ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2019 ᠤᠨ ᠤ 1 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/1/9
     1 ᠳ᠋ᠦ᠋ᠭᠡᠷ ᠰᠠᠷ᠎ᠠ ᠶᠢᠨ 8᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ  ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ  ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠵᠠᠰᠠᠬ ᠤᠨ  ᠤᠷᠳᠤᠨ ᠤ ᠠᠵᠢᠯ ᠤᠨ ᠢᠯᠡᠳᠬᠡᠯ ︵ᠬᠢᠨᠠᠬᠤ ᠡᠬᠡ ᠨᠤᠤᠷᠠᠭ︶︾᠂ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ 2018 ᠤᠨ  ᠎ ᠤ ᠤᠯᠤᠰ ᠠᠷᠠᠳ ᠤᠨ  ᠠᠵᠥ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠳᠦᠯᠦᠪᠯᠡᠭᠡ ᠶᠢ ᠬᠡᠷᠡᠭᠵᠢᠬᠦᠯᠦᠭᠰᠡᠨ ᠪᠠᠶᠢᠳᠠᠯ ᠬᠢᠬᠡᠳ 2019 ᠤᠨ ᠤ ᠤᠯᠤᠰ ᠠᠷᠠᠳ ᠤᠨ ᠠᠵᠥ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠳᠦᠯᠦᠪᠯᠡᠭᠡ ᠶᠢᠨ ᠳᠦᠰᠦᠯ ᠤᠨ ᠮᠡᠳᠡᠬᠦᠯᠦᠯᠳᠡ ︵ᠬᠢᠨᠠᠬᠤ ᠡᠬᠡ ᠨᠤᠤᠷᠠᠭ︶︾᠂ ︽2018 ᠤᠨ  ᠎ ᠤ ᠳᠦᠰᠦᠪ ᠤᠨ ᠬᠡᠷᠡᠭᠵᠢᠬᠦᠯᠦᠭᠰᠡᠨ ᠪᠠᠶᠢᠳᠠᠯ ᠪᠤᠯᠤᠨ 2019 ᠤᠨ  ᠎ ᠤ ᠳᠦᠰᠦᠪ ᠤᠨ ᠳᠦᠰᠦᠯ ᠤᠨ ᠮᠡᠳᠡᠬᠦᠯᠦᠯᠳᠡ ︵ᠬᠢᠨᠠᠬᠤ ᠡᠬᠡ ᠨᠤᠤᠷᠠᠭ︶︾ ᠵᠡᠷᠬᠡ ᠪᠢᠴᠢᠭ ᠮᠠᠲ᠋ᠧᠷᠢᠶᠠᠯ ᠢ ᠰᠤᠳᠤᠯᠪᠠ᠃      ᠬᠤᠷᠠᠯ ᠠᠴᠠ ᠵᠢᠭᠠᠭᠰᠠᠨ ᠨᠢ᠂ ᠠᠷᠠᠳ ᠤᠨ  ᠳᠦᠯᠦᠬᠡᠯᠡᠭᠴᠢᠳ ᠤᠨ  ᠶᠡᠭᠡ ᠬᠤᠷᠠᠯ ᠳᠤ ᠠᠵᠢᠯ ᠤᠨ  ᠮᠡᠳᠡᠬᠦᠯᠦᠯᠳᠡ ᠬᠢᠬᠦ ᠪᠤᠯ ᠵᠠᠰᠠᠬ ᠤᠨ ᠤᠷᠳᠤᠨ ᠤ ᠬᠠᠤᠯᠢ ᠶᠤᠰᠤᠨ ᠤ ᠡᠭᠦᠷᠭᠡ ᠬᠠᠷᠢᠭᠤᠴᠠᠯᠭ᠎ᠠ᠂ ᠪᠠᠰᠠ ᠴᠤ ᠠᠷᠠᠳ ᠳᠦᠮᠡᠨ ᠤ ᠬᠢᠨᠠᠯᠳᠠ ᠶᠢ ᠬᠦᠯᠢᠶᠠᠬᠦ ᠴᠢᠬᠤᠯᠠ ᠬᠡᠯᠪᠡᠷᠢ ᠪᠤᠯᠤᠨ᠎ᠡ᠃ ᠡᠨᠡ ᠵᠢᠯ ᠪᠤᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠮᠦᠨ᠂ ᠪᠠᠰᠠ ᠴᠤ ᠴᠢᠨᠡᠬᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠬᠢᠯᠠᠭ᠎ᠠ ᠶᠢᠨ ᠵᠢᠯ ᠪᠤᠯᠤᠨ᠎ᠡ᠂ ᠳᠡᠬᠡᠳᠤ ᠬᠡᠮᠵᠢᠶᠡᠨ ᠤ ᠬᠠᠷᠢᠭᠤᠴᠠᠯᠭᠠᠳᠤ ᠰᠡᠳᠬᠢᠯᠬᠡ ᠪᠤᠯᠤᠨ ᠡᠬᠦᠷᠬᠡᠳᠤ ᠪᠤᠳᠤᠯ ᠢᠶᠠᠷ ᠵᠠᠰᠠᠬ ᠤᠨ  ᠤᠷᠳᠤᠨ ᠤ ᠠᠵᠢᠯ ᠤᠨ  ᠢᠯᠡᠳᠬᠡᠯ ᠢ ᠰᠠᠶᠢᠲᠤᠷ ᠨᠤᠤᠷᠠᠬᠯᠠᠵᠥ᠂ ᠬᠠᠮᠳᠤ ᠶᠢᠨ ᠳᠠᠨᠢᠯᠳᠠ ᠶᠢ ᠨᠢᠬᠳᠠᠷᠠᠭᠤᠯᠤᠭᠰᠠᠠ᠂ ᠬᠦᠮᠦᠨ ᠤ ᠰᠡᠳᠬᠢᠯ ᠢ ᠬᠦᠭᠵᠢᠬᠡᠮ᠎ᠡ᠂ ᠠᠵᠢᠯ ᠤᠨ  ᠡᠷᠴᠢ ᠵᠤᠷᠢᠭ ᠢ ᠬᠦᠪᠴᠢᠯᠡᠮ᠎ᠡ ᠢᠯᠡᠳᠬᠡᠯ ᠪᠤᠯᠭᠠᠬᠤ ᠪᠠᠷ ᠴᠢᠷᠮᠠᠶᠢᠬᠤ ᠬᠡᠷᠡᠭᠳᠡᠢ᠃ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠥ᠂ ᠶᠡᠷᠦᠩᠬᠡᠢ ᠱᠦᠵᠢ ᠰᠢ ᠶᠢᠨ ᠫᠢᠩ ᠤᠨ  ᠦᠪᠦᠷ ᠮᠤᠩᠭᠤᠯ ᠤᠨ ᠠᠵᠢᠯ ᠤᠨ ᠳᠤᠬᠠᠢ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠳᠦᠪ ᠤᠨ  ᠵᠤᠷᠢᠭ ᠰᠠᠨᠠᠭ᠎ᠠ ᠶᠢ ᠦᠪᠡᠷᠳᠡᠬᠡᠨ ᠵᠠᠰᠠᠬᠤ ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠬᠤ ᠶᠢ ᠰᠠᠶᠢᠲᠤᠷ ᠠᠳᠬᠤᠬᠤ ᠳᠡᠬᠡᠷ᠎ᠡ ᠬᠦᠴᠦᠯᠡᠵᠥ᠂ ᠳᠦᠪ ᠤᠨ ᠵᠤᠷᠢᠭ ᠰᠠᠨᠠᠭ᠎ᠠ ᠶᠢ ᠢᠯᠡᠳᠬᠡᠯ ᠳᠤ ᠦᠨᠡᠨ ᠪᠤᠳᠠᠳᠠᠢ ᠪᠠᠷ ᠢᠯᠡᠷᠡᠬᠦᠯᠬᠦ ᠬᠡᠷᠡᠭᠳᠡᠢ᠃ ᠦᠨᠡᠨ ᠠᠴᠠ ᠵᠦᠪ ᠢ ᠡᠷᠢᠬᠦ ᠶᠢ ᠪᠠᠷᠢᠮᠳᠠᠯᠠᠵᠥ᠂ ᠦᠩᠬᠡᠷᠡᠭᠰᠡᠨ ᠨᠢᠬᠡ ᠵᠢᠯ ᠳᠤ ᠤᠯᠤᠬᠰᠠᠨ ᠠᠮᠵᠢᠯᠲᠠ ᠪᠦᠳᠦᠮᠵᠢ᠂ ᠬᠢᠯᠡᠰ ᠴᠡᠭ ᠢ ᠪᠦᠬᠦ ᠳᠠᠯ᠎ᠠ ᠪᠠᠷ ᠪᠤᠰᠤᠳᠴᠢ ᠪᠠᠷ ᠳ᠋ᠦᠩᠨᠡᠵᠥ᠂ ᠳᠤᠯᠭᠠᠷᠠᠵᠥ ᠪᠠᠶᠢᠭ᠎ᠠ ᠠᠵᠠ ᠳᠤᠬᠢᠶᠠᠯ ᠪᠤᠯᠤᠨ ᠦᠷᠢᠰᠦᠯᠳᠦᠬᠡᠨ ᠢ ᠰᠠᠶᠢᠲᠤᠷ ᠵᠠᠳᠠᠯᠵᠥ᠂ ᠢᠳᠡᠪᠬᠢᠳᠡᠢ ᠵᠢᠱᠢᠯᠳᠡ ᠭᠠᠷᠭᠠᠵᠥ᠂ ᠪᠦᠬᠦ ᠨᠡᠶᠢᠭᠡᠮ ᠤᠨ ᠡᠷᠡᠮᠡᠬᠡᠶᠢᠯᠡᠨ ᠳᠠᠪᠰᠢᠵᠥ᠂ ᠵᠠᠮ ᠨᠡᠬᠡᠬᠡᠨ ᠤᠷᠤᠬᠰᠢᠯᠠᠬᠤ ᠢᠳᠡᠬᠡᠯ ᠪᠤᠯᠤᠨ ᠳᠤᠬᠳᠠᠯ ᠬᠦᠴᠦᠨ ᠢ ᠨᠢᠬᠳᠠᠷᠠᠭᠤᠯᠬᠤ ᠬᠡᠷᠡᠭᠳᠡᠢ᠃ ᠴᠢᠨᠠᠷ ᠰᠠᠶᠢᠲᠠᠢ ᠬᠦᠭᠵᠢᠯᠳᠡ ᠶᠢᠨ ᠢᠯᠡ ᠳᠤᠳᠤ ᠤᠲᠤᠷᠢᠳᠤᠮᠵᠢ ᠶᠢ ᠪᠤᠢ ᠪᠤᠯᠭᠠᠵᠥ᠂ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠬᠤ ᠪᠤᠳᠠᠳᠠᠢ ᠠᠷᠭ᠎ᠠ ᠬᠡᠮᠵᠢᠶ᠎ᠡ ᠶᠢ ᠰᠤᠳᠤᠯᠵᠥ᠂ ᠬᠠᠤᠯᠢ ᠶᠤᠰᠤᠭᠠᠷ ᠵᠠᠰᠠᠬ ᠶᠠᠪᠤᠭᠤᠯᠬᠤ ᠱᠠᠭᠠᠷᠳᠠᠯᠭ᠎ᠠ ᠶᠢ ᠢᠯᠡᠷᠡᠬᠦᠯᠬᠦ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号