| ᠥᠪᠥᠷ ᠵᠠᠰᠠᠭ ᠠᠯᠪᠠᠨ ᠲᠠᠷᠬᠠᠭᠠᠭᠰᠠᠨ ﹇2018﹈ 53 ᠳ᠋ᠤᠭᠠᠷ ᠲᠤᠭᠠᠳᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠢᠯ ᠥᠢᠯᠡᠰ ᠤᠨ ᠨᠢᠭᠡᠴᠢ ᠳᠤ᠄ | ︽ᠭᠡᠷᠡᠴᠢᠯᠡᠬᠦ ᠵᠥᠢᠯᠡᠰ ᠢ ᠢᠯᠭᠠᠷᠠᠭᠤᠯᠤᠨ ᠲᠢᠭᠯᠡᠬᠦ ᠠᠵᠢᠯ ᠢ ᠰᠠᠶᠢᠲᠤᠷ ᠬᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ | 47 ᠳ᠋ᠤᠭᠠᠷ ᠲᠤᠭᠠᠲᠤ᠂ ᠳᠤᠷᠤᠭᠰᠢ ︽ᠮᠡᠳᠡᠭᠳᠡᠯ︾ ᠬᠡᠵᠤ ᠲᠤᠪᠴᠢᠯᠡᠨᠡ︶ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠷᠤᠨ ᠤ ᠭᠡᠷᠡᠴᠢᠯᠡᠬᠦ ᠵᠥᠢᠯᠡᠰ ᠢ ᠢᠯᠭᠠᠷᠠᠭᠤᠯᠤᠨ ᠲᠢᠭᠯᠡᠬᠦ | ᠠᠵᠢᠯ ᠢ ᠰᠠᠶᠢᠲᠤᠷ ᠬᠢᠬᠦ ᠶᠢᠨ ᠲᠤᠰᠠᠲᠠ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠥᠪᠰᠢᠶᠡᠷᠡᠭᠦᠯᠥᠭᠡᠳ᠂ ᠡᠳᠥᠭᠡ ᠬᠤᠯᠪᠤᠭᠳᠠᠯ ᠪᠥᠬᠦᠢ ᠤᠴᠢᠷ ᠢ ᠳᠤᠤᠷᠠᠬᠢ ᠮᠡᠳᠥ ᠮᠡᠳᠡᠭᠳᠡᠪᠡ᠄ | | ᠨᠢᠭᠡ᠂ ᠢᠯᠭᠠᠷᠠᠭᠤᠯᠤᠨ ᠲᠢᠭᠯᠡᠬᠦ ᠬᠥᠷᠢᠶ᠎ᠡ ᠭᠡᠪᠴᠢᠶ᠎ᠡ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠠᠯᠠᠭ᠎ᠠ ᠮᠥᠴᠢᠷ ᠤᠨ ᠲᠤᠭᠲᠠᠭᠠᠯ ᠪᠡ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠤᠭᠲᠠᠭᠠᠭᠰᠠᠨ᠂ | ᠥᠪᠡᠷᠲᠡᠭᠡᠨ ᠵᠠᠰᠠᠬᠤ ᠤᠷᠤᠨ ᠳᠤ ᠬᠡᠷᠡᠭᠵᠢᠭᠦᠯᠵᠥ ᠪᠠᠶᠢᠭ᠎ᠠ ᠬᠡᠷᠡᠴᠢᠯᠡᠬᠦ ᠵᠥᠢᠯᠡᠰ︔ ᠤᠷᠤᠨ ᠨᠤᠲᠤᠭ ᠤᠨ ᠴᠢᠨᠠᠷᠲᠠᠢ | ᠬᠠᠤᠯᠢ ᠲᠤᠭᠲᠠᠭᠠᠯ᠂ ᠵᠠᠰᠠᠭ ᠤᠨ ᠤᠷᠳᠤᠨ ᠤ ᠲᠤᠭᠲᠠᠭᠠᠯ ᠳᠥᠷᠢᠮ ᠪᠠ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠵᠢᠴᠢ ᠲᠡᠳᠡᠭᠡᠷ ᠤᠨ ᠬᠠᠷᠢᠶ᠎ᠠ ᠪᠥᠬᠦᠢ ᠰᠠᠯᠠᠭ᠎ᠠ ᠮᠥᠴᠢᠷ ᠤᠨ | ᠲᠤᠭᠲᠠᠭᠠᠭᠰᠠᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠤᠭᠲᠠᠭᠠᠭᠰᠠᠨ ᠭᠡᠷᠡᠴᠢᠯᠡᠬᠦ ᠵᠥᠢᠯᠡᠰ᠃ | ᠬᠤᠶᠠᠷ᠂ ᠢᠯᠭᠠᠷᠠᠭᠤᠯᠤᠨ ᠲᠢᠭᠯᠡᠬᠦ ᠪᠠᠷᠢᠮᠵᠢᠶ᠎ᠡ | ︽ᠮᠡᠳᠡᠭᠳᠡᠯ︾ ᠤᠨ ᠲᠤᠭᠲᠠᠭᠠᠯ ᠶᠤᠰᠤᠭᠠᠷ᠂ ᠬᠠᠤᠯᠢ ᠴᠠᠭᠠᠵᠠ ᠬᠠᠤᠯᠢ ᠲᠤᠭᠳᠠᠭᠠᠯ ᠢᠶᠠᠷ ᠲᠤᠭᠲᠠᠭᠠᠭᠰᠠᠨ | ᠥᠭᠡᠢ ᠭᠡᠷᠡᠴᠢᠯᠡᠬᠦ ᠵᠥᠢᠯᠡᠰ ᠢ ᠵᠠᠷᠴᠢᠮ ᠳᠡᠭᠡᠷ᠎ᠡ ᠪᠠᠨ ᠪᠥᠬᠦᠨ ᠢ ᠬᠥᠴᠥᠨ ᠥᠭᠡᠢ ᠪᠤᠯᠭᠠᠨ᠎ᠠ︔ ᠤᠷᠤᠨ | ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠢᠶᠠᠷ ᠲᠤᠭᠲᠠᠭᠠᠭᠰᠠᠨ ᠭᠡᠷᠡᠴᠢᠯᠡᠬᠦ ᠵᠥᠢᠯᠡᠰ ᠢ ᠪᠤᠯᠤᠯᠴᠠᠭ᠎ᠠ ᠲᠠᠢ ᠪᠤᠯ | ᠬᠥᠴᠥᠨ ᠥᠭᠡᠢ ᠪᠤᠯᠭᠠᠨ᠎ᠠ᠃ ᠵᠠᠰᠠᠭ ᠤᠨ ᠤᠷᠳᠤᠨ ᠤ ᠲᠤᠭᠲᠠᠭᠠᠯ ᠳᠥᠷᠢᠮ ᠪᠠ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢᠶᠠᠷ ᠲᠤᠬᠳᠠᠭᠠᠬᠰᠠᠨ ᠭᠡᠷᠡᠴᠢᠯᠡᠬᠦ ᠵᠥᠢᠯᠡᠰ ᠪᠥᠬᠦᠨ ᠢ ᠬᠥᠴᠥᠨ ᠥᠭᠡᠢ ᠪᠤᠯᠭᠠᠨ᠎ᠠ᠃ ᠭᠡᠷᠡᠴᠢᠯᠡᠬᠦ | ᠵᠥᠢᠯᠡᠰ ᠪᠥᠬᠦᠨ ᠢ ᠬᠠᠤᠯᠢ ᠪᠠᠷ ᠲᠤᠭᠲᠠᠭᠠᠭᠰᠠᠨ ᠥᠨᠡᠮᠯᠡᠯ᠂ ᠪᠢᠴᠢᠭ ᠢᠶᠠᠷ ᠮᠡᠳᠡᠭᠳᠡᠬᠦ ᠠᠮᠠᠯᠠᠯᠲᠠ᠂ ᠵᠠᠰᠠᠭ ᠤᠨ | ᠤᠷᠳᠤᠨ ᠤ ᠰᠠᠯᠠᠭ᠎ᠠ ᠮᠥᠴᠢᠷ ᠤᠨ ᠲᠤᠳᠤᠭᠠᠳᠤ ᠳᠤ ᠪᠠᠨ ᠬᠠᠷᠭᠤᠭᠤᠯᠤᠨ ᠪᠠᠶᠢᠴᠠᠭᠠᠬᠤ ᠪᠠ ᠰᠠᠯᠠᠭ᠎ᠠ ᠮᠥᠴᠢᠷ ᠤᠨ | ᠬᠤᠭᠤᠷᠤᠨᠳᠤ ᠪᠠᠨ ᠬᠠᠷᠭᠤᠭᠤᠯᠤᠨ ᠪᠠᠶᠢᠴᠠᠭᠠᠬᠤ᠂ ᠰᠥᠯᠵᠢᠶ᠎ᠡ ᠪᠠᠷ ᠬᠠᠷᠭᠤᠭᠤᠯᠤᠨ ᠰᠢᠯᠭᠠᠬᠤ᠂ ᠭᠡᠷ᠎ᠡ ᠭᠡᠷᠡᠴᠢ | ᠪᠠᠷᠢᠮᠲᠠ ᠵᠡᠷᠭᠡ ᠪᠠᠷ ᠳᠠᠮᠵᠢᠭᠤᠯᠤᠨ ᠭᠡᠷᠡᠴᠢᠯᠡᠵᠤ ᠪᠤᠯᠬᠤ᠂ ᠪᠤᠰᠤᠳ ᠮᠠᠲ᠋ᠧᠷᠢᠶᠠᠯ ᠳᠤ ᠬᠠᠮᠤᠷᠤᠭᠳᠠᠭᠰᠠᠨ ᠪᠤᠶᠤ | ᠤᠷᠤᠯᠠᠭᠤᠯᠤᠭᠰᠠᠨ᠂ ᠭᠡᠷᠡᠴᠢ ᠭᠠᠷᠭᠠᠭᠰᠠᠨ ᠨᠢᠭᠡᠴᠢ ᠨᠢ ᠪᠠᠶᠢᠴᠠᠭᠠᠨ ᠬᠠᠷᠭᠤᠭᠤᠯᠬᠤ ᠠᠷᠭ᠎ᠠ ᠥᠬᠡᠢ ᠪᠤᠯᠤᠭᠰᠠᠨ | ᠵᠢᠴᠢ ᠴᠠᠭ ᠤᠨ ᠪᠠᠶᠢᠳᠠᠯ ᠤᠨ ᠬᠡᠷᠡᠭᠴᠡᠭᠡ ᠳᠤ ᠲᠤᠬᠢᠷᠠᠬᠤ ᠥᠭᠡᠢ ᠵᠥᠢᠯᠡᠰ ᠪᠥᠬᠦᠨ ᠢ ᠬᠥᠴᠥᠨ ᠥᠬᠡᠢ | ᠪᠤᠯᠭᠠᠨ᠎ᠠ᠃ | ᠭᠤᠷᠪᠠ᠂ ᠢᠯᠭᠠᠷᠠᠭᠤᠯᠤᠨ ᠲᠢᠭᠯᠡᠬᠦ ᠠᠵᠢᠯ ᠤᠨ ᠬᠤᠪᠢᠶᠠᠷᠢᠯᠠᠯ ᠪᠡ ᠴᠠᠭ ᠤᠨ ᠬᠢᠵᠠᠭᠠᠷ | ︽ᠬᠡᠨ ᠬᠡᠷᠡᠭᠵᠢᠭᠦᠯᠪᠡᠯ ᠲᠡᠳᠡ ᠢᠯᠭᠠᠷᠠᠭᠤᠯᠤᠨ ᠲᠢᠭᠯᠡᠬᠦ︾ ᠵᠠᠷᠴᠢᠮ ᠶᠤᠰᠤᠭᠠᠷ᠂ ᠡᠯ᠎ᠡ ᠱᠠᠲᠤᠨ ᠤ | ᠵᠠᠰᠠᠭ ᠤᠨ ᠤᠷᠳᠤᠨ ᠵᠢᠴᠢ ᠲᠡᠭᠦᠨ ᠤ ᠰᠠᠯᠠᠭ᠎ᠠ ᠮᠥᠴᠢᠷ ᠬᠢᠬᠡᠳ ᠬᠠᠤᠯᠢ ᠴᠠᠭᠠᠵᠠ᠂ ᠬᠠᠤᠯᠢ ᠲᠤᠭᠲᠠᠭᠠᠯ ᠢᠶᠠᠷ | ᠡᠷᠭᠡ ᠤᠯᠭᠤᠭᠰᠠᠨ ᠤᠯᠠᠨ ᠨᠡᠶᠢᠲᠡ ᠶᠢᠨ ᠠᠵᠢᠯ ᠬᠡᠷᠡᠭ ᠢ ᠬᠠᠮᠢᠶᠠᠷᠬᠤ ᠵᠤᠬᠢᠶᠠᠨ ᠪᠠᠶᠢᠭᠤᠯᠤᠯᠲᠠ ᠪᠤᠯ ᠭᠡᠷᠡᠴᠢᠯᠡᠬᠦ | ᠵᠥᠢᠯᠡᠰ ᠢ ᠢᠯᠭᠠᠷᠠᠭᠤᠯᠤᠨ ᠲᠢᠭᠯᠡᠬᠦ ᠠᠵᠢᠯ ᠤᠨ ᠬᠠᠷᠢᠭᠤᠴᠠᠯᠭᠠᠲᠤ ᠨᠢᠭᠡᠴᠢ ᠮᠥᠨ᠃ ᠬᠡᠷᠡᠭᠵᠢᠭᠦᠯᠬᠦ ᠨᠢᠭᠡᠴᠢ ᠶᠢᠨ | ᠡᠭᠦᠷᠭᠡ ᠴᠢᠳᠠᠪᠤᠷᠢ ᠶᠢ ᠨᠢ ᠲᠤᠬᠢᠷᠠᠭᠤᠯᠤᠭᠰᠠᠨ ᠪᠠᠶᠢᠪᠠᠯ᠂ ᠤᠳᠤ ᠶᠢᠨ ᠳᠠᠭᠠᠭᠠᠨ ᠡᠭᠦᠷᠭᠡᠯᠡᠵᠤ ᠪᠠᠶᠢᠭ᠎ᠠ ᠡᠭᠦᠷᠭᠡ | ᠴᠢᠳᠠᠪᠤᠷᠢᠲᠤ ᠨᠢᠭᠡᠴᠢ ᠨᠢ ᠬᠠᠷᠢᠭᠤᠴᠠᠨ ᠢᠯᠭᠠᠷᠠᠭᠤᠯᠵᠤ ᠲᠢᠭᠯᠡᠬᠦ ᠬᠡᠷᠡᠭᠲᠡᠢ᠃ | ︵ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠲᠥᠷᠥ ᠶᠢᠨ ᠶᠠᠪᠤᠳᠠᠯ ᠤᠨ | ᠬᠤᠷᠢᠶᠠᠨ ᠤ ᠰᠠᠯᠠᠭ᠎ᠠ ᠮᠥᠴᠢᠷ ᠤᠨ ᠲᠤᠭᠲᠠᠭᠠᠯ ᠳᠥᠷᠢᠮ ᠪᠠ ᠵᠢᠷᠤᠮᠵᠢᠯ ᠤᠨ ᠴᠢᠨᠠᠷᠲᠡᠢ ᠪᠢᠴᠢᠭ ᠮᠠᠲ᠋ᠧᠷᠢᠶᠠᠯ ᠳᠤ | ᠲᠤᠭᠲᠠᠭᠠᠭᠰᠠᠨ ᠪᠥᠭᠡᠳ ᠥᠪᠡᠷᠲᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠬᠡᠪᠴᠢᠶᠡᠨ ᠳᠤ | ᠶᠠᠪᠤᠭᠳᠠᠭᠤᠯᠵᠤ ᠪᠠᠶᠢᠭ᠎ᠠ ᠬᠡᠷᠡᠴᠢᠯᠡᠬᠦ ᠵᠥᠢᠯᠡᠰ ᠲᠤ᠂ ᠥᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠥᠬᠦᠢ | ᠰᠠᠯᠠᠭ᠎ᠠ ᠮᠥᠴᠢᠷ ᠪᠠ ᠨᠢᠭᠡᠴᠢ ᠠᠴᠠ ᠢᠯᠭᠠᠷᠠᠭᠤᠯᠤᠨ ᠲᠢᠭᠯᠡᠵᠤ᠂ ᠬᠥᠴᠥᠨ ᠥᠭᠡᠢ ᠪᠤᠯᠭᠠᠬᠤ ᠪᠤᠶᠤ ᠥᠯᠡᠳᠡᠭᠡᠬᠦ | ᠰᠠᠨᠠᠭᠤᠯᠭ᠎ᠠ ᠶᠢ ᠵᠥᠢᠯ ᠳᠠᠷᠠᠭᠠᠯᠠᠨ ᠳᠤᠷᠠᠳᠴᠥ᠂ ︽ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠤᠨ ᠲᠤᠭᠲᠠᠭᠠᠯ ᠳᠥᠷᠢᠮ ᠪᠠ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠳᠤ ᠲᠤᠭᠲᠠᠭᠠᠭᠰᠠᠨ ᠭᠡᠷᠡᠴᠢᠯᠡᠬᠦ ᠵᠥᠢᠯᠡᠰ ᠢ ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ | ᠲᠡᠮᠳᠡᠭᠯᠡᠬᠦ ᠬᠥᠰᠥᠨᠥᠭᠲᠥ︾ ︵ᠳᠠᠭᠠᠯᠳᠤᠭᠤᠯᠤᠯ 1 ᠶᠢ ᠥᠵᠡ︶ ᠶᠢ ᠲᠠᠭᠯᠠᠵᠤ᠂ 2018 ᠤᠨ ᠤ 9 ᠳ᠋ᠤᠭᠡᠷ | ᠰᠠᠷ᠎ᠠ ᠶᠢᠨ 10 ᠤ ᠡᠳᠥᠷ ᠠᠴᠠ ᠡᠮᠤᠨ᠎ᠡ ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ ᠭᠡᠷ ᠲᠤ | ᠬᠤᠷᠢᠶᠠᠩᠭᠤᠶᠢᠯᠠᠵᠤ ᠬᠢᠨᠠᠨ ᠬᠠᠷᠭᠤᠭᠤᠯᠬᠤ ᠪᠠᠷ ᠮᠡᠳᠡᠭᠦᠯᠬᠦ ᠬᠡᠷᠡᠭᠲᠡᠢ︔ ᠥᠪᠡᠷᠲᠡᠭᠡᠨ ᠵᠠᠰᠠᠬᠤ ᠤᠷᠤᠨ ᠤ ᠬᠠᠤᠯᠢ | ᠳᠥᠷᠢᠮ ᠤᠨ ᠠᠯᠪᠠᠨ ᠭᠡᠷ ᠨᠢ 2018 ᠤᠨ ᠤ 9 ᠳ᠋ᠤᠭᠡᠷ ᠰᠠᠷ᠎ᠠ ᠶᠢᠨ 20 ᠤ ᠡᠳᠥᠷ ᠠᠴᠠ ᠡᠮᠤᠨ᠎ᠠ | ᠬᠤᠷᠢᠶᠠᠩᠭᠤᠶᠢᠯᠠᠵᠤ ᠬᠢᠨᠠᠨ ᠬᠠᠷᠭᠤᠭᠤᠯᠤᠭᠰᠠᠨ ᠥᠷ᠎ᠡ ᠳ᠋ᠦᠩ ᠢᠶᠠᠨ ᠥᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠳᠤ ᠮᠡᠳᠡᠭᠦᠯᠥᠨ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ | ᠵᠥᠪᠰᠢᠶᠡᠷᠡᠭᠦᠯᠥᠭᠰᠡᠨ ᠤ ᠳᠠᠷᠠᠭ᠎ᠠ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠠ ᠬᠠᠤᠯᠢ ᠴᠠᠭᠠᠵᠠ ᠶᠢᠨ ᠶᠠᠮᠤᠨ ᠳᠤ | ᠮᠡᠳᠡᠭᠦᠯᠬᠦ ᠬᠡᠷᠡᠭᠲᠡᠢ᠃ | ︵ᠬᠤᠶᠠᠷ︶ ᠥᠪᠡᠷᠲᠡᠭᠡᠨ ᠵᠠᠰᠠᠬᠤ ᠤᠷᠤᠨ ᠤ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠢᠶᠠᠷ | ᠲᠤᠭᠲᠠᠭᠠᠭᠰᠠᠨ ᠭᠡᠷᠡᠴᠢᠯᠡᠬᠦ ᠵᠥᠢᠯᠡᠰ ᠢ ᠲᠤᠰ ᠱᠠᠲᠤᠨ ᠤ ᠬᠡᠷᠡᠭᠵᠢᠭᠦᠯᠬᠦ ᠰᠠᠯᠠᠭ᠎ᠠ ᠮᠥᠴᠢᠷ ᠪᠠ ᠨᠢᠭᠡᠴᠢ | ᠢᠯᠭᠠᠷᠭᠤᠯᠤᠨ ᠲᠢᠭᠯᠡᠵᠦ᠂ ᠬᠥᠴᠥᠨ ᠥᠭᠡᠢ ᠪᠤᠯᠭᠠᠬᠤ ᠪᠤᠶᠤ ᠥᠯᠡᠳᠡᠭᠡᠬᠦ ᠰᠠᠨᠠᠭᠤᠯᠭ᠎ᠠ ᠶᠢ ᠵᠥᠢᠯ ᠳᠠᠷᠠᠭᠠᠯᠠᠨ | ᠳᠤᠷᠠᠳᠴᠥ᠂ ︽ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ | ᠲᠤᠭᠲᠠᠭᠠᠭᠰᠠᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠢᠶᠠᠷ ᠲᠤᠭᠲᠠᠭᠠᠭᠰᠠᠨ ᠬᠡᠷᠡᠴᠢᠯᠡᠬᠦ ᠵᠥᠢᠯᠡᠰ ᠢ | ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ ᠲᠠᠮᠳᠡᠭᠯᠡᠬᠦ ᠬᠥᠰᠥᠨᠥᠭᠲᠥ︾ ︵ᠳᠠᠭᠠᠯᠳᠤᠭᠤᠯᠤᠯ 2 ᠢ ᠥᠵᠡ︶ ᠶᠢ | ᠲᠠᠭᠯᠠᠵᠤ᠂ 2018 ᠤᠨ ᠤ 10 ᠳ᠋ᠤᠭᠠᠷ ᠰᠠᠷ᠎ᠠ ᠶᠢᠨ 15 ᠤ ᠡᠳᠥᠷ ᠠᠴᠠ ᠡᠮᠤᠨ᠎ᠡ ᠲᠤᠰ ᠱᠠᠲᠤᠨ ᠤ ᠠᠷᠠᠳ ᠤᠨ | ᠵᠠᠰᠠᠭ ᠤᠨ ᠤᠷᠳᠤᠨ ᠤ ᠬᠠᠤᠯᠢ ᠳᠥᠷᠢᠮ ᠤᠨ ᠠᠯᠪᠠᠨ ᠭᠡᠷ ᠲᠤ ᠬᠤᠷᠢᠶᠠᠩᠭᠤᠶᠢᠯᠠᠵᠤ ᠬᠢᠨᠠᠨ ᠬᠠᠷᠭᠤᠭᠤᠯᠬᠤ ᠪᠠᠷ | ᠮᠡᠳᠡᠭᠦᠯᠬᠦ ᠬᠡᠷᠡᠭᠲᠡᠢ︔ ᠡᠯ᠎ᠡ ᠱᠠᠲᠤᠨ ᠤ ᠵᠠᠰᠠᠭ ᠤᠨ ᠤᠷᠳᠤᠨ ᠤ ᠬᠠᠤᠯᠢ ᠳᠥᠷᠢᠮ ᠤᠨ ᠠᠯᠪᠠᠨ ᠭᠡᠷ ᠨᠢ 2018 | ᠤᠨ ᠤ 11 ᠳ᠋ᠤᠭᠡᠷ ᠰᠠᠷ᠎ᠠ ᠶᠢᠨ 1 ᠤ ᠡᠳᠥᠷ ᠠᠴᠠ ᠡᠮᠤᠨ᠎ᠠ ᠬᠤᠷᠢᠶᠠᠩᠭᠤᠶᠢᠯᠠᠵᠤ ᠬᠢᠨᠠᠨ ᠬᠠᠷᠭᠤᠭᠤᠯᠤᠭᠰᠠᠨ ᠥᠷ᠎ᠡ | ᠳ᠋ᠦᠩ ᠢᠶᠠᠨ ᠲᠤᠰ ᠱᠠᠲᠤᠨ ᠤ ᠵᠠᠰᠠᠭ ᠤᠨ ᠤᠷᠳᠤᠨ ᠳᠤ ᠮᠡᠳᠡᠭᠦᠯᠥᠨ᠂ ᠲᠤᠰ ᠱᠠᠲᠤᠨ ᠤ ᠵᠠᠰᠠᠭ ᠤᠨ | ᠤᠷᠳᠤᠨ ᠢᠶᠠᠷ ᠵᠥᠪᠰᠢᠶᠡᠷᠡᠭᠦᠯᠥᠭᠰᠡᠨ ᠤ ᠳᠠᠷᠠᠭ᠎ᠠ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠠ ᠲᠤᠰ | ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠮᠡᠳᠡᠭᠦᠯᠬᠦ | ᠬᠡᠷᠡᠭᠲᠡᠢ᠃ | ︵ᠭᠤᠷᠪᠠ︶ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠲᠤᠭᠲᠠᠭᠠᠯ ᠳᠥᠷᠢᠮ | ᠪᠠ ᠵᠠᠰᠠᠭ ᠤᠨ ᠤᠷᠳᠤᠨ ᠵᠢᠴᠢ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠢᠷᠤᠮᠵᠢᠯ ᠤᠨ ᠴᠢᠨᠠᠷᠲᠠᠢ ᠪᠢᠴᠢᠭ | ᠮᠠᠲ᠋ᠧᠷᠢᠶᠠᠯ ᠢᠶᠠᠷ ᠲᠤᠭᠲᠠᠭᠠᠭᠰᠠᠨ ᠬᠡᠷᠡᠴᠢᠯᠡᠬᠦ ᠵᠥᠢᠯᠡᠰ ᠢ ᠲᠤᠰ ᠱᠠᠲᠤᠨ ᠤ ᠭᠡᠷᠡᠭᠵᠢᠭᠦᠯᠬᠦ ᠰᠠᠯᠠᠭ᠎ᠠ ᠮᠥᠴᠢᠷ ᠪᠠ | ᠨᠢᠭᠡᠴᠢ ᠢᠯᠭᠠᠷᠠᠭᠤᠯᠤᠨ ᠲᠢᠭᠯᠡᠵᠦ᠂ ᠲᠠᠷᠦ᠋ᠢᠬᠠᠨ ᠬᠥᠴᠥᠨ ᠥᠭᠡᠢ ᠪᠤᠯᠭᠠᠬᠤ ᠪᠤᠶᠤ 2018 ᠤᠨ ᠤ ᠵᠢᠯ ᠤᠨ | ᠰᠡᠭᠦᠯᠴᠢ ᠠᠴᠠ ᠡᠮᠥᠨ᠎ᠡ ᠬᠥᠴᠥᠨ ᠥᠭᠡᠢ ᠪᠤᠯᠭᠠᠬᠤ ᠰᠢᠢᠳᠪᠤᠷᠢᠯᠡᠬᠦ ᠰᠠᠨᠠᠯ ᠢ ᠳᠤᠷᠠᠳᠤᠨ᠂ ︽ᠥᠪᠡᠷᠲᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠤ ᠲᠤᠭᠲᠠᠭᠠᠯ ᠳᠥᠷᠢᠮ ᠪᠠ ᠵᠠᠰᠠᠭ ᠤᠨ ᠤᠷᠳᠤᠨ ᠵᠢᠴᠢ ᠵᠠᠰᠠᠭ ᠤᠨ ᠤᠷᠳᠤᠨ ᠤ | ᠠᠯᠪᠠᠨ ᠲᠢᠩᠬᠢᠮ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠲᠤᠭᠲᠠᠭᠠᠭᠰᠠᠨ ᠬᠡᠷᠡᠴᠢᠯᠡᠬᠦ ᠵᠥᠢᠯᠡᠰ ᠢ | ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ ᠲᠡᠮᠳᠡᠭᠯᠡᠬᠦ ᠬᠥᠰᠥᠨᠥᠭᠲᠥ︾ ︵ᠳᠠᠭᠠᠯᠳᠤᠭᠤᠯᠤᠯ 3 ᠶᠢ ᠥᠵᠡ︶ ᠶᠢ | ᠲᠠᠭᠯᠠᠵᠤ᠂ 2018 ᠤᠨ ᠤ 9 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠡ ᠥᠪᠡᠷᠲᠡᠭᠡᠨ ᠵᠠᠰᠠᠬᠤ ᠤᠷᠤᠨ ᠤ | ᠬᠠᠤᠯᠢ ᠳᠥᠷᠢᠮ ᠤᠨ ᠠᠯᠪᠠᠨ ᠭᠡᠷ ᠲᠤ ᠬᠤᠷᠢᠶᠠᠩᠭᠤᠶᠢᠯᠠᠵᠤ ᠬᠢᠨᠠᠨ ᠬᠠᠷᠭᠤᠭᠤᠯᠬᠤ ᠪᠠᠷ ᠮᠡᠳᠡᠭᠦᠯᠬᠦ ᠭᠡᠷᠡᠭᠲᠡᠢ︔ | ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ ᠭᠡᠷ ᠨᠢ 10 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠤᠨ᠎ᠡ ᠬᠤᠷᠢᠶᠠᠩᠭᠤᠶᠢᠯᠠᠵᠤ ᠬᠢᠨᠠᠨ ᠬᠠᠷᠭᠤᠭᠤᠯᠤᠭᠰᠠᠨ ᠥᠷ᠎ᠡ ᠳ᠋ᠦᠩ ᠢᠶᠠᠨ ᠥᠪᠡᠷᠲᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠬᠦ ᠭᠡᠷᠡᠭᠲᠡᠢ︔ ᠭᠡᠷᠡᠴᠢᠯᠡᠭᠦ ᠵᠥᠢᠯᠡᠰ ᠢ ᠬᠥᠴᠥᠨ ᠥᠭᠡᠢ ᠪᠤᠯᠭᠠᠬᠤ | ᠨᠠᠷᠢᠨ ᠳᠠᠩᠰᠠ ᠶᠢ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ᠬᠢᠨᠠᠨ ᠲᠤᠭᠲᠠᠭᠠᠵᠤ | ᠲᠠᠭᠤᠰᠤᠭᠰᠠᠨ ᠤ ᠳᠠᠷᠠᠭ᠎ᠠ᠂ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠡ ᠨᠠᠶᠢᠭᠡᠮ ᠳᠤ ᠨᠡᠶᠢᠲᠡᠯᠡᠬᠦ | ᠬᠡᠷᠡᠭᠲᠡᠢ᠃ | ︵ᠳᠥᠷᠪᠡ︶ ᠥᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠥᠴᠢᠷ ᠪᠠ ᠨᠢᠭᠡᠴᠢ ᠨᠦᠭᠦᠳ ᠤᠨ | ᠲᠤᠭᠲᠠᠭᠠᠵᠤ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠲᠤᠭᠲᠠᠭᠠᠭᠰᠠᠨ ᠭᠡᠷᠡᠴᠢᠯᠡᠬᠦ | ᠵᠥᠢᠯᠡᠰ ᠢ ᠲᠤᠭᠲᠠᠭᠠᠭᠰᠠᠨ ᠰᠠᠯᠠᠭ᠎ᠠ ᠮᠥᠴᠢᠷ ᠪᠤᠶᠤ ᠨᠢᠭᠡᠴᠢ ᠥᠪᠡᠰᠥᠪᠡᠨ ᠵᠤᠬᠢᠶᠠᠨ ᠪᠠᠶᠢᠭᠤᠯᠵᠤ ᠢᠯᠭᠠᠷᠠᠭᠤᠯᠤᠨ | ᠲᠢᠭᠯᠡᠵᠦ᠂ ᠲᠠᠷᠦ᠋ᠢᠬᠠᠨ ᠬᠥᠴᠥᠨ ᠥᠭᠡᠢ ᠪᠤᠯᠭᠠᠬᠤ ᠪᠤᠶᠤ 2018 ᠤᠨ ᠤ ᠵᠢᠯ ᠤᠨ ᠰᠡᠭᠦᠯᠴᠢ ᠠᠴᠠ ᠡᠮᠥᠨ᠎ᠡ | ᠬᠥᠴᠥᠨ ᠥᠭᠡᠢ ᠪᠤᠯᠭᠠᠬᠤ ᠲᠤᠭᠲᠠᠭᠠᠯ ᠭᠠᠷᠭᠠᠬᠤ ᠬᠡᠷᠡᠭᠲᠡᠢ︔ ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠪᠠ | ᠨᠢᠭᠡᠴᠢ ᠶᠢᠨ ᠬᠤᠯᠪᠤᠭᠠᠯᠠᠨ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠥᠷᠥᠭᠦᠯᠡᠭᠰᠡᠨ | ᠰᠠᠯᠠᠭ᠎ᠠ ᠮᠥᠴᠢᠷ ᠪᠤᠶᠤ ᠨᠢᠭᠡᠴᠢ ᠨᠢ ᠬᠤᠯᠪᠤᠭᠠᠯᠠᠨ ᠨᠡᠶᠢᠲᠡᠯᠡᠭᠰᠡᠨ ᠰᠠᠯᠠᠭ᠎ᠠ ᠮᠥᠴᠢᠷ ᠪᠠ ᠨᠢᠭᠡᠴᠢ ᠶᠢᠨ ᠰᠠᠨᠠᠯ ᠢ | ᠬᠤᠷᠢᠶᠠᠭᠰᠠᠨ ᠤ ᠳᠠᠷᠠᠭ᠎ᠠ ᠢᠯᠭᠠᠠᠷᠭᠤᠯᠤᠨ ᠲᠢᠭᠯᠡᠬᠦ ᠲᠤᠭᠲᠠᠭᠠᠯ ᠭᠠᠷᠠᠭᠬᠤ ᠬᠡᠷᠡᠭᠲᠡᠢ᠃ ᠭᠡᠷᠡᠴᠢᠯᠡᠬᠦ ᠵᠥᠢᠯᠡᠰ ᠢ | ᠬᠥᠴᠥᠨ ᠥᠭᠡᠢ ᠪᠤᠯᠭᠠᠬᠤ ᠨᠠᠷᠢᠨ ᠳᠠᠩᠰᠠ ᠶᠢ 2018 ᠤᠨ ᠤ 11 ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠠ | ᠨᠠᠶᠢᠭᠡᠮ ᠳᠤ ᠨᠡᠶᠢᠲᠡᠯᠡᠨ᠂ ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ ᠭᠡᠷ ᠲᠤ ᠮᠡᠳᠡᠭᠦᠯᠵᠤ | ᠪᠥᠷᠢᠳᠬᠡᠨ ᠳᠠᠩᠰᠠᠯᠠᠭᠤᠯᠬᠤ ᠶᠢᠨ ᠬᠠᠮᠲᠤ ︽ᠥᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠥᠴᠢᠷ ᠪᠠ | ᠨᠢᠭᠡᠴᠢ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠲᠤᠭᠲᠠᠭᠠᠭᠰᠠᠨ ᠭᠡᠷᠡᠴᠢᠯᠡᠬᠦ ᠵᠥᠢᠯᠡᠰ ᠢ | ᠢᠯᠭᠠᠷᠠᠭᠤᠯᠵᠤ ᠲᠢᠭᠯᠡᠭᠰᠡᠨ ᠥᠷ᠎ᠡ ᠳ᠋ᠦᠩ ᠢ ᠪᠥᠷᠢᠳᠭᠡᠨ ᠳᠠᠩᠰᠠᠯᠠᠭᠰᠠᠨ ᠲᠡᠮᠳᠡᠭᠯᠡᠬᠦ ᠬᠥᠰᠥᠨᠥᠭᠲᠥ︾ ︵ | ᠳᠠᠭᠠᠯᠳᠤᠭᠤᠯᠤᠯ 4 ᠶᠢ ᠥᠵᠡ︶ ᠶᠢ ᠲᠠᠭᠯᠠᠬᠤ ᠬᠡᠷᠡᠭᠲᠡᠢ᠃ | ︵ᠲᠠᠪᠤ︶ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ | ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠵᠢᠴᠢ ᠲᠡᠳᠡᠭᠡᠷ ᠤᠨ ᠰᠠᠯᠠᠭ᠎ᠠ ᠮᠥᠴᠢᠷ ᠨᠢ | ︽ᠭᠡᠷᠡᠴᠢᠯᠡᠬᠦ ᠵᠥᠢᠯᠡᠰ ᠢ ᠢᠯᠭᠠᠷᠠᠭᠤᠯᠵᠤ ᠲᠢᠭᠯᠡᠭᠰᠡᠨ ᠥᠷ᠎ᠡ ᠳ᠋ᠦᠩ ᠢ ᠪᠥᠷᠢᠳᠬᠡᠬᠦ ᠬᠥᠰᠥᠨᠥᠭᠲᠥ︾ ︵ | ᠳᠠᠭᠠᠯᠳᠤᠭᠤᠯᠤᠯ 5 ᠶᠢ ᠥᠵᠡ︶ ᠶᠢ ᠲᠠᠭᠯᠠᠨ᠂ ᠱᠠᠲᠤ ᠱᠠᠲᠤ ᠪᠠᠷ ᠬᠤᠷᠢᠶᠠᠩᠭᠤᠶᠢᠯᠠᠵᠤ᠂ 2018 ᠤᠨ ᠤ 11 | ᠳ᠋ᠤᠭᠡᠷ ᠰᠠᠷ᠎ᠠ ᠶᠢᠨ ᠰᠡᠭᠦᠯᠴᠢ ᠠᠴᠠ ᠡᠮᠥᠨ᠎ᠡ ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ | ᠭᠡᠷ ᠲᠤ ᠮᠡᠳᠡᠭᠦᠯᠬᠦ ᠬᠡᠷᠡᠭᠲᠡᠢ᠃ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠪᠠ ᠨᠢᠭᠡᠴᠢ ᠨᠦᠭᠦᠳ ᠲᠤᠰ ᠤᠳᠠᠭᠠᠨ ᠤ ᠢᠯᠭᠠᠷᠠᠭᠤᠯᠤᠨ | ᠲᠢᠭᠯᠡᠬᠦ ᠠᠵᠢᠯ ᠢᠶᠠᠷ ᠲᠤᠬᠢᠶᠠᠯ ᠪᠤᠯᠭᠠᠨ᠂ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠷᠭ᠎ᠠ ᠮᠠᠶ᠋ᠢᠭ ᠢᠶᠠᠨ ᠤᠯᠠᠮ | ᠨᠢᠭᠡ ᠠᠯᠬᠤᠮ ᠬᠤᠪᠢᠷᠠᠭᠤᠯᠵᠤ᠂ ᠵᠠᠰᠠᠭ ᠵᠠᠬᠢᠷᠭᠠᠨ ᠤ ᠠᠵᠢᠯᠯᠠᠭ᠎ᠠ ᠪᠠᠨ ᠵᠢᠷᠤᠮᠵᠢᠭᠤᠯᠤᠨ᠂ ᠥᠢᠯᠡᠴᠢᠯᠡᠭᠡᠨ ᠤ ᠬᠡᠪ | ᠰᠤᠷᠲᠠᠯ ᠢᠶᠠᠨ ᠰᠠᠶᠢᠵᠢᠷᠠᠭᠤᠯᠵᠤ᠂ ᠬᠢᠨᠠᠨ ᠬᠠᠮᠢᠶᠠᠷᠬᠤ ᠴᠢᠳᠠᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠨᠢᠭᠡᠨᠲᠡ | ᠬᠥᠴᠥᠨ ᠥᠭᠡᠢ ᠪᠤᠯᠭᠠᠭᠰᠠᠨ ᠭᠡᠷᠡᠴᠢᠯᠡᠬᠦ ᠵᠥᠢᠯᠡᠰ ᠢ ᠢᠨᠲ᠋ᠧᠷ ᠰᠥᠯᠵᠢᠶ᠎ᠡ ᠵᠡᠷᠭᠡ ᠪᠠᠷ ᠳᠠᠮᠵᠢᠭᠤᠯᠤᠨ ᠨᠠᠶᠢᠭᠡᠮ ᠳᠤ | ᠴᠠᠭ ᠲᠤᠬᠠᠢ ᠳᠤ ᠨᠢ ᠭᠠᠷᠴᠠᠭ ᠢ ᠨᠢ ᠨᠡᠶᠢᠲᠡᠯᠡᠬᠦ ᠶᠢᠨ ᠬᠠᠮᠲᠤ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ | ᠬᠢᠵᠤ᠂ ᠰᠢᠨ᠎ᠡ ᠥᠢᠯᠡᠴᠢᠯᠡᠭᠡᠨ ᠤ ᠵᠥᠭᠯᠡᠭᠦᠷ ᠢ ᠨᠠᠶᠢᠲᠠᠯᠠᠨ᠂ ᠲᠤᠭᠲᠠᠭᠤᠨ ᠢᠶᠠᠷ ᠰᠢᠯᠵᠢᠬᠦ ᠶᠢ ᠪᠠᠲᠤᠯᠠᠵᠤ᠂ | ᠬᠠᠮᠢᠶᠠᠷᠤᠯᠲᠠ ᠪᠡ ᠥᠢᠯᠡᠴᠢᠯᠡᠭᠡᠨ ᠳᠤ ︽ᠬᠤᠭᠤᠰᠤᠨ︾ ᠪᠠᠶᠢᠳᠠᠯ ᠢᠯᠡᠷᠡᠬᠦ ᠶᠢ ᠰᠡᠷᠭᠡᠶᠢᠯᠡᠬᠦ ᠬᠡᠷᠡᠭᠲᠡᠢ᠃ ᠬᠢᠨᠠᠨ | ᠰᠢᠮᠳᠠᠭᠤᠯᠵᠤ ᠪᠠᠶᠢᠴᠠᠭᠠᠬᠤ ᠪᠠᠨ ᠴᠢᠩᠭᠠᠳᠬᠠᠨ᠂ ᠳᠤᠤᠷᠠᠳᠤ ᠱᠠᠲᠤᠨ ᠤ ᠪᠠᠶᠢᠭᠤᠯᠭ᠎ᠠ ᠶᠢᠨ ᠬᠢᠨ ᠬᠠᠤᠯᠢ ᠠᠴᠠ | ᠵᠥᠷᠢᠴᠡᠨ ᠬᠡᠷᠡᠴᠢᠯᠡᠬᠦ ᠵᠥᠢᠯᠡᠰ ᠬᠡᠷᠡᠴᠢᠯᠡᠬᠦ ᠮᠠᠲ᠋ᠧᠷᠢᠶᠠᠯ ᠢ ᠨᠡᠮᠡᠬᠦ ᠪᠠ ᠬᠡᠷᠡᠴᠢᠯᠡᠬᠦ ᠱᠠᠭᠠᠷᠳᠠᠯᠭ᠎ᠠ ᠶᠢ ᠲᠡᠬᠡᠭᠰᠢᠯᠡᠬᠦᠯᠬᠦ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠭᠤᠭᠤᠯᠵᠤ ᠪᠠᠶᠢᠴᠠᠭᠠᠬᠤ ᠡᠭᠦᠷᠭᠡ ᠶᠢ ᠤᠯᠠᠨ ᠲᠥᠮᠡᠨ ᠪᠠ ᠠᠵᠤ | ᠠᠬᠤᠶᠢᠯᠠᠯ ᠳᠤ ᠳᠤᠷ᠎ᠠ ᠪᠠᠷ ᠲᠤᠬᠤᠬᠤ ᠶᠢ ᠴᠠᠭ ᠲᠤᠬᠠᠢ ᠳᠤ ᠨᠢ ᠵᠠᠯᠠᠷᠠᠭᠤᠯᠵᠤ ᠪᠠᠶᠢᠴᠠᠭᠠᠨ ᠰᠢᠢᠳᠬᠡᠬᠦ ᠬᠡᠷᠡᠭᠲᠡᠢ︔ | ᠴᠠᠭ ᠲᠤᠬᠠᠢ ᠳᠤ ᠨᠢ ᠵᠠᠯᠠᠷᠠᠭᠤᠯᠤᠨ ᠪᠠᠶᠢᠴᠠᠭᠠᠵᠤ ᠰᠢᠢᠳᠬᠡᠭᠰᠡᠨ ᠥᠬᠡᠢ ᠠᠴᠠ ᠪᠤᠯᠵᠤ ᠨᠡᠶᠢᠭᠡᠮ ᠳᠤ ᠮᠠᠭᠤ ᠨᠥᠯᠥᠭᠡ | ᠭᠠᠷᠭᠠᠭᠰᠠᠨ ᠪᠠᠶᠢᠪᠠᠯ ᠬᠠᠮᠢᠶ᠎ᠡ ᠪᠥᠬᠦᠢ ᠬᠠᠷᠢᠭᠤᠴᠠᠯᠭ᠎ᠠ ᠲᠠᠢ ᠬᠥᠮᠥᠰ ᠠᠴᠠ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ | ᠬᠡᠷᠡᠭᠲᠡᠢ᠃ ᠬᠠᠮᠲᠤᠷᠠᠯᠴᠠᠨ ᠬᠠᠮᠵᠢᠯᠴᠠᠬᠤ ᠪᠠᠨ ᠤᠯᠠᠮ ᠨᠢᠭᠡ ᠠᠯᠬᠤᠮ ᠴᠢᠩᠭᠠᠳᠬᠠᠨ᠂ ᠮᠡᠳᠡᠭᠡ ᠵᠠᠩᠬᠢ ᠶᠢᠨ | ᠰᠢᠰᠲ᠋ᠧᠮ ᠤᠨ ᠬᠠᠷᠢᠯᠴᠠᠨ ᠬᠤᠯᠪᠤᠯᠳᠤᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠵᠠᠰᠠᠭ ᠤᠨ ᠤᠷᠳᠤᠨ ᠤ | ᠡᠯ᠎ᠡ ᠰᠠᠯᠠᠭ᠎ᠠ ᠮᠥᠴᠢᠷ ᠤᠨ ᠬᠤᠭᠤᠷᠤᠨᠳᠥ᠂ ᠰᠠᠯᠠᠭ᠎ᠠ ᠮᠥᠴᠢᠷ ᠤᠨ ᠲᠤᠳᠤᠭᠠᠳᠤ ᠶᠢᠨ ︽ᠮᠡᠳᠡᠭᠡ ᠵᠠᠩᠬᠢ ᠪᠠᠨ | ᠲᠤᠰᠠᠭᠠᠷ ᠪᠠᠶᠢᠯᠭᠠᠬᠤ︾ ᠪᠠᠶᠢᠳᠠᠯ ᠢ ᠡᠪᠳᠡᠨ᠂ ︽ᠬᠠᠴᠢᠨ ᠵᠢᠭᠲᠡᠢ︾ ᠭᠡᠷᠡᠴᠢ᠂ ᠡᠷᠬᠢᠯᠳᠥᠭᠦᠯᠥᠨ ᠬᠡᠷᠡᠴᠢᠯᠡᠬᠦ᠂ | ᠳᠠᠬᠢᠨ ᠳᠠᠪᠲᠠᠨ ᠭᠡᠷᠡᠴᠢᠯᠡᠬᠦ ᠪᠠᠶᠢᠳᠠᠯ ᠡᠭᠦᠰᠬᠦ ᠶᠢ ᠥᠨᠳᠥᠰᠥᠨ ᠠᠴᠠ ᠨᠢ ᠠᠷᠢᠯᠭᠠᠬᠤ ᠬᠡᠷᠡᠭᠲᠡᠢ᠃ ᠮᠡᠳᠡᠭᠳᠡᠨ | ᠠᠮᠠᠯᠠᠬᠤ ᠳᠥᠷᠢᠮ ᠢ ᠶᠡᠭᠡ ᠪᠠᠷ ᠳᠡᠯᠭᠡᠷᠡᠭᠦᠯᠬᠦ ᠶᠢᠨ ᠬᠠᠮᠲᠤ᠂ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠤᠯᠠᠨ ᠲᠥᠮᠡᠨ ᠪᠡ ᠠᠵᠤ ᠠᠬᠤᠶᠢᠯᠠᠯ ᠳᠤ ᠠᠮᠠᠯᠠᠬᠰᠠᠨ ᠵᠥᠢᠯᠡᠰ ᠢ ᠠᠵᠢᠯ ᠬᠡᠷᠡᠭ ᠤᠨ | ᠳᠠᠷᠠᠭ᠎ᠠ ᠳᠤ ᠨᠢ ᠬᠢᠨᠠᠨ ᠪᠠᠶᠢᠴᠠᠭᠠᠬᠤ ᠶᠢ ᠴᠢᠩᠭᠠᠷᠠᠭᠤᠯᠤᠨ᠂ ᠥᠨᠠᠨ ᠪᠤᠰᠤ ᠪᠠᠷ ᠠᠮᠠᠯᠠᠭᠰᠠᠨ ᠪᠤᠶᠤ ᠨᠡᠩ ᠤᠪ ᠮᠡᠭᠡ | ᠭᠠᠷᠭᠠᠭᠰᠠᠨ ᠪᠠᠶᠢᠪᠠᠯ ᠬᠠᠤᠯᠢ ᠶᠤᠰᠤᠭᠠᠷ ᠴᠢᠩᠭ᠎ᠠ ᠰᠢᠢᠳᠬᠡᠨ ᠲᠤᠷᠠᠭᠠᠬᠤ ᠬᠡᠷᠡᠭᠲᠡᠢ᠃ | ᠲᠤᠰ ᠤᠳᠠᠭᠠᠨ ᠤ ᠢᠯᠭᠠᠷᠠᠭᠤᠯᠤᠨ ᠲᠢᠭᠯᠡᠬᠦ ᠠᠵᠢᠯ ᠤᠨ ᠴᠠᠭ ᠪᠠᠴᠢᠮ᠂ ᠡᠭᠦᠷᠭᠡ ᠬᠥᠨᠳᠥ ᠪᠤᠯᠬᠤᠷ᠂ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠪᠡ ᠨᠢᠭᠡᠴᠢ ᠡᠷᠭᠡᠪᠰᠢ ᠳᠡᠭᠡᠳᠥ ᠬᠡᠮᠵᠢᠶ᠎ᠡ ᠪᠠᠷ ᠴᠢᠬᠤᠯᠠᠴᠢᠯᠠᠨ ᠥᠵᠡᠵᠤ᠂ | ᠵᠤᠬᠢᠶᠠᠨ ᠪᠠᠶᠢᠭᠤᠯᠵᠤ ᠤᠳᠤᠷᠢᠳᠬᠤ ᠪᠠᠨ ᠥᠨᠡᠨ ᠬᠦ ᠴᠢᠩᠭᠠᠳᠬᠠᠵᠤ᠂ ᠠᠵᠢᠯ ᠤᠨ ᠲᠥᠰᠥᠯ ᠲᠤᠭᠲᠠᠭᠠᠨ᠂ | ᠡᠭᠦᠷᠭᠡ ᠶᠢᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠲᠥᠷᠥᠭᠦᠯᠡᠬᠦ ᠨᠢᠭᠡᠴᠢ ᠪᠠ ᠴᠠᠭ ᠤᠨ ᠵᠠᠩᠬᠢᠯᠭ᠎ᠠ ᠶᠢᠨ | ᠴᠡᠭ ᠢᠶᠠᠨ ᠲᠤᠳᠤᠷᠬᠠᠶᠢᠯᠠᠨ᠂ ᠬᠠᠷᠢᠭᠤᠴᠠᠯᠭ᠎ᠠ ᠶᠢ ᠳᠠᠰ ᠳᠠᠰ ᠢᠶᠠᠷ ᠲᠠᠭᠰᠢᠷᠠᠭᠤᠯᠵᠤ᠂ ᠡᠷᠴᠢᠮᠲᠡᠢ ᠠᠷᠭ᠎ᠠ | ᠬᠡᠮᠵᠢᠶ᠎ᠡ ᠶᠢ ᠠᠪᠴᠥ ᠵᠢᠱᠢᠭᠰᠡᠨ ᠬᠠᠷᠠᠯᠲᠠ ᠪᠠᠨ ᠪᠡᠶᠡᠯᠡᠬᠦᠯᠭᠦ ᠶᠢ ᠥᠨᠡᠨ ᠬᠦ ᠪᠠᠲᠤᠯᠠᠬᠤ ᠬᠡᠷᠡᠭᠲᠡᠢ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ | ᠰᠠᠯᠠᠭ᠎ᠠ ᠮᠥᠴᠢᠷ ᠪᠠ ᠨᠢᠭᠡᠴᠢ ᠨᠦᠭᠦᠳ 2018 ᠤᠨ ᠤ 8 ᠳ᠋ᠤᠭᠠᠷ ᠰᠠᠷ᠎ᠠ ᠶᠢᠨ 17 ᠤ ᠡᠳᠥᠷ ᠠᠴᠠ ᠡᠮᠥᠨ᠎ᠠ᠂ ︽ | ᠢᠯᠭᠠᠷᠠᠭᠤᠯᠤᠨ ᠲᠢᠭᠯᠡᠬᠦ ᠠᠵᠢᠯ ᠤᠨ ᠬᠠᠷᠢᠯᠴᠠᠬᠤ ᠬᠥᠰᠥᠨᠥᠭᠲᠥ︾ ︵ᠳᠠᠭᠠᠯᠳᠤᠭᠤᠯᠤᠯ 6 ᠶᠢ ᠥᠵᠡ︶ ᠶᠢ | ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠪᠠ ᠨᠢᠭᠡᠴᠢ ᠨᠦᠭᠦᠳ ᠢᠯᠭᠠᠷᠠᠭᠤᠯᠵᠤ ᠲᠢᠭᠯᠡᠭᠰᠡᠨ ᠥᠷ᠎ᠡ | ᠳ᠋ᠦᠩ ᠪᠠ ᠬᠠᠮᠢᠶ᠎ᠠ ᠪᠥᠬᠦᠢ ᠬᠥᠰᠥᠨᠥᠭᠲᠥ ᠪᠠᠨ ᠵᠢᠩᠬᠢᠨᠢ ᠪᠢᠴᠢᠭ ᠮᠠᠲ᠋ᠧᠷᠢᠶᠠᠯ ︵ᠴᠠᠭᠠᠰᠤᠨ ᠤ ᠪᠠ ᠡᠯᠧᠺᠲᠷᠥᠨ | ᠪᠠᠷᠯᠠᠯ︶ ᠢᠶᠠᠷ ᠮᠡᠳᠡᠭᠦᠯᠬᠦ ᠴᠠᠭ ᠬᠤᠭᠤᠴᠠᠭ᠎ᠠ ᠪᠠ ᠱᠠᠭᠠᠷᠳᠠᠯᠭ᠎ᠠ ᠶᠤᠰᠤᠭᠠᠷ ᠥᠪᠡᠷᠲᠡᠭᠡᠨ ᠵᠠᠰᠠᠬᠤ ᠤᠷᠤᠨ ᠤ ᠬᠠᠤᠯᠢ | ᠳᠥᠷᠢᠮ ᠤᠨ ᠠᠯᠪᠠᠨ ᠭᠡᠷ ᠲᠤ ᠮᠡᠳᠡᠭᠦᠯᠬᠦ ᠬᠡᠷᠡᠭᠲᠡᠢ᠃ | ᠬᠠᠷᠢᠯᠴᠠᠬᠤ ᠬᠥᠮᠥᠨ᠄ ᠵᠤᠤ ᠸᠧᠢ ᠭᠠᠩ ︵ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ | ᠭᠡᠷ ᠤᠨ ᠬᠠᠤᠯᠢ ᠲᠤᠭᠲᠠᠭᠠᠬᠤ ᠠᠵᠢᠯ ᠤᠨ ᠨᠢᠭᠡᠳᠥᠭᠡᠷ ᠭᠠᠵᠠᠷ︶ | ᠬᠠᠷᠢᠯᠴᠠᠬᠤ ᠤᠲᠠᠰᠤ᠄ ︵0471︶ 4824613 ︵ᠹᠠᠺᠰ︶ | ᠢᠮᠧᠯ᠄ 413440432@qq. com | ᠬᠠᠷᠢᠯᠴᠠᠬᠤ ᠬᠥᠮᠥᠨ᠄ ᠵᠤᠤ ᠶᠢᠨ ᠢᠤᠢ ︵ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ ᠠᠯᠪᠠᠨ | ᠭᠡᠷ ᠤᠨ ᠬᠠᠤᠯᠢ ᠲᠤᠭᠲᠠᠭᠠᠬᠤ ᠠᠵᠢᠯ ᠤᠨ ᠬᠤᠶᠠᠳᠤᠭᠠᠷ ᠭᠠᠵᠠᠷ︶ | ᠬᠠᠷᠢᠯᠴᠠᠬᠤ ᠤᠲᠠᠰᠤ᠄ ︵0471︶ 4824612 ︵ᠹᠠᠺᠰ︶ | ᠢᠮᠧᠯ᠄ 454950193@qq. com | ᠬᠠᠷᠢᠯᠴᠠᠬᠤ ᠬᠥᠮᠥᠨ᠄ ᠰᠢᠶᠦ᠋ᠩ ᠢᠤᠢ ᠹᠧᠩ ︵ᠥᠪᠡᠷᠲᠡᠭᠡᠨ ᠵᠠᠰᠠᠬᠤ ᠤᠷᠤᠨ ᠤ ᠬᠠᠤᠯᠢ ᠳᠥᠷᠢᠮ ᠤᠨ | ᠠᠯᠪᠠᠨ ᠭᠡᠷ ᠤᠨ ᠬᠠᠤᠯᠢ ᠶᠤᠰᠤᠴᠢ ᠴᠢᠨᠠᠷ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠭᠠᠵᠠᠷ︶ | ᠬᠠᠷᠢᠯᠴᠠᠬᠤ ᠤᠲᠠᠰᠤ᠄ ︵0471︶ 4824614 ︵ᠹᠠᠺᠰ︶ | ᠢᠮᠧᠯ᠄ 707045187 @qq. com | | ᠳᠠᠭᠠᠯᠳᠤᠭᠤᠯᠤᠯ᠄ | | 1. ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠲᠠᠭᠠᠯ᠂ ᠲᠥᠷᠥ ᠶᠢᠨ ᠶᠠᠪᠤᠳᠠᠯ ᠤᠨ ᠬᠤᠷᠢᠶᠠᠨ ᠤ | ᠰᠠᠯᠠᠭ᠎ᠠ ᠮᠥᠴᠢᠷ ᠤᠨ ᠲᠤᠭᠲᠠᠭᠠᠯ ᠳᠥᠷᠢᠮ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ ᠲᠤᠭᠲᠠᠭᠠᠭᠰᠠᠨ | ᠭᠡᠷᠡᠴᠢᠯᠡᠬᠦ ᠵᠥᠢᠯᠡᠰ ᠢ ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ ᠲᠡᠮᠳᠡᠭᠯᠡᠬᠦ ᠬᠥᠰᠥᠨᠥᠭᠲᠥ | 2. ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ | ᠲᠤᠭᠲᠠᠭᠠᠭᠰᠠᠨ ᠤᠷᠤᠨ ᠨᠤᠲᠤᠭ ᠤᠨ ᠴᠢᠨᠠᠷᠲᠠᠢ ᠬᠠᠤᠯᠢ ᠲᠤᠭᠲᠠᠭᠠᠯ ᠢᠶᠠᠷ ᠲᠤᠭᠲᠠᠭᠠᠭᠰᠠᠨ ᠭᠡᠷᠡᠴᠢᠯᠡᠬᠦ ᠵᠥᠢᠯᠡᠰ ᠢ | ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ ᠲᠡᠮᠳᠡᠭᠯᠡᠬᠦ ᠬᠥᠰᠥᠨᠥᠭᠲᠥ | 3. ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠲᠤᠭᠲᠠᠭᠠᠯ ᠳᠥᠷᠢᠮ ᠪᠠ ᠵᠠᠰᠠᠭ ᠤᠨ | ᠤᠷᠳᠤᠨ ᠵᠢᠴᠢ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢᠶᠠᠷ | ᠲᠤᠭᠲᠠᠭᠠᠭᠰᠠᠨ ᠬᠡᠷᠡᠴᠢᠯᠡᠬᠦ ᠵᠥᠢᠯᠡᠰ ᠢ ᠢᠯᠭᠠᠷᠠᠭᠤᠯᠤᠨ ᠲᠢᠭᠯᠡᠬᠦ ᠰᠠᠨᠠᠭᠤᠯᠭ᠎ᠠ ᠶᠢᠨ ᠲᠡᠮᠳᠡᠭᠯᠡᠬᠦ ᠬᠥᠰᠥᠨᠥᠭᠲᠥ | 4. ᠥᠪᠡᠷᠲᠡᠭᠡᠨ ᠵᠠᠰᠠᠬᠤ ᠤᠷᠤᠨ ᠤ ᠡᠯ᠎ᠡ ᠰᠠᠯᠠᠭ᠎ᠠ ᠮᠥᠴᠢᠷ ᠪᠠ ᠨᠢᠭᠡᠴᠢ ᠶᠢᠨ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠢᠶᠠᠷ ᠲᠤᠭᠲᠠᠭᠠᠭᠰᠠᠨ ᠭᠡᠷᠡᠴᠢᠯᠡᠬᠦ ᠵᠥᠢᠯᠡᠰ ᠢ ᠢᠯᠭᠠᠷᠠᠭᠤᠯᠵᠤ ᠲᠢᠭᠯᠡᠭᠰᠡᠨ ᠥᠷ᠎ᠡ ᠳ᠋ᠦᠩ ᠢ | ᠪᠥᠷᠢᠳᠬᠡᠨ ᠳᠠᠩᠰᠠᠯᠠᠭᠰᠠᠨ ᠬᠥᠰᠥᠨᠥᠭᠲᠥ | 5. ᠭᠡᠷᠡᠴᠢᠯᠡᠬᠦ ᠵᠥᠢᠯᠡᠰ ᠢ ᠢᠯᠭᠠᠷᠠᠭᠤᠯᠵᠤ ᠲᠢᠭᠯᠡᠭᠰᠡᠨ ᠥᠷ᠎ᠡ ᠳ᠋ᠦᠩ ᠢ ᠪᠥᠷᠢᠳᠬᠡᠬᠦ ᠬᠥᠰᠥᠨᠥᠭᠲᠥ | 6. ᠢᠯᠭᠠᠷᠠᠭᠤᠯᠤᠨ ᠲᠢᠭᠯᠡᠬᠦ ᠠᠵᠢᠯ ᠤᠨ ᠬᠠᠷᠢᠯᠴᠠᠬᠤ ᠬᠥᠰᠥᠨᠥᠭᠲᠥ | | ︵ᠳᠠᠭᠠᠯᠳᠤᠭᠤᠯᠤᠯ ᠤᠨ ᠭᠠᠷᠴᠠᠭ ᠢ ᠲᠣᠪᠴᠢᠳᠠᠪᠠᠯ ᠬᠦᠰᠦᠨᠦᠭᠲᠦ ᠨᠢ ᠢᠯᠡᠷᠡᠨ᠎ᠡ︶ | | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ |