨ ᠨᠡᠮᠡᠭᠳᠡᠯ ᠢ ᠴᠢᠩᠭ᠎ᠠ ᠴᠠᠭᠠᠵᠠᠯᠠᠵᠦ᠂ ᠦᠷᠢ ᠦᠭᠴᠡᠭᠡ ᠶᠢ ᠠᠷᠢᠯᠭᠠᠬᠤ ᠡᠭᠦᠷᠭᠡ ᠶᠢ | ᠲᠤᠬᠳᠠᠬᠰᠠᠨ ᠬᠤᠭᠤᠴᠠᠭᠠᠨ ᠳᠤ ᠪᠡᠶᠡᠯᠡᠭᠦᠯᠭᠦ ᠶᠢ ᠪᠠᠳᠤᠯᠠᠬᠤ ᠬᠡᠷᠡᠭᠳᠡᠢ᠃ ᠬᠦᠭᠵᠢᠯᠳᠠ ᠶᠢᠨ ᠲᠤᠮᠳᠠ ᠶᠠᠳᠠᠭᠤ | ᠬᠦᠴᠢᠷᠳᠠᠯᠳᠠᠢ ᠶᠢᠨ ᠠᠰᠠᠭᠤᠳᠠᠯ ᠢ ᠰᠢᠢᠳᠪᠤᠷᠢᠯᠡᠭᠦ ᠶᠢ ᠪᠠᠷᠢᠮᠳᠠᠯᠠᠨ᠂ ᠲᠠᠪᠤᠨ ᠱᠠᠳᠤᠨ ᠤ ᠱᠦᠵᠢ ᠶᠠᠳᠠᠭᠤ ᠶᠢ | ᠲᠡᠳᠭᠦᠭᠦ ᠠᠵᠢᠯ ᠢ ᠠᠳᠬᠤᠬᠤ ᠶᠢ ᠪᠠᠷᠢᠮᠲᠠᠯᠠᠵᠤ᠂ ᠤᠨᠴᠠ ᠶᠠᠳᠠᠭᠤ ᠬᠦᠴᠢᠷᠳᠠᠯᠳᠠᠢ ᠭᠠᠵᠠᠷ ᠤᠷᠤᠨ ᠳᠤ | ᠬᠦᠴᠤᠨ ᠢᠶᠠᠨ ᠲᠦᠪᠯᠡᠷᠡᠭᠦᠯᠤᠨ᠂ ᠠᠵᠦ ᠦᠢᠯᠡᠰ ᠢᠶᠠᠷ ᠶᠠᠳᠠᠭᠤ ᠶᠢ ᠲᠡᠳᠭᠦᠭᠦ᠂ ᠡᠷᠡᠭᠦᠯ ᠮᠠᠨᠳᠤ ᠪᠠᠷ ᠶᠠᠳᠠᠭᠤ ᠶᠢ | ᠲᠡᠳᠭᠦᠭᠦ ᠶᠢ ᠦᠷᠭᠦᠯᠵᠢᠯᠠᠨ ᠰᠠᠶᠢᠲᠤᠷ ᠠᠳᠬᠤᠵᠤ᠂ ᠶᠠᠳᠠᠭᠤ ᠬᠦᠴᠢᠷᠳᠠᠯᠳᠠᠢ ᠭᠠᠵᠠᠷ ᠤᠷᠤᠨ᠂ ᠶᠠᠳᠠᠭᠤ | ᠬᠦᠴᠢᠷᠳᠠᠯᠳᠠᠢ ᠤᠯᠠᠨ ᠲᠦᠮᠡᠨ ᠤ ᠲᠤᠳᠤᠭᠠᠳᠤ ᠬᠦᠳᠡᠯᠭᠡᠭᠦ ᠬᠦᠴᠦᠨ ᠪᠠ ᠲᠤᠰ ᠪᠡᠶ᠎ᠠ ᠶᠢᠨ ᠬᠦᠭᠵᠢᠯᠳᠠ ᠶᠢᠨ | ᠴᠢᠳᠠᠪᠤᠷᠢ ᠶᠢ ᠬᠦᠴᠦᠯᠡᠨ ᠴᠢᠩᠭᠠᠳᠬᠠᠵᠦ᠂ ᠶᠠᠳᠠᠭᠤ ᠬᠦᠴᠢᠷᠳᠠᠯᠳᠠᠢ ᠠᠴᠠ ᠤᠬᠤᠷᠢᠨ ᠭᠠᠷᠬᠤ ᠪᠠᠷᠢᠮᠵᠢᠶ᠎ᠠ ᠪᠠ ᠲᠠᠰ | ᠲᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠶᠠᠳᠠᠭᠤ ᠠᠴᠠ ᠨᠢ ᠠᠩᠭᠢᠵᠢᠷᠠᠭᠤᠯᠬᠤ ᠦᠷ᠎ᠠ ᠪᠦᠲᠦᠮᠵᠢ ᠶᠢᠨ ᠦᠢᠯᠡᠳᠦᠯᠭᠡ | ᠪᠠ ᠲᠡᠤᠭᠡ ᠶᠢᠨ ᠰᠢᠯᠭᠠᠯᠳᠠ ᠶᠢ ᠬᠦᠯᠢᠶᠡᠵᠦ ᠲᠡᠶᠢᠯᠭᠦ ᠶᠢ ᠪᠠᠳᠤᠯᠠᠬᠤ ᠬᠡᠷᠡᠭᠳᠡᠢ᠃ ᠠᠮᠢ ᠠᠬᠤᠢ ᠶᠢᠨ ᠣᠷᠴᠢᠨ | ᠲᠤᠭᠤᠷᠢᠨ ᠤ ᠬᠠᠮᠠᠭᠠᠯᠠᠯᠲᠠ ᠶᠢᠨ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠬᠢᠯᠠᠭ᠎ᠠ ᠶᠢᠨ ᠠᠰᠠᠭᠤᠳᠠᠯ᠂ ᠪᠠᠭᠤᠷᠠᠢ | ᠭᠤᠬᠴᠤᠭ᠎ᠠ ᠶᠢ ᠴᠢᠩᠭ᠎ᠠ ᠠᠳᠬᠤᠨ᠂ ᠪᠤᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠲᠠᠶᠢᠯᠠᠯᠳᠤᠭᠠᠨ ᠢ | ᠦᠷᠬᠦᠯᠵᠢᠯᠡᠨ ᠰᠠᠶᠢᠲᠤᠷ ᠬᠢᠵᠦ᠂ ︽ᠬᠦᠯᠦᠨ ᠨᠠᠭᠤᠷ ᠳᠠᠭ᠎ᠠ ᠶᠢᠨ ᠨᠠᠭᠤᠷ ᠤᠯᠠᠭᠠᠨᠰᠤᠬᠠᠢ︾ ᠶᠢᠨ ᠤᠰᠤᠨ ᠤ | ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠨᠵᠡᠬᠡᠶᠢᠷᠡᠬᠦᠯᠵᠦ᠂ ᠭᠤᠤᠯᠳᠠᠯᠭ᠎ᠠ ᠲᠠᠢ ᠭᠠᠵᠠᠷ ᠤᠷᠤᠨ ᠤ | ᠠᠭᠠᠷ ᠮᠠᠨᠳᠠᠯ ᠤᠨ ᠪᠤᠬᠢᠷᠳᠤᠯ ᠢ ᠰᠡᠷᠬᠡᠶᠢᠯᠡᠨ ᠵᠠᠰᠠᠬᠤ ᠶᠢ ᠴᠢᠩᠭᠠᠳᠬᠠᠨ᠂ ᠠᠵᠦ ᠦᠢᠯᠡᠳᠪᠦᠷᠢ ᠶᠢᠨ ᠬᠦᠷᠢᠶᠡᠯᠡᠩ | ᠲᠤᠭᠤᠷᠢᠭ᠂ ᠠᠭᠤᠷᠬᠠᠢ ᠶᠢᠨ ᠤᠷᠤᠨ ᠤ ᠪᠤᠬᠢᠷᠳᠤᠯ ᠢ ᠵᠠᠰᠠᠵᠦ᠂ ᠴᠢᠬᠤᠯᠠ ᠪᠤᠯᠬᠤ ᠠᠮᠢ ᠠᠬᠤᠢ ᠶᠢᠨ ᠰᠢᠰᠲ᠋ᠧᠮ ᠢ | ᠬᠠᠮᠠᠭᠠᠯᠠᠬᠤ ᠪᠠ ᠵᠠᠰᠠᠨ ᠰᠡᠷᠬᠦᠬᠡᠬᠦ ᠢᠨᠵᠧᠨᠧᠷᠢᠩ ᠢ ᠵᠤᠬᠢᠶᠠᠨ ᠪᠠᠶᠢᠭᠤᠯᠤᠨ ᠬᠡᠷᠡᠭᠵᠢᠬᠦᠯᠵᠦ᠂ ᠨᠤᠲᠤᠭ ᠪᠡᠯᠴᠢᠭᠡᠷ ᠢ | ᠲᠤᠷ᠎ᠠ ᠪᠠᠷ ᠢᠶᠠᠨ ᠨᠡᠭᠡᠭᠡᠨ ᠠᠰᠢᠬᠯᠠᠵᠤ ᠲᠤᠷ᠎ᠠ ᠪᠠᠷ ᠢᠶᠠᠨ ᠮᠠᠯᠳᠠᠬᠤ ᠳᠤᠪᠤᠶᠢᠮ᠎ᠠ ᠠᠰᠠᠭᠤᠳᠠᠯ ᠢ ᠬᠦᠴᠦ ᠤᠷᠤᠭᠤᠯᠤᠨ | ᠴᠡᠭᠴᠡᠯᠡᠨ ᠵᠠᠰᠠᠵᠦ᠂ ᠡᠭᠡ ᠤᠯᠤᠰ ᠤᠨ ᠤᠮᠠᠷᠠᠲᠦ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠲᠦ ᠴᠠᠭᠠᠨ | ᠬᠡᠷᠡᠮ ᠢ ᠪᠦᠬᠦ ᠬᠦᠴᠦᠨ ᠢᠶᠠᠷ ᠢᠶᠠᠨ ᠴᠤᠬᠴᠠᠯᠠᠬᠤ ᠬᠡᠷᠡᠭᠳᠡᠢ᠃ | ᠪᠤᠲᠠᠳᠦ ᠴᠤᠬᠴᠠ ᠶᠢᠨ ᠠᠵᠦ ᠠᠬᠤᠢ ᠶᠢ ᠪᠤᠲᠠᠲᠠᠶᠢᠵᠢᠭᠤᠯᠵᠤ ᠬᠦᠴᠦᠷᠭᠡᠭᠵᠢᠬᠦᠯᠤᠨ ᠰᠢᠯᠢᠳᠡᠭᠵᠢᠭᠦᠯᠵᠦ᠂ | ᠦᠢᠯᠡᠳᠬᠦ ᠦᠢᠯᠡᠰ ᠤᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠶᠢ ᠠᠵᠦ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠳᠡᠰ ᠳᠡᠪᠰᠢᠬᠦᠯᠬᠦ ᠴᠢᠬᠤᠯᠠ ᠭᠠᠷᠳᠠᠴᠠ ᠪᠠᠨ ᠪᠤᠯᠭᠠᠵᠦ᠂ ᠦᠪᠦᠷ ᠮᠤᠩᠭᠤᠯ ᠤᠨ ᠤᠨᠴᠠᠯᠢᠭ ᠪᠦᠬᠦᠢ | ᠦᠢᠯᠡᠳᠬᠦ ᠦᠢᠯᠡᠰ ᠤᠨ ᠪᠦᠯᠦᠭᠵᠢᠯ ᠢ ᠢᠳᠡᠪᠬᠢᠲᠡᠢ ᠪᠤᠢ ᠪᠤᠯᠭᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ | ᠰᠢᠨ᠎ᠡ ᠪᠠᠷ ᠮᠠᠨᠳᠤᠵᠤ ᠪᠠᠶᠢᠭ᠎ᠠ ᠠᠵᠦ ᠦᠢᠯᠡᠰ ᠪᠤᠯᠤᠨ ᠲᠤᠭᠠᠴᠢᠯᠠᠬᠰᠠᠨ ᠠᠵᠦ ᠠᠬᠤᠢ ᠶᠢ ᠲᠠᠳᠬᠦᠨ ᠬᠦᠭᠵᠢᠬᠦᠯᠵᠤ᠂ | ᠴᠡᠷᠢᠭ ᠠᠷᠠᠳ ᠤᠨ ᠬᠠᠮ ᠬᠦᠭᠵᠢᠬᠦᠯᠤᠯᠳᠠ ᠶᠢᠨ ᠠᠵᠦ ᠦᠢᠯᠡᠰ ᠢ ᠶᠡᠭᠡ ᠪᠠᠷ ᠬᠦᠭᠵᠢᠬᠦᠯᠤᠨ᠂ ᠦᠢᠯᠡᠳᠬᠦ | ᠦᠢᠯᠡᠰ ᠪᠤᠯᠤᠨ ᠤᠳᠤ ᠦᠶ᠎ᠠ ᠶᠢᠨ ᠦᠢᠯᠡᠴᠢᠯᠡᠬᠡᠨ ᠤ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ | ᠬᠡᠷᠡᠭᠳᠡᠢ᠃ ᠤᠯᠠᠮᠵᠢᠯᠠᠯᠲᠦ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠬᠦᠯᠬᠦ ᠶᠢ ᠲᠦᠷᠭᠡᠳᠭᠡᠵᠦ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠬᠤᠯᠠ ᠶᠡᠭᠡ ᠲᠤᠰᠬᠠᠢ ᠲᠦᠷᠦᠯ ᠢ ᠵᠤᠬᠢᠶᠠᠨ ᠪᠠᠶᠢᠭᠤᠯᠤᠨ | ᠬᠡᠷᠡᠭᠵᠢᠬᠦᠯᠵᠦ᠂ ᠤᠳᠤ ᠦᠶ᠎ᠠ ᠶᠢᠨ ᠡᠨᠧᠷᠬᠢ ᠶᠢᠨ ᠠᠵᠦ ᠠᠬᠤᠢ ᠶᠢ ᠬᠦᠭᠵᠢᠬᠦᠯᠦᠨ ᠪᠤᠵᠠᠭᠠᠶᠢᠷᠠᠭᠤᠯᠵᠦ᠂ ᠡᠬᠢ | ᠪᠠᠶᠠᠯᠢᠭ ᠤᠨ ᠭᠡᠯᠪᠡᠷᠢ ᠶᠢᠨ ᠦᠢᠯᠡᠳᠬᠦᠨ ᠤ ᠨᠡᠮᠡᠯᠲᠡ ᠦᠷᠳᠡᠭ ᠪᠤᠯᠤᠨ ᠡᠬᠢ ᠪᠠᠶᠠᠯᠢᠭ ᠤᠨ ᠭᠡᠯᠪᠡᠷᠢ ᠶᠢᠨ ᠠᠵᠦ | ᠦᠢᠯᠡᠰ ᠤᠨ ᠶᠡᠷᠦᠩᠬᠡᠶᠢᠯᠡᠭᠰᠡᠨ ᠦᠷᠢᠰᠦᠯᠳᠦᠬᠦ ᠬᠦᠴᠦᠨ ᠢ ᠳᠡᠭᠡᠭᠰᠢᠯᠡᠬᠦᠯᠭᠦ ᠬᠡᠷᠡᠭᠳᠡᠢ᠃ ᠬᠡᠷᠡᠭᠯᠡᠭᠡ ᠶᠢᠨ | ᠬᠤᠷᠳᠤᠴᠠ ᠲᠦᠷᠬᠡᠰᠤᠨ ᠲᠡᠰ ᠲᠡᠪᠰᠢᠵᠤ ᠪᠠᠶᠢᠭ᠎ᠠ ᠰᠢᠨ᠎ᠠ ᠬᠠᠨᠳᠤᠰᠢ ᠳᠤ ᠵᠤᠬᠢᠴᠠᠵᠤ᠂ ᠦᠢᠯᠡᠴᠢᠯᠡᠭᠡ ᠶᠢᠨ | ᠬᠡᠷᠡᠭᠯᠡᠭᠡ᠂ ᠮᠡᠳᠡᠭᠡ ᠵᠠᠩᠬᠢ ᠶᠢᠨ ᠬᠡᠷᠡᠭᠯᠡᠭᠡ᠂ ᠪᠤᠬᠢᠷᠳᠤᠯ ᠦᠬᠡᠢ ᠬᠡᠷᠡᠭᠯᠡᠭᠡ᠂ ᠡᠷᠡᠬᠦᠯ ᠮᠡᠨᠳᠤ ᠶᠢᠨ ᠬᠡᠷᠡᠭᠯᠡᠭᠡ ᠪᠡ | ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡ ᠶᠢᠨ ᠲᠠᠯᠳᠠ ᠬᠦᠴᠦᠨ ᠢ ᠬᠦᠨᠵᠡᠬᠡᠢ ᠪᠠᠳᠠᠷᠠᠭᠠᠵᠦ᠂ ᠬᠡᠷᠡᠭᠯᠡᠭᠡ ᠶᠢᠨ | ᠲᠡᠰ ᠲᠡᠪᠰᠢᠯᠳᠠ ᠪᠠᠷ ᠦᠢᠯᠡᠴᠢᠯᠡᠬᠡᠨ ᠤ ᠦᠢᠯᠡᠰ ᠤᠨ ᠲᠦᠷᠬᠡᠨ ᠨᠡᠮᠡᠭᠳᠡᠯ ᠢ ᠲᠠᠶᠢᠴᠢᠯᠠᠬᠤ ᠬᠡᠷᠡᠭᠳᠠᠢ᠃ | ᠰᠢᠨ᠎ᠠ ᠬᠦᠳᠡᠯᠬᠡᠬᠦ ᠡᠨᠧᠷᠬᠢ ᠰᠢᠨ᠎ᠠ ᠨᠡᠮᠡᠭᠳᠡᠯ ᠤᠨ ᠲᠤᠶᠢᠯ ᠢ ᠲᠦᠷᠬᠡᠳᠬᠡᠨ ᠪᠤᠶᠢᠵᠢᠭᠤᠯᠵᠦ᠂ ᠦᠪᠡᠷᠳᠡᠬᠡᠨ | ᠵᠠᠰᠠᠬᠤ ᠤᠷᠤᠨ ᠤ ᠵᠡᠬᠦᠨ ᠲᠤᠮᠳᠠ ᠪᠠᠷᠠᠭᠤᠨ ᠪᠡᠶ᠎ᠠ ᠶᠢᠨ ᠬᠦᠭᠵᠢᠯᠳᠡ ᠶᠢ ᠨᠢᠬᠡᠳᠦᠯᠳᠡᠢ ᠲᠦᠯᠦᠪᠵᠢᠬᠦᠯᠵᠤ᠂ ᠠᠮᠢ | ᠠᠬᠤᠢ ᠶᠢ ᠲᠡᠷᠢᠬᠦᠨ ᠳᠤ ᠲᠠᠯᠪᠢᠬᠤ᠂ ᠪᠤᠬᠢᠷᠳᠤᠯ ᠦᠬᠡᠢ ᠪᠠᠷ ᠬᠦᠭᠵᠢᠬᠦᠯᠬᠦ ᠶᠢ ᠪᠠᠷᠢᠮᠳᠠᠯᠠᠨ᠂ ᠬᠠᠳᠤᠨ ᠭᠤᠤᠯ | ᠲᠠᠭᠠᠤ ᠶᠢᠨ ᠠᠮᠢ ᠠᠬᠤᠢ ᠶᠢᠨ ᠠᠵᠦ ᠠᠬᠤᠢ ᠶᠢᠨ ᠪᠦᠰᠡ ᠶᠢ ᠲᠦᠯᠦᠪᠵᠢᠬᠦᠯᠦᠨ ᠪᠦᠲᠦᠬᠡᠨ ᠪᠠᠶᠢᠭᠤᠯᠵᠦ᠂ | ᠬᠦᠬᠡᠬᠤᠳᠠ ᠪᠤᠭᠤᠳᠤ ᠤᠷᠳᠤᠰ ᠤᠨ ᠦᠷᠢᠰᠦᠯᠳᠦᠬᠦ ᠬᠦᠴᠦᠨ ᠲᠠᠢ ᠨᠡᠮᠡᠭᠳᠡᠯ ᠤᠨ ᠲᠤᠶᠢᠯ ᠢ ᠪᠦᠷᠢᠯᠳᠦᠬᠦᠯᠬᠦ ᠶᠢ | ᠠᠬᠢᠭᠤᠯᠤᠨ᠂ ᠤᠯᠠᠭᠠᠨᠴᠠᠪ ᠵᠡᠷᠬᠡ ᠭᠠᠵᠠᠷ ᠤᠨ ᠬᠠᠮᠵᠢᠯᠴᠨ ᠬᠦᠭᠵᠢᠬᠦ ᠶᠢ ᠲᠠᠶᠢᠴᠢᠯᠠᠵᠦ᠂ ᠬᠤᠷᠢᠨᠬᠡᠷ ᠰᠢᠨ᠎ᠠ | ᠲᠤᠭᠤᠷᠢᠬ ᠤᠨ ᠪᠦᠲᠦᠬᠡᠨ ᠪᠠᠶᠢᠭᠤᠯᠤᠯᠳᠠ ᠶᠢᠨ ᠠᠯᠬᠤᠴᠠ ᠶᠢ ᠲᠦᠷᠬᠡᠳᠬᠡᠨ᠂ ᠵᠡᠬᠦᠨ ᠪᠡᠶ᠎ᠠ ᠶᠢᠨ ᠠᠶᠢᠮᠠᠬ | ᠬᠤᠳᠠ ᠶᠢ ᠬᠦᠭᠵᠢᠬᠦᠯᠦᠨ ᠮᠠᠨᠳᠤᠭᠤᠯᠬᠤ ᠶᠢ ᠠᠬᠢᠭᠤᠯᠵᠦ᠂ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠤ | ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠲᠠᠮᠵᠢᠵᠤ᠂ ᠨᠢᠬᠡ ᠪᠦᠯᠦᠭ ᠴᠢᠬᠤᠯᠠ ᠶᠡᠭᠡ ᠲᠦᠷᠦᠯ ᠵᠤᠶᠢᠯ ᠢ | ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠴᠢᠨᠠᠷ ᠰᠠᠶᠢᠳᠠᠢ ᠬᠦᠭᠵᠢᠯᠳᠡ ᠶᠢᠨ ᠴᠢᠬᠤᠯᠠ ᠶᠡᠭᠡ ᠬᠦᠳᠡᠯᠬᠡᠬᠦ ᠬᠦᠴᠦᠨ ᠤ | ᠡᠬᠢ ᠰᠤᠷᠪᠤᠯᠵᠢ ᠶᠢ ᠨᠡᠬᠡᠬᠡᠬᠦ ᠬᠡᠷᠡᠭᠳᠠᠢ᠃ | ᠪᠡᠯᠡ ᠤᠷᠤᠭᠤᠯᠤᠯᠳᠠ ᠶᠢ ᠬᠦᠴᠦᠯᠡᠨ ᠲᠤᠬᠳᠠᠪᠤᠷᠢᠵᠢᠭᠤᠯᠵᠦ ᠲᠤᠳᠠᠭᠤᠳᠠᠯ ᠢᠶᠠᠨ ᠨᠦᠬᠦᠪᠤᠷᠢᠯᠡᠨ᠂ ᠰᠠᠭᠤᠷᠢ | ᠪᠡᠯᠡᠳᠬᠡᠮᠵᠢ ᠂ ᠠᠵᠦ ᠦᠢᠯᠡᠰ ᠤᠨ ᠬᠦᠭᠵᠢᠯᠳᠠ᠂ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠰᠢᠨ᠎ᠠ | ᠡᠬᠦᠳᠦᠯᠳᠡ᠂ ᠠᠮᠢ ᠠᠬᠤᠢ ᠤᠷᠴᠢᠨ ᠲᠤᠭᠤᠷᠢᠨ᠂ ᠤᠯᠠᠨ ᠨᠡᠶᠢᠳᠡ ᠶᠢᠨ ᠦᠢᠯᠡᠴᠢᠯᠡᠭᠡ ᠵᠡᠷᠬᠡ ᠬᠦᠷᠢᠶ᠎ᠠ | ᠴᠠᠷᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠵᠦᠢ ᠵᠤᠬᠢᠰᠳᠠᠢ ᠦᠷ᠎ᠠ ᠪᠦᠲᠦᠮᠵᠢᠳᠡᠢ ᠬᠡᠷᠡᠭᠯᠡᠭᠡ ᠶᠢ ᠦᠷᠬᠡᠳᠬᠡᠨ᠂ | ᠬᠦᠭᠵᠢᠯᠳᠡ ᠶᠢᠨ ᠲᠤᠳᠠᠭᠤᠳᠠᠯ ᠢᠶᠠᠨ ᠨᠦᠬᠦᠪᠦᠷᠢᠯᠡᠨ᠂ ᠬᠡᠯᠪᠡᠷᠢ ᠶᠢᠨ ᠬᠤᠪᠢᠷᠠᠭᠤᠯᠤᠯᠳᠠ ᠶᠢᠨ ᠲᠦᠭᠵᠢᠷᠡᠯ ᠢ | ᠠᠷᠢᠯᠭᠠᠵᠤ᠂ ᠬᠦᠭᠵᠢᠯᠳᠡ ᠶᠢᠨ ᠰᠤᠳᠠᠰᠤ ᠶᠢ ᠨᠡᠪᠳᠡᠷᠡᠬᠦᠯᠬᠦ ᠬᠡᠷᠡᠭᠳᠠᠢ᠃ ᠠᠷᠠᠯᠵᠢᠶᠠᠴᠢᠨ ᠤᠷᠢᠵᠦ ᠪᠡᠯᠡ | ᠤᠷᠤᠭᠤᠯᠬᠤ ᠶᠢ ᠴᠢᠩᠭᠠᠳᠬᠠᠨ᠂ ᠲᠦᠷᠦᠯ ᠵᠦᠢᠯ ᠤᠨ ᠪᠦᠲᠦᠬᠡᠨ ᠪᠠᠶᠢᠭᠤᠯᠤᠯᠳᠠ ᠶᠢ ᠲᠤᠪᠤᠶᠢᠯᠭᠠᠨ ᠰᠠᠶᠢᠳᠤᠷ | ᠠᠳᠬᠤᠵᠦ᠂ ᠪᠦᠬᠦ ᠬᠦᠴᠦᠨ ᠢᠶᠠᠷ ᠢᠶᠠᠨ ᠬᠦᠮᠦᠷᠬᠡᠯᠡᠯᠳᠡ ᠶᠢ ᠠᠳᠬᠤᠨ᠂ ᠪᠠᠷᠢᠯᠭ᠎ᠠ ᠡᠬᠢᠯᠡᠬᠦᠯᠬᠦ ᠶᠢ ᠠᠳᠬᠤᠵᠤ᠂ | ᠠᠬᠢᠴᠠ ᠶᠢ ᠠᠳᠬᠤᠨ᠂ ᠡᠷᠬᠢᠯᠳᠡ ᠶᠢ ᠠᠳᠬᠤᠵᠤ᠂ ᠬᠦᠴᠦᠨ ᠢᠶᠠᠨ ᠲᠦᠪᠯᠡᠷᠡᠬᠦᠯᠦᠨ ᠴᠢᠬᠤᠯᠠ ᠶᠡᠭᠡ | ᠲᠤᠯᠭᠠᠭᠤᠷᠢᠯᠠᠬᠤ ᠴᠢᠨᠠᠷᠳᠠᠢ ᠲᠦᠷᠦᠯ ᠵᠦᠢᠯ ᠢ ᠨᠠᠶᠢᠳᠠᠪᠤᠷᠢᠵᠢᠭᠤᠯᠵᠤ ᠦᠷ᠎ᠠ ᠪᠦᠲᠦᠮᠵᠢ ᠭᠠᠷᠭᠠᠬᠤ ᠶᠢ ᠠᠬᠢᠭᠤᠯᠬᠤ | ᠬᠡᠷᠡᠭᠳᠠᠢ᠃ ᠪᠡᠯᠡ ᠤᠷᠤᠭᠤᠯᠵᠦ ᠪᠡᠯᠡ ᠬᠤᠷᠠᠮᠳᠤᠭᠤᠯᠬᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ | ᠬᠦᠨᠵᠡᠬᠡᠶᠢᠷᠡᠬᠦᠯᠦᠨ᠂ ᠤᠯᠠᠨ ᠲᠡᠰ ᠲᠠᠪᠬᠤᠷᠭ᠎ᠠ ᠶᠢᠨ ᠬᠦᠷᠦᠩᠬᠡ ᠶᠢᠨ ᠵᠠᠬ᠎ᠠ ᠲᠡᠯᠬᠡᠬᠦᠷ ᠢ ᠰᠠᠶᠢᠳᠤᠷ ᠬᠡᠷᠡᠭᠯᠡᠵᠦ᠂ | ᠵᠠᠬ᠎ᠠ ᠲᠡᠯᠬᠡᠬᠦᠷ ᠤᠨ ᠭᠤᠤᠯ ᠴᠤᠬᠴᠠ ᠶᠢᠨ ᠪᠡᠯᠡ ᠤᠷᠤᠭᠤᠯᠵᠦ ᠪᠡᠯᠡ ᠬᠤᠷᠠᠮᠳᠤᠭᠤᠯᠬᠤ ᠢᠳᠡᠪᠬᠢᠵᠢᠯ ᠢ ᠬᠦᠭᠵᠢᠬᠡᠨ᠂ | ᠪᠡᠯᠡ ᠤᠷᠤᠭᠤᠯᠤᠯᠳᠠ ᠶᠢᠨ ᠦᠷᠡᠵᠢᠭᠦᠯᠬᠦ ᠦᠢᠯᠡᠳᠦᠯ ᠤᠨ ᠦᠷ᠎ᠡ ᠠᠰᠢᠭ ᠢ ᠬᠦᠢᠴᠡᠳ ᠪᠠᠳᠠᠷᠠᠭᠤᠯᠬᠤ ᠬᠡᠷᠡᠭᠳᠠᠢ᠃ | ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠪᠠᠳᠤᠳᠠᠢ | ᠠᠬᠢᠭᠤᠯᠵᠤ᠂ ᠮᠠᠯ ᠠᠵᠦ ᠠᠬᠤᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ | ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ᠂ ᠤᠳᠤ ᠦᠶ᠎ᠠ ᠶᠢᠨ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ | ᠤᠨ ᠰᠢᠰᠲ᠋ᠧᠮᠵᠢ᠂ ᠦᠢᠯᠡᠳᠪᠦᠷᠢᠯᠡᠯ ᠤᠨᠰᠢᠰᠲ᠋ᠧᠮᠵᠢ᠂ ᠡᠵᠡᠩᠨᠡᠯᠳᠡ ᠶᠢᠨ ᠰᠢᠰᠲ᠋ᠧᠮᠵᠢ ᠶᠢ ᠲᠦᠷᠬᠡᠳᠬᠡᠨ | ᠴᠤᠬᠴᠠᠯᠠᠵᠦ᠂ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠶᠢ ᠯᠠᠪᠳᠠᠭᠤᠨ ᠪᠠᠳᠤᠳᠠᠢ | ᠦᠷᠨᠢᠬᠦᠯᠵᠤ᠂ ᠬᠤᠭ ᠨᠤᠪᠰᠢ ᠪᠤᠬᠢᠷ ᠤᠰᠤ ᠶᠢ ᠰᠢᠢᠳᠪᠦᠷᠢᠯᠡᠬᠦ᠂ ᠵᠤᠷᠯᠤᠩ ᠤᠨ ᠬᠤᠪᠢᠰᠬᠠᠯ᠂ ᠲᠤᠰᠬᠤᠨ ᠤ | ᠦᠩᠬᠡ ᠲᠦᠷᠬᠦ ᠶᠢ ᠴᠡᠭᠴᠡᠯᠡᠨ ᠵᠠᠰᠠᠵᠦ ᠲᠡᠭᠡᠭᠰᠢᠯᠡᠬᠦᠯᠬᠦ ᠶᠢ ᠲᠤᠪᠤᠶᠢᠮ᠎ᠠ ᠪᠠᠶᠢᠷᠢᠨ ᠳᠤ ᠲᠠᠯᠪᠢᠨ ᠰᠠᠶᠢᠳᠤᠷ | ᠠᠳᠬᠤᠵᠤ᠂ ᠤᠷᠤᠨ ᠨᠤᠳᠤᠭ ᠤᠨ ᠪᠤᠳᠠᠳᠤ ᠪᠠᠶᠢᠳᠠᠯ ᠳᠤ ᠲᠤᠬᠢᠷᠠᠭᠤᠯᠤᠨ ᠬᠦᠳᠡᠭᠡ ᠲᠤᠰᠬᠤᠨ ᠤ ᠪᠦᠲᠦᠬᠡᠨ | ᠪᠠᠶᠢᠭᠤᠯᠤᠯᠳᠠ ᠶᠢ ᠠᠬᠢᠭᠤᠯᠵᠤ᠂ ᠬᠤᠳᠠ ᠬᠦᠳᠡᠭᠡ ᠶᠢ ᠠᠭᠤᠰᠤᠯᠴᠠᠭᠤᠯᠤᠨ ᠬᠦᠭᠵᠢᠬᠦᠯᠬᠦ ᠪᠠᠶᠢᠭᠤᠯᠤᠮᠵᠢ | ᠲᠤᠬᠳᠠᠴᠠ ᠶᠢ ᠪᠠᠶᠢᠭᠤᠯᠤᠨ ᠪᠦᠷᠢᠨᠰᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠬᠢ ᠪᠠᠶᠠᠯᠢᠬ ᠢ ᠡᠷᠬᠢᠯᠳᠡ ᠳᠤ | ᠤᠷᠤᠭᠤᠯᠤᠨ᠂ ᠡᠯᠧᠮᠧᠨ᠋ᠲ ᠤᠨ ᠴᠢᠯᠦᠬᠡᠳᠤ ᠬᠦᠢᠯᠭᠡᠭᠡ ᠶᠢ ᠠᠬᠢᠭᠤᠯᠵᠦ᠂ ᠬᠦᠳᠡᠭᠡ ᠲᠤᠰᠬᠤᠨ ᠤ ᠠᠵᠦ ᠦᠢᠯᠡᠰ᠂ | ᠴᠢᠳᠠᠪᠤᠷᠢᠳᠠᠨ᠂ ᠰᠤᠶᠤᠯ᠂ ᠠᠮᠢ ᠠᠬᠤᠢ᠂ ᠵᠤᠬᠢᠶᠠᠨ ᠪᠠᠶᠢᠭᠤᠯᠤᠯᠳᠠ ᠶᠢ ᠪᠦᠬᠦ ᠲᠠᠯ᠎ᠠ ᠪᠠᠷ ᠬᠦᠭᠵᠢᠬᠦᠯᠦᠨ | ᠮᠠᠨᠳᠤᠭᠤᠯᠬᠤ ᠶᠢ ᠠᠬᠢᠭᠤᠯᠬᠤ ᠬᠡᠷᠡᠭᠳᠠᠢ᠃ | ᠵᠠᠬ᠎ᠠ ᠲᠡᠯᠬᠡᠬᠦᠷᠴᠢᠯᠡᠬᠦ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠪᠦᠬᠦ ᠲᠠᠯ᠎ᠠ ᠶᠢᠨ ᠨᠡᠬᠡᠬᠡᠯᠳᠡ ᠶᠢ | ᠦᠷᠬᠡᠳᠬᠡᠨ᠂ ᠬᠦᠭᠵᠢᠯᠳᠡ ᠶᠢᠨ ᠬᠦᠴᠢᠷᠳᠡᠯ ᠴᠡᠭ᠂ ᠲᠦᠭᠵᠢᠷᠠᠯ ᠴᠡᠭ᠂ ᠡᠪᠡᠷᠰᠢᠶᠡᠯ ᠴᠡᠭ ᠢᠶᠠᠷ | ᠦᠬᠡᠷᠡᠴᠢᠯᠡᠯᠳᠡ ᠶᠢᠨ ᠢᠶᠠᠨ ᠭᠠᠷᠳᠠᠴᠠ ᠪᠠ ᠰᠢᠪᠲᠤᠯᠤᠯᠳᠠ ᠪᠤᠯᠭᠠᠬᠤ ᠶᠢ ᠪᠠᠷᠢᠮᠳᠠᠯᠠᠵᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾᠂ ᠤᠯᠤᠰ ᠤᠨ ᠦᠮᠴᠢᠯᠡᠯ ᠤᠨ ᠡᠳ᠋ ᠬᠦᠷᠦᠩᠬᠡ ᠤᠯᠤᠰ ᠤᠨ ᠦᠮᠴᠢᠯᠡᠯ ᠤᠨ ᠠᠵᠦ ᠠᠬᠤᠶᠢᠯᠠᠯ᠂ | ᠦᠮᠴᠢᠯᠡᠯ ᠤᠨ ᠡᠷᠬᠡ ᠶᠢᠨ ᠲᠦᠷᠢᠮ᠂ ᠡᠯᠧᠮᠧᠨ᠋ᠲ ᠤᠨ ᠵᠠᠬ᠎ᠠ ᠲᠡᠯᠬᠡᠬᠦᠷ ᠵᠡᠷᠬᠡ ᠴᠢᠬᠤᠯᠠ ᠶᠡᠭᠡ ᠦᠬᠡᠷᠡᠴᠢᠯᠡᠯᠳᠡ ᠶᠢ | ᠪᠦᠬᠦ ᠲᠠᠯ᠎ᠠ ᠪᠠᠷ ᠠᠬᠢᠭᠤᠯᠬᠤ ᠬᠡᠷᠡᠭᠳᠠᠢ᠃ ᠡᠳ᠋ ᠬᠦᠷᠦᠩᠬᠡ᠂ ᠮᠡᠷᠬᠡᠵᠢᠯ᠂ ᠴᠢᠳᠠᠪᠤᠷᠢᠳᠠᠨ ᠵᠡᠷᠬᠡ ᠲᠡᠭᠡᠳᠤ ᠲᠡᠰ ᠤᠨ | ᠡᠯᠧᠮᠧᠨ᠋ᠲ ᠢ ᠬᠦᠴᠦᠯᠡᠨ ᠤᠷᠤᠭᠤᠯᠵᠤ᠂ ᠲᠠᠪᠠᠭᠤᠯᠢᠬᠳᠤ ᠠᠵᠦ ᠠᠬᠤᠶᠢᠯᠠᠯ ᠪᠠ ᠤᠨᠴᠠᠯᠢᠬᠳᠤ ᠦᠢᠯᠡᠳᠬᠦᠨ ᠤ ︽ | ᠭᠠᠷᠴᠤ ᠶᠠᠪᠤᠬᠤ︾ ᠶᠢ ᠢᠳᠡᠪᠬᠢᠳᠡᠢ ᠠᠬᠢᠭᠤᠯᠤᠨ᠂ ᠬᠢᠯᠢ ᠲᠠᠭᠠᠤ ᠨᠡᠬᠡᠬᠡᠯᠳᠡ ᠬᠢᠬᠦ ᠶᠢ ᠦᠷᠬᠦᠯᠵᠢᠯᠡᠨ ᠦᠷᠬᠡᠳᠬᠡᠵᠦ᠂ | ᠨᠠᠷᠮᠠᠢ ᠬᠢᠯᠢ ᠶᠢᠨ ᠪᠤᠭᠤᠮᠳᠠ ᠶᠢᠨ ᠠᠵᠦ ᠠᠬᠤᠢ ᠶᠢ ᠭᠦᠭᠵᠢᠬᠦᠯᠦᠨ᠂ ᠵᠠᠮ ᠲᠠᠬᠡᠬᠡᠪᠤᠷᠢ ᠶᠢᠨ ᠠᠵᠦ ᠠᠬᠤᠢ ᠶᠢ | ᠤᠷᠤᠨ ᠭᠠᠵᠠᠷ ᠤᠨ ᠠᠵᠦ ᠠᠬᠤᠢ ᠪᠤᠯᠭᠠᠨ ᠬᠤᠪᠢᠷᠠᠭᠤᠯᠬᠤ ᠬᠡᠷᠡᠭᠳᠠᠢ᠃ ᠠᠷᠠᠯᠵᠢᠶ᠎ᠠ ᠡᠵᠡᠩᠨᠡᠬᠦ ᠤᠷᠴᠢᠨ ᠲᠤᠭᠤᠷᠢᠨ | ᠢ ᠪᠦᠬᠦ ᠲᠠᠯ᠎ᠠ ᠪᠠᠷ ᠰᠢᠯᠢᠳᠡᠭᠵᠢᠬᠦᠯᠵᠤ᠂ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠠ ᠶᠢ ᠨᠠᠶᠢᠳᠠᠪᠤᠷᠢᠵᠢᠭᠤᠯᠬᠤ ᠶᠢ | ᠴᠢᠩᠭᠠᠳᠬᠠᠨ᠂ ᠠᠷᠠᠳ ᠤᠨ ᠡᠵᠡᠩᠨᠡᠯᠳᠡ ᠶᠢᠨ ᠠᠵᠦ ᠠᠬᠤᠢ ᠶᠢᠨ ᠬᠦᠭᠵᠢᠯᠳᠡ ᠶᠢ ᠲᠡᠮᠵᠢᠵᠦ᠂ ᠵᠠᠬ᠎ᠠ ᠲᠡᠯᠬᠡᠬᠦᠷ | ᠤᠨ ᠠᠮᠢᠵᠢᠷᠠᠯ ᠤᠨ ᠬᠦᠴᠦᠨ ᠢ ᠬᠦᠢᠴᠡᠳ ᠬᠦᠭᠵᠢᠬᠡᠨ ᠬᠦᠭᠵᠢᠯᠳᠡ ᠶᠢᠨ ᠬᠦᠳᠡᠯᠬᠡᠬᠦ ᠡᠨᠧᠷᠬᠢ ᠶᠢ ᠲᠦᠪᠯᠡᠷᠡᠬᠦᠯᠦᠨ | ᠬᠤᠷᠠᠮᠳᠤᠭᠤᠯᠬᠤ ᠬᠡᠷᠡᠭᠳᠠᠢ᠃ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠤ᠂ | ᠠᠵᠢᠯ ᠤᠯᠭᠤᠯᠳᠠ ᠶᠢ ᠲᠤᠬᠳᠠᠪᠤᠷᠢᠵᠢᠭᠤᠯᠬᠤ ᠶᠢ ᠲᠤᠪᠤᠶᠢᠮ᠎ᠠ ᠪᠠᠶᠢᠷᠢᠨ ᠳᠤ ᠲᠠᠯᠪᠢᠨ᠂ ᠰᠤᠷᠭᠠᠨ ᠬᠦᠮᠦᠵᠢᠯ᠂ ᠡᠮ | ᠡᠮᠨᠡᠯᠬᠡ ᠡᠷᠡᠬᠦᠯ ᠬᠠᠮᠠᠭᠠᠯᠠᠯ᠂ ᠨᠡᠶᠢᠬᠡᠮ ᠤᠨ ᠪᠠᠳᠤᠯᠠᠭ᠎ᠠ ᠵᠡᠷᠬᠡ ᠤᠯᠠᠨ ᠲᠦᠮᠡᠨ ᠤ ᠬᠠᠮᠤᠬ ᠠᠴᠠ ᠰᠡᠳᠬᠢᠯ | ᠲᠠᠯᠪᠢᠳᠠᠭ᠂ ᠬᠠᠮᠤᠬ ᠤᠨ ᠰᠢᠭᠤᠳ ᠬᠠᠮᠤᠬ ᠤᠨ ᠪᠤᠳᠠᠳᠠᠢ ᠠᠰᠢᠬ ᠲᠤᠰᠠ ᠶᠢᠨ ᠠᠰᠠᠭᠤᠳᠠᠯ ᠢ ᠠᠳᠬᠤᠨ᠂ | ᠲᠦᠬᠡᠮᠡᠯ ᠠᠰᠢᠭ ᠬᠦᠷᠳᠡᠬᠡᠬᠦ ᠴᠢᠨᠠᠷᠳᠠᠢ᠂ ᠰᠠᠭᠤᠷᠢ ᠴᠢᠨᠠᠷᠳᠠᠢ᠂ ᠬᠤᠷᠢᠭ᠎ᠠ ᠱᠤᠭᠤᠮ ᠤᠨ ᠴᠢᠨᠠᠷᠳᠠᠢ ᠠᠷᠠᠳ ᠤᠨ | ᠠᠮᠢᠳᠤᠷᠠᠯ ᠤᠨ ᠪᠠᠶᠢᠭᠤᠯᠤᠯᠳᠠ ᠶᠢ ᠴᠢᠩᠭᠠᠳᠬᠠᠵᠤ᠂ ᠵᠦᠷᠢᠴᠡᠯ ᠢ ᠰᠢᠢᠳᠪᠦᠷᠢᠯᠡᠬᠦ᠂ ᠠᠶᠤᠯ ᠲᠥᠭᠰᠢᠭᠦᠷᠢ ᠶᠢ | ᠰᠡᠷᠬᠡᠶᠢᠯᠡᠬᠦ᠂ ᠨᠡᠶᠢᠬᠡᠮ ᠤᠨ ᠠᠮᠤᠷ ᠢ ᠬᠠᠮᠠᠭᠠᠯᠠᠬᠤ᠂ ᠠᠶᠤᠯ ᠦᠭᠡᠢ ᠦᠢᠯᠡᠤᠨᠪᠦᠷᠢᠯᠡᠯ᠂ ᠢᠳᠡᠬᠡᠨ ᠪᠠ ᠡᠮ ᠤᠨ | ᠵᠤᠶᠢᠯᠡᠰ ᠤᠨ ᠠᠮᠤᠷ ᠲᠦᠪᠰᠢᠨ ᠵᠡᠷᠬᠡ ᠲᠠᠯ᠎ᠠ ᠶᠢᠨ ᠠᠵᠢᠯ ᠢ ᠯᠠᠪᠳᠠᠭᠤᠨ ᠪᠠᠳᠤᠳᠠᠢ ᠦᠷ᠎ᠠ ᠪᠦᠲᠦᠮᠵᠢᠳᠡᠢ ᠰᠠᠶᠢᠳᠤᠷ | ᠬᠢᠵᠦ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠤ ᠲᠦᠷᠦᠭᠳᠡᠯ᠂ ᠠᠮᠤᠷ ᠲᠦᠪᠰᠢᠨ ᠤ | ᠲᠦᠷᠦᠭᠳᠡᠯ ᠢ ᠦᠨᠡᠨ ᠬᠦ ᠳᠡᠭᠡᠭᠰᠢᠯᠡᠬᠦᠯᠬᠦ ᠬᠡᠷᠡᠭᠳᠠᠢ ᠬᠡᠵᠤ ᠴᠢᠬᠤᠯᠠᠴᠢᠯᠠᠪᠠ᠃ | ᠪᠦᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠳᠠᠯ ᠤᠯᠠᠮ ᠪᠤᠳᠤᠯᠢᠶᠠᠨᠳᠠᠢ᠂ ᠡᠭᠦᠷᠭᠡ ᠤᠯᠠᠮ | ᠬᠦᠨᠳᠦ ᠪᠤᠯᠬᠤ ᠲᠤᠳᠤᠮ ᠨᠠᠮ ᠤᠨ ᠲᠦᠪ ᠬᠤᠷᠢᠶᠠᠨ ᠤ ᠵᠠᠷᠯᠢᠭ ᠵᠢᠭᠠᠪᠤᠷᠢ ᠶᠢ ᠤᠯᠠᠮ ᠡᠷᠡᠰ ᠲᠠᠰᠤ ᠪᠠᠷ ᠰᠤᠨᠤᠰᠤᠨ | ᠲᠠᠭᠠᠵᠤ᠂ ᠨᠠᠮ ᠤᠨ ᠠᠵᠤ ᠠᠬᠤᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠳᠠᠢ᠃ ᠨᠠᠮ ᠤᠨ | ᠲᠦᠪ ᠬᠤᠷᠢᠶᠠᠨ ᠤ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠪᠠᠷᠢᠮᠳᠠᠯᠠᠨ᠂ ᠤᠷᠳᠤ ᠬᠤᠭᠤᠴᠠᠭᠠᠨ ᠤ ᠶᠡᠭᠡ | ᠬᠠᠨᠳᠤᠰᠢ ᠠᠴᠠ ᠤᠳᠤᠬᠠᠨ ᠤ ᠪᠠᠶᠢᠳᠠᠯ ᠢᠶᠠᠨ ᠲᠠᠨᠢᠬᠤ ᠶᠢ ᠪᠠᠷᠢᠮᠳᠠᠯᠠᠵᠤ᠂ ᠲᠦᠪ ᠤᠨ ᠬᠤᠷᠸ᠎ᠠ ᠡᠵᠡᠮᠰᠢᠯ | ᠲᠤᠬᠢᠷᠠᠭᠤᠯᠭ᠎ᠠ ᠶᠢᠨ ᠲᠦᠷᠦ ᠶᠢᠨ ᠪᠤᠳᠤᠯᠭ᠎ᠠ ᠶᠢ ᠤᠨᠤᠪᠴᠢᠳᠠᠢ ᠪᠠᠷ ᠡᠵᠡᠮᠳᠡᠬᠦ ᠶᠢ ᠪᠠᠷᠢᠮᠳᠠᠯᠠᠨ᠂ ᠨᠡᠶᠢᠭᠡᠮ ᠤᠨ | ᠰᠡᠳᠬᠢᠯ ᠲᠠᠯᠪᠢᠬᠤ ᠠᠰᠠᠭᠤᠳᠠᠯ ᠳᠤ ᠴᠠᠭ ᠲᠤᠬᠠᠢ ᠳᠤ ᠨᠢ ᠬᠠᠷᠢᠭᠤᠯᠳᠠ ᠦᠭᠬᠦ ᠶᠢ ᠪᠠᠷᠢᠮᠳᠠᠯᠠᠵᠤ᠂ ᠡᠯ᠎ᠠ ᠲᠠᠯ᠎ᠠ ᠶᠢᠨ | ᠢᠳᠡᠪᠬᠢᠵᠢᠯ ᠢ ᠭᠦᠢᠴᠡᠳ ᠲᠠᠶᠢᠴᠢᠯᠠᠬᠤ ᠶᠢ ᠪᠠᠷᠢᠮᠳᠠᠯᠠᠨ᠂ ᠠᠵᠤ ᠠᠬᠤᠢ ᠶᠢᠨ ᠬᠦᠭᠵᠢᠯᠳᠡ ᠶᠢᠨ ᠵᠦᠪ ᠴᠢᠭᠯᠡᠯ ᠢᠶᠠᠷ | ᠤᠷᠤᠭᠰᠢᠯᠠᠬᠤ ᠶᠢ ᠡᠷᠡᠰ ᠠᠬᠢᠭᠤᠯᠬᠤ ᠬᠡᠷᠡᠭᠳᠡᠢ᠃ ᠠᠵᠤ ᠠᠬᠤᠢ ᠶᠢᠨ ᠠᠵᠢᠯ ᠳᠠᠬᠢ ᠴᠢᠬᠤᠯᠠ ᠶᠡᠭᠡ ᠬᠠᠷᠢᠴᠠᠭ᠎ᠠ ᠶᠢ | ᠵᠦᠪ ᠤᠨᠤᠪᠴᠢᠳᠠᠢ ᠪᠠᠷ ᠡᠵᠡᠮᠳᠡᠬᠦ ᠪᠠ ᠰᠢᠢᠳᠪᠦᠷᠢᠯᠡᠵᠦ᠂ ᠲᠦᠪ ᠤᠨ ᠰᠢᠢᠳᠪᠦᠷᠢᠳᠤ ᠪᠤᠳᠤᠯᠭ᠎ᠠ ᠶᠢᠨ | ᠪᠠᠶᠢᠷᠢᠯᠠᠭᠤᠯᠤᠯᠳᠠ ᠶᠢ ᠲᠤᠭᠤᠰᠢᠯᠠᠭᠤᠯᠬᠤ ᠬᠢᠬᠡᠳ ᠪᠦᠳᠦᠬᠡᠯᠴᠢ ᠴᠢᠨᠠᠷᠳᠠᠢ ᠪᠠᠷ ᠠᠵᠢᠯ ᠦᠷᠨᠢᠭᠦᠯᠬᠦ ᠶᠢ | ᠨᠢᠭᠡᠳᠦᠭᠦᠯᠵᠦ᠂ ᠤᠨᠤᠯ ᠢᠶᠠᠷ ᠵᠡᠪᠰᠡᠭᠯᠡᠬᠦ ᠬᠢᠭᠡᠳ ᠪᠤᠳᠠᠳᠠᠢ ᠠᠰᠠᠭᠤᠳᠠᠯ ᠢ ᠰᠢᠢᠳᠪᠦᠷᠢᠯᠡᠬᠦ ᠶᠢ ᠤᠶᠠᠯᠳᠤᠭᠤᠯᠤᠨ᠂ | ᠴᠢᠨᠠᠷ ᠰᠠᠶᠢᠳᠠᠢ ᠬᠦᠭᠵᠢᠯᠳᠡ ᠬᠢᠭᠡᠳ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠨᠢᠭᠡᠳᠦᠭᠦᠯᠵᠦ᠂ | ᠺᠠᠳ᠋ᠷᠴᠤᠳ ᠤᠨ ᠵᠤᠷᠢᠭᠳᠠᠢ ᠪᠠᠷ ᠡᠬᠦᠷᠬᠡᠯᠡᠵᠤ ᠵᠤᠷᠢᠭᠳᠠᠢ ᠪᠠᠷ ᠠᠵᠢᠯᠯᠠᠬᠤ ᠶᠢ ᠤᠷᠮᠠᠰᠢᠭᠤᠯᠤᠨ ᠵᠤᠷᠢᠭᠵᠢᠭᠤᠯᠬᠤ ᠪᠠ | ᠬᠠᠯᠠᠮᠵᠢᠯᠠᠨ ᠬᠠᠶᠢᠷᠠᠯᠠᠬᠤ ᠶᠢ ᠠᠭᠤᠰᠤᠯᠴᠠᠭᠤᠯᠵᠤ᠂ ᠠᠵᠤ ᠠᠬᠤᠢ ᠶᠢᠨ ᠠᠵᠢᠯ ᠤᠨ ᠰᠠᠨᠠᠭᠠᠴᠢᠯᠠᠭᠠᠳᠤ ᠡᠷᠭᠡ ᠶᠢ | ᠪᠠᠳᠤ ᠡᠵᠡᠮᠳᠡᠬᠦ ᠬᠡᠷᠡᠭᠳᠡᠢ᠃ ᠠᠵᠢᠯ ᠢᠶᠠᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠰᠤᠷᠤᠯᠴᠠᠯᠭ᠎ᠠ ᠶᠢ | ᠴᠢᠩᠭᠠᠳᠬᠠᠨ ᠪᠠᠶᠢᠴᠠᠭᠠᠨ ᠰᠤᠳᠤᠯᠤᠯᠳᠠ ᠬᠢᠬᠦ ᠶᠢ ᠴᠢᠩᠭᠠᠳᠬᠠᠵᠤ᠂ ᠬᠠᠤᠯᠢᠵᠢᠯ ᠤᠨ ᠤᠬᠠᠮᠰᠠᠷ ᠢᠶᠠᠨ | ᠲᠡᠭᠡᠭᠰᠢᠯᠡᠭᠦᠯᠦᠨ᠂ ᠵᠤᠷᠢᠭᠳᠠᠢ ᠪᠠᠷ ᠡᠬᠦᠷᠬᠡᠯᠡᠵᠤ ᠵᠤᠷᠢᠭᠳᠠᠢ ᠪᠠᠷ ᠠᠵᠢᠯᠯᠠᠵᠤ᠂ ᠦᠨᠡᠨ ᠢ ᠪᠠᠷᠢᠮᠳᠠᠯᠠᠨ ᠪᠤᠳᠠᠳᠠᠢ ᠶᠢ | ᠡᠷᠬᠢᠮᠯᠡᠬᠦ ᠶᠢ ᠪᠠᠷᠢᠮᠳᠠᠯᠠᠵᠤ᠂ ᠠᠵᠤ ᠠᠬᠤᠢ ᠶᠢ ᠴᠢᠨᠠᠷ ᠰᠠᠶᠢᠳᠠᠢ ᠪᠠᠷ ᠬᠦᠭᠵᠢᠬᠦᠯᠬᠦ ᠶᠢ ᠤᠳᠤᠷᠢᠳᠬᠤ ᠴᠢᠳᠠᠪᠤᠷᠢ ᠪᠠ | ᠲᠦᠪᠰᠢᠨ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠳᠡᠢ ᠬᠡᠪᠠ᠃ | ᠪᠦᠬᠦᠳᠡ ᠬᠤᠷᠠᠯ ᠠᠴᠠ ᠵᠢᠭᠠᠭᠰᠠᠨ ᠨᠢ᠂ ᠠᠵᠤ ᠠᠬᠤᠢ ᠶᠢ ᠠᠳᠬᠤᠨ ᠬᠦᠭᠵᠢᠯᠳᠡ ᠶᠢ ᠠᠬᠢᠭᠤᠯᠬᠤ ᠶᠢᠨ | ᠴᠢᠬᠤᠯᠠ ᠠᠭᠤᠯᠭ᠎ᠠ ᠨᠢ ᠠᠳᠬᠤᠬᠤ ᠳᠤ ᠪᠤᠢ᠂ ᠭᠤᠤᠯ ᠨᠢ ᠬᠦᠮᠦᠨ ᠳᠤ ᠪᠤᠢ᠂ ᠵᠠᠩᠭᠢᠯᠠᠭ᠎ᠠ ᠨᠢ ᠠᠵᠢᠯᠯᠠᠬᠤ ᠳᠤ ᠪᠤᠢ᠃ | ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠳ ᠬᠠᠷᠢᠭᠤᠴᠠᠯᠭᠠᠳᠤ ᠤᠬᠠᠮᠰᠠᠷ ᠢᠶᠠᠨ ᠴᠢᠩᠭᠠᠳᠬᠠᠨ᠂ ᠡᠷᠡᠯᠭᠡᠭᠯᠡᠨ | ᠲᠡᠮᠡᠴᠡᠬᠦ ᠵᠤᠷᠢᠭ ᠰᠠᠨᠠᠭ᠎ᠠ ᠶᠢ ᠪᠠᠳᠠᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠪᠦᠬᠦ ᠵᠢᠯ ᠤᠨ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠡᠭᠦᠷᠭᠡ ᠪᠠᠨ ᠪᠡᠶᠡᠯᠡᠭᠦᠯᠬᠦ ᠬᠡᠷᠡᠭᠳᠡᠢ᠃ ᠵᠠᠩᠭᠢᠯᠠᠭ᠎ᠠ ᠶᠢᠨ ᠴᠠᠭ ᠢ | ᠠᠳᠬᠤᠵᠤ᠂ ᠲᠠᠷᠤᠢ ᠳᠤ ᠨᠢ ᠬᠦᠳᠡᠯᠦᠯᠴᠡᠵᠤ᠂ ᠲᠦᠷᠦᠯ ᠵᠦᠢᠯ ᠤᠨ ᠲᠦᠯᠦᠪᠯᠡᠭᠡ ᠲᠤᠭᠳᠠᠭᠠᠨ ᠠᠵᠢᠯ ᠤᠨ | ᠲᠦᠰᠦᠯ ᠭᠠᠷᠭᠠᠵᠤ᠂ ᠡᠯ᠎ᠠ ᠵᠦᠢᠯ ᠤᠨ ᠠᠵᠢᠯ ᠢᠶᠠᠨ ᠤᠷᠢᠳᠴᠢᠯᠠᠭᠤᠯᠵᠤ᠂ ᠲᠦᠷᠦᠭᠦᠦ ᠤᠯᠠᠷᠢᠯ ᠳᠤ ᠲᠡᠬᠦᠰ | ᠠᠮᠵᠢᠯᠳᠠ ᠤᠯᠬᠤ ᠶᠢ ᠪᠡᠶᠡᠯᠡᠭᠦᠯᠬᠦ ᠬᠡᠷᠡᠭᠳᠡᠢ᠃ ᠵᠠᠩᠭᠢᠯᠠᠭ᠎ᠠ ᠶᠢᠨ ᠶᠠᠪᠤᠳᠠᠯ ᠢ ᠰᠠᠶᠢᠳᠤᠷ ᠠᠳᠬᠤᠵᠤ᠂ ᠪᠤᠴᠠᠬᠤ | ᠮᠦᠷ ᠦᠬᠡᠢ ᠪᠠᠷ ᠲᠠᠮᠡᠴᠡᠬᠦ ᠡᠷᠡᠰ ᠵᠤᠷᠢᠭ ᠪᠤᠯᠤᠨ ᠪᠤᠭᠤᠮᠳᠠ ᠡᠪᠳᠡᠨ ᠴᠠᠶᠢᠵᠠ ᠰᠢᠪᠳᠤᠯᠬᠤ ᠡᠷᠴᠢ ᠬᠦᠴᠦ ᠪᠠᠷ | ᠦᠭᠡᠷᠡᠴᠢᠯᠡᠯᠳᠡ ᠬᠦᠭᠵᠢᠯᠳᠡ ᠶᠢᠨ ᠰᠢᠪᠲᠤᠯᠤᠯᠲᠠ ᠶᠢᠨ ᠭᠤᠤᠯᠳᠠᠯᠭ᠎ᠠ ᠲᠠᠢ ᠲᠠᠶᠢᠯᠠᠯᠳᠤᠭᠠᠨ ᠢ ᠰᠠᠶᠢᠳᠤᠷ ᠬᠢᠵᠦ᠂ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠮᠢᠵᠢᠷᠠᠯ ᠤᠨ ᠬᠦᠴᠦᠨ ᠪᠤᠯᠤᠨ ᠬᠦᠳᠡᠯᠭᠡᠬᠦ ᠬᠦᠴᠦᠨ ᠢ | ᠴᠢᠩᠭᠠᠳᠬᠠᠬᠤ ᠬᠡᠷᠡᠭᠳᠡᠢ᠃ ᠵᠠᠩᠭᠢᠯᠠᠭ᠎ᠠ ᠶᠢᠨ ᠬᠦᠮᠦᠨ ᠢ ᠠᠳᠬᠤᠬᠤ᠂ ᠨᠢᠭᠡᠳᠦᠭᠡᠷ ᠭᠠᠷ ᠠᠳᠬᠤᠬᠤ ᠨᠢᠭᠡᠳᠦᠭᠡᠷ | ᠭᠠᠷ ᠢ ᠠᠳᠬᠤᠬᠤ ᠶᠢ ᠪᠠᠷᠢᠮᠳᠠᠯᠠᠨ᠂ ᠭᠤᠤᠯ ᠤᠳᠤᠷᠢᠳᠬᠤ ᠺᠠᠳ᠋ᠷ ᠤᠨ ᠰᠢᠪᠲᠤᠯᠤᠯᠲᠠ ᠶᠢ ᠠᠬᠢᠭᠤᠯᠬᠤ ᠪᠠ | ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠳᠤᠯᠠᠬᠤ ᠦᠢᠯᠡᠳᠦᠯ ᠢ ᠨᠢ ᠪᠠᠳᠠᠷᠠᠭᠤᠯᠵᠤ᠂ ᠤᠯᠠᠨ ᠲᠦᠮᠡᠨ ᠤ ᠦᠨᠡᠨ | ᠪᠤᠳᠠᠳᠠᠢ ᠦᠷ᠎ᠠ ᠠᠰᠢᠭ ᠪᠠ ᠬᠤᠪᠢᠷᠠᠯᠳᠠ ᠶᠢ ᠲᠠᠰᠤᠷᠠᠯᠳᠠ ᠦᠭᠡᠢ ᠤᠯᠵᠤ ᠬᠠᠷᠠᠬᠤ ᠶᠢ ᠪᠠᠳᠤᠯᠠᠬᠤ ᠬᠡᠷᠡᠭᠳᠡᠢ᠃ | ᠵᠠᠩᠭᠢᠯᠠᠭ᠎ᠠ ᠶᠢᠨ ᠭᠠᠵᠠᠷ ᠢ ᠠᠳᠬᠤᠵᠤ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠵᠦ᠂ | ᠵᠦᠪ ᠤᠨᠤᠪᠴᠢᠳᠠᠢ ᠪᠠᠷ ᠬᠦᠮᠦᠨ ᠬᠡᠷᠡᠭᠯᠡᠬᠦ ᠤᠳᠤᠷᠢᠳᠤᠮᠵᠢ ᠶᠢ ᠪᠠᠳᠤ ᠱᠤᠭᠤᠵᠤ᠂ ᠱᠠᠯᠠᠪᠳᠠᠭᠤᠯᠤᠨ ᠪᠠᠶᠢᠴᠠᠭᠠᠵᠤ | ᠬᠢᠨᠠᠨ ᠪᠠᠶᠢᠴᠠᠭᠠᠵᠤ ᠬᠢᠨᠠᠨ ᠰᠢᠯᠭᠠᠬᠤ ᠶᠢ ᠵᠢᠷᠤᠮᠵᠢᠭᠤᠯᠤᠨ᠂ ᠺᠠᠳ᠋ᠷᠴᠤᠳ ᠤᠨ ᠴᠤᠭ ᠵᠤᠯᠢ ᠶᠢ ᠪᠠᠳᠠᠷᠠᠭᠠᠨ᠂ | ᠵᠤᠷᠢᠭᠳᠠᠢ ᠪᠠᠷ ᠡᠬᠦᠷᠬᠡᠯᠡᠵᠤ ᠵᠤᠷᠢᠭᠳᠠᠢ ᠪᠠᠷ ᠠᠵᠢᠯᠯᠠᠬᠤ ᠶᠢ ᠨᠢ ᠤᠷᠮᠠᠰᠢᠭᠤᠯᠤᠨ ᠵᠤᠷᠢᠭᠵᠢᠭᠤᠯᠵᠤ᠂ ᠲᠦᠮᠡᠨ ᠤ | ᠰᠡᠳᠭᠢᠯ ᠢ ᠨᠢᠭᠳᠠᠷᠠᠭᠤᠯᠵᠤ ᠬᠦᠭᠵᠢᠯᠳᠡ ᠶᠢ ᠬᠠᠮᠳᠤ ᠪᠠᠷ ᠠᠬᠢᠭᠤᠯᠬᠤ ᠬᠦᠴᠦᠷᠭᠡᠭ ᠶᠡᠭᠡ ᠬᠠᠮᠳᠤᠷᠠᠯ ᠬᠦᠴᠦᠨ ᠢ | ᠪᠦᠷᠢᠯᠳᠦᠭᠦᠯᠬᠦ ᠬᠡᠷᠡᠭᠳᠠᠢ ᠬᠡᠪᠠ᠃ | ᠪᠦᠬᠦᠳᠡ ᠬᠤᠷᠠᠯ ᠠᠴᠠ ᠤᠳᠤᠬᠠᠨ ᠤ ᠭᠤᠤᠯᠳᠠᠯᠭ᠎ᠠ ᠲᠠᠢ ᠠᠵᠢᠯ ᠢᠶᠠᠨ ᠰᠠᠶᠢᠲᠤᠷ ᠬᠢᠬᠦ ᠲᠤᠬᠠᠢ | ᠪᠠᠶᠢᠷᠢᠯᠠᠭᠤᠯᠤᠯᠲᠠ ᠬᠢᠵᠦ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠳ ᠢ ᠤᠯᠠᠨ ᠲᠦᠮᠡᠨ ᠤ ᠠᠮᠢᠳᠤᠷᠠᠯ ᠢ ᠳᠡᠭᠡᠲᠤ | ᠬᠡᠮᠵᠢᠶ᠎ᠠ ᠪᠠᠷ ᠠᠩᠬᠠᠷᠴᠦ᠂ ᠴᠠᠯᠢᠩ ᠬᠦᠯᠦᠰᠦ ᠶᠢᠨ ᠦᠷᠢᠳᠤᠯ ᠢ ᠴᠡᠭᠴᠡᠯᠡᠨ ᠵᠠᠰᠠᠵᠤ ᠴᠠᠯᠢᠩ ᠬᠦᠯᠦᠰᠤ ᠶᠢᠨ | ᠤᠯᠭᠤᠯᠳᠠ ᠶᠢ ᠪᠠᠳᠤᠯᠠᠬᠤ᠂ ᠵᠠᠬ᠎ᠠ ᠳᠡᠯᠭᠡᠬᠦᠷ ᠤᠨ ᠬᠠᠩᠭᠠᠯᠭ᠎ᠠ ᠬᠡᠷᠡᠭᠴᠡᠭᠡ ᠶᠢ ᠪᠠᠲᠤᠯᠠᠬᠤ᠂ ᠬᠦᠴᠢᠷᠲᠠᠯᠲᠠᠢ ᠤᠯᠠᠨ | ᠲᠦᠮᠡᠨ ᠢ ᠬᠠᠪᠰᠤᠷᠤᠨ ᠲᠤᠰᠠᠯᠠᠬᠤ ᠵᠡᠷᠭᠡ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠠᠮᠤᠷ ᠲᠤᠬᠲᠠᠭᠤᠨ ᠢ | ᠪᠦᠬᠦ ᠬᠦᠴᠦᠨ ᠢᠶᠠᠷ ᠢᠶᠠᠨ ᠪᠠᠲᠤᠯᠠᠨ᠂ ᠡᠯ᠎ᠠ ᠵᠤᠶᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠡᠷᠡᠰ ᠴᠢᠩᠭ᠎ᠠ | ᠰᠠᠶᠢᠳᠤᠷ ᠠᠳᠬᠤᠵᠤ᠂ ᠪᠠᠶᠢᠭᠤᠯᠤᠮᠵᠢ ᠶᠢᠨ ᠦᠭᠡᠷᠡᠴᠢᠯᠡᠯᠲᠠ ᠶᠢ ᠯᠠᠪᠳᠠᠭᠤᠨ ᠮᠦᠷᠳᠡᠬᠡᠨ ᠢᠳᠡᠪᠬᠢᠲᠠᠢ ᠠᠭᠢᠭᠤᠯᠵᠦ᠂ | ᠪᠦᠬᠦ ᠵᠢᠯ ᠤᠨ ᠠᠵᠢᠯ ᠢᠶᠠᠨ ᠰᠠᠶᠢᠨ ᠰᠠᠶᠢᠬᠠᠨ ᠢᠶᠠᠷ ᠡᠬᠢᠯᠡᠬᠦᠯᠬᠦ ᠶᠢ ᠦᠨᠡᠨ ᠬᠦ ᠪᠠᠳᠤᠯᠠᠬᠤ ᠬᠡᠷᠡᠭᠳᠠᠢ ᠬᠡᠵᠠᠢ᠃ | ᠪᠦᠬᠦᠲᠠ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠤᠨ ᠨᠤᠲᠤᠭ ᠤᠨ ᠬᠤᠷᠢᠶᠠᠨ | ᠤ ᠠᠵᠢᠯ ᠤᠨ ᠲᠦᠷᠢᠮ︾ ᠤᠨ ᠬᠠᠮᠢᠶ᠎ᠠ ᠪᠦᠬᠦᠢ ᠲᠤᠬᠲᠠᠭᠠᠯ ᠢ ᠦᠨᠳᠦᠰᠦᠯᠡᠨ᠂ ᠯᠢ ᠵᠢᠶᠠ᠂ ᠴᠢᠨ ᠢ᠂ ᠸᠧᠢ | ᠬᠦᠸᠧ ᠨᠠᠨ ᠤ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠬᠡᠰᠢᠬᠦᠨ | ᠤ ᠲᠤᠰᠢᠶᠠᠯ ᠠᠴᠠ ᠪᠠᠨ ᠪᠠᠭᠤᠬᠤ ᠶᠢ ᠵᠦᠪᠰᠢᠶᠠᠷᠡᠵᠦ᠂ ᠪᠠᠢ ᠰᠢᠶᠤᠤ ᠭᠤᠧᠠᠩ ᠤᠨ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠤᠷᠤᠯᠠᠬᠴᠢ ᠬᠡᠰᠢᠭᠦᠨ ᠤ ᠲᠤᠰᠢᠶᠠᠯ ᠠᠴᠠ ᠪᠠᠨ ᠪᠠᠭᠤᠬᠤ ᠶᠢ | ᠵᠦᠪᠰᠢᠶᠡᠷᠡᠪᠡ︔ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ | ᠤᠷᠤᠯᠠᠬᠴᠢ ᠬᠡᠰᠢᠬᠦᠨ ᠸᠠᠩ ᠰᠢᠤ ᡁᠢ᠂ ᠱᠢ ᠸᠧᠨ ᠢᠦᠢ᠂ ᠯᠢᠦ ᡁᠢ ᠢᠦᠢ᠂ ᠶᠠᠩ ᠬᠤᠩ ᠵᠢᠶᠦ᠋ᠨ᠂ ᠴᠧᠨ ᠯᠢ | ᠰᠢᠨ᠂ ᠴᠧᠨ ᠯᠢ ᠶᠠᠨ ᠢ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ | ᠬᠡᠰᠢᠬᠦᠨ ᠢᠶᠠᠷ ᠲᠠᠷᠠᠭᠠᠯᠠᠨ ᠨᠦᠬᠦᠬᠦ ᠪᠠᠷ ᠲᠤᠬᠲᠠᠵᠠᠢ᠃ | ᠪᠦᠬᠦᠲᠠ ᠬᠤᠷᠠᠯ ᠠᠴᠠ᠂ ᠪᠦᠬᠦ ᠤᠷᠤᠨ ᠤ ᠡᠯ᠎ᠠ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠪᠤᠯᠤᠨ | ᠦᠷᠭᠡᠨ ᠤᠯᠠᠨ ᠨᠠᠮ ᠤᠨ ᠬᠡᠰᠢᠬᠦᠨ ᠺᠠᠳ᠋ᠷᠴᠤᠳ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶᠠᠨ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠠᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠨᠢᠬᠲᠠᠷᠨᠨ ᠪᠦᠯᠬᠦᠮᠳᠠᠵᠦ᠂ ᠵᠤᠷᠢᠭ ᠢᠶᠠᠨ ᠨᠢᠬᠡᠳᠬᠡᠨ ᠬᠦᠴᠦᠨ ᠢᠶᠠᠨ ᠬᠠᠮᠳᠤᠳᠬᠠᠵᠤ᠂ ᠰᠢᠷᠭᠠᠭᠤ ᠬᠠᠳᠠᠭᠤᠵᠢᠯᠲᠠᠢ | ᠠᠵᠢᠯᠯᠠᠨ ᠡᠷᠡᠮᠡᠬᠡᠶᠢᠯᠠᠨ ᠤᠷᠤᠬᠰᠢᠯᠠᠵᠦ᠂ ᠦᠪᠦᠷ ᠮᠤᠩᠭᠤᠯ ᠤᠨ ᠴᠢᠨᠠᠷ ᠰᠠᠶᠢᠲᠠᠢ ᠭᠦᠭᠵᠢᠯᠲᠠ ᠶᠢᠨ ᠰᠢᠨ᠎ᠠ | ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠰᠢᠨ᠎ᠠ ᠳᠤᠮᠳᠠᠳᠤ ᠤᠯᠤᠰ | ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠦ᠂ ᠡᠬᠡ ᠤᠯᠤᠰ ᠤᠨ ᠤᠮᠠᠷᠠᠳᠤ ᠶᠢᠨ ᠡᠨᠡ ᠬᠦ ᠦᠵᠡᠮᠵᠢ ᠶᠢᠨ | ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ ᠪᠤᠯᠭᠠᠨ ᠴᠤᠭᠴᠠᠯᠠᠰᠤᠭᠠᠢ ᠬᠡᠵᠤ ᠤᠷᠢᠶᠠᠯᠠᠪᠠ︕ |