1 ᠳ᠋ᠦ᠋ᠭᠡᠷ ᠰᠠᠷ᠎ᠠ ᠶᠢᠨ 7 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠬᠠᠤ ᠤᠷᠤᠨ ᠤ ᠨᠠᠮ | ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ | ᠤ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠪᠦ᠋ ᠰᠢᠶᠤᠤ ᠯᠢᠨ 2019 ᠤᠨ ᠤ | ᠠᠩᠬᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ 2018 | ᠤᠨ ᠤ ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠳᠴᠢᠯᠠᠯ ᠤᠨ ᠠᠮᠢᠳᠤᠷᠠᠯ ᠤᠨ | ᠬᠤᠷᠠᠯ ᠢ ᠰᠠᠶᠢᠲᠤᠷ ᠬᠢᠬᠦ ᠳᠤ ᠦᠵᠡᠯ ᠰᠠᠨᠠᠭᠠᠨ ᠤ ᠰᠠᠭᠤᠷᠢ ᠳᠠᠯᠪᠢᠵᠠᠢ᠃ | ᠬᠤᠷᠠᠯ ᠠᠴᠠ ᠡᠮᠦᠨ᠎ᠠ᠂ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠭᠦᠨ ᠨᠠᠷ | ᠰᠤᠷᠤᠯᠴᠠᠯᠭ᠎ᠠ ᠶᠢᠨ ᠭᠤᠤᠯ ᠰᠡᠳᠦᠪ ᠤᠨ ᠲᠤᠭᠤᠷᠢᠨ ᠳᠤ ᠦᠪᠡᠷᠰᠡᠳ ᠢᠶᠠᠨ ᠨᠠᠷᠢᠨ ᠬᠢᠨᠠᠮᠠᠭᠠᠢ ᠰᠤᠷᠤᠯᠴᠠᠬᠰᠠᠨ | ᠪᠦᠬᠡᠳ ᠦᠪᠡᠷ ᠤᠨ ᠦᠵᠡᠯ ᠰᠠᠨᠠᠭ᠎ᠠ ᠪᠤᠯᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ ᠤᠯᠤᠯᠳᠠ | ᠳᠦᠷᠦᠭᠳᠡᠯ ᠢᠶᠠᠨ ᠪᠢᠴᠢᠪᠡ᠃ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠲᠡᠭᠡᠷ᠎ᠠ᠂ ᠦᠪᠡᠷᠳᠡᠬᠡᠨ ᠵᠠᠰᠠᠬᠤ ᠤᠷᠤᠨ ᠤ | ᠵᠠᠰᠠᠬ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠠᠷ ᠵᠢᠴᠢ ᠦᠪᠡᠷᠳᠡᠬᠡᠨ ᠵᠠᠰᠠᠬᠤ | ᠤᠷᠤᠨ ᠤ ᠳᠡᠳ᠋ ᠳᠡᠷᠢᠬᠦᠯᠡᠭᠴᠢ ᠯᠢ ᠪᠢᠩ ᠷᠦᠩ ᠰᠠᠨᠠᠯ ᠢᠶᠠᠨ ᠰᠤᠯᠢᠯᠴᠠᠵᠤ ᠦᠭᠡ ᠬᠡᠯᠡᠵᠡᠢ᠃ | ᠪᠦ᠋ ᠰᠢᠶᠤᠤ ᠯᠢᠨ ᠵᠢᠭᠠᠭᠰᠠᠨ ᠨᠢ᠂ ᠨᠠᠮ ᠤᠨ ᠤᠯᠤᠰ ᠳᠦᠷᠦ ᠶᠢᠨ ᠪᠠᠶᠢᠭᠤᠯᠤᠯᠲᠠ ᠪᠤᠯ ᠨᠠᠮ ᠤᠨ | ᠦᠨᠳᠦᠰᠦᠨ ᠴᠢᠨᠠᠷᠳᠠᠢ ᠪᠠᠶᠢᠭᠤᠯᠤᠯᠲᠠ ᠪᠤᠯᠤᠨ᠎ᠡ᠂ ᠨᠠᠮ ᠤᠨ ᠤᠯᠤᠰ ᠳᠦᠷᠦ ᠶᠢᠨ ᠪᠠᠶᠢᠭᠤᠯᠤᠯᠲᠠ ᠶᠢ ᠢᠮᠠᠬᠳᠠ | ᠳᠡᠷᠢᠬᠦᠨ ᠪᠠᠶᠢᠷᠢᠨ ᠳᠤ ᠳᠠᠯᠪᠢᠵᠥ᠂ ᠴᠠᠬ ᠢᠮᠠᠭᠳᠠ᠂ ᠶᠠᠪᠤᠳᠠᠯ ᠤᠴᠢᠷ ᠪᠦᠬᠦᠨ ᠳᠤ ᠪᠠᠷᠢᠮᠵᠢᠶ᠎ᠠ ᠲᠠᠢ | ᠬᠠᠷᠭᠤᠭᠤᠯᠵᠥ᠂ ᠬᠦᠰᠦᠨᠦᠭᠳᠤ ᠲᠠᠢ ᠬᠠᠷᠭᠤᠭᠤᠯᠵᠥ᠂ ᠤᠬᠠᠮᠰᠠᠷ ᠠᠴᠠ ᠪᠠᠨ ᠦᠵᠡᠯ ᠰᠠᠨᠠᠭ᠎ᠠ᠂ ᠤᠯᠤᠰ ᠳᠦᠷᠦ᠂ | ᠦᠢᠯᠡ ᠠᠵᠢᠯᠯᠠᠭ᠎ᠠ ᠶᠢᠨ ᠳᠠᠯ᠎ᠠ ᠪᠠᠷ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ | ᠬᠤᠷᠢᠶ᠎ᠠ ᠲᠠᠢ ᠳᠡᠬᠡᠳᠤ ᠬᠡᠮᠵᠢᠶ᠎ᠡ ᠪᠠᠷ ᠨᠢᠬᠡᠳᠦᠯᠳᠡᠢ ᠪᠠᠶᠢᠬᠤ ᠬᠡᠷᠡᠭᠳᠡᠢ᠃ ᠤᠨᠤᠯ ᠢᠶᠠᠷ ᠵᠡᠪᠰᠡᠭᠯᠡᠬᠦ ᠶᠢ ᠡᠷᠡᠰ | ᠴᠦᠬᠦᠷᠡᠰᠢ ᠦᠬᠡᠢ ᠰᠠᠶᠢᠲᠤᠷ ᠠᠳᠬᠤᠵᠥ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠶᠢᠯᠠᠭᠠᠵᠤ ᠨᠡᠪᠳᠡᠷᠡᠳᠡᠯ᠎ᠡ ᠡᠵᠡᠮᠰᠢᠵᠥ᠂ | ᠤᠨᠤᠯ ᠢ ᠪᠤᠳᠠᠳᠠᠢ ᠲᠠᠢ ᠤᠶᠠᠯᠳᠤᠭᠤᠯᠬᠤ ᠰᠢᠯᠢᠳᠡᠭ ᠰᠤᠷᠤᠯᠴᠠᠬᠤ ᠰᠤᠷᠳᠠᠯ ᠢ ᠪᠠᠳᠠᠷᠠᠭᠤᠯᠵᠥ᠂ ᠰᠤᠷᠤᠯᠴᠠᠬᠤ | ᠬᠡᠷᠡᠭᠯᠡᠬᠦ ᠰᠡᠳᠬᠢᠬᠦ ᠶᠢ ᠨᠡᠪᠳᠡᠷᠡᠯᠴᠡᠬᠦᠯᠬᠦ ᠶᠢ ᠦᠨᠡᠨ ᠬᠦ ᠪᠡᠶᠡᠯᠡᠬᠦᠯᠵᠥ᠂ ᠠᠵᠢᠯ ᠤᠨ ᠵᠠᠷᠴᠢᠮᠳᠤ ᠴᠢᠨᠠᠷ᠂ ᠰᠢᠰᠲ᠋ᠧᠮᠲᠦ | ᠴᠢᠨᠠᠷ᠂ ᠲᠦᠰᠦᠭᠡᠯᠡᠯᠲᠦ ᠴᠢᠨᠠᠷ ᠪᠤᠯᠤᠨ ᠪᠦᠳᠦᠬᠡᠯᠴᠢ ᠴᠢᠨᠠᠷ ᠢ ᠳᠠᠰᠤᠷᠠᠯᠳᠠ ᠦᠬᠡᠢ ᠴᠢᠩᠭᠠᠳᠬᠠᠬᠤ ᠬᠡᠷᠡᠭᠳᠡᠢ᠃ | ᠲᠠᠭᠠᠭᠤᠯᠤᠨ ᠡᠬᠦᠷᠬᠡᠯᠡᠯ ᠡᠬᠦᠷᠬᠡᠯᠡᠵᠥ ᠵᠢᠳᠬᠦᠯ ᠴᠢᠷᠮᠠᠶᠢᠯᠠᠭ᠎ᠠ ᠭᠠᠷᠭᠠᠵᠥ᠂ ᠭᠤᠷᠪᠠᠨ ᠶᠡᠭᠡ ᠰᠢᠪᠲᠤᠯᠤᠯᠲᠠ ᠶᠢᠨ | ᠳᠠᠶᠢᠯᠠᠯᠳᠤᠭᠠᠨ ᠢ ᠰᠠᠶᠢᠲᠤᠷ ᠬᠢᠬᠦ᠂ ᠦᠬᠡᠷᠡᠴᠢᠯᠡᠯᠳᠡ ᠨᠡᠬᠡᠬᠡᠯᠳᠡ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ | ᠬᠦᠭᠵᠢᠯᠳᠡ ᠶᠢ ᠠᠬᠢᠭᠤᠯᠬᠤ ᠵᠡᠷᠬᠡ ᠬᠠᠲᠠᠭᠤ ᠳᠠᠶᠢᠯᠠᠯᠳᠤᠭᠠᠨ ᠢ ᠰᠠᠶᠢᠲᠤᠷ ᠬᠢᠵᠥ᠂ ᠤᠷᠤᠨ ᠳᠠᠶᠠᠭᠠᠷ ᠲᠤ | ᠪᠤᠳᠠᠳᠠᠢ ᠪᠠᠷ ᠠᠵᠢᠯᠯᠠᠬᠤ ᠶᠢ ᠡᠷᠬᠢᠮᠯᠡᠬᠦ᠂ ᠵᠠᠮ ᠨᠡᠬᠡᠬᠡᠨ ᠡᠷᠡᠯᠬᠡᠭᠯᠡᠨ ᠤᠷᠤᠬᠰᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠦᠷᠢᠯᠳᠦᠬᠦᠯᠬᠦ ᠬᠡᠷᠡᠭᠳᠡᠢ᠃ ᠰᠤᠷᠳᠠᠯ ᠤᠨ ᠪᠠᠶᠢᠭᠤᠯᠤᠯᠲᠠ ᠶᠢ ᠦᠷᠬᠦᠯᠵᠢᠯᠡᠨ ᠭᠦᠨᠵᠡᠭᠡᠶᠢᠷᠡᠭᠦᠯᠵᠦ᠂ | ᠤᠨᠴᠠᠭᠠᠶᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠵᠡᠷᠬᠡ ᠶᠢᠨ ᠨᠢᠭᠤᠬᠳᠠᠮᠠᠯ ᠤᠨᠳᠤᠤᠰᠢᠵᠤ ᠦᠭᠡᠷᠡᠲᠦᠬᠦ | ᠰᠢᠨ᠎ᠡ ᠬᠠᠨᠳᠤᠰᠢ ᠶᠢ ᠰᠡᠷᠡᠮᠵᠢᠯᠡᠵᠥ᠂ ︽ᠳᠦᠷᠪᠡᠨ ᠰᠤᠷᠳᠠᠯ︾ ᠢ ᠴᠡᠭᠴᠡᠯᠡᠨ ᠵᠠᠰᠠᠬᠰᠠᠨ ᠦᠷ᠎ᠡ ᠪᠦᠳᠦᠬᠡᠯ ᠢ | ᠪᠠᠬᠢᠵᠢᠬᠦᠯᠦᠨ ᠦᠷᠬᠡᠳᠬᠡᠬᠦ ᠬᠡᠷᠡᠭᠳᠡᠢ᠃ ︽ᠨᠢᠬᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠪᠠᠶᠢᠬᠤ︾ ᠶᠢ | ᠲᠠᠭᠠᠭᠤᠯᠤᠨ ᠨᠠᠶᠢᠳᠠᠪᠤᠷᠢᠵᠢᠭᠤᠯᠵᠤ᠂ ᠵᠠᠰᠠᠬ ᠤᠨ ᠤᠷᠳᠤᠨ ᠤ ᠰᠢᠰᠲ᠋ᠧᠮ ᠤᠨ ᠨᠠᠮ ᠤᠨ ᠰᠤᠷᠳᠠᠯ ᠴᠢᠬᠡᠴᠢ ᠵᠠᠰᠠᠬ | ᠤᠨ ᠪᠠᠶᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ ᠠᠳᠬᠤᠬᠤ ᠬᠡᠷᠡᠭᠳᠡᠢ ᠭᠡᠵᠡᠢ᠃ | ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ 2018 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ | ᠰᠠᠶᠢᠲᠤᠷ ᠬᠢᠬᠦ ᠳᠤ᠂ ᠡᠩ ᠳᠡᠷᠢᠬᠦᠨ ᠳᠤ ᠦᠵᠡᠯ ᠰᠠᠨᠠᠭ᠎ᠠ ᠤᠯᠤᠰ ᠳᠦᠷᠦ ᠶᠢᠨ ᠳᠠᠯ᠎ᠠ ᠪᠠᠷ ᠤᠷᠤᠰᠢᠵᠥ ᠪᠠᠶᠢᠭ᠎ᠠ | ᠵᠦᠷᠢᠶ᠎ᠡ ᠪᠤᠯᠤᠨ ᠠᠰᠠᠭᠤᠳᠠᠯ ᠢ ᠬᠦᠨᠵᠡᠬᠡᠢ ᠬᠠᠷᠭᠤᠭᠤᠯᠤᠨ ᠪᠠᠶᠢᠴᠠᠭᠠᠵᠤ᠂ ᠦᠨᠡᠨ ᠬᠦ ︽ᠳᠦᠷᠪᠡᠨ ᠤᠬᠠᠮᠰᠠᠷ︾ | ᠢᠶᠠᠨ ᠪᠠᠳᠤ ᠪᠤᠢ ᠪᠤᠯᠭᠠᠨ᠂ ︽ᠳᠦᠷᠪᠡᠨ ᠢᠳᠡᠬᠡᠯ︾ ᠢᠶᠠᠨ ᠪᠠᠳᠤᠳᠬᠠᠨ᠂ ︽ᠬᠤᠶᠠᠷ ᠢ ᠡᠷᠡᠰ ᠬᠠᠮᠠᠭᠠᠯᠠᠬᠤ︾ ᠶᠢ | ᠪᠡᠶᠡᠯᠡᠬᠦᠯᠬᠦ ᠬᠡᠷᠡᠭᠳᠡᠢ᠃ ᠦᠵᠡᠯ ᠰᠠᠨᠠᠭ᠎ᠠ ᠳᠠᠨᠢᠯᠳᠠ ᠪᠠᠨ ᠤᠯᠠᠮ ᠴᠢᠨᠠᠬᠰᠢᠳᠠ ᠭᠦᠨᠵᠡᠭᠡᠶᠢᠷᠡᠭᠦᠯᠵᠦ᠂ ᠳᠦᠪ ᠤᠨ | ᠤᠯᠤᠰ ᠳᠦᠷᠦ ᠶᠢᠨ ᠳᠤᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠪᠠᠷᠢᠮᠵᠢᠶ᠎ᠠ ᠪᠤᠯᠭᠠᠵᠥ᠂ | ᠦᠨᠳᠦᠷ ᠪᠠᠷᠢᠮᠵᠢᠶ᠎ᠠ ᠪᠠᠷ ᠴᠢᠩᠭ᠎ᠠ ᠱᠠᠭᠠᠷᠳᠠᠬᠤ ᠶᠢ ᠪᠠᠷᠢᠮᠳᠠᠯᠠᠵᠥ᠂ ᠰᠠᠨᠠᠯ ᠬᠤᠷᠢᠶᠠᠬᠤ᠂ ᠶᠠᠷᠢᠯᠴᠠᠬᠤ ᠠᠵᠢᠯ ᠢ | ᠰᠠᠶᠢᠲᠤᠷ ᠬᠢᠵᠥ᠂ ᠨᠠᠮᠴᠢ ᠴᠢᠨᠠᠷ ᠤᠨ ᠵᠠᠳᠠᠯᠤᠯᠳᠠ ᠬᠢᠬᠦ ᠶᠢ ᠬᠦᠨᠵᠡᠬᠡᠢ ᠦᠷᠨᠢᠬᠦᠯᠵᠥ᠂ ᠪᠠᠷᠢᠮᠵᠢᠶ᠎ᠠ ᠪᠠᠷ | ᠬᠠᠷᠭᠤᠭᠤᠯᠤᠨ ᠪᠠᠶᠢᠴᠠᠭᠠᠬᠤ ᠮᠠᠲ᠋ᠧᠷᠢᠶᠠᠯ ᠢᠶᠠᠨ ᠰᠠᠶᠢᠲᠤᠷ ᠪᠢᠴᠢᠵᠥ᠂ ᠠᠷᠠᠳᠴᠢᠯᠠᠯ ᠤᠨ ᠠᠮᠢᠳᠤᠷᠠᠯ ᠤᠨ ᠬᠤᠷᠠᠯ | ᠤᠨ ᠪᠤᠳᠠᠳᠠᠢ ᠦᠷ᠎ᠡ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ ᠭᠡᠵᠡᠢ᠃ |