ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠪᠠᠷ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠢᠢᠷ᠎ᠠ ᠳᠤ ᠢᠯᠡ ᠪᠠᠷ ᠳᠠᠭᠠᠭᠠᠴᠢᠯᠠᠯᠲᠠ ᠵᠠᠷᠯᠠᠬᠤ | ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ 84.3569 | ᠳ᠋ᠦᠩᠰᠢᠭᠤᠷ ᠲᠥᠭᠦᠷᠢᠭ ᠠᠮᠵᠢᠯᠲᠠ ᠲᠠᠢ ᠲᠠᠷᠬᠠᠭᠠᠪᠠ᠂ ᠡᠨᠡ ᠪᠣᠯ ᠡᠨᠡ ᠵᠢᠯ ᠠᠴᠠ ᠨᠠᠭᠠᠰᠢᠬᠢ ᠮᠠᠨ ᠤ ᠤᠷᠤᠨ ᠤ | ᠲᠠᠷᠬᠠᠭᠠᠭᠰᠠᠨ ᠶᠢᠰᠦᠳᠦᠭᠡᠷ ᠪᠦᠯᠦᠭ ᠤᠨ ᠢᠯᠡ ᠵᠢᠭᠡᠯᠡᠯᠭᠡ ᠶᠢᠨ ᠲᠡᠮᠳᠡᠭᠲᠦ ᠪᠣᠯᠤᠨ᠎ᠠ᠃ | ᠡᠭᠦᠨ ᠳᠤ᠂ 5 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 40.5649 ᠳ᠋ᠦᠩᠰᠢᠭᠤᠷ | ᠲᠥᠭᠦᠷᠢᠭ ᠲᠠᠷᠬᠠᠭᠠᠵᠤ᠂ ᠰᠢᠨ᠎ᠡ ᠪᠠᠷ ᠨᠡᠮᠡᠭᠳᠡᠭᠰᠡᠨ ᠡᠩ ᠤᠨ ᠵᠢᠭᠡᠯᠡᠯᠭᠡ ᠶᠢᠨ ᠲᠡᠮᠳᠡᠭᠲᠦ 4.3092 ᠳ᠋ᠦᠩᠰᠢᠭᠤᠷ | ᠲᠥᠭᠦᠷᠢᠭ᠂ ᠳᠠᠬᠢᠨ ᠪᠠᠯᠠ ᠬᠤᠷᠠᠮᠳᠤᠭᠤᠯᠭ᠎ᠠ ᠶᠢᠨ ᠡᠩ ᠤᠨ ᠵᠢᠭᠡᠯᠡᠯᠭᠡ ᠶᠢᠨ ᠲᠡᠮᠳᠡᠭᠲᠦ 36. 2557 | ᠳ᠋ᠦᠩᠰᠢᠭᠤᠷ ᠲᠥᠭᠦᠷᠢᠭ ᠢ ᠪᠠᠭᠳᠠᠭᠠᠵᠤ᠂ ᠲᠠᠷᠬᠠᠭᠠᠭᠰᠠᠨ ᠬᠦᠤ ᠮᠥᠩᠭᠦ ᠶᠢᠨ ᠨᠣᠷᠮ᠎ᠠ ᠨᠢ 3.24% ᠪᠤᠯᠤᠨ᠎ᠠ︔ | 10 ᠵᠢᠯ ᠤᠨ ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 5.192 ᠳ᠋ᠦᠩᠰᠢᠭᠤᠷ ᠲᠥᠭᠦᠷᠢᠭ ᠲᠠᠷᠬᠠᠭᠠᠵᠤ᠂ | ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 2.5 ᠳ᠋ᠦᠩᠰᠢᠭᠤᠷ ᠲᠥᠭᠦᠷᠢᠭ᠂ ᠳᠠᠬᠢᠨ | ᠪᠠᠯᠠ ᠬᠤᠷᠠᠮᠳᠤᠭᠤᠯᠭ᠎ᠠ ᠶᠢᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 2.692 ᠳ᠋ᠦᠩᠰᠢᠭᠤᠷ ᠲᠥᠭᠦᠷᠢᠭ ᠢ | ᠪᠠᠭᠳᠠᠭᠠᠵᠤ᠂ ᠲᠠᠷᠬᠠᠭᠠᠭᠰᠠᠨ ᠬᠦᠤ ᠮᠦᠩᠭᠦ ᠶᠢᠨ ᠨᠣᠷᠮ᠎ᠠ ᠨᠢ 3.36% ᠪᠣᠯᠤᠨ᠎ᠠ︔ 15 ᠵᠢᠯ ᠤᠨ | ᠬᠤᠭᠤᠴᠠᠭ᠎ᠠ ᠲᠠᠢ ᠵᠢᠭᠡᠯᠡᠯᠭᠡ ᠶᠢᠨ ᠲᠡᠮᠳᠡᠭᠲᠦ ᠶᠢ 38.6 ᠳ᠋ᠦᠩᠰᠢᠭᠤᠷ ᠲᠥᠭᠦᠷᠢᠭ ᠲᠠᠷᠬᠠᠭᠠᠵᠤ᠂ | ᠪᠦᠬᠦᠨ ᠢᠶᠠᠷ ᠢᠶᠠᠨ ᠰᠢᠨ᠎ᠡ ᠪᠠᠷ ᠨᠡᠮᠡᠭᠳᠡᠭᠰᠡᠨ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠪᠠᠶᠢᠵᠤ᠂ ᠬᠦᠤ | ᠮᠥᠩᠭᠦ ᠶᠢᠨ ᠨᠣᠷᠮ᠎ᠠ ᠨᠢ 3.65% ᠪᠣᠯᠤᠨ᠎ᠠ᠃ | ᠣᠳᠣᠬᠠᠨ ᠪᠣᠯᠲᠠᠯ᠎ᠠ᠂ ᠮᠠᠨ ᠤ ᠤᠷᠤᠨ ᠡᠨᠡ ᠵᠢᠯ ᠳᠤ ᠨᠡᠶᠢᠲᠡ 667.1332 ᠳ᠋ᠦᠩᠰᠢᠭᠤᠷ ᠲᠥᠭᠦᠷᠢᠭ | ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ᠂ ᠪᠥᠬᠦ ᠵᠢᠯ ᠤᠨ ᠲᠥᠯᠥᠪᠯᠡᠭᠡ ᠪᠠᠨ | 100% ᠪᠠᠷ ᠪᠡᠶᠡᠯᠡᠭᠦᠯᠪᠡ︔ ᠰᠣᠯᠢᠬᠤ ᠵᠢᠭᠡᠯᠡᠯᠭᠡ ᠶᠢᠨ ᠲᠡᠮᠳᠡᠭᠲᠦ ᠶᠢ 227.09 ᠳ᠋ᠦᠩᠰᠢᠭᠤᠷ ᠲᠥᠭᠦᠷᠢᠭ | ᠲᠠᠷᠬᠠᠭᠠᠵᠤ᠂ ᠪᠦᠬᠦ ᠵᠢᠯ ᠤᠨ ᠲᠥᠯᠥᠪᠯᠡᠭᠡ ᠪᠠᠨ 100% ᠪᠠᠷ ᠪᠡᠶᠡᠯᠡᠭᠦᠯᠪᠡ᠃ ᠳᠠᠬᠢᠨ ᠪᠡᠯᠡ | ᠬᠤᠷᠠᠮᠳᠤᠭᠤᠯᠭ᠎ᠠ ᠶᠢᠨ ᠵᠢᠭᠡᠯᠡᠯᠭᠡ ᠶᠢᠨ ᠲᠡᠮᠳᠡᠭᠲᠦ ᠶᠢ 281.548 ᠳ᠋ᠦᠩᠰᠢᠭᠤᠷ ᠲᠥᠭᠦᠷᠢᠭ ᠲᠠᠷᠬᠠᠭᠠᠵᠤ᠂ ᠪᠦᠬᠦ | ᠵᠢᠯ ᠤᠨ ᠲᠥᠯᠥᠪᠯᠡᠭᠡ ᠶᠢᠨ ᠢᠶᠠᠨ 76.3% ᠶᠢ ᠪᠡᠶᠡᠯᠡᠭᠦᠯᠪᠡ᠃ |