ᠨᠢᠳᠤᠨᠤᠨ ᠥᠪᠥᠷ ᠮᠣᠩᠭᠤᠯ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠳᠠᠲᠤ ᠦᠷ᠎ᠡ ᠪᠦᠲᠦᠮᠵᠢ ᠤᠯᠵᠠᠢ
ᠨᠡᠶᠢᠲᠡᠯᠡᠭᠰᠡᠨ ᠴᠠᠭ᠄
2019/1/7
     2018 ᠣᠨ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠲᠤᠶᠢᠯ ᠤᠨ ᠤᠨᠤᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠥᠭᠡᠷᠡᠴᠢᠯᠡᠯᠲᠡ ᠨᠡᠭᠡᠭᠡᠯᠳᠠ ᠶᠢᠨ ᠠᠯᠬᠤᠴᠠ ᠪᠠᠨ ᠲᠦᠷᠭᠡᠳᠬᠡᠨ᠂ ᠰᠠᠭᠤᠷᠢ ᠪᠡᠯᠡᠳᠬᠡᠮᠵᠢ ᠪᠠ ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠵᠡᠷᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠨᠡᠮᠡᠭᠳᠡᠭᠦᠯᠪᠡ᠃      ᠰᠠᠭᠤᠷᠢ ᠪᠡᠯᠡᠳᠬᠡᠮᠵᠢ ᠶᠢᠨ ᠬᠦᠷᠢᠶᠡᠨ ᠳᠤ᠂ ᠲᠦᠩᠯᠢᠶᠣᠤ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠱᠤᠭᠤᠮ ᠢ ᠬᠤᠯᠪᠤᠬᠤ᠂ ᠲᠦᠩ ᠷᠠᠩ ᠳᠡᠮᠦᠷ ᠵᠠᠮ ᠤᠨ ᠴᠠᠬᠢᠯᠭᠠᠨᠵᠢᠭᠤᠯᠬᠤ ᠦᠭᠡᠷᠡᠴᠢᠯᠡᠯᠲᠡ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠦᠷᠦᠯ ᠵᠦᠢᠯ ᠢ ᠪᠠᠶᠢᠭᠤᠯᠵᠤ᠂ ᠳ᠋ᠠᠯᠢᠶᠠᠨ ᠠᠴᠠ ᠭᠤᠸᠠᠩᠵᠧᠦ ᠬᠦᠷᠬᠦ ᠳᠡᠭᠡᠳᠦ ᠬᠤᠷᠳᠤᠴᠠᠲᠤ ᠬᠤᠯᠪᠤᠭᠠᠨ ᠤ ᠱᠤᠭᠤᠮ ᠤᠨ ᠨᠠᠢᠮᠠᠨ ᠬᠤᠰᠢᠭᠤᠨ ᠠᠴᠠ ᠪᠠᠢ ᠵᠢᠶᠠ ᠸᠠᠨ ᠽᠢ ᠬᠦᠷᠬᠦ ᠵᠡᠷᠭᠡ 3 ᠳᠡᠭᠡᠳᠦ ᠬᠤᠷᠳᠤᠴᠡᠲᠤ ᠵᠠᠰᠠᠮᠠᠯ ᠵᠠᠮ ᠤᠨ ᠲᠥᠷᠥᠯ ᠵᠦᠶᠯ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠤᠯᠠᠭᠠᠨᠬᠠᠳᠠ ᠠᠴᠠ ᠪᠡᠭᠡᠵᠢᠩ ᠮᠦᠭᠳᠡᠨ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠱᠤᠭᠤᠮ ᠢ ᠬᠤᠯᠪᠤᠬᠤ᠂ ᠡᠷᠢᠶᠡᠨ ᠠᠴᠠ ᠭᠤᠸᠠᠩᠵᠧᠦ ᠬᠦᠷᠬᠦ ᠳᠡᠭᠡᠳᠦ ᠬᠤᠷᠳᠤᠴᠠᠲᠤ ᠬᠤᠯᠪᠤᠭᠠᠨ ᠤ ᠱᠤᠭᠤᠮ ᠤᠨ ᠰᠥᠨᠢᠳ ᠪᠠᠷᠠᠭᠤᠨ ᠬᠤᠰᠢᠭᠤᠨ ᠠᠴᠠ ᠬᠤᠸᠠ ᠳ᠋ᠧ ᠬᠦᠷᠬᠦ᠂ ᠮᠠᠩᠭᠦᠢ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠮᠬᠢ ᠴᠡᠭᠴᠡ ᠲᠠᠢ ᠲᠦᠯᠬᠢᠨ ᠠᠬᠢᠭᠤᠯᠵᠤ᠂ ᠴᠤᠤᠯ ᠤᠨ ᠤᠰᠤ ᠶᠢ ᠯᠢᠶᠤᠤ ᠾᠸᠧ ᠵᠦᠭ ᠲᠠᠲᠠᠬᠤ᠂ ᠳ᠋ᠦᠩ ᠲᠠᠶᠢᠰᠠ ᠤᠰᠤᠨ ᠴᠥᠭᠦᠷᠥᠮ᠂ ᠬᠥᠪᠡᠭᠡᠲᠦ ᠰᠢᠷ᠎ᠠ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠵᠡᠷᠭᠡ ᠲᠦᠷᠦᠯ ᠵᠦᠢᠯ ᠢ ᠡᠬᠢᠯᠡᠨ ᠪᠦᠲᠦᠭᠡᠨ ᠪᠠᠶᠢᠭᠤᠯᠪᠠ᠃ ᠪᠦᠬᠦ ᠵᠢᠯ ᠳᠤ ᠳᠡᠭᠡᠳᠦ ᠬᠤᠷᠳᠤᠴᠠᠲᠤ ᠲᠡᠮᠦᠷ ᠵᠠᠮ ᠤᠨ ᠡᠵᠡᠩᠨᠡᠯᠲᠡ ᠶᠢᠨ ᠵᠠᠮ ᠢ  93 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ 269 ᠺᠢᠯᠣᠮᠧᠲᠷ ᠢ ᠦᠷᠭᠡᠳᠬᠡᠨ ᠦᠭᠡᠷᠡᠴᠢᠯᠡᠬᠦ ᠶᠢ ᠪᠡᠶᠡᠯᠡᠭᠦᠯᠵᠡᠢ︔ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ 2᠎ ᠶᠢ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠲᠤᠭ᠎ᠠ ᠨᠢ 29 ᠪᠤᠯᠵᠠᠢ︔ ᠳᠡᠭᠡᠳᠦ ᠬᠤᠷᠳᠤᠴᠠᠲᠤ ᠵᠠᠰᠠᠮᠠᠯ ᠵᠠᠮ ᠪᠤᠶᠤ ᠨᠢᠭᠡᠳᠦᠭᠡᠷ ᠳᠡᠰ ᠤᠨ ᠵᠠᠰᠠᠮᠠᠯ ᠵᠠᠮ ᠨᠡᠪᠲᠡᠷᠡᠬᠦ ᠬᠤᠰᠢᠭᠤ ᠰᠢᠶᠠᠨ 2 ᠰᠢᠨ᠎ᠡ ᠪᠠᠷ ᠨᠡᠮᠡᠭᠳᠡᠵᠦ᠂ ᠶᠡᠷᠦᠩᠬᠡᠢ ᠲᠤᠭ᠎ᠠ ᠨᠢ 101 ᠪᠤᠯᠵᠠᠢ᠃      ᠨᠡᠶᠢᠭᠡᠮ ᠤᠨ ᠠᠷᠠᠳ ᠤᠨ ᠠᠮᠢᠳᠤᠷᠠᠯ ᠤᠨ ᠬᠦᠷᠢᠶᠡᠨ ᠳᠤ᠂ ᠤᠯᠤᠰ ᠠᠴᠠ ᠪᠠᠭᠤᠯᠭᠠᠭᠰᠠᠨ ᠮᠠᠨ ᠤ ᠣᠷᠣᠨ ᠤ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠳᠡᠰ ᠳᠡᠪᠰᠢᠭᠦᠯᠬᠦ ᠲᠥᠪ ᠤᠨ ᠲᠥᠰᠦᠪ ᠲᠠᠬᠢ ᠪᠡᠯᠡ ᠣᠷᠣᠭᠤᠯᠤᠯᠲᠠ ᠶᠢᠨ ᠲᠥᠯᠥᠪᠯᠡᠭᠡ ᠶᠢ 23.32 ᠳ᠋ᠦᠩᠰᠢᠭᠤᠷ ᠲᠦᠬᠦᠷᠢᠭ ᠤᠯᠵᠤ᠂ 68 ᠬᠤᠰᠢᠭᠤ ᠰᠢᠶᠠᠨ ᠲᠣᠭᠤᠷᠢᠭ ᠲᠠᠢ ᠬᠤᠯᠪᠤᠭᠳᠠᠵᠤ᠂ 21.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠡᠷᠦᠬᠡ ᠶᠢᠨ ᠴᠠᠬᠢᠯᠭᠠᠨ ᠬᠡᠷᠡᠭᠯᠡᠬᠦ ᠶᠢ ᠲᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠤᠶᠢᠳᠠ ᠪᠥᠭᠯᠡᠭᠦᠦ ᠭᠠᠵᠠᠷ ᠤᠨ 1.79 ᠲᠦᠮᠡᠨ ᠡᠷᠦᠬᠡ ᠮᠠᠯᠴᠢᠨ ᠲᠠᠷᠢᠶᠠᠴᠢᠳ ᠤᠨ ᠴᠠᠬᠢᠯᠭᠠᠨ ᠬᠡᠷᠡᠭᠯᠡᠯᠲᠡ ᠶᠢ ᠲᠡᠰ ᠳᠡᠪᠰᠢᠭᠦᠯᠬᠦ ᠶᠢ ᠪᠡᠶᠡᠯᠡᠭᠦᠯᠪᠡ᠃ ᠨᠡᠶᠢᠭᠡᠮ ᠤᠨ ᠦᠢᠯᠡᠰ ᠤᠨ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠤᠰ ᠤᠨ ᠤᠮᠠᠷᠠᠲᠤ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠬᠤᠶᠠᠳᠤᠭᠠᠷ ᠬᠤᠭᠤᠴᠠᠭᠠᠨ ᠤ ᠭᠤᠤᠯ ᠪᠠᠷᠢᠯᠭ᠎ᠠ ᠶᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯ ᠮᠡᠨᠳᠥ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ᠂ ᠳᠥᠷᠪᠡᠳᠦᠭᠡᠷ ᠡᠮᠨᠡᠯᠭᠡ ᠶᠢᠨ ᠬᠤᠷᠢᠶ᠎ᠠ ᠶᠢᠨ ᠡᠷᠡᠭᠦᠯᠵᠢᠯ ᠤᠨ ᠲᠥᠪ ᠵᠡᠷᠭᠡ ᠲᠥᠷᠥᠯ ᠵᠦᠶᠯ ᠨᠢ ᠤᠳᠠᠯ ᠦᠭᠡᠢ ᠠᠰᠢᠭᠯᠠᠯᠲᠠ ᠳᠤ ᠤᠷᠤᠬᠤ ᠪᠠᠷ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号