ᠮᠠᠨ ᠤ ᠣᠷᠣᠨ ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠲᠣᠭᠠᠴᠠᠯᠠᠨ ᠥᠭᠬᠦ ᠶᠢ ᠡᠬᠢᠯᠡᠭᠦᠯᠦᠭᠰᠡᠨ ᠠᠴᠠ ᠨᠠᠭᠠᠰᠢ 370 ᠭᠠᠷᠤᠶ ᠰᠢᠷᠬᠠᠲᠤᠭᠰᠠᠳ ᠲᠦᠷᠭᠡᠨ ᠠᠪᠤᠷᠠᠬᠤ᠂ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤᠨᠢ ᠣᠯᠵᠤ ᠠᠪᠤᠪᠠ
ᠨᠡᠶᠢᠲᠡᠯᠡᠭᠰᠡᠨ ᠴᠠᠭ᠄
2019/1/9
     ᠵᠠᠮ ᠬᠠᠷᠢᠯᠴᠠᠭᠠᠨ ᠤ ᠠᠳᠡᠯ ᠠᠴᠠ ᠪᠣᠯᠵᠤ ᠬᠥᠮᠦᠨ ᠰᠢᠷᠬᠠᠲᠤᠬᠤ ᠳᠤ᠂ ᠰᠢᠷᠬᠠᠲᠤᠭᠰᠠᠳ ᠢ ᠡᠮᠨᠡᠨ ᠵᠠᠰᠠᠬᠤ ᠪᠣᠯ ᠲᠡᠷᠢᠭᠦᠨ ᠴᠢᠬᠤᠯᠠ ᠶᠠᠪᠤᠳᠠᠯ ᠪᠣᠯᠣᠨ᠎ᠠ᠂ ᠭᠡᠪᠡᠴᠦ ᠡ᠊ᠨᠳᠡᠯ ᠢ ᠰᠢᠢᠳᠪᠦᠷᠢᠯᠡᠬᠦ ᠠᠵᠢᠯ ᠤᠨ ᠳᠤᠮᠳᠠ ᠰᠢᠷᠬᠠᠲᠤᠭᠰᠠᠳ ᠡᠮᠴᠢᠯᠡᠭᠦᠯᠦᠨ ᠠᠪᠤᠷᠠᠭᠤᠯᠬᠤ ᠵᠣᠭᠤᠰ ᠦᠭᠡᠢ ᠪᠠᠶᠢᠳᠠᠯ ᠥᠷᠭᠦᠯᠵᠢ ᠭᠠᠷᠳᠠᠭ᠃ ︽ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠲᠣᠭᠠᠴᠠᠯᠠᠨ ᠥᠭᠬᠦ ᠲᠦᠷᠦᠯ ᠵᠦᠢᠯ︾᠎ ᠢ 2018 ᠣᠨ ᠳᠤ ᠮᠠᠨ ᠤ ᠣᠷᠣᠨ ᠪᠦᠬᠦ ᠲᠠᠯ᠎ᠠ ᠪᠠᠷ ᠡᠬᠢᠯᠡᠭᠦᠯᠵᠦ᠂ ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠬᠠᠮᠤᠭ ᠤᠨ ᠲᠦᠷᠭᠡᠨ ᠳᠤ ᠪᠠᠨ 3 ᠡᠳᠦᠷ ᠲᠤ ᠲᠥᠯᠥᠵᠦ ᠥᠭᠬᠦ ᠶᠢ ᠪᠡᠶᠡᠯᠡᠭᠦᠯᠪᠡ᠃ ᠡᠳᠡᠭᠡᠷ ︽ᠠᠮᠢ ᠠᠪᠤᠷᠬᠠᠤ ᠵᠣᠭᠤᠰ︾᠎ ᠨᠢ ᠬᠠᠷᠢᠭᠤᠴᠠᠯᠭ᠎ᠠ ᠶᠢ ᠨᠤᠲᠠᠯᠠᠨ ᠲᠣᠭᠲᠠᠭᠠᠬᠤ ᠶᠢ ᠬᠦᠯᠢᠶᠡᠬᠦ ᠴᠢᠬᠤᠯᠠ ᠦᠭᠡᠢ ᠪᠠᠷ ᠤᠷᠢᠳᠠᠪᠠᠷ ᠲᠦᠯᠦᠵᠦ ᠥᠭᠭᠦᠨ᠂ ᠵᠠᠮ ᠬᠠᠷᠢᠯᠴᠠᠭᠠᠨ ᠤ ᠠᠳᠡᠯ ᠳᠤ ᠵᠡᠮᠳᠡᠭ ᠪᠣᠯᠬᠤ᠂ ᠦᠬᠦᠬᠦ ᠨᠤᠷᠮ᠎ᠠ ᠶᠢ ᠮᠡᠳᠡᠭᠳᠡᠮ᠎ᠡ ᠪᠠᠭᠤᠷᠠᠭᠤᠯᠵᠤ᠂ ᠨᠡᠶᠢᠭᠡᠮ ᠤᠨ ᠵᠥᠷᠢᠴᠡᠯ ᠢ ᠪᠦᠲᠦᠮᠵᠢᠲᠡᠶ ᠨᠠᠮᠳᠠᠭᠠᠨ᠂ ᠪᠦᠬᠦ ᠤᠯᠤᠰ ᠤᠨ ᠬᠡᠪᠴᠢᠶᠡᠨ ᠳᠣᠳᠣᠷ᠎ᠠ ᠠᠩᠬᠠᠨ ᠤ ᠡᠭᠦᠳᠦᠯᠲᠡ ᠪᠣᠯᠵᠠᠢ᠃      2018 ᠣᠨ ᠤ 6 ᠳ᠋ᠤᠭᠠᠷ ᠰᠠᠷ᠎ᠠ ᠶᠢᠨ 25᠎ ᠤ ᠡᠳᠦᠷ ︽ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠲᠣᠭᠠᠴᠠᠯᠠᠨ ᠥᠭᠬᠦ ᠲᠦᠷᠦᠯ ᠵᠦᠢᠯ︾ ᠮᠠᠨ ᠤ ᠣᠷᠣᠨ ᠳᠤ ᠪᠦᠬᠦ ᠲᠠᠯ᠎ᠠ ᠪᠠᠷ ᠡᠬᠢᠯᠡᠭᠰᠡᠨ ᠠᠴᠠ ᠨᠠᠭᠠᠰᠢ᠂ ᠣᠳᠣᠬᠠᠨ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠣᠪᠴᠢᠶ᠎ᠠ ᠨᠢᠭᠡᠨᠲᠡ 21 ᠳᠠᠭᠠᠳᠬᠠᠯ ᠤᠨ ᠺᠣᠮᠫᠠᠨᠢ ᠯᠤᠭ᠎ᠠ ᠵᠠᠮ ᠬᠠᠷᠢᠯᠴᠠᠭᠠᠨ ᠤ ᠠᠳᠡᠯ ᠤᠨ ᠡᠮᠴᠢᠯᠡᠭᠡᠨ ᠤ ᠵᠠᠷᠤᠳᠠᠯ ᠢ ᠲᠦᠷᠭᠡᠨ ᠲᠣᠭᠠᠴᠠᠯᠠᠨ ᠥᠭᠬᠦ ᠦᠢᠯᠡᠴᠢᠯᠡᠭᠡ ᠶᠢ ᠦᠷᠨᠢᠭᠦᠯᠦᠨ᠂ ᠭᠡᠷ᠎ᠡ ᠲᠣᠭᠲᠠᠭᠰᠠᠨ ᠳᠠᠭᠠᠳᠬᠠᠯ ᠤᠨ ᠺᠣᠮᠫᠠᠨᠢ ᠨᠢᠭᠡᠨᠲᠡ ᠪᠠᠷᠤᠭ 362 ᠬᠤᠪᠢ ᠨᠡᠶᠢᠲᠡ 750 ᠲᠦᠮᠡᠨ ᠲᠥᠭᠦᠷᠢᠭ ᠤᠨ ᠳᠠᠭᠠᠳᠬᠠᠯ ᠤᠨ ᠲᠥᠯᠥᠪᠦᠷᠢ ᠮᠥᠩᠭᠦ ᠶᠢ ᠲᠦᠷᠭᠡᠨ ᠲᠣᠭᠠᠴᠠᠯᠠᠨ ᠥᠭᠴᠦ᠂ 370 ᠭᠠᠷᠤᠶ ᠰᠢᠷᠬᠠᠲᠤᠭᠰᠠᠳ ᠲᠤ ᠲᠦᠷᠭᠡᠨ ᠠᠪᠤᠷᠠᠬᠤ᠂ ᠡᠮᠴᠢᠯᠡᠭᠡᠨ ᠤ ᠵᠠᠷᠤᠳᠠᠯ ᠢ ᠴᠠᠭ ᠲᠤᠬᠠᠶ ᠳᠤᠨᠢ ᠲᠣᠭᠠᠴᠠᠯᠠᠨ ᠥᠭᠴᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号