ᠥᠪᠥᠷ ᠵᠠᠰᠠᠭ ᠲᠠᠷᠬᠠᠭᠠᠭᠰᠠᠨ ﹇2018﹈ 38 ᠳ᠋ᠤᠭᠠᠷ ᠲᠤᠭᠠᠳᠤ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ | ᠴᠢᠨᠠᠷ ᠤᠨ ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ︾ ︵ᠲᠥᠷᠥ ᠲᠠᠷᠬᠠᠭᠠᠭᠰᠠᠨ ﹇2018﹈ 3 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠡᠳᠦᠭᠡ ᠶᠠᠰᠤ ᠴᠢᠨᠠᠷ ᠤᠨ ᠭᠡᠷᠡᠴᠢᠯᠡᠭᠡ ᠶᠢᠨ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠶᠠᠰᠤ ᠴᠢᠨᠠᠷ ᠤᠨ ᠪᠥᠬᠦ ᠲᠠᠯ᠎ᠠ ᠶᠢᠨ | ᠬᠠᠮᠢᠶᠠᠷᠤᠯᠲᠠ ᠶᠢ ᠠᠬᠢᠭᠤᠯᠬᠤ ᠪᠠᠷ ᠳᠣᠣᠷᠠᠬᠢ ᠮᠡᠲᠦ ᠬᠡᠷᠡᠭᠵᠢᠭᠦᠯᠬᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ | ᠰᠢᠨ᠎ᠡ ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠠᠰᠤ ᠴᠢᠨᠠᠷ ᠢᠶᠠᠷ | ᠣᠷᠣᠨ ᠢᠶᠠᠨ ᠬᠦᠴᠦᠷᠬᠡᠭᠵᠢᠭᠦᠯᠬᠦ ᠶᠢᠨ ᠪᠠᠶᠢᠯᠳᠤᠬᠤ ᠪᠣᠳᠣᠯᠭ᠎ᠠ ᠪᠣᠯᠣᠨ ᠶᠠᠰᠤ ᠴᠢᠨᠠᠷ ᠢ ᠳᠡᠭᠡᠭᠰᠢᠯᠡᠭᠦᠯᠬᠦ | ᠠᠵᠢᠯᠯᠠᠭᠠᠨ ᠤ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ | ᠪᠠᠷᠢᠮᠵᠢᠶ᠎ᠠ ᠪᠣᠯᠣᠨ ᠠᠷᠭ᠎ᠠ ᠶᠢ ᠳᠡᠯᠭᠡᠷᠡᠭᠦᠯᠦᠨ ᠬᠡᠷᠡᠭᠯᠡᠵᠦ᠂ ᠨᠢᠭᠡᠳᠦᠯᠲᠡᠢ ᠬᠠᠮᠢᠶᠠᠷᠤᠭᠰᠠᠨ᠂ ᠬᠠᠮᠲᠤ ᠪᠠᠷ | ᠬᠡᠷᠡᠭᠵᠢᠭᠦᠯᠦᠭᠰᠡᠨ᠂ ᠡᠷᠬᠡ ᠰᠦᠷᠲᠡᠢ ᠪᠥᠭᠡᠳ ᠨᠡᠶᠢᠲᠡ ᠳᠤ ᠢᠲᠡᠭᠡᠮᠵᠢᠲᠡᠢ᠂ ᠨᠡᠶᠢᠳᠡᠮ ᠬᠡᠷᠡᠭᠯᠡᠭᠳᠡᠨ ᠮᠡᠳᠡᠷᠡᠭᠳᠡᠬᠦ | ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ ᠠᠵᠢᠯ ᠲᠥᠷᠥᠯ ᠤᠨ ᠬᠥᠭᠵᠢᠯᠲᠡ | ᠪᠣᠯᠣᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠬᠢᠭᠤᠯᠤᠨ᠂ ᠶᠠᠰᠤ ᠴᠢᠨᠠᠷ ᠤᠨ ᠪᠥᠬᠦ ᠲᠠᠯ᠎ᠠ ᠶᠢᠨ | ᠬᠠᠮᠢᠶᠠᠷᠤᠯᠲᠠ ᠶᠢ ᠴᠢᠩᠭᠠᠷᠠᠭᠤᠯᠵᠤ᠂ ᠦᠢᠯᠡᠳᠬᠦᠨ᠂ ᠢᠨᠵᠧᠨᠧᠷᠢᠩ ᠪᠣᠯᠣᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠯᠲᠡ ᠶᠢ | ᠠᠬᠢᠭᠤᠯᠤᠨ᠎ᠠ᠃ | ︵ᠬᠤᠶᠠᠷ︶ ᠦᠨᠳᠦᠰᠦᠨ ᠵᠠᠷᠴᠢᠮ | — ᠵᠠᠬ᠎ᠠ ᠳᠡᠯᠭᠡᠭᠦᠷ ᠢᠶᠠᠷ ᠭᠤᠣᠯ ᠤᠳᠤᠷᠢᠳᠤᠮᠵᠢ ᠪᠣᠯᠭᠠᠨ᠂ ᠵᠠᠰᠠᠭ ᠤᠨ ᠣᠷᠳᠣᠨ ᠬᠥᠲᠥᠯᠥᠨ | ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠪᠠᠶᠢᠷᠢ ᠰᠠᠭᠤᠷᠢ ᠶᠢ ᠳᠣᠪᠤᠶᠢᠯᠭᠠᠨ᠎ᠠ᠃ ᠵᠠᠰᠠᠭ ᠤᠨ ᠣᠷᠳᠣᠨ ᠤ | ᠲᠥᠯᠥᠪᠵᠢᠭᠦᠯᠵᠦ ᠬᠥᠲᠥᠯᠥᠨ ᠵᠢᠯᠣᠭᠤᠳᠬᠤ᠂ ᠲᠥᠷᠥ ᠶᠢᠨ ᠪᠣᠳᠣᠯᠭ᠎ᠠ ᠪᠠᠷ ᠲᠡᠳᠬᠦᠬᠦ᠂ ᠬᠢᠨᠠᠨ ᠬᠠᠮᠢᠶᠠᠷᠴᠤ | ᠦᠢᠯᠡᠴᠢᠯᠡᠬᠦ ᠵᠡᠷᠭᠡ ᠦᠢᠯᠡᠳᠦᠯ ᠢ ᠴᠢᠩᠭᠠᠷᠠᠭᠤᠯᠤᠨ᠂ ᠶᠠᠰᠤ ᠴᠢᠨᠠᠷ ᠤᠨ ᠬᠥᠭᠵᠢᠯᠲᠡ ᠶᠢᠨ ᠰᠠᠶᠢᠨ ᠰᠠᠶᠢᠬᠠᠨ | ᠣᠷᠴᠢᠨ ᠨᠥᠬᠦᠴᠡᠯ ᠢ ᠪᠣᠢ ᠪᠣᠯᠭᠠᠨ᠎ᠠ᠃ | — ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠨ᠎ᠡ ᠡᠭᠦᠳᠦᠯᠲᠡ ᠲᠠᠢ ᠬᠥᠭᠵᠢᠭᠦᠯᠦᠨ᠎ᠡ᠃ ᠶᠠᠰᠤ | ᠴᠢᠨᠠᠷ ᠤᠨ ᠭᠡᠷᠡᠴᠢᠯᠡᠭᠡ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠣᠯᠣᠨ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠭᠠᠷᠳᠠᠴᠠ ᠪᠣᠯᠭᠠᠨ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠠᠬᠢᠭᠤᠯᠵᠤ᠂ ᠶᠠᠰᠤ ᠴᠢᠨᠠᠷ ᠤᠨ | ᠬᠥᠭᠵᠢᠯᠲᠡ ᠶᠢᠨ ᠲᠣᠭᠲᠠᠴᠠ ᠳᠤ ᠰᠢᠨ᠎ᠡ ᠶᠢ ᠡᠭᠦᠳᠦᠨ᠂ ᠶᠠᠰᠤ ᠴᠢᠨᠠᠷ ᠢᠶᠠᠨ ᠳᠡᠭᠡᠭᠰᠢᠯᠡᠭᠦᠯᠬᠦ ᠬᠦᠳᠡᠯᠭᠡᠭᠴᠢ | ᠴᠢᠳᠠᠪᠤᠷᠢ ᠶᠢ ᠨᠢ ᠤᠷᠮᠠᠰᠢᠭᠤᠯᠤᠨ ᠬᠥᠭᠵᠢᠭᠡᠨ᠎ᠡ᠃ | — ᠤᠷᠮᠠᠰᠢᠭᠤᠯᠬᠤ ᠪᠠ ᠬᠢᠵᠠᠭᠠᠷᠯᠠᠬᠤ ᠶᠢ ᠬᠡᠷᠡᠭᠵᠢᠭᠦᠯᠦᠨ᠂ ᠣᠯᠠᠨ ᠡᠰᠢᠵᠢᠭᠦᠯᠦᠨ ᠬᠠᠮᠲᠤ ᠪᠠᠷ ᠵᠠᠰᠠᠨ᠎ᠠ᠃ | ᠬᠥᠲᠥᠯᠥᠨ ᠵᠢᠯᠣᠭᠤᠳᠬᠤ ᠪᠠ ᠠᠯᠪᠠᠳᠠᠬᠤ ᠶᠢᠨ ᠤᠶᠠᠯᠳᠤᠯ ᠢ ᠪᠠᠷᠢᠮᠲᠠᠯᠠᠨ᠂ ᠰᠠᠶᠢᠨ ᠳᠤᠷ᠎ᠠ ᠠᠴᠠ ᠪᠠᠨ | ᠥᠷᠨᠢᠭᠦᠯᠬᠦ ᠪᠠᠷ ᠭᠤᠣᠯᠯᠠᠭᠤᠯᠵᠤ᠂ ᠠᠯᠪᠠᠳᠠᠨ ᠬᠡᠷᠡᠭᠵᠢᠭᠦᠯᠬᠦ ᠪᠠᠷ ᠲᠤᠰᠠᠯᠠᠭᠤᠯᠤᠨ᠂ ᠠᠮᠤᠷ ᠲᠦᠪᠰᠢᠨ᠂ ᠡᠷᠡᠭᠦᠯ | ᠮᠡᠨᠳᠦ᠂ ᠣᠷᠴᠢᠨ ᠲᠣᠭᠤᠷᠢᠨ ᠵᠡᠷᠭᠡ ᠲᠠᠯ᠎ᠠ ᠳᠤ ᠬᠤᠯᠪᠣᠭᠳᠠᠭᠰᠠᠨ ᠦᠢᠯᠡᠳᠬᠦᠨ ᠳᠤ ᠠᠯᠪᠠᠳᠠᠯᠭ᠎ᠠ ᠶᠢᠨ | ᠴᠢᠨᠠᠷᠲᠠᠢ ᠪᠠᠷ ᠭᠡᠷᠡᠴᠢᠯᠡᠭᠡ ᠬᠢᠬᠦ ᠶᠢ ᠬᠠᠤᠯᠢ ᠶᠣᠰᠣᠭᠠᠷ ᠬᠡᠷᠡᠭᠵᠢᠭᠦᠯᠵᠦ᠂ ᠠᠵᠤ ᠠᠬᠤᠶᠢᠯᠠᠯ ᠢ ᠵᠣᠷᠢᠬᠵᠢᠭᠤᠯᠵᠤ | ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠡ ᠬᠢᠯᠭᠡᠬᠦ ᠳᠤ ᠣᠷᠣᠯᠴᠠᠭᠤᠯᠤᠨ᠂ ᠤᠷᠮᠠᠰᠢᠭᠤᠯᠬᠤ ᠪᠠ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠡᠯ᠎ᠡ ᠲᠠᠯ᠎ᠠ ᠶᠢᠨ ᠬᠢᠨ ᠢ ᠬᠥᠲᠥᠯᠥᠨ | ᠵᠢᠯᠣᠭᠤᠳᠴᠤ ᠪᠠᠶᠢᠭᠠᠳ ᠶᠠᠰᠤ ᠴᠢᠨᠠᠷ ᠢ ᠬᠠᠮᠲᠤ ᠪᠠᠷ ᠵᠠᠰᠠᠬᠤ ᠶᠢ ᠥᠷᠨᠢᠭᠦᠯᠦᠨ᠂ ᠶᠠᠰᠤ ᠴᠢᠨᠠᠷ ᠤᠨ ᠪᠥᠬᠦ | ᠲᠠᠯ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠬᠥᠭᠵᠢᠯᠲᠡ ᠶᠢᠨ ᠦᠷ᠎ᠡ ᠪᠦᠲᠦᠭᠡᠯ ᠢ | ᠬᠠᠮᠲᠤ ᠳᠤ ᠪᠠᠨ ᠬᠦᠷᠲᠡᠬᠦ ᠪᠣᠯᠭᠠᠨ᠎ᠠ᠃ | — ᠲᠣᠭᠲᠠᠭᠤᠨ ᠪᠠᠶᠢᠯᠭᠠᠬᠤ ᠮᠥᠷᠲᠡᠭᠡᠨ ᠤᠷᠤᠭᠰᠢᠯᠠᠭᠤᠯᠤᠨ ᠳᠠᠪᠰᠢᠭᠤᠯᠵᠤ᠂ ᠰᠠᠭᠤᠷᠢ ᠶᠢ ᠨᠢ | ᠪᠠᠲᠤᠳᠬᠠᠨ ᠦᠨᠳᠦᠰᠦ ᠠᠴᠠ ᠨᠢ ᠪᠠᠬᠢᠵᠢᠭᠦᠯᠦᠨ᠎ᠡ᠃ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠂ ᠭᠡᠷᠡᠴᠢᠯᠡᠭᠡ ᠶᠢ ᠬᠢᠨᠠᠨ | ᠬᠠᠮᠢᠶᠠᠷᠬᠤ ᠡᠭᠦᠷᠭᠡ ᠴᠢᠳᠠᠪᠤᠷᠢ ᠶᠢ ᠴᠢᠩᠭᠠᠷᠠᠭᠤᠯᠬᠤ ᠪᠠ ᠡᠩᠨᠡᠭᠡᠨ ᠤ ᠲᠣᠭᠲᠠᠭᠤᠨ ᠪᠠᠶᠢᠬᠤ ᠶᠢ ᠪᠠᠲᠤᠯᠠᠵᠤ᠂ | ᠲᠥᠷᠥ ᠶᠢᠨ ᠪᠣᠳᠣᠯᠭ᠎ᠠ ᠪᠠᠷ ᠪᠠᠲᠤᠯᠠᠬᠤ ᠪᠠ ᠣᠷᠤᠭᠤᠯᠤᠯᠲᠠ ᠶᠢᠨ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠵᠤ᠂ | ᠰᠠᠭᠤᠷᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠦᠭᠡᠢ ᠪᠠᠲᠤᠳᠬᠠᠨ᠎ᠠ᠃ | ︵ᠭᠤᠷᠪᠠ︶ ᠭᠤᠣᠯ ᠬᠠᠷᠠᠯᠲᠠ᠃ 3 — 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠪᠥᠬᠦ ᠣᠷᠣᠨ ᠤ | ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠵᠣᠬᠢᠶᠠᠨ | ᠪᠠᠶᠢᠭᠤᠯᠤᠯᠲᠠ ᠶᠢᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠴᠢᠳᠠᠪᠤᠷᠢ ᠶᠢ ᠨᠢ ᠢᠯᠡᠳᠲᠡ ᠴᠢᠩᠭᠠᠷᠠᠭᠤᠯᠤᠨ᠂ | ᠭᠤᠣᠯ ᠪᠣᠯᠬᠤ ᠦᠢᠯᠡᠳᠬᠦᠨ᠂ ᠢᠨᠵᠧᠨᠧᠷᠢᠩ᠂ ᠦᠢᠯᠡᠴᠢᠯᠡᠭᠡᠨ ᠤ ᠶᠠᠰᠤ ᠴᠢᠨᠠᠷ ᠤᠨ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ ᠶᠠᠰᠤ ᠴᠢᠨᠠᠷ ᠲᠠᠢ ᠨᠡᠷᠡᠲᠦ ᠲᠡᠮᠳᠡᠭᠲᠦ ᠶᠢ ᠪᠣᠢ | ᠪᠣᠯᠭᠠᠨ᠎ᠠ᠃ ᠠᠵᠤ ᠠᠬᠤᠢ ᠳᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ | ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠶᠢᠨ ᠣᠯᠠᠨ | ᠨᠡᠶᠢᠲᠡ ᠳᠤ ᠦᠢᠯᠡᠴᠢᠯᠡᠬᠦ ᠲᠠᠪᠴᠠᠩ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠮᠡᠳᠡᠭᠳᠡᠮ᠎ᠡ ᠦᠷ᠎ᠡ | ᠪᠦᠲᠦᠬᠡᠮᠵᠢ ᠣᠯᠵᠤ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠠᠵᠢᠯ ᠲᠥᠷᠥᠯ ᠤᠨ ᠬᠠᠮᠢᠶᠠᠷᠤᠯᠲᠠ᠂ ᠵᠠᠰᠠᠭ | ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠲᠤ ᠪᠠᠷ ᠵᠠᠰᠠᠬᠤ ᠲᠠᠯ᠎ᠠ ᠳᠤ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠷ᠎ᠡ ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠭᠦᠯᠬᠦ ᠪᠣᠯᠭᠠᠨ᠎ᠠ᠃ | ᠬᠤᠶᠠᠷ᠂ ᠭᠤᠣᠯᠳᠠᠯᠭ᠎ᠠ ᠪᠣᠯᠬᠤ ᠡᠭᠦᠷᠭᠡ | ︵ᠨᠢᠭᠡ︶ ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ | 1. ᠶᠠᠰᠤ ᠴᠢᠨᠠᠷ ᠤᠨ ᠰᠠᠭᠤᠷᠢ ᠪᠣᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠯ᠎ᠡ ᠱᠠᠲᠤᠨ ᠤ | ᠵᠠᠰᠠᠭ ᠤᠨ ᠣᠷᠳᠣᠨ ᠤ ᠶᠠᠰᠤ ᠴᠢᠨᠠᠷ ᠤᠨ ᠲᠠᠯ᠎ᠠ ᠪᠠᠷ ᠬᠢ ᠦᠵᠡᠯ ᠤᠬᠠᠮᠰᠠᠷ ᠢ ᠦᠨᠡᠨ ᠬᠦ ᠳᠡᠭᠡᠭᠰᠢᠯᠡᠭᠦᠯᠦᠨ᠂ ᠶᠠᠰᠤ | ᠴᠢᠨᠠᠷ ᠤᠨ ᠬᠡᠮᠵᠢᠭᠦᠷ᠂ ᠪᠠᠷᠢᠮᠵᠢᠶ᠎ᠠ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠮᠡᠳᠡᠷᠡᠵᠦ ᠵᠥᠪᠰᠢᠶᠡᠷᠡᠬᠦ | ᠰᠠᠭᠤᠷᠢ ᠪᠣᠯᠬᠤ ᠪᠡᠯᠡᠳᠬᠡᠮᠵᠢ ᠶᠢᠨ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠂ ᠤᠷᠮᠠᠰᠢᠭᠤᠯᠬᠤ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠵᠦ᠂ ᠢᠲᠡᠭᠡᠮᠵᠢ ᠪᠠᠷ ᠬᠢᠵᠠᠭᠠᠷᠯᠠᠬᠤ ᠶᠢ ᠴᠢᠩᠳᠠᠯᠠᠨ᠂ ᠢᠲᠡᠭᠡᠮᠵᠢ ᠪᠠᠷ ᠬᠢᠨᠠᠨ ᠬᠠᠮᠢᠶᠠᠷᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠦᠢᠯᠡᠳᠦᠯ ᠪᠦᠲᠦᠮᠵᠢ ᠪᠠ ᠵᠠᠰᠠᠭ ᠤᠨ ᠣᠷᠳᠣᠨ ᠤ ᠨᠡᠶᠢᠲᠡ ᠳᠤ ᠢᠲᠡᠭᠡᠭᠦᠯᠬᠦ | ᠬᠦᠴᠦᠨ ᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠶᠠᠰᠤ ᠴᠢᠨᠠᠷ ᠢ ᠵᠠᠰᠠᠬᠤ ᠵᠠᠰᠠᠭ ᠤᠨ ᠣᠷᠳᠣᠨ ᠤ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ᠶᠠᠰᠤ | ᠴᠢᠨᠠᠷ ᠤᠨ ᠬᠠᠮᠢᠶᠠᠷᠤᠯᠲᠠ ᠶᠢᠨ ᠪᠠᠷᠢᠮᠵᠢᠶ᠎ᠠ ᠪᠣᠯᠣᠨ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠪᠠᠷᠢᠯ ᠢ | ᠳᠡᠯᠭᠡᠷᠡᠭᠦᠯᠦᠨ᠂ ᠶᠠᠰᠤ ᠴᠢᠨᠠᠷ ᠢ ᠵᠠᠰᠠᠬᠤ ᠴᠢᠳᠠᠪᠤᠷᠢ ᠶᠢ ᠨᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ | ᠣᠷᠳᠣᠨ ᠣᠨᠴᠠᠭᠠᠶᠢᠯᠠᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠢ ᠵᠣᠷᠢᠬᠵᠢᠭᠤᠯᠵᠤ | ᠪᠠᠶᠢᠭᠠᠳ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠬᠡᠷᠡᠭᠵᠢᠭᠦᠯᠵᠦ᠂ ᠭᠠᠷᠮᠠᠭᠠᠢ | ᠠᠮᠵᠢᠯᠲᠠ ᠪᠦᠲᠦᠮᠵᠢ ᠵᠡᠷᠭᠡ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠯᠡᠨ᠂ ᠭᠤᠷᠪᠠᠳᠠᠬᠢ | ᠡᠲᠡᠭᠡᠳ ᠢᠶᠠᠷ ᠶᠠᠰᠤ ᠴᠢᠨᠠᠷ ᠢ ᠵᠠᠰᠠᠭᠤᠯᠬᠤ ᠲᠣᠭᠲᠠᠴᠠ ᠶᠢ ᠣᠷᠣᠭᠤᠯᠤᠨ ᠠᠪᠴᠢᠷᠠᠵᠤ᠂ ᠵᠠᠰᠠᠭ ᠤᠨ ᠣᠷᠳᠣᠨ ᠤ | ᠡᠭᠦᠷᠭᠡ ᠴᠢᠳᠠᠪᠤᠷᠢ ᠪᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠬᠤᠪᠢᠷᠠᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 3. ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠲᠣᠮᠣ ᠳ᠋ᠠᠶᠢᠲ᠋ᠠ ᠶᠢᠨ ᠮᠡᠷᠭᠡᠵᠢᠯ ᠪᠣᠯᠣᠨ ᠮᠡᠳᠡᠭᠡ ᠵᠠᠩᠭᠢ ᠶᠢᠨ ᠬᠠᠮᠲᠤ ᠳᠤ ᠪᠠᠨ ᠬᠦᠷᠲᠡᠬᠦ | ᠲᠠᠪᠴᠠᠩ ᠢ ᠭᠦᠢᠴᠡᠳ ᠠᠰᠢᠭᠯᠠᠨ᠂ ︽ᠢᠨᠲ᠋ᠧᠷ ᠰᠦᠯᠵᠢᠶ᠎ᠡ + ᠶᠠᠰᠤ ᠴᠢᠨᠠᠷ ᠤᠨ ᠭᠡᠷᠡᠴᠢᠯᠡᠭᠡ ᠶᠢᠨ ᠬᠢᠨᠠᠯᠲᠠ | ᠬᠠᠮᠢᠶᠠᠷᠤᠯᠲᠠ︾ ᠶᠢᠨ ᠵᠠᠭᠪᠤᠷ ᠢ ᠬᠡᠷᠡᠭᠵᠢᠭᠦᠯᠵᠦ᠂ ᠭᠡᠷᠡᠴᠢᠯᠡᠭᠡ ᠶᠢᠨ ᠠᠵᠢᠯᠯᠠᠭ᠎ᠠ ᠬᠢᠭᠡᠳ ᠦᠷ᠎ᠡ ᠳ᠋ᠦᠩ ᠤᠨ | ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠶᠠᠰᠤ ᠴᠢᠨᠠᠷ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠣᠮᠣ | ᠳ᠋ᠠᠶᠢᠲ᠋ᠠ ᠶᠢᠨ ᠲᠥᠪ ᠪᠣᠯᠣᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠠᠯᠪᠠᠨ | ᠵᠠᠷᠯᠠᠯ ᠤᠨ ᠰᠢᠰᠲ᠋ᠧᠮ ︵ᠥᠪᠥᠷ ᠮᠣᠩᠭᠤᠯ︶ ᠳᠤ ᠣᠷᠣᠭᠤᠯᠤᠨ᠎ᠠ᠃ ᠭᠡᠷᠡᠴᠢᠯᠡᠭᠡ ᠶᠢᠨ ᠪᠠᠶᠢᠭᠤᠯᠤᠮᠵᠢ ᠪᠣᠯᠣᠨ | ᠭᠡᠷᠡᠴᠢᠯᠡᠭᠡ ᠣᠯᠣᠭᠰᠠᠨ ᠵᠣᠬᠢᠶᠠᠨ ᠪᠠᠶᠢᠭᠤᠯᠤᠯᠲᠠ ᠶᠢ ᠮᠡᠳᠡᠭᠡ ᠵᠠᠩᠭᠢᠵᠢᠭᠤᠯᠤᠭᠰᠠᠨ ᠬᠠᠮᠢᠶᠠᠷᠤᠯᠲᠠ ᠳᠤ | ᠣᠷᠣᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠲᠣᠮᠣ ᠳ᠋ᠠᠶᠢᠲ᠋ᠠ ᠶᠢᠨ ᠬᠦᠭᠵᠢᠬᠦᠯᠦᠯᠳᠡ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠬᠤᠶᠠᠷ︶ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ | ᠳᠡᠯᠭᠡᠷᠡᠭᠦᠯᠦᠨ ᠬᠡᠷᠡᠭᠯᠡᠨ᠎ᠡ᠃ | 4. ︽ᠲᠦᠮᠡ ᠮᠢᠩᠭ᠎ᠠ ᠵᠠᠭᠤ︾ ᠶᠢᠨ ᠠᠵᠤ ᠠᠬᠤᠶᠢᠯᠠᠯ ᠤᠨ ᠠᠵᠢᠯᠯᠠᠭᠠᠨ ᠤ ᠲᠥᠯᠥᠪᠯᠡᠭᠡ ᠶᠢ ᠵᠣᠬᠢᠶᠠᠨ | ᠪᠠᠶᠢᠭᠤᠯᠵᠤ ᠥᠷᠨᠢᠭᠦᠯᠦᠨ᠎ᠡ᠃ 10000 ᠠᠵᠤ ᠠᠬᠤᠶᠢᠯᠠᠯ ᠢ ᠳᠠᠶᠢᠴᠢᠯᠠᠨ ᠶᠠᠰᠤ ᠴᠢᠨᠠᠷ ᠤᠨ ᠲᠡᠷᠢᠭᠦᠨ ᠤ | ᠬᠠᠮᠢᠶᠠᠷᠤᠯᠲᠠ ᠶᠢᠨ ᠠᠷᠭ᠎ᠠ ᠶᠢ ᠰᠤᠷᠤᠯᠴᠠᠨ ᠬᠡᠷᠡᠭᠯᠡᠭᠦᠯᠵᠦ᠂ 5000 ᠠᠵᠤ ᠠᠬᠤᠶᠢᠯᠠᠯ ᠢ ᠵᠣᠷᠢᠬᠵᠢᠭᠤᠯᠵᠤ | ᠪᠠᠶᠢᠭᠠᠳ ᠶᠠᠰᠤ ᠴᠢᠨᠠᠷ ᠤᠨ ᠭᠡᠷᠡᠴᠢᠯᠡᠭᠡ ᠶᠢᠨ ᠠᠷᠭ᠎ᠠ ᠬᠡᠯᠪᠡᠷᠢ ᠶᠢ ᠬᠡᠷᠡᠭᠯᠡᠨ ᠶᠠᠰᠤ ᠴᠢᠨᠠᠷ ᠤᠨ ᠬᠠᠮᠢᠶᠠᠷᠤᠯᠲᠠ ᠶᠢ ᠨᠢ | ᠴᠢᠩᠭᠠᠳᠬᠠᠨ᠂ ᠤᠯᠤᠰ ᠤᠨ ᠦᠮᠴᠢᠯᠡᠯᠲᠥ ᠭᠤᠣᠯᠳᠠᠯᠭ᠎ᠠ ᠲᠠᠢ 100 ᠠᠵᠤ ᠠᠬᠤᠶᠢᠯᠠᠯ ᠤᠨ ᠬᠢᠨ ᠤ ᠶᠠᠰᠤ | ᠴᠢᠨᠠᠷ ᠤᠨ ᠬᠠᠮᠢᠶᠠᠷᠤᠯᠲᠠ ᠶᠢᠨ ︽ᠳᠠᠭᠠᠭᠤᠯᠤᠭᠴᠢ︾ ᠶᠢᠨ ᠠᠵᠢᠯᠯᠠᠭᠠᠨ ᠦᠷᠨᠢᠭᠦᠯᠬᠦ ᠶᠢ ᠠᠬᠢᠭᠤᠯᠵᠤ᠂ ᠡᠯ᠎ᠡ ᠠᠵᠢᠯ | ᠲᠥᠷᠥᠯ ᠤᠨ ᠬᠢᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠤ ᠨᠡᠶᠢᠳᠡᠮ ᠳᠤ ᠪᠠᠨ ᠳᠡᠭᠡᠭᠰᠢᠯᠡᠬᠦ ᠶᠢ | ᠠᠬᠢᠭᠤᠯᠤᠨ᠎ᠠ᠃ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠪᠠᠷᠢᠮᠵᠢᠶ᠎ᠠ ᠪᠣᠯᠣᠨ ᠠᠷᠭ᠎ᠠ ᠶᠢ ᠨᠢᠭᠡᠳᠦᠭᠡᠷ | ᠬᠤᠶᠠᠳᠤᠭᠠᠷ ᠭᠤᠷᠪᠠᠳᠤᠭᠠᠷ ᠠᠵᠤ ᠦᠢᠯᠡᠰ ᠪᠣᠯᠣᠨ ᠨᠡᠶᠢᠭᠡᠮ ᠤᠨ ᠵᠠᠰᠠᠯᠲᠠ ᠵᠡᠷᠭᠡ ᠬᠦᠷᠢᠶᠡᠨ ᠲᠡᠶᠢᠰᠢ ᠪᠥᠬᠦ | ᠲᠠᠯ᠎ᠠ ᠪᠠᠷ ᠤᠷᠲᠤᠳᠬᠠᠬᠤ ᠶᠢ ᠢᠳᠡᠪᠬᠢᠲᠡᠢ ᠠᠬᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ ᠬᠡᠯᠪᠡᠷᠢᠲᠦ | ᠪᠠᠭᠠᠵᠢ ᠶᠢ ᠢᠳᠡᠪᠬᠢᠲᠡᠢ ᠨᠡᠭᠡᠭᠡᠨ ᠬᠥᠭᠵᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠲᠡᠷᠢᠭᠦᠨ ᠤ ᠦᠷ᠎ᠡ | ᠪᠦᠲᠦᠭᠡᠯ ᠪᠣᠯᠣᠨ ᠲᠤᠷᠰᠢᠯᠭ᠎ᠠ ᠶᠢ ᠳᠡᠯᠭᠡᠷᠡᠭᠦᠯᠦᠨ᠎ᠡ᠃ ᠠᠵᠤ ᠠᠬᠤᠶᠢᠯᠠᠯ ᠢ ᠵᠣᠷᠢᠬᠵᠢᠭᠤᠯᠵᠤ ᠪᠠᠶᠢᠭᠠᠳ ᠶᠠᠰᠤ | ᠴᠢᠨᠠᠷ ᠤᠨ ᠪᠦᠬᠦ ᠲᠠᠯ᠎ᠠ ᠶᠢᠨ ᠬᠠᠮᠢᠶᠠᠷᠤᠯᠲᠠ᠂ ᠵᠢᠷᠭᠤᠭᠠᠨ ᠰᠢᠭᠮᠡ ᠬᠠᠮᠢᠶᠠᠷᠤᠯᠲᠠ᠂ ᠨᠠᠷᠢᠨ ᠨᠢᠭᠲᠠ ᠬᠠᠮᠢᠶᠠᠷᠤᠯᠲᠠ | ᠵᠡᠷᠭᠡ ᠣᠯᠠᠨ ᠤᠯᠤᠰ ᠤᠨ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ ᠪᠣᠳᠠᠲᠠᠢ ᠲᠠᠢ ᠪᠠᠨ | ᠤᠶᠠᠯᠳᠤᠭᠤᠯᠵᠤ ᠴᠢᠩᠭᠠᠳᠬᠠᠨ᠂ ᠤᠬᠤᠴᠢᠯᠠᠵᠤ ᠮᠥᠷᠳᠡᠬᠦ ᠬᠠᠮᠢᠶᠠᠷᠤᠯᠲᠠ᠂ ᠬᠠᠩᠭᠠᠯᠭ᠎ᠠ ᠶᠢᠨ ᠬᠡᠯᠬᠢᠶᠡᠨ ᠤ | ᠬᠠᠮᠢᠶᠠᠷᠤᠯᠲᠠ᠂ ᠲᠤᠬᠠᠶᠢᠯᠠᠭᠰᠠᠨ ᠠᠵᠢᠯ ᠤᠨ ᠦᠷᠬᠦᠯᠵᠢᠯᠡᠯᠲᠦ ᠴᠢᠨᠠᠷᠲᠠᠢ ᠬᠠᠮᠢᠶᠠᠷᠤᠯᠲᠠ ᠵᠡᠷᠭᠡ ᠠᠵᠢᠯ ᠲᠥᠷᠥᠯ ᠤᠨ | ᠰᠢᠨ᠎ᠡ ᠪᠠᠶᠢᠳᠠᠯ ᠳᠤ ᠲᠣᠬᠢᠷᠠᠬᠤ ᠶᠠᠰᠤ ᠴᠢᠨᠠᠷ ᠤᠨ ᠬᠠᠮᠢᠶᠠᠷᠤᠯᠲᠠ ᠶᠢᠨ ᠪᠠᠭᠠᠵᠢ ᠬᠡᠷᠡᠭᠯᠡᠬᠦ ᠶᠢ ᠢᠳᠡᠪᠬᠢᠲᠡᠢ | ᠰᠤᠳᠤᠯᠵᠤ᠂ ᠠᠵᠢᠯ ᠲᠥᠷᠥᠯ ᠤᠨ ᠣᠨᠴᠠᠯᠢᠭ ᠲᠤ ᠨᠡᠶᠢᠴᠡᠭᠰᠡᠨ ᠶᠠᠰᠤ ᠴᠢᠨᠠᠷ ᠤᠨ ᠬᠠᠮᠢᠶᠠᠷᠤᠯᠲᠠ ᠶᠢᠨ ᠰᠢᠨ᠎ᠡ | ᠠᠷᠭ᠎ᠠ ᠶᠢ ᠨᠡᠭᠡᠭᠡᠨ ᠬᠥᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ | ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ | ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠭᠡᠷᠡᠴᠢᠯᠡᠭᠡ ᠶᠢᠨ ᠪᠠᠶᠢᠭᠤᠯᠤᠮᠵᠢ ᠲᠠᠢ ᠬᠤᠯᠪᠣᠭᠠᠯᠠᠨ ᠳᠤᠮᠳᠠ ᠵᠢᠵᠢᠭ ᠪᠢᠴᠢᠯ | ᠠᠵᠤ ᠠᠬᠤᠶᠢᠯᠠᠯ ᠳᠤ ᠪᠠᠶᠢᠴᠠᠭᠠᠨ ᠰᠤᠳᠤᠯᠬᠤ ᠠᠵᠢᠯᠯᠠᠭ᠎ᠠ ᠥᠷᠨᠢᠭᠦᠯᠵᠦ᠂ ᠠᠵᠢᠯ ᠲᠥᠷᠥᠯ ᠪᠣᠯᠣᠨ ᠱᠠᠲᠤ ᠳᠡᠰ | ᠬᠤᠪᠢᠶᠠᠨ ᠶᠠᠰᠤ ᠴᠢᠨᠠᠷ ᠤᠨ ᠭᠡᠷᠡᠴᠢᠯᠡᠭᠡ ᠪᠠᠷ ᠶᠠᠳᠠᠭᠤ ᠶᠢ ᠳᠡᠳᠬᠦᠬᠦ ᠪᠠ ᠰᠦᠢᠳᠬᠡᠯ ᠬᠤᠷᠢᠶᠠᠬᠤ ᠦᠭᠡᠢ | ᠪᠤᠯᠪᠠᠰᠤᠷᠠᠭᠤᠯᠤᠯ ᠬᠢᠬᠦ ᠶᠢ ᠥᠷᠨᠢᠭᠦᠯᠦᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠮᠡᠳᠡᠯᠭᠡ ᠶᠢ ᠲᠦᠭᠡᠮᠡᠯᠵᠢᠭᠦᠯᠵᠦ᠂ | ᠶᠠᠰᠤ ᠴᠢᠨᠠᠷ ᠤᠨ ᠠᠵᠢᠯ ᠳᠤ ᠲᠤᠰᠠᠯᠠᠬᠤ ᠲᠥᠰᠥᠯ ᠬᠠᠩᠭᠠᠨ᠂ ᠶᠠᠰᠤ ᠴᠢᠨᠠᠷ ᠤᠨ ᠳᠡᠭᠡᠭᠰᠢᠯᠡᠯᠲᠡ ᠳᠤ ᠳᠤᠲᠠᠭᠤᠳᠠᠵᠤ | ᠪᠠᠶᠢᠭ᠎ᠠ ᠵᠦᠢᠯ ᠢ ᠨᠢ ᠨᠥᠬᠦᠪᠦᠷᠢᠯᠡᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ | ᠪᠠᠷᠯᠠᠯ ᠰᠣᠯᠢᠵᠤ ᠳᠡᠰ ᠳᠡᠪᠰᠢᠭᠦᠯᠬᠦ ᠪᠠᠷ ᠳᠠᠮᠵᠢᠭᠤᠯᠤᠨ ᠠᠵᠤ ᠠᠬᠤᠶᠢᠯᠠᠯ ᠤᠨ ᠶᠠᠰᠤ ᠴᠢᠨᠠᠷ ᠤᠨ ᠬᠠᠮᠢᠶᠠᠷᠤᠯᠲᠠ ᠪᠠᠨ | ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ ᠳᠠᠶᠢᠴᠢᠯᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ | ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠭᠤᠷᠪᠠ︶ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠳᠤ ᠳᠡᠰ ᠳᠡᠪᠰᠢᠭᠦᠯᠬᠦ ᠠᠵᠢᠯᠯᠠᠭᠠᠨ | ᠥᠷᠨᠢᠭᠦᠯᠦᠨ᠎ᠡ | 6. ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠪᠠᠷᠢᠮᠵᠢᠶ᠎ᠠ ᠶᠢ ᠰᠤᠷᠤᠯᠴᠠᠭᠤᠯᠵᠤ ᠬᠡᠷᠡᠭᠯᠡᠭᠦᠯᠦᠨ᠎ᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ᠂ ᠲᠤᠰᠬᠠᠢ ᠮᠡᠷᠭᠡᠵᠢᠯ ᠤᠨ ᠪᠠᠶᠢᠭᠤᠯᠤᠮᠵᠢ | ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠦᠢᠯᠡᠴᠢᠯᠡᠬᠦ ᠡᠭᠦᠷᠭᠡ ᠴᠢᠳᠠᠪᠤᠷᠢ ᠶᠢ ᠪᠠᠳᠠᠷᠠᠭᠤᠯᠤᠨ᠂ | ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠠᠶᠢᠭᠠᠳ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠷᠢᠮᠵᠢᠶ᠎ᠠ ᠶᠢ ᠰᠤᠷᠤᠯᠴᠠᠭᠤᠯᠵᠤ ᠬᠡᠷᠡᠭᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢᠶᠠᠷ ᠴᠢᠬᠤᠯᠠ ᠠᠴᠢᠶᠠᠯᠠᠪᠤᠷᠢ ᠪᠣᠯᠭᠠᠨ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠢᠶᠠᠷ ᠭᠤᠣᠯᠳᠠᠯᠭ᠎ᠠ ᠲᠠᠢ ᠪᠠᠷ ᠦᠢᠯᠡᠴᠢᠯᠡᠭᠦᠯᠬᠦ ᠡᠲᠡᠭᠡᠳ ᠪᠣᠯᠭᠠᠵᠤ᠂ ᠲᠤᠰᠬᠠᠢ ᠰᠡᠳᠦᠪᠲᠦ | ᠲᠠᠶᠢᠯᠤᠮᠵᠢ᠂ ᠰᠤᠷᠲᠠᠯᠴᠢᠯᠠᠵᠤ ᠲᠤᠭᠤᠰᠢᠯᠠᠭᠤᠯᠬᠤ ᠪᠣᠯᠪᠠᠰᠤᠷᠠᠭᠤᠯᠤᠯ᠂ ᠣᠨᠣᠰᠢᠯᠠᠨ ᠮᠠᠭᠠᠳᠯᠠᠬᠤ ᠵᠥᠪᠯᠡᠯᠭᠡ ᠵᠡᠷᠭᠡ | ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠵᠤ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠪᠣᠯᠣᠨ | ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠳᠡᠯᠭᠡᠷᠡᠭᠦᠯᠦᠨ᠎ᠡ᠃ ︵ᠥᠪᠡᠷᠲᠡᠭᠡᠨ ᠵᠠᠰᠠᠬᠤ | ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ | ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 7. ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ ᠭᠡᠷᠡᠴᠢᠯᠡᠭᠡ ᠶᠢᠨ ᠳᠡᠰ ᠳᠡᠪᠰᠢᠭᠰᠡᠨ ᠪᠠᠷᠯᠠᠯ ᠢ | ᠪᠣᠢ ᠪᠣᠯᠭᠠᠨ᠎ᠠ᠃ ᠰᠢᠨ᠎ᠡ ᠪᠠᠷᠯᠠᠯ ᠤᠨ ISO9001 ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠵᠡᠷᠭᠡ | ᠣᠯᠠᠨ ᠤᠯᠤᠰ ᠤᠨ ᠲᠡᠷᠢᠭᠦᠨ ᠤ ᠪᠠᠷᠢᠮᠵᠢᠶ᠎ᠠ᠂ ᠠᠷᠭ᠎ᠠ ᠶᠢ ᠬᠡᠷᠡᠭᠯᠡᠨ ᠭᠡᠷᠡᠴᠢᠯᠡᠭᠡ ᠶᠢᠨ ᠱᠠᠭᠠᠷᠳᠠᠯᠭ᠎ᠠ ᠶᠢ | ᠳᠡᠭᠡᠭᠰᠢᠯᠡᠭᠦᠯᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠰᠢᠨ᠎ᠡ ᠮᠡᠷᠭᠡᠵᠢᠯ ᠢᠶᠠᠷ ᠤᠯᠠᠮᠵᠢᠯᠠᠯᠲᠤ | ᠭᠡᠷᠡᠴᠢᠯᠡᠭᠡ ᠶᠢᠨ ᠵᠠᠭᠪᠤᠷ ᠢ ᠥᠭᠡᠷᠡᠴᠢᠯᠡᠵᠦ ᠰᠢᠨᠡᠳᠬᠡᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠭᠡᠷᠡᠴᠢᠯᠡᠭᠡ ᠶᠢᠨ ᠰᠢᠰᠲ᠋ᠧᠮᠵᠢᠲᠦ ᠳᠡᠰ ᠳᠡᠪᠰᠢᠯᠲᠡ ᠪᠠᠷ ᠳᠠᠮᠵᠢᠭᠤᠯᠵᠤ ᠠᠵᠤ ᠠᠬᠤᠶᠢᠯᠠᠯ ᠤᠨ ᠶᠠᠰᠤ ᠴᠢᠨᠠᠷ ᠤᠨ | ᠬᠠᠮᠢᠶᠠᠷᠤᠯᠲᠠ ᠪᠠᠨ ᠪᠥᠬᠦ ᠲᠠᠯ᠎ᠠ ᠪᠠᠷ ᠳᠡᠰ ᠳᠡᠪᠰᠢᠭᠦᠯᠬᠦ ᠶᠢ ᠨᠢ ᠳᠠᠶᠢᠴᠢᠯᠠᠨ᠎ᠠ᠃ ᠭᠤᠣᠯᠯᠠᠬᠤ ᠠᠵᠤ ᠦᠢᠯᠡᠰ ᠵᠢᠴᠢ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠨᠢᠭᠡ ᠪᠦᠯᠦᠭ ᠥᠨᠳᠥᠷ ᠪᠦᠲᠦᠮᠵᠢᠲᠡᠢ ᠪᠦᠭᠡᠳ ᠨᠢᠭᠡ ᠴᠣᠭᠴᠠᠵᠢᠭᠰᠠᠨ ᠶᠠᠰᠤ ᠴᠢᠨᠠᠷ ᠤᠨ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠭᠰᠡᠨ ᠬᠡᠪ ᠳᠠᠭᠤᠷᠢᠶᠠᠯ ᠢ ᠪᠣᠢ | ᠪᠣᠯᠭᠠᠨ᠎ᠠ᠃ 2022 ᠣᠨ ᠪᠣᠯᠬᠤ ᠳᠤ᠂ ᠪᠥᠬᠦ ᠣᠷᠣᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠭᠡᠷᠡᠴᠢᠯᠡᠭᠡ ᠶᠢᠨ ᠠᠵᠤ ᠠᠬᠤᠶᠢᠯᠠᠯ ᠢ 7000 ᠭᠠᠷᠤᠢ ᠪᠣᠯᠭᠠᠬᠤ ᠪᠠᠷ ᠴᠢᠷᠮᠠᠶᠢᠨ᠎ᠠ᠃ ︵ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ | ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ | ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 8. ᠶᠠᠰᠤ ᠴᠢᠨᠠᠷ ᠤᠨ ᠭᠡᠷᠡᠴᠢᠯᠡᠭᠡ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠭᠡᠷᠡᠴᠢᠯᠡᠭᠡ ᠶᠢᠨ | ᠪᠠᠶᠢᠭᠤᠯᠤᠮᠵᠢ ᠶᠢ ᠳᠡᠮᠵᠢᠵᠦ ᠪᠠᠶᠢᠭᠠᠳ ᠴᠢᠭᠯᠡᠯᠲᠦ ᠴᠢᠨᠠᠷ ᠪᠦᠬᠦᠢ ᠥᠷᠲᠡᠭ ᠨᠡᠮᠡᠭᠳᠡᠯ ᠲᠠᠢ ᠦᠢᠯᠡᠴᠢᠯᠡᠭᠡ᠂ | ᠭᠦᠨᠵᠡᠭᠡᠢ ᠦᠢᠯᠡᠴᠢᠯᠡᠭᠡ ᠶᠢ ᠥᠷᠨᠢᠭᠦᠯᠦᠨ᠂ ᠰᠢᠨ᠎ᠡ ᠬᠡᠯᠪᠡᠷᠢ ᠪᠦᠬᠦᠢ ᠬᠠᠮᠢᠶᠠᠷᠤᠯᠲᠠ ᠶᠢᠨ ᠰᠢᠰᠲ᠋ᠧᠮᠵᠢ ᠶᠢᠨ | ᠭᠡᠷᠡᠴᠢᠯᠡᠭᠡ ᠶᠢ ᠠᠬᠢᠭᠤᠯᠤᠨ᠎ᠠ᠃ ᠡᠷᠡᠭᠦᠯ ᠴᠢᠭᠢᠷᠠᠭ᠂ ᠰᠤᠷᠭᠠᠨ ᠬᠥᠮᠥᠵᠢᠯ᠂ ᠮᠥᠩᠭᠦᠨ ᠭᠦᠢᠯᠭᠡᠭᠡᠨ ᠵᠡᠷᠭᠡ | ᠬᠦᠷᠢᠶᠡᠨ ᠳᠠᠬᠢ ᠦᠢᠯᠡᠴᠢᠯᠡᠬᠦ ᠭᠡᠷᠡᠴᠢᠯᠡᠭᠡ ᠶᠢ ᠬᠦᠴᠦᠲᠡᠢ ᠠᠬᠢᠭᠤᠯᠤᠨ᠎ᠠ᠃ ᠴᠡᠷᠢᠭ ᠪᠠ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠠᠵᠤ ᠦᠢᠯᠡᠰ ᠤᠨ ᠬᠥᠭᠵᠢᠯᠲᠡ ᠳᠤ ᠦᠢᠯᠡᠴᠢᠯᠡᠬᠦ ᠨᠡᠶᠢᠳᠡᠮ ᠬᠡᠷᠡᠭᠯᠡᠭᠡᠨ ᠤ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠰᠢᠰᠲ᠋ᠧᠮᠵᠢ ᠪᠠᠶᠢᠭᠤᠯᠬᠤ ᠶᠢ ᠵᠣᠷᠢᠬᠵᠢᠭᠤᠯᠤᠨ᠂ ᠡᠯ᠎ᠡ | ᠲᠥᠷᠥᠯ ᠤᠨ ᠠᠵᠤ ᠠᠬᠤᠶᠢᠯᠠᠯ ᠣᠨᠴᠠᠭᠠᠶᠢᠯᠠᠨ ᠦᠢᠯᠡᠴᠢᠯᠡᠬᠦ ᠬᠡᠯᠪᠡᠷᠢᠲᠦ ᠠᠵᠤ ᠠᠬᠤᠶᠢᠯᠠᠯ᠂ ᠳᠤᠮᠳᠠ ᠵᠢᠵᠢᠭ | ᠪᠢᠴᠢᠯ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠳᠤ | ᠣᠷᠣᠯᠴᠠᠭᠤᠯᠤᠨ᠎ᠠ᠃ ᠠᠵᠤ ᠠᠬᠤᠶᠢᠯᠠᠯ ᠤᠨ ᠠᠮᠠᠯᠠᠬᠤ ᠳᠦᠷᠢᠮ ᠢ ᠬᠡᠷᠡᠭᠵᠢᠭᠦᠯᠦᠨ᠂ ᠨᠡᠶᠢᠭᠡᠮ ᠤᠨ ᠬᠢᠨ ᠤ ᠬᠢᠨᠠᠯᠲᠠ | ᠲᠠᠯᠪᠢᠬᠤ ᠶᠢ ᠬᠦᠯᠢᠶᠡᠨ ᠠᠪᠴᠤ᠂ ᠭᠡᠷᠡᠴᠢᠯᠡᠭᠡ ᠪᠠᠷ ᠳᠠᠮᠵᠢᠵᠤ ᠦᠢᠯᠡᠳᠬᠦᠨ ᠤ ᠶᠠᠰᠤ ᠴᠢᠨᠠᠷ ᠪᠣᠯᠣᠨ ᠠᠵᠤ | ᠠᠬᠤᠶᠢᠯᠠᠯ ᠤᠨ ᠢᠲᠡᠭᠡᠯ ᠬᠦᠨᠳᠦ ᠶᠢ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ᠂ ᠠᠵᠢᠯ | ᠲᠥᠷᠥᠯ ᠤᠨ ᠬᠠᠮᠢᠶᠠᠷᠤᠯᠲᠠ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠵᠠᠰᠠᠯᠲᠠ ᠵᠡᠷᠭᠡ | ᠬᠦᠷᠢᠶᠡᠨ ᠳᠤ ᠭᠡᠷᠡᠴᠢᠯᠡᠭᠡ ᠶᠢᠨ ᠦᠷ᠎ᠡ ᠳ᠋ᠦᠩ ᠢ ᠥᠷᠭᠡᠨ ᠢᠶᠠᠷ ᠦᠨᠡᠮᠰᠢᠨ ᠬᠡᠷᠡᠭᠯᠡᠬᠦ ᠶᠢ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠬᠥᠭᠵᠢᠭᠦᠯᠦᠯᠲᠡ ᠶᠢᠨ ᠵᠥᠪᠯᠡᠯ᠂ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠰᠤᠷᠭᠠᠨ | ᠬᠥᠮᠥᠵᠢᠯ ᠤᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠶᠠᠰᠤ ᠴᠢᠨᠠᠷ ᠤᠨ ᠭᠡᠷᠡᠴᠢᠯᠡᠭᠡ ᠶᠢᠨ ᠳᠦᠷᠢᠮ ᠳᠤ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠶᠢ ᠭᠦᠨᠵᠡᠭᠡᠶᠢᠷᠡᠭᠦᠯᠦᠨ᠎ᠡ | 9. ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠳᠦᠷᠢᠮ ᠢ ᠨᠠᠶᠢᠳᠠᠪᠤᠷᠢᠵᠢᠭᠤᠯᠤᠨ᠎ᠠ᠃ ᠠᠯᠪᠠᠳᠠᠯᠭ᠎ᠠ ᠶᠢᠨ | ᠴᠢᠨᠠᠷᠲᠠᠢ ᠭᠡᠷᠡᠴᠢᠯᠡᠭᠡ ᠶᠢᠨ ︽ᠰᠠᠭᠤᠷᠢ ᠶᠢ ᠨᠢ ᠪᠠᠲᠤᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ | ᠴᠢᠬᠤᠯᠠ ᠪᠦᠬᠦᠢ ᠴᠢᠨᠠᠷ ᠪᠣᠯᠣᠨ ᠬᠠᠮᠤᠭ ᠤᠨ ᠳᠣᠣᠷ᠎ᠠ ᠪᠣᠯᠭᠠᠬᠤ ᠵᠠᠷᠴᠢᠮ ᠶᠣᠰᠣᠭᠠᠷ᠂ ᠠᠮᠤᠷ ᠲᠦᠪᠰᠢᠨ᠂ ᠡᠷᠡᠭᠦᠯ | ᠴᠢᠭᠢᠷᠠᠭ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠲᠠᠢ ᠬᠤᠯᠪᠣᠭᠳᠠᠭᠰᠠᠨ ᠦᠢᠯᠡᠳᠬᠦᠨ ᠳᠤ | ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠦᠢᠯᠡᠳᠬᠦᠨ ᠤ | ᠠᠯᠪᠠᠳᠠᠯᠭ᠎ᠠ ᠶᠢᠨ ᠴᠢᠨᠠᠷᠲᠠᠢ ᠭᠡᠷᠡᠴᠢᠯᠡᠭᠡ ᠶᠢᠨ ᠬᠢᠨᠠᠨ ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠂ | ᠭᠡᠷᠡᠴᠢᠯᠡᠭᠡ ᠶᠢᠨ ᠪᠠᠶᠢᠭᠤᠯᠤᠮᠵᠢ᠂ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠠᠵᠢᠯ ᠲᠥᠷᠥᠯ ᠤᠨ ᠨᠡᠶᠢᠭᠡᠮᠯᠢᠭ | ᠬᠠᠮᠵᠢᠯᠴᠠᠨ ᠬᠠᠪᠰᠤᠷᠤᠯᠴᠠᠬᠤ ᠶᠢ ᠴᠢᠩᠭᠠᠳᠬᠠᠵᠤ᠂ ᠣᠨᠣᠪᠴᠢᠲᠠᠢ ᠪᠠᠷ ᠠᠩᠭᠢᠯᠠᠵᠤ ᠬᠠᠮᠢᠶᠠᠷᠬᠤ ᠶᠢ | ᠬᠡᠷᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 10. ᠰᠠᠶᠢᠨ ᠳᠤᠷ᠎ᠠ ᠠᠴᠠ ᠪᠠᠨ ᠭᠡᠷᠡᠴᠢᠯᠡᠭᠦᠯᠬᠦ ᠶᠢ ᠠᠬᠢᠭᠤᠯᠤᠨ᠎ᠠ᠃ ᠰᠠᠶᠢᠨ ᠳᠤᠷ᠎ᠠ ᠠᠴᠠ ᠪᠠᠨ | ᠭᠡᠷᠡᠴᠢᠯᠡᠭᠦᠯᠬᠦ ᠶᠢᠨ ︽ᠪᠠᠷᠢᠮᠵᠢᠶᠠᠯᠠᠬᠤ ᠱᠤᠭᠤᠮ︾ ᠤᠨ ᠦᠢᠯᠡᠳᠦᠯ ᠢ ᠪᠠᠳᠠᠷᠠᠭᠤᠯᠤᠨ᠂ ᠰᠢᠨ᠎ᠡ ᠮᠡᠷᠭᠡᠵᠢᠯ᠂ ᠰᠢᠨ᠎ᠡ | ᠦᠢᠯᠡᠳᠬᠦᠨ᠂ ᠰᠢᠨ᠎ᠡ ᠡᠵᠡᠩᠨᠡᠯᠲᠡ ᠶᠢᠨ ᠪᠠᠶᠢᠳᠠᠯ ᠳᠤ ᠬᠢᠨᠠᠭᠤᠷ ᠪᠣᠯᠭᠤᠮᠵᠢᠲᠠᠢ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠰᠢᠨ᠎ᠡ ᠬᠦᠷᠢᠶᠡᠨ ᠳᠠᠬᠢ ᠰᠤᠳᠤᠯᠤᠨ ᠨᠡᠭᠡᠭᠡᠬᠦ ᠭᠡᠷᠡᠴᠢᠯᠡᠭᠡ ᠶᠢᠨ ︽ᠰᠠᠭᠠᠳ ᠦᠭᠡᠢ ᠨᠡᠪᠲᠡᠷᠡᠯ︾ ᠢ | ᠪᠠᠶᠢᠭᠤᠯᠤᠨ᠂ ᠰᠢᠨ᠎ᠡ ᠬᠡᠯᠪᠡᠷᠢ ᠪᠦᠬᠦᠢ ᠠᠵᠤ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠤᠨ᠎ᠠ᠃ ᠣᠷᠭᠠᠨᠢᠭ | ᠪᠦᠭᠡᠳ ᠪᠣᠬᠢᠷᠲᠤᠯ ᠦᠭᠡᠢ ᠦᠢᠯᠡᠳᠬᠦᠨ ᠤ ᠭᠡᠷᠡᠴᠢᠯᠡᠭᠡ ᠶᠢ ᠬᠦᠴᠦᠲᠡᠢ ᠠᠬᠢᠭᠤᠯᠤᠨ᠂ ᠬᠥᠨᠥᠭᠡᠯ ᠤᠨ ᠵᠠᠳᠠᠯᠤᠯᠲᠠ | ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ ᠭᠡᠷᠡᠴᠢᠯᠡᠭᠡ ᠶᠢ ᠠᠬᠢᠭᠤᠯᠵᠤ᠂ ᠬᠤᠣᠷ ᠦᠭᠡᠢ | ᠲᠠᠷᠢᠶᠠᠯᠠᠩ ᠤᠨ ᠵᠢᠷᠤᠮᠯᠠᠯ ᠤᠨ ᠭᠡᠷᠡᠴᠢᠯᠡᠭᠡ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ᠂ ᠤᠯᠤᠰ ᠤᠨ ᠣᠷᠭᠠᠨᠢᠭ | ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠣᠭᠴᠠᠯᠠᠨ ᠪᠠᠶᠢᠭᠤᠯᠬᠤ ᠶᠢ ᠦᠷᠭᠦᠯᠵᠢᠯᠡᠨ | ᠠᠬᠢᠭᠤᠯᠤᠨ᠎ᠠ᠃ 2020 ᠣᠨ ᠪᠣᠯᠬᠤ ᠳᠤ᠂ ᠪᠣᠬᠢᠷᠲᠤᠯ ᠦᠭᠡᠢ ᠢᠳᠡᠭᠡᠨ ᠤ ᠭᠡᠷᠡᠴᠢᠯᠡᠭᠡ ᠶᠢᠨ ᠦᠨᠡᠮᠯᠡᠯ | ᠣᠯᠣᠭᠰᠠᠳ ᠢ 1000 ᠪᠣᠯᠭᠠᠵᠤ᠂ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 900 | ᠪᠣᠯᠭᠠᠨ᠂ ᠰᠠᠶᠢᠨ ᠲᠠᠷᠢᠶᠠᠯᠠᠩ ᠤᠨ ᠵᠢᠷᠤᠮᠵᠢᠭᠰᠠᠨ ᠭᠡᠷᠡᠴᠢᠯᠡᠭᠡ ᠶᠢᠨ ᠦᠨᠡᠮᠯᠡᠯ ᠣᠯᠣᠭᠰᠠᠳ ᠢ 30 ᠪᠣᠯᠭᠠᠵᠤ᠂ | ᠤᠯᠤᠰ ᠤᠨ ᠣᠷᠭᠠᠨᠢᠭ ᠦᠢᠯᠡᠳᠬᠦᠨ ᠤ ᠭᠡᠷᠡᠴᠢᠯᠡᠭᠡ ᠶᠢᠨ ᠵᠢᠱᠢᠶ᠎ᠡ ᠦᠵᠡᠭᠦᠯᠬᠦ ᠲᠣᠭᠤᠷᠢᠭ ᠢ 10 ᠭᠠᠷᠤᠢ ᠨᠡᠮᠡᠵᠦ | ᠪᠠᠶᠢᠭᠤᠯᠤᠨ᠂ ᠬᠥᠨᠥᠭᠡᠯ ᠤᠨ ᠵᠠᠳᠠᠯᠤᠯᠲᠠ ᠬᠢᠭᠡᠳ ᠵᠠᠩᠭᠢᠯᠠᠭ᠎ᠠ ᠶᠢᠨ ᠬᠢᠵᠠᠭᠠᠷᠯᠠᠬᠤ ᠴᠡᠭ ᠤᠨ ᠰᠢᠰᠲ᠋ᠧᠮᠵᠢ ᠶᠢᠨ | ᠭᠡᠷᠡᠴᠢᠯᠡᠭᠡ ᠶᠢᠨ ᠠᠵᠤ ᠠᠬᠤᠶᠢᠯᠠᠯ ᠢ 200 ᠭᠠᠷᠤᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ | ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ | ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ︽ᠥᠪᠥᠷ ᠮᠣᠩᠭᠤᠯ ᠴᠢᠨᠠᠷ ᠴᠢᠨᠰᠠᠭ᠎ᠠ︾ ᠭᠡᠷᠡᠴᠢᠯᠡᠭᠡ ᠶᠢᠨ ᠠᠵᠢᠯᠯᠠᠭ᠎ᠠ ᠶᠢ ᠥᠷᠨᠢᠭᠦᠯᠦᠨ᠎ᠡ᠃ ᠥᠪᠥᠷ | ᠮᠣᠩᠭᠤᠯ ᠤᠨ ᠣᠷᠣᠨ ᠪᠦᠰᠡ ᠶᠢᠨ ᠣᠨᠴᠠᠯᠢᠭ ᠲᠠᠢ ᠢᠳᠡᠭᠡᠨ᠂ ᠲᠠᠷᠢᠶᠠᠯᠠᠩ ᠮᠠᠯ ᠠᠵᠤ ᠠᠬᠤᠢ ᠣᠢ ᠰᠢᠭᠤᠢ | ᠤᠰᠤᠨ ᠭᠠᠷᠤᠯᠲᠠ ᠶᠢᠨ ᠣᠨᠴᠠᠯᠢᠭᠲᠤ ᠦᠢᠯᠡᠳᠬᠦᠨ᠂ ᠮᠣᠩᠭᠤᠯ ᠬᠢᠲᠠᠳ ᠡᠮ ᠤᠨ ᠮᠠᠲ᠋ᠧᠷᠢᠶᠠᠯ ᠵᠡᠷᠭᠡ ᠨᠡᠷᠡᠲᠦ | ᠰᠢᠯᠢᠳᠡᠭ ᠦᠢᠯᠡᠳᠬᠦᠨ ᠵᠢᠴᠢ ᠦᠨᠳᠦᠰᠦᠲᠡᠨ ᠤ ᠣᠨᠴᠠᠯᠢᠭ ᠢᠶᠠᠷ ᠢᠯᠡ ᠲᠣᠳᠣ ᠪᠠᠶᠢᠳᠠᠭ ᠵᠢᠭᠤᠯᠴᠢᠯᠠᠬᠤ ᠭᠠᠵᠠᠷ ︵ | ᠦᠵᠡᠮᠵᠢ ᠶᠢᠨ ᠭᠠᠵᠠᠷ︶ ᠵᠡᠷᠭᠡ ᠶᠢ ᠭᠤᠣᠯᠳᠠᠯᠭ᠎ᠠ ᠲᠠᠢ ᠪᠤᠶᠢᠵᠢᠭᠤᠯᠬᠤ ᠲᠠᠯ᠎ᠠ ᠪᠣᠯᠭᠠᠵᠤ᠂ ᠤᠯᠤᠰ ᠤᠨ ᠪᠠᠷᠢᠮᠵᠢᠶ᠎ᠠ | ᠪᠤᠶᠤ ᠠᠵᠢᠯ ᠲᠥᠷᠥᠯ ᠤᠨ ᠪᠠᠷᠢᠮᠵᠢᠶ᠎ᠠ ᠠᠴᠠ ᠳᠡᠭᠡᠭᠦᠷ ᠪᠠᠶᠢᠬᠤ ᠣᠷᠣᠨ ᠨᠤᠲᠤᠭ ᠤᠨ ᠪᠠᠷᠢᠮᠵᠢᠶ᠎ᠠ᠂ ᠪᠦᠯᠬᠦᠮ ᠤᠨ | ᠪᠠᠷᠢᠮᠵᠢᠶ᠎ᠠ ᠲᠣᠭᠲᠠᠭᠠᠬᠤ ᠪᠠᠷ ᠳᠡᠮᠵᠢᠨ᠂ ︽ᠥᠪᠥᠷ ᠮᠣᠩᠭᠤᠯ ᠴᠢᠨᠠᠷ ᠴᠢᠨᠰᠠᠭ᠎ᠠ︾ ᠶᠢᠨ ᠪᠠᠷᠢᠮᠵᠢᠶᠠᠨ ᠤ | ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠭᠤᠷᠪᠠᠳᠠᠬᠢ ᠡᠲᠡᠭᠡᠳ ᠤᠨ ᠭᠡᠷᠡᠴᠢᠯᠡᠭᠡ ᠶᠢᠨ ᠪᠠᠶᠢᠭᠤᠯᠤᠮᠵᠢ ᠳᠤ | ᠨᠠᠶᠢᠳᠠᠵᠤ ᠭᠡᠷᠡᠴᠢᠯᠡᠭᠡ ᠶᠢᠨ ᠠᠵᠢᠯᠯᠠᠭ᠎ᠠ ᠥᠷᠨᠢᠭᠦᠯᠬᠦ ᠶᠢ ᠰᠦᠪᠡᠭᠴᠢᠯᠡᠨ᠂ ᠥᠪᠥᠷ ᠮᠣᠩᠭᠤᠯ ᠤᠨ ᠨᠡᠷᠡᠲᠦ | ᠲᠡᠮᠳᠡᠭᠲᠦ ᠶᠢ ᠪᠤᠶᠢᠵᠢᠭᠤᠯᠵᠤ᠂ ᠥᠪᠥᠷ ᠮᠣᠩᠭᠤᠯ ᠤᠨ ᠠᠵᠤ ᠠᠬᠤᠢ ᠶᠢᠨ ᠥᠷᠢᠰᠦᠯᠳᠦᠬᠦ ᠬᠦᠴᠦᠨ ᠪᠣᠯᠣᠨ | ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ︵ᠦᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠵᠦ᠂ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠶᠢᠨ ᠲᠢᠩᠭᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠵᠢᠭᠤᠯᠴᠢᠯᠠᠯ ᠤᠨ ᠬᠥᠭᠵᠢᠭᠦᠯᠦᠯᠲᠡ ᠶᠢᠨ ᠵᠦᠪᠯᠡᠯ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ ᠤᠨ ᠵᠦᠪᠯᠡᠯ᠂ | ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠠᠵᠤ | ᠠᠬᠤᠢ ᠪᠠ ᠮᠡᠳᠡᠭᠡ ᠵᠠᠩᠬᠢᠴᠢᠯᠠᠯᠲᠠ ᠶᠢᠨ ᠵᠦᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠦᠬᠡᠬᠤᠲᠠ | ᠪᠤᠭᠤᠮᠲᠠ ᠵᠡᠷᠭᠡ ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠤᠭᠠᠷ | ᠬᠠᠷᠢᠭᠤᠴᠠᠨ᠎ᠠ︶ | ︵ᠲᠠᠪᠤ︶ ᠶᠠᠰᠤ ᠴᠢᠨᠠᠷ ᠤᠨ ᠭᠡᠷᠡᠴᠢᠯᠡᠭᠡ ᠶᠢᠨ ᠶᠡᠷᠦᠩᠬᠡᠢ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ | 12. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠯᠭᠠᠭᠤᠷᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ ᠪᠠ ᠰᠢᠨ᠎ᠡ ᠪᠠᠷ ᠪᠣᠢ | ᠪᠣᠯᠣᠭᠰᠠᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ | ᠮᠡᠷᠭᠡᠵᠢᠯ ᠤᠨ ᠣᠨᠴᠠ ᠴᠢᠳᠠᠪᠤᠷᠢᠲᠠᠢ᠂ ᠦᠢᠯᠡᠴᠢᠯᠡᠭᠡᠨ ᠨᠢ ᠣᠨᠴᠠᠯᠢᠭ ᠲᠠᠢ ᠨᠢᠭᠡ ᠪᠦᠯᠦᠭ ᠲᠤᠰᠬᠠᠶᠢᠵᠢᠭᠰᠠᠨ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠥᠭᠵᠢᠯᠲᠡ ᠶᠢ ᠳᠡᠮᠵᠢᠨ᠂ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠪᠠᠷ ︽ᠵᠠᠯᠭᠠᠭᠤᠷ︾ ᠪᠣᠯᠭᠠᠭᠰᠠᠨ ᠠᠵᠤ ᠦᠢᠯᠡᠰ ᠤᠨ ᠪᠦᠭᠡᠮᠨᠡᠷᠡᠯ ᠤᠨ ᠰᠢᠨ᠎ᠡ ᠵᠠᠭᠪᠤᠷ ᠢ ᠪᠣᠢ | ᠪᠣᠯᠭᠠᠬᠤ ᠪᠠᠷ ᠴᠢᠷᠮᠠᠶᠢᠨ᠎ᠠ᠃ ᠶᠠᠰᠤ ᠴᠢᠨᠠᠷ ᠤᠨ ᠠᠮᠦᠷ ᠲᠥᠪᠰᠢᠨ ᠤ ᠲᠥᠭᠰᠢᠭᠦᠷᠢ ᠶᠢ ᠰᠡᠷᠡᠮᠵᠢᠯᠡᠭᠦᠯᠬᠦ᠂ ᠣᠯᠠᠨ | ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠣᠷᠣᠨ ᠤ | ᠲᠤᠳᠤᠷᠠᠬᠢ ᠠᠵᠤ ᠠᠬᠤᠶᠢᠯᠠᠯ ᠤᠨ ᠬᠢᠨ ᠤ ᠶᠠᠰᠤ ᠴᠢᠨᠠᠷ ᠤᠨ ᠭᠡᠷᠡᠴᠢᠯᠡᠭᠡ ᠶᠢᠨ ᠬᠢᠷᠢ ᠭᠡᠮ ᠣᠯᠬᠤ ᠶᠢ ᠳᠡᠮᠵᠢᠵᠦ᠂ | ᠠᠵᠤ ᠠᠬᠤᠶᠢᠯᠠᠯ ᠳᠤ ᠳᠦᠭᠦᠮ ᠪᠦᠭᠡᠳ ᠦᠨᠳᠦᠷ ᠪᠦᠲᠦᠮᠵᠢᠲᠡᠢ ᠦᠢᠯᠡᠴᠢᠯᠡᠭᠡ ᠶᠢ ᠬᠠᠩᠭᠠᠨ᠎ᠠ᠃ 2020 ᠣᠨ | ᠪᠣᠯᠬᠤ ᠳᠤ᠂ ᠪᠦᠬᠦ ᠣᠷᠣᠨ ᠤ ᠡᠯ᠎ᠡ ᠲᠦᠷᠦᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢ | 1200 ᠭᠠᠷᠤᠢ ᠪᠣᠯᠭᠠᠵᠤ᠂ ᠣᠷᠣᠨ ᠤ ᠲᠤᠳᠤᠷ᠎ᠠ ᠳᠠᠩᠰᠠᠯᠠᠭᠤᠯᠤᠭᠰᠠᠨ ᠶᠠᠰᠤ ᠴᠢᠨᠠᠷ ᠤᠨ ᠭᠡᠷᠡᠴᠢᠯᠡᠭᠡ ᠶᠢᠨ ᠬᠢᠷᠢ | ᠭᠡᠮ ᠲᠠᠢ ᠭᠡᠷᠡᠴᠢᠯᠡᠭᠡ ᠶᠢᠨ ᠪᠠᠶᠢᠭᠤᠯᠤᠮᠵᠢ ᠶᠢ 3 ᠠᠴᠠ ᠢᠯᠡᠬᠦᠤ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ ᠵᠠᠩᠭᠢᠴᠢᠯᠠᠯᠲᠠ ᠶᠢᠨ ᠵᠥᠪᠯᠡᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ | ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 13. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ ᠲᠣᠭᠲᠠᠭᠠᠬᠤ | ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ︾ ᠤᠨ | ᠦᠢᠯᠡᠴᠢᠯᠡᠭᠡ ᠶᠢ ᠨᠠᠶᠢᠳᠠᠪᠤᠷᠢᠵᠢᠭᠤᠯᠤᠨ᠂ ︽ᠨᠢᠭᠡ ᠯᠠ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠴᠤᠪᠤᠷᠠᠯ ᠢ ᠶᠡᠭᠡ ᠪᠠᠷ ᠴᠣᠮᠬᠠᠳᠬᠠᠨ᠂ ︽ | ᠶᠡᠬᠡᠳᠡᠬᠦ ᠳᠤ ᠪᠠᠨ ᠨᠢᠭᠡ ᠯᠠ ᠤᠳᠠᠭ᠎ᠠ ᠣᠴᠢᠵᠤ ᠭᠦᠢᠴᠡᠳᠬᠡᠬᠦ︾ ᠶᠢᠨ ᠡᠯ᠎ᠡ ᠵᠦᠢᠯ ᠤᠨ ᠬᠢᠨᠠᠨ ᠵᠥᠪᠰᠢᠶᠡᠷᠡᠬᠦ | ᠲᠣᠭᠲᠠᠭᠠᠯ ᠢ ᠪᠡᠶᠡᠯᠡᠭᠦᠯᠵᠦ᠂ ᠵᠠᠰᠠᠭ ᠵᠠᠬᠢᠷᠭᠠᠨ ᠤ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠬᠡᠮ ᠮᠠᠭᠠᠳᠯᠠᠨ | ᠲᠣᠭᠲᠠᠭᠠᠬᠤ ᠬᠢᠭᠡᠳ ᠬᠠᠮᠢᠶ᠎ᠠ ᠪᠦᠬᠦᠢ ᠠᠵᠢᠯ ᠲᠥᠷᠥᠯ ᠤᠨ ᠬᠢᠨ ᠤ ᠬᠢᠷᠢ ᠬᠡᠮ ᠤᠨ ᠵᠥᠪᠰᠢᠶᠡᠷᠡᠬᠦ ᠠᠵᠢᠯ ᠢ | ᠨᠡᠶᠢᠯᠡᠭᠦᠯᠵᠦ ᠬᠤᠯᠪᠣᠭᠠᠯᠠᠨ ᠬᠢᠨᠠᠨ ᠵᠥᠪᠰᠢᠶᠡᠷᠡᠬᠦ ᠳᠦᠷᠢᠮ ᠢ ᠪᠠᠶᠢᠭᠤᠯᠤᠨ ᠬᠡᠷᠡᠭᠵᠢᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠶᠤᠯ ᠦᠭᠡᠢ | ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠢᠩᠬᠢᠮ᠂ ᠥᠪᠥᠷ | ᠮᠣᠩᠭᠤᠯ ᠤᠨ ᠴᠠᠭ ᠠᠭᠤᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠭᠡᠷᠡᠴᠢᠯᠡᠭᠡ ᠶᠢᠨ ᠠᠵᠢᠯᠯᠠᠭ᠎ᠠ ᠶᠢᠨ ᠠᠵᠢᠯ ᠶᠠᠪᠤᠳᠠᠯ ᠤᠨ ᠳᠤᠮᠳᠠᠬᠢ ᠪᠠ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠴᠢᠩᠭᠠᠳᠬᠠᠨ᠎ᠠ | 14. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠣᠭᠤᠷᠢᠭ︶ ᠭᠤᠷᠪᠠᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤ | ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠭᠡᠷᠡᠴᠢᠯᠡᠭᠡ ᠶᠢᠨ ᠬᠢᠨᠠᠨ ᠬᠠᠮᠢᠶᠠᠷᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠭᠡᠷᠡᠴᠢᠯᠡᠭᠡ ᠶᠢᠨ ᠬᠢᠨᠠᠨ ᠬᠠᠮᠢᠶᠠᠷᠬᠤ | ᠬᠦᠴᠦᠨ ᠢ ᠲᠡᠭᠦᠯᠳᠡᠷᠵᠢᠭᠦᠯᠦᠨ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠢᠨᠠᠨ ᠬᠠᠮᠢᠶᠠᠷᠬᠤ ᠶᠢ | ᠠᠬᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠪᠠ ᠨᠡᠶᠢᠭᠡᠮ ᠤᠨ ᠬᠢᠨ ᠤ ᠬᠢᠨᠠᠯᠲᠠ ᠲᠠᠯᠪᠢᠬᠤ ᠶᠢ | ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠲᠢᠩᠬᠢᠮ᠂ ᠲᠠᠷᠢᠶᠠᠯᠠᠩ ᠮᠠᠯ ᠠᠵᠤ | ᠠᠬᠤᠢ ᠶᠢᠨ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠬᠥᠬᠡᠬᠤᠲᠠ ᠪᠣᠭᠤᠮᠲᠠ | ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 15. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠢᠨᠠᠨ ᠬᠠᠮᠢᠶᠠᠷᠬᠤ ᠡᠷᠴᠢᠮ ᠢ | ᠴᠢᠩᠭᠠᠷᠠᠭᠤᠯᠤᠨ᠎ᠠ᠃ ︽ᠬᠤᠶᠠᠷ ᠢ ᠰᠤᠭᠤᠴᠢᠨ ᠪᠠᠶᠢᠴᠠᠭᠠᠵᠤ ᠨᠢᠭᠡ ᠶᠢ ᠢᠯᠡ ᠪᠣᠯᠭᠠᠬᠤ︾ ᠶᠢᠨ ᠬᠢᠨᠠᠨ ᠬᠠᠮᠢᠶᠠᠷᠬᠤ | ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠬᠠᠷᠢᠶ᠎ᠠ ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠎ᠠ᠃ ᠭᠡᠷᠡᠴᠢᠯᠡᠭᠡ ᠶᠢᠨ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠢᠶᠠᠷ ᠢᠶᠠᠨ ᠭᠡᠷᠡᠴᠢᠯᠡᠭᠡ ᠶᠢᠨ ᠠᠵᠢᠯᠯᠠᠭᠠᠨ ᠳᠤ ᠬᠠᠤᠯᠢ ᠶᠣᠰᠣᠭᠠᠷ ᠬᠢᠨᠠᠯᠲᠠ ᠲᠠᠯᠪᠢᠵᠤ | ᠬᠠᠮᠢᠶᠠᠷᠬᠤ ᠶᠢ ᠬᠡᠷᠡᠭᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠠᠵᠢᠯᠯᠠᠭᠠᠨ ᠢ ᠬᠠᠤᠯᠢ ᠪᠤᠰᠤ ᠪᠠᠷ | ᠬᠢᠬᠦ ᠪᠠ ᠭᠡᠷᠡᠴᠢᠯᠡᠭᠡ ᠶᠢᠨ ᠦᠨᠡᠮᠯᠡᠯ ᠪᠤᠶᠤ ᠭᠡᠷᠡᠴᠢᠯᠡᠭᠡ ᠶᠢᠨ ᠲᠡᠮᠳᠡᠭ ᠢ ᠬᠤᠳᠠᠯ ᠢᠶᠠᠷ ᠵᠣᠬᠢᠶᠠᠬᠤ᠂ ᠬᠠᠭᠤᠷᠮᠠᠭᠯᠠᠨ | ᠬᠡᠷᠡᠭᠯᠡᠬᠦ᠂ ᠬᠤᠳᠠᠯᠳᠤᠭᠠᠯᠠᠬᠤ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠯᠪᠠᠳᠠᠯᠭ᠎ᠠ ᠶᠢᠨ | ᠴᠢᠨᠠᠷᠲᠠᠢ ᠭᠡᠷᠡᠴᠢᠯᠡᠭᠡ ᠦᠭᠡᠢ ᠦᠢᠯᠡᠳᠬᠦᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠨᠢ ᠴᠢᠩᠭ᠎ᠠ ᠴᠠᠭᠠᠵᠠᠯᠠᠨ᠂ | ᠭᠡᠷᠡᠴᠢᠯᠡᠭᠡ ᠶᠢᠨ ᠦᠷ᠎ᠡ ᠪᠦᠳᠦᠮᠵᠢᠲᠦ ᠴᠢᠨᠠᠷ ᠪᠣᠯᠣᠨ ᠨᠡᠶᠢᠲᠡ ᠳᠤ ᠢᠲᠡᠭᠡᠭᠦᠯᠬᠦ ᠬᠦᠴᠦᠨ ᠢ ᠦᠨᠡᠨ ᠬᠦ ᠪᠠᠲᠤᠯᠠᠵᠤ᠂ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠵᠠᠬ᠎ᠠ ᠳᠡᠯᠭᠡᠭᠦᠷ ᠤᠨ ᠡᠷᠡᠭᠦᠯ ᠢᠶᠠᠷ ᠡᠮᠬᠢ | ᠵᠢᠷᠤᠮ ᠲᠠᠢ ᠬᠥᠭᠵᠢᠬᠦ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠬᠡᠬᠤᠲᠠ | ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 16. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠵᠢᠴᠢ ᠠᠵᠢᠯᠲᠠᠳ ᠤᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠭᠡᠷᠡᠴᠢᠯᠡᠭᠡ ᠶᠢᠨ ᠠᠵᠢᠯᠯᠠᠭ᠎ᠠ ᠳᠤ ᠣᠷᠣᠯᠴᠠᠭᠰᠠᠨ ᠠᠵᠢᠯ ᠬᠢᠭᠰᠡᠳ ᠠᠴᠠ ᠪᠥᠬᠦ ᠶᠠᠪᠤᠴᠠ ᠳᠤ ᠨᠢ ᠬᠠᠷᠢᠭᠤᠴᠠᠯᠭ᠎ᠠ | ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ︽ᠬᠡᠨ ᠭᠡᠷᠡᠴᠢᠯᠡᠭᠡ ᠭᠠᠷᠭᠠᠪᠠᠯ ᠲᠡᠷᠡ ᠬᠠᠷᠢᠭᠤᠴᠠᠵᠤ᠂ | ᠬᠡᠨ ᠭᠠᠷ ᠤᠨ ᠦᠰᠦᠭ ᠵᠢᠷᠤᠪᠠᠯ ᠲᠡᠷᠡ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠤᠨ᠎ᠠ᠃ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠪᠠᠶᠢᠭᠤᠯᠤᠮᠵᠢ ᠶᠢᠨ ᠬᠢᠨ ᠤ ᠠᠮᠠᠯᠠᠯᠲᠠ ᠪᠠᠨ ᠢᠯᠡ ᠪᠣᠯᠭᠠᠬᠤ ᠪᠠ | ᠮᠡᠳᠡᠭᠡ ᠵᠠᠩᠭᠢ ᠪᠠᠨ ᠢᠯᠡ ᠨᠡᠶᠢᠲᠡᠯᠡᠬᠦ ᠳᠦᠷᠢᠮ ᠢ ᠬᠡᠷᠡᠭᠵᠢᠭᠦᠯᠦᠨ᠂ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ | ᠪᠠᠶᠢᠭᠤᠯᠵᠤ᠂ ᠡᠭᠦᠷᠢᠳᠡ ᠪᠤᠴᠠᠭᠠᠨ ᠭᠠᠷᠭᠠᠬᠤ ᠪᠠ ᠨᠠᠰᠤᠨ ᠲᠤᠷᠰᠢᠲᠠ ᠨᠢ ᠬᠤᠷᠢᠭᠯᠠᠬᠤ ᠵᠡᠷᠭᠡ ᠢᠲᠡᠭᠡᠯ | ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠂ ᠪᠠᠶᠢᠴᠠᠭᠠᠨ ᠰᠢᠯᠭᠠᠵᠤ ᠪᠠᠶᠢᠴᠠᠭᠠᠨ | ᠰᠢᠨᠵᠢᠬᠦ ᠭᠡᠷᠡᠴᠢᠯᠡᠭᠡ ᠶᠢᠨ ᠶᠠᠪᠤᠴᠠ ᠳᠠᠬᠢ ᠪᠠᠶᠢᠭᠤᠯᠤᠮᠵᠢ ᠪᠣᠯᠣᠨ ᠠᠵᠢᠯᠲᠠᠳ ᠤᠨ ᠢᠲᠡᠭᠡᠯ ᠠᠯᠳᠠᠭᠰᠠᠨ ᠦᠢᠯᠡ | ᠠᠵᠢᠯᠯᠠᠭ᠎ᠠ ᠶᠢᠨ ᠮᠡᠳᠡᠭᠡ ᠵᠠᠩᠭᠢ ᠶᠢ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠬᠦ ᠰᠢᠰᠲ᠋ᠧᠮ ᠪᠣᠯᠣᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤ ᠳᠤ ᠪᠠᠨ ᠬᠦᠷᠲᠡᠬᠦ ᠲᠠᠪᠴᠠᠩ ᠳᠤ ᠳᠠᠷᠦ᠋ᠢᠬᠠᠨ ᠶᠠᠪᠤᠭᠤᠯᠵᠤ᠂ ᠰᠠᠯᠠᠭ᠎ᠠ ᠮᠥᠴᠢᠷ ᠤᠳ ᠬᠤᠯᠪᠣᠭᠠᠯᠠᠵᠤ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠂ ᠬᠠᠤᠯᠢ ᠠᠴᠠ ᠵᠥᠷᠢᠴᠡᠵᠦ ᠢᠲᠡᠭᠡᠯ ᠠᠯᠳᠠᠬᠤ ᠥᠪᠡᠷ ᠤᠨ | ᠥᠷᠲᠡᠭ ᠢ ᠨᠢ ᠨᠡᠮᠡᠭᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠨ᠂ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠬᠤᠳᠠᠯᠳᠤᠭ᠎ᠠ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ | ᠲᠢᠩᠬᠢᠮ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠬᠥᠬᠡᠬᠤᠲᠠ ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠢ | ᠪᠤᠶᠢᠵᠢᠭᠤᠯᠤᠨ ᠬᠥᠭᠵᠢᠭᠦᠯᠦᠨ᠎ᠡ | 17. ᠠᠵᠢᠯ ᠲᠥᠷᠥᠯ ᠤᠨ ᠬᠢᠨ ᠤ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ | ᠪᠣᠯᠭᠠᠨ᠎ᠠ᠃ ᠨᠡᠶᠢᠭᠡᠮ ᠤᠨ ᠬᠦᠴᠦᠨ ᠤ ᠬᠢᠨ ᠢ ᠵᠣᠷᠢᠬᠵᠢᠭᠤᠯᠬᠤ ᠪᠠ ᠳᠡᠮᠵᠢᠵᠦ ᠪᠠᠶᠢᠭᠠᠳ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠲᠤᠬᠠᠶᠢᠯᠠᠭᠰᠠᠨ ᠠᠵᠢᠯ ᠥᠷᠨᠢᠭᠦᠯᠦᠨ᠂ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠡᠷᠴᠢᠮ ᠢ ᠴᠢᠩᠭᠠᠷᠠᠭᠤᠯᠵᠤ᠂ ᠡᠯ᠎ᠡ ᠲᠥᠷᠥᠯ ᠤᠨ ᠭᠤᠣᠯ ᠴᠣᠭᠴᠠ ᠶᠢᠨ ᠡᠷᠬᠡ | ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠣᠢ ᠪᠣᠯᠭᠠᠨ᠎ᠠ᠃ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠦᠢᠯᠡᠴᠢᠯᠡᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠬᠤᠪᠣᠷ ᠰᠢᠷᠣᠢ᠂ ᠲᠣᠨᠤᠭ ᠲᠥᠬᠦᠭᠡᠷᠦᠮᠵᠢ ᠦᠢᠯᠡᠳᠬᠦ᠂ | ᠪᠠᠷᠢᠯᠭ᠎ᠠ ᠶᠢᠨ ᠠᠵᠢᠯ ᠪᠣᠯᠣᠨ ᠮᠠᠲ᠋ᠧᠷᠢᠶᠠᠯ ᠵᠡᠷᠭᠡ ᠠᠵᠢᠯ ᠲᠥᠷᠥᠯ ᠢ ᠵᠣᠷᠢᠬᠵᠢᠭᠤᠯᠵᠤ ᠪᠠᠶᠢᠭᠠᠳ ᠦᠢᠯᠡᠳᠪᠦᠷᠢᠯᠡᠬᠦ | ᠵᠢᠭᠠᠬᠤ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠬᠤᠯᠪᠣᠭ᠎ᠠ ᠶᠢ ᠵᠣᠬᠢᠶᠠᠨ ᠪᠠᠶᠢᠭᠤᠯᠵᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠠᠵᠤ | ᠦᠢᠯᠡᠰ ᠤᠨ ᠠᠵᠤ ᠠᠬᠤᠢ ᠶᠢᠨ ᠭᠦᠨᠵᠡᠭᠡᠢ ᠠᠭᠤᠰᠤᠯᠴᠠᠬᠤ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ | ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶ᠎ᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠵᠡᠷᠭᠡ ᠰᠠᠯᠠᠭ᠎ᠠ ᠮᠥᠴᠢᠷ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 18. ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠣᠯᠠᠨ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ | ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠤᠣᠯᠯᠠᠬᠤ ᠠᠵᠤ | ᠦᠢᠯᠡᠰ ᠤᠨ ᠲᠣᠭᠤᠷᠢᠨ ᠳᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠦᠢᠯᠡᠳᠬᠦᠨ ᠤ | ᠶᠠᠰᠤ ᠴᠢᠨᠠᠷ ᠢ ᠵᠠᠳᠠᠯᠤᠨ ᠲᠤᠷᠰᠢᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠮᠡᠷᠭᠡᠵᠢᠯ ᠢ ᠰᠤᠳᠤᠯᠤᠨ | ᠨᠡᠭᠡᠭᠡᠬᠦ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠢ ᠪᠠᠷᠢᠮᠵᠢᠶᠠᠵᠢᠭᠤᠯᠤᠨ ᠤᠯᠠᠷᠢᠭᠤᠯᠬᠤ ᠶᠢᠨ | ᠨᠢᠭᠡ ᠴᠣᠭᠴᠠᠵᠢᠭᠰᠠᠨ ᠶᠡᠷᠦᠩᠬᠡᠶᠢᠯᠡᠭᠰᠡᠨ ᠦᠢᠯᠡᠴᠢᠯᠡᠬᠦ ᠲᠥᠷᠥᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠲᠥᠪ ᠢ ᠪᠠᠶᠢᠭᠤᠯᠤᠨ᠎ᠠ᠃ ᠨᠡᠭᠡᠭᠡᠨ ᠬᠥᠭᠵᠢᠭᠦᠯᠬᠦ ᠲᠣᠭᠤᠷᠢᠭ ᠪᠤᠶᠤ ᠠᠵᠤ ᠦᠢᠯᠡᠰ ᠤᠨ ᠪᠥᠭᠡᠮᠨᠡᠷᠡᠯ ᠤᠨ | ᠲᠣᠭᠤᠷᠢᠭ ᠤᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ 2019 ᠣᠨ ᠪᠣᠯᠬᠤ ᠳᠤ ᠪᠥᠬᠦ ᠣᠷᠣᠨ ᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ | ᠭᠡᠷᠡᠴᠢᠯᠡᠭᠡ ᠵᠡᠷᠭᠡ ᠮᠡᠷᠭᠡᠵᠢᠯ ᠤᠨ ᠦᠢᠯᠡᠴᠢᠯᠡᠭᠡ ᠶᠢᠨ ᠨᠢᠭᠡ ᠴᠣᠭᠴᠠᠵᠢᠭᠰᠠᠨ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠤᠨ᠂ ︽ᠰᠦᠯᠵᠢᠶ᠎ᠡ ᠶᠢ ᠰᠦᠯᠵᠢᠶ᠎ᠡ ᠳᠤ ᠴᠢᠭᠯᠡᠭᠦᠯᠵᠦ ᠰᠦᠯᠵᠢᠶ᠎ᠡ ᠪᠠᠷ ᠭᠦᠢᠴᠡᠳᠭᠡᠬᠦ ︵ᠭᠤᠶᠤᠴᠢᠯᠠᠬᠤ︶︾ | ᠪᠣᠯᠭᠠᠨ᠎ᠠ᠃ 2020 ᠣᠨ ᠪᠣᠯᠬᠤ ᠳᠤ᠂ ᠪᠥᠬᠦ ᠣᠷᠣᠨ ᠳᠤ ᠤᠯᠤᠰ ᠤᠨ ᠳᠡᠰ ᠤᠨ ᠶᠠᠰᠤ ᠴᠢᠨᠠᠷ ᠢ ᠪᠠᠶᠢᠴᠠᠭᠠᠬᠤ | ︵ᠬᠡᠮᠵᠢᠬᠦ︶ ᠲᠥᠪ ᠢ 11 ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠶᠠᠰᠤ ᠴᠢᠨᠠᠷ ᠢ ᠪᠠᠶᠢᠴᠠᠭᠠᠬᠤ | ᠲᠥᠪ ᠢ 25 ᠪᠣᠯᠭᠠᠨ᠂ ᠠᠶᠢᠮᠠᠭ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠣᠯᠠᠨ ᠨᠡᠶᠢᠲᠡ ᠶᠢᠨ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠴᠢᠳᠠᠪᠤᠷᠢ ᠶᠢ ᠨᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠲᠦᠷᠦᠭᠦᠯᠡᠨ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠠᠬᠤᠢ ᠪᠠ | ᠮᠡᠳᠡᠭᠡ ᠵᠠᠩᠭᠢᠴᠢᠯᠠᠯᠲᠠ ᠶᠢᠨ ᠵᠥᠪᠯᠡᠯ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ | ᠪᠣᠭᠤᠮᠲᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 19. ᠶᠠᠰᠤ ᠴᠢᠨᠠᠷ ᠤᠨ ᠭᠡᠷᠡᠴᠢᠯᠡᠭᠡ ᠶᠢᠨ ᠲᠠᠯ᠎ᠠ ᠪᠠᠷ ᠤᠯᠠᠨ ᠤᠯᠤᠰ ᠯᠤᠭ᠎ᠠ ᠬᠠᠮᠲᠤᠷᠠᠨ ᠠᠵᠢᠯᠯᠠᠬᠤ ᠶᠢ | ᠭᠦᠨᠵᠡᠭᠡᠶᠢᠷᠡᠭᠦᠯᠦᠨ᠎ᠡ᠃ ᠣᠷᠣᠰ ᠮᠣᠩᠭᠤᠯ ᠵᠡᠷᠭᠡ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠯᠤᠭ᠎ᠠ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠬᠠᠮᠲᠤᠷᠠᠨ ᠠᠵᠢᠯᠯᠠᠬᠤ ᠲᠣᠭᠲᠠᠴᠠ ᠶᠢ ᠴᠣᠭᠴᠠᠯᠠᠨ | ᠪᠠᠶᠢᠭᠤᠯᠤᠨ᠎ᠠ᠃ ᠣᠷᠣᠨ ᠤ ᠳᠣᠲᠣᠷᠠᠬᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠪᠠᠶᠢᠭᠤᠯᠤᠮᠵᠢ ᠶᠢ ᠳᠡᠮᠵᠢᠵᠦ ᠪᠠᠶᠢᠭᠠᠳ ᠣᠯᠠᠨ ᠤᠯᠤᠰ ᠤᠨ ᠲᠤᠬᠠᠶᠢᠯᠠᠭᠰᠠᠨ ᠠᠵᠢᠯ ᠢ ᠥᠷᠭᠡᠳᠬᠡᠨ᠂ ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠬᠢᠭᠡᠳ ᠭᠠᠳᠠᠭᠠᠳᠤ ᠳᠤ ᠪᠡᠯᠡ ᠣᠷᠣᠭᠤᠯᠵᠤ ᠲᠣᠬᠢᠷᠠᠭᠤᠯᠬᠤ᠂ | ᠪᠦᠲᠦᠭᠡᠨ ᠪᠠᠶᠢᠭᠤᠯᠬᠤ ᠲᠥᠷᠥᠯ ᠵᠦᠢᠯ ᠳᠤ ᠲᠦᠬᠦᠷᠵᠢᠭᠦᠯᠦᠨ ᠦᠢᠯᠡᠴᠢᠯᠡᠬᠦ ᠶᠢ ᠠᠬᠢᠭᠤᠯᠤᠨ᠎ᠠ᠃ ᠣᠯᠠᠨ | ᠤᠯᠤᠰᠴᠢᠯᠠᠭᠰᠠᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ᠴᠢᠳᠠᠪᠤᠷᠢᠲᠠᠨ ᠢ ᠬᠥᠮᠥᠵᠢᠭᠦᠯᠦᠨ᠂ | ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ ︽ᠭᠠᠷᠴᠤ ᠶᠠᠪᠤᠬᠤ︾ ᠠᠯᠬᠤᠴᠠ ᠶᠢ | ᠲᠦᠷᠭᠡᠳᠬᠡᠨ᠎ᠡ᠃ ᠭᠠᠳᠠᠭᠠᠳᠤ ᠳᠤ ᠭᠠᠷᠭᠠᠬᠤ ᠢᠳᠡᠭᠡᠨ ᠤ ᠪᠦᠷᠢᠳᠬᠡᠨ ᠳᠠᠩᠰᠠᠯᠠᠭᠤᠯᠤᠭᠰᠠᠨ ᠠᠵᠤ ᠠᠬᠤᠶᠢᠯᠠᠯ ᠨᠢ | ᠬᠠᠮᠢᠶ᠎ᠠ ᠪᠦᠬᠦᠢ ᠤᠯᠤᠰ ᠤᠨ ᠠᠯᠪᠠᠨ ᠤ ᠲᠠᠯ᠎ᠠ ᠶᠢᠨ ᠳᠠᠩᠰᠠᠯᠠᠯ ᠵᠢᠴᠢ ᠮᠠᠨ ᠤ ᠤᠯᠤᠰ ᠲᠤ ᠭᠠᠷᠭᠠᠬᠤ ᠪᠠᠷ ᠪᠠᠶᠢᠭ᠎ᠠ | ᠢᠳᠡᠭᠡᠨ ᠤ ᠤᠯᠤᠰ ᠤᠨ ᠭᠠᠳᠠᠭᠠᠳᠤ ᠳᠤ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠮᠡᠷᠭᠡᠵᠢᠯ ᠤᠨ ᠬᠢᠨᠠᠨ | ᠲᠣᠭᠲᠠᠭᠠᠯᠲᠠ ᠶᠢ ᠣᠯᠬᠤ ᠶᠢ ᠨᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠥᠬᠡᠬᠤᠲᠠ ᠪᠣᠭᠤᠮᠲᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠪᠠ ᠮᠡᠳᠡᠭᠡ | ᠵᠠᠩᠭᠢᠴᠢᠯᠠᠯᠲᠠ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠬᠥᠮᠥᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠰᠠᠯᠠᠭ᠎ᠠ | ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ ᠨᠢ ᠶᠠᠰᠤ | ᠴᠢᠨᠠᠷ ᠤᠨ ᠭᠡᠷᠡᠴᠢᠯᠡᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ | ᠵᠦᠢᠯ ᠳᠤ ᠪᠠᠨ ᠣᠷᠣᠭᠤᠯᠤᠨ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ | ᠠᠵᠢᠯ ᠤᠨ ᠲᠥᠰᠥᠯ ᠲᠣᠭᠲᠠᠭᠠᠨ᠂ ᠲᠥᠬᠦᠷ ᠲᠥᠷᠥ ᠶᠢᠨ ᠪᠣᠳᠣᠯᠭ᠎ᠠ ᠪᠠᠨ ᠲᠡᠭᠦᠯᠳᠡᠷᠵᠢᠭᠦᠯᠵᠦ᠂ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠶᠡᠷᠦᠩᠬᠡᠶᠢᠯᠡᠨ ᠬᠠᠮᠢᠶᠠᠷᠬᠤ ᠶᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠲᠤᠰ ᠲᠥᠰᠥᠯ ᠳᠠᠬᠢ ᠡᠭᠦᠷᠭᠡ | ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠵᠦᠢᠯ ᠤᠨ | ᠡᠭᠦᠷᠭᠡ ᠶᠢᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ᠃ | ︵ᠬᠤᠶᠠᠷ︶ ᠶᠡᠷᠦᠩᠬᠡᠶᠢᠯᠡᠨ ᠪᠠᠲᠤᠯᠠᠬᠤ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢ ᠠᠷᠭ᠎ᠠ ᠬᠡᠮᠵᠢᠶ᠎ᠡ ᠠᠷᠭ᠎ᠠ ᠪᠠᠷᠢᠯ ᠲᠣᠭᠲᠠᠭᠠᠨ᠂ ᠪᠡᠯᠡ ᠮᠥᠩᠭᠦ ᠶᠢ ᠨᠢᠭᠡᠳᠦᠯᠲᠡᠢ | ᠲᠥᠯᠥᠪᠵᠢᠭᠦᠯᠦᠨ ᠲᠣᠬᠢᠷᠠᠭᠤᠯᠵᠤ᠂ ᠨᠥᠬᠦᠴᠡᠯ ᠳᠤ ᠨᠡᠶᠢᠴᠡᠭᠰᠡᠨ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ | ᠭᠡᠷᠡᠴᠢᠯᠡᠭᠡ ᠶᠢᠨ ᠪᠠᠶᠢᠭᠤᠯᠤᠮᠵᠢ ᠨᠢ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠮᠠᠭᠠᠳᠯᠠᠨ | ᠲᠣᠭᠲᠠᠭᠠᠯᠭᠠᠬᠤ ᠪᠠ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠬᠦ ᠬᠡᠷᠡᠭᠲᠡᠢ︔ ᠠᠵᠤ ᠦᠢᠯᠡᠰ ᠪᠥᠭᠡᠮᠨᠡᠷᠡᠭᠰᠡᠨ ᠭᠠᠵᠠᠷ | ᠣᠷᠣᠨ ᠳᠠᠬᠢ ᠡᠯ᠎ᠡ ᠲᠥᠷᠥᠯ ᠤᠨ ᠥᠮᠴᠢᠯᠡᠯᠲᠦ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠪᠠᠶᠢᠭᠤᠯᠤᠮᠵᠢ ᠶᠢ ᠳᠡᠮᠵᠢᠵᠦ ᠪᠠᠶᠢᠭᠠᠳ ᠦᠢᠯᠡᠳᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠪᠠᠶᠢᠴᠠᠭᠠᠨ | ᠰᠢᠯᠭᠠᠬᠤ ᠲᠥᠪ ᠪᠠᠶᠢᠭᠤᠯᠬᠤ ᠬᠡᠷᠡᠭᠲᠡᠢ︔ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠭᠡᠷᠡᠴᠢᠯᠡᠭᠡ ᠶᠢᠨ | ᠪᠠᠶᠢᠭᠤᠯᠤᠮᠵᠢ ᠶᠢᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠣᠷᠣᠭᠤᠯᠤᠨ ᠠᠪᠴᠢᠷᠠᠬᠤ ᠪᠠ ᠬᠥᠮᠥᠵᠢᠭᠦᠯᠬᠦ ᠶᠢ | ᠳᠡᠮᠵᠢᠬᠦ ᠬᠡᠷᠡᠭᠲᠡᠢ︔ ᠣᠷᠣᠨ ᠤ ᠳᠣᠲᠣᠷᠠᠬᠢ ᠳᠡᠭᠡᠳᠦ ᠰᠤᠷᠭᠠᠭᠤᠯᠢ ᠶᠢᠨ ᠪᠠᠶᠢᠴᠠᠭᠠᠨ ᠰᠢᠯᠭᠠᠵᠤ ᠪᠠᠶᠢᠴᠠᠭᠠᠨ | ᠰᠢᠨᠵᠢᠬᠦ ᠭᠡᠷᠡᠴᠢᠯᠡᠭᠡ ᠶᠢᠨ ᠬᠠᠮᠢᠶ᠎ᠠ ᠪᠦᠬᠦᠢ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠪᠠᠶᠢᠷᠢᠯᠠᠭᠤᠯᠬᠤ ᠶᠢ | ᠳᠡᠮᠵᠢᠬᠦ ᠬᠡᠷᠡᠭᠲᠡᠢ︔ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠰᠣᠨᠢᠨ ᠮᠡᠳᠡᠭᠡᠨ ᠤ | ᠵᠠᠭᠤᠴᠢᠯᠠᠭᠤᠷ᠂ ᠰᠦᠯᠵᠢᠶᠡᠨ ᠤ ᠰᠢᠨ᠎ᠡ ᠵᠠᠭᠤᠴᠢᠯᠠᠭᠤᠷ ᠵᠡᠷᠭᠡ ᠣᠯᠠᠨ ᠵᠦᠢᠯ ᠤᠨ ᠤᠯᠠᠮᠵᠢᠯᠠᠨ ᠨᠡᠪᠲᠡᠷᠡᠭᠦᠯᠬᠦ ᠠᠷᠭ᠎ᠠ | ᠬᠡᠯᠪᠡᠷᠢ ᠶᠢ ᠭᠦᠢᠴᠡᠳ ᠠᠰᠢᠭᠯᠠᠨ᠂ ᠶᠠᠰᠤ ᠴᠢᠨᠠᠷ ᠤᠨ ᠰᠣᠶᠣᠯ ᠢ ᠪᠠᠳᠠᠷᠠᠭᠠᠵᠤ᠂ ᠤᠯᠤᠰ ᠪᠣᠯᠣᠨ ᠥᠪᠡᠷᠲᠡᠭᠡᠨ | ᠵᠠᠰᠠᠬᠤ ᠣᠷᠣᠨ ᠤ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠬᠠᠭᠤᠯᠤᠨ᠂ ᠶᠠᠰᠤ ᠴᠢᠨᠠᠷ ᠤᠨ ᠲᠡᠷᠢᠭᠦᠨ ᠤ ᠬᠠᠮᠢᠶᠠᠷᠤᠯᠲᠠ ᠶᠢᠨ ᠠᠷᠭ᠎ᠠ ᠶᠢ | ᠤᠯᠠᠮᠵᠢᠯᠠᠨ ᠳᠠᠮᠵᠢᠭᠤᠯᠵᠤ᠂ ᠶᠠᠰᠤ ᠴᠢᠨᠠᠷ ᠤᠨ ᠭᠡᠷᠡᠴᠢᠯᠡᠭᠡ ᠶᠢᠨ ᠮᠡᠳᠡᠯᠭᠡ ᠶᠢ ᠲᠥᠬᠡᠮᠡᠯᠵᠢᠭᠦᠯᠦᠨ᠂ ᠶᠠᠰᠤ | ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠶᠠᠰᠤ ᠴᠢᠨᠠᠷ ᠤᠨ | ᠪᠥᠬᠦ ᠲᠠᠯ᠎ᠠ ᠶᠢᠨ ᠬᠠᠮᠢᠶᠠᠷᠤᠯᠲᠠ ᠶᠢ ᠠᠬᠢᠭᠤᠯᠤᠭᠰᠠᠨ ᠡᠯᠪᠡᠭ ᠦᠢᠯᠡᠳᠦᠯᠭᠡ᠂ ᠢᠳᠡᠪᠬᠢᠲᠡᠢ ᠠᠮᠵᠢᠯᠲᠠ᠂ ᠲᠡᠷᠢᠭᠦᠨ ᠤ | ᠨᠡᠶᠢᠲᠡᠯᠢᠭ ᠢ ᠭᠦᠨᠵᠡᠭᠡᠶᠢᠷᠡᠨ ᠮᠡᠳᠡᠭᠡᠯᠡᠵᠦ᠂ ᠶᠠᠰᠤ ᠴᠢᠨᠠᠷ ᠤᠨ ᠭᠡᠷᠡᠴᠢᠯᠡᠭᠡ ᠣᠯᠣᠭᠰᠠᠨ ᠠᠵᠤ ᠠᠬᠤᠶᠢᠯᠠᠯ ᠤᠨ | ᠲᠤᠷᠰᠢᠯᠭ᠎ᠠ ᠶᠢ ᠳᠡᠯᠭᠡᠷᠡᠭᠦᠯᠦᠨ᠂ ᠬᠡᠷᠡᠭᠯᠡᠭᠡ ᠶᠢ ᠵᠣᠬᠢᠰᠲᠠᠢ ᠬᠥᠲᠥᠯᠥᠨ ᠵᠢᠯᠣᠭᠤᠳᠴᠤ᠂ ᠵᠠᠬ᠎ᠠ ᠳᠡᠯᠭᠡᠭᠦᠷ ᠤᠨ | ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠤᠷᠮᠠᠰᠢᠭᠤᠯᠤᠨ ᠬᠥᠭᠵᠢᠭᠡᠬᠦ ᠬᠡᠷᠡᠭᠲᠡᠢ᠃ | ︵ᠳᠥᠷᠪᠡ︶ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ | ᠣᠷᠣᠨ ᠤ ᠬᠢᠨ ᠶᠠᠰᠤ ᠴᠢᠨᠠᠷ ᠤᠨ ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠶᠠᠰᠤ | ᠴᠢᠨᠠᠷ ᠤᠨ ᠠᠵᠢᠯ ᠤᠨ ᠰᠢᠯᠭᠠᠨ ᠬᠢᠨᠠᠬᠤ ᠴᠢᠬᠤᠯᠠ ᠠᠭᠤᠯᠭ᠎ᠠ ᠳᠤ ᠣᠷᠣᠭᠤᠯᠤᠨ᠂ ᠶᠠᠰᠤ ᠴᠢᠨᠠᠷ ᠤᠨ | ᠭᠡᠷᠡᠴᠢᠯᠡᠭᠡ ᠶᠢᠨ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠶᠠᠰᠤ ᠴᠢᠨᠠᠷ ᠤᠨ ᠪᠥᠬᠦ | ᠲᠠᠯ᠎ᠠ ᠶᠢᠨ ᠬᠠᠮᠢᠶᠠᠷᠤᠯᠲᠠ ᠶᠢ ᠠᠬᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ | ᠪᠣᠳᠠᠲᠠᠶᠢᠵᠢᠨ ᠨᠠᠶᠢᠳᠠᠪᠤᠷᠢᠵᠢᠭᠤᠯᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠮᠳᠠᠭᠤᠯᠵᠤ ᠪᠠᠶᠢᠴᠠᠭᠠᠬᠤ ᠶᠢ | ᠴᠢᠩᠭᠠᠷᠠᠭᠤᠯᠤᠨ᠂ ᠪᠣᠳᠠᠲᠠᠢ ᠠᠵᠢᠯ ᠳᠤ ᠲᠣᠬᠢᠶᠠᠯᠳᠤᠭᠰᠠᠨ ᠬᠦᠴᠢᠷᠳᠡᠯ ᠪᠣᠯᠣᠨ ᠠᠰᠠᠭᠤᠳᠠᠯ ᠢ ᠬᠢᠨᠠᠮᠠᠭᠠᠢ | ᠰᠤᠳᠤᠯᠤᠨ ᠰᠢᠢᠳᠪᠦᠷᠢᠯᠡᠵᠦ᠂ ᠤᠷᠲᠤ ᠬᠤᠭᠤᠴᠠᠭᠠᠨ ᠤ ᠪᠦᠲᠦᠮᠵᠢᠲᠡᠢ ᠠᠵᠢᠯ ᠤᠨ ᠲᠣᠭᠲᠠᠴᠠ ᠪᠠᠶᠢᠭᠤᠯᠬᠤ ᠶᠢ | ᠠᠬᠢᠭᠤᠯᠬᠤ ᠬᠡᠷᠡᠭᠲᠡᠢ᠃ ᠶᠠᠰᠤ ᠴᠢᠨᠠᠷ ᠤᠨ ᠭᠡᠷᠡᠴᠢᠯᠡᠭᠡ ᠶᠢᠨ ᠠᠵᠢᠯ ᠢ ᠶᠠᠰᠤ ᠴᠢᠨᠠᠷ ᠢᠶᠠᠷ ᠣᠷᠣᠨ ᠢᠶᠠᠨ | ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ | ᠥᠷᠨᠢᠭᠦᠯᠬᠦ ᠶᠢᠨ ᠴᠢᠬᠤᠯᠠ ᠠᠷᠭ᠎ᠠ ᠬᠢᠳᠡᠯ ᠪᠣᠯᠭᠠᠨ᠂ ᠠᠬᠢᠭᠤᠯᠬᠤ ᠡᠷᠴᠢᠮ ᠢᠶᠠᠨ ᠴᠢᠩᠭᠠᠳᠬᠠᠵᠤ᠂ ᠶᠠᠰᠤ | ᠴᠢᠨᠠᠷ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠠᠵᠤ ᠠᠬᠤᠢ ᠶᠢᠨ ᠴᠢᠨᠠᠷᠵᠢᠭᠤᠨ ᠬᠥᠭᠵᠢᠬᠦ ᠶᠢ ᠠᠬᠢᠭᠤᠯᠬᠤ ᠬᠡᠷᠡᠭᠲᠡᠢ᠃ |