2019 ᠤᠨ ᠤ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ · ᠬᠦᠬᠡᠬᠤᠳᠠ ᠶᠢᠨ ᠤᠯᠠᠨ ᠤᠯᠤᠰ ᠎ ᠤᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠠᠩ ᠤᠨ ᠴᠤᠬᠯᠠᠭᠠᠨ ᠡᠬᠢᠯᠠᠵᠠᠢ ᠯᠢ ᠪᠢᠩ ᠷᠦᠩ ᠦᠵᠡᠰᠬᠦᠯᠠᠩ ᠤᠨ ᠴᠤᠬᠯᠠᠭᠠᠨ ᠡᠬᠢᠯᠡᠭᠰᠡᠨ ᠢ ᠵᠠᠷᠯᠠᠵᠦ ᠳ᠋ᠦᠩ ᠡᡁᠧᠩ ᠢᠤᠢ ᠡᠬᠢᠯᠡᠬᠦ ᠶᠤᠰᠤᠯᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2019/10/11
     10 ᠰᠠᠷ᠎ᠠ ᠶᠢᠨ 10᠎ ᠤ ᠡᠳᠤᠷ᠂ ᠬᠦᠬᠡᠬᠤᠳᠠ ᠶᠢᠨ ᠠᠷᠠᠳ ᠤᠨ ᠵᠠᠰᠠᠬ ᠤᠨ ᠤᠷᠳᠤᠨ ᠪᠤᠯᠤᠨ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠬᠠᠮᠳᠤ ᠪᠠᠷ ᠭᠤᠤᠯᠯᠠᠨ ᠡᠷᠬᠢᠯᠡᠭᠰᠡᠨ ︽2019 ᠤᠨ ᠤ ᠠᠩᠬᠠᠳᠤᠭᠠᠷ ᠬᠤᠭᠤᠴᠠᠭᠠᠨ ᠤ ᠦᠪᠤᠷ ᠮᠤᠩᠭᠤᠯ · ᠬᠦᠬᠡᠬᠤᠳᠠ ᠶᠢᠨ ᠤᠯᠠᠨ ᠤᠯᠤᠰ ᠤᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠠᠩ ᠤᠨ ᠴᠤᠬᠯᠠᠭᠠᠨ︾ ᠬᠦᠬᠡᠬᠤᠳᠠ ᠶᠢᠨ ᠤᠯᠠᠨ ᠤᠯᠤᠰ ᠤᠨ ᠬᠦᠳᠡᠭᠡ ᠠᠵᠤ ᠠᠬᠤᠢ ᠶᠢᠨ ᠦᠵᠡᠰᠭᠦᠯᠡᠩ ᠤᠨ ᠬᠦᠷᠢᠶᠠᠯᠠᠩ ᠳᠤ ᠡᠬᠢᠯᠠᠵᠠᠢ᠃      ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢ ᠪᠢᠩ ᠷᠦᠩ ᠦᠵᠡᠰᠬᠦᠯᠠᠩ ᠤᠨ ᠴᠤᠬᠯᠠᠭᠠᠨ ᠡᠬᠢᠯᠡᠭᠰᠡᠨ ᠢ ᠵᠠᠷᠯᠠᠵᠦ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠳ᠋ᠦᠩ ᠡᡁᠧᠩ ᠢᠤᠢ ᠡᠬᠢᠯᠡᠬᠦ ᠶᠤᠰᠤᠯᠠᠯ ᠳᠤ ᠤᠷᠤᠯᠴᠠᠵᠠᠢ᠃      ︽ᠶᠠᠰᠤ ᠴᠢᠨᠠᠷ ᠢᠶᠠᠷ ᠬᠦᠳᠡᠭᠡ ᠠᠵᠤ ᠠᠬᠤᠢ ᠶᠢ ᠮᠠᠨᠳᠤᠭᠤᠯᠵᠤ᠂ ᠪᠤᠬᠢᠷᠳᠤᠯ ᠦᠬᠡᠢ ᠪᠠᠷ ᠬᠦᠳᠡᠭᠡ ᠠᠵᠤ ᠠᠬᠤᠢ ᠶᠢ ᠮᠠᠨᠳᠤᠭᠤᠯᠵᠤ᠂ ᠲᠦᠷᠤᠯ ᠲᠡᠮᠳᠡᠭ ᠢᠶᠠᠷ ᠬᠦᠳᠡᠭᠡ ᠠᠵᠤ ᠠᠬᠤᠢ ᠶᠢ ᠬᠦᠴᠦᠷᠭᠡᠭᠵᠢᠬᠦᠯᠵᠤ᠂ ᠲᠡᠯᠡᠬᠡᠢ ᠳᠠᠬᠢᠨ ᠲᠠᠢ ᠵᠤᠯᠭᠠᠭᠤᠯᠵᠤ᠂ ᠰᠢᠨ᠎ᠠ ᠶᠢ ᠡᠬᠦᠳᠴᠤ ᠬᠦᠭᠵᠢᠬᠦᠯᠦᠶ᠎ᠠ︾ ᠭᠡᠬᠦ ᠭᠤᠤᠯ ᠰᠡᠳᠤᠪᠳᠦ ᠲᠤᠰ ᠬᠤᠭᠤᠴᠠᠭᠠᠨ ᠤ ᠦᠵᠡᠰᠬᠦᠯᠠᠩ ᠤᠨ ᠴᠤᠬᠯᠠᠭᠠᠨ ᠨᠢ ᠤᠷᠤᠨ ᠤ ᠲᠦᠪ ᠪᠤᠯᠤᠨ ᠤᠷᠤᠨ ᠪᠦᠰᠠ ᠶᠢᠨ ᠴᠢᠨᠠᠷᠳᠠᠢ ᠲᠦᠪ ᠬᠤᠳᠠ ᠶᠢᠨ ᠲᠠᠪᠠᠭᠤᠯᠢᠬ ᠢ ᠨᠡᠩ ᠰᠠᠶᠢᠨ ᠪᠠᠳᠠᠷᠠᠭᠤᠯᠵᠤ᠂ ᠦᠪᠤᠷ ᠮᠤᠩᠭᠤᠯ ᠤᠨ ᠪᠤᠬᠢᠷᠳᠤᠯ ᠦᠬᠡᠢ ᠮᠠᠯ ᠎ ᠤᠨ ᠠᠰᠢᠬ ᠰᠢᠮ᠎ᠠ ᠲᠠᠷᠢᠶᠠᠯᠠᠩ ᠤᠨ ᠪᠦᠳᠦᠭᠡᠭᠳᠡᠬᠦᠨ ᠢ ᠲᠦᠪᠯᠡᠷᠡᠬᠦᠯᠤᠨ ᠲᠡᠯᠬᠡᠨ ᠦᠵᠡᠬᠦᠯᠬᠦ ᠪᠠ ᠠᠷᠠᠯᠵᠢᠶᠠᠯᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠰᠢᠷᠢᠰ ᠰᠢᠨ᠎ᠠ ᠤᠶᠢᠯᠡᠳᠬᠦᠨ᠂ ᠰᠢᠨ᠎ᠠ ᠲᠦᠬᠦᠬᠡᠷᠤᠮᠵᠢ᠂ ᠰᠢᠨ᠎ᠠ ᠮᠡᠷᠬᠡᠵᠢᠯ ᠢ ᠲᠡᠯᠬᠡᠨ ᠦᠵᠡᠬᠦᠯᠬᠦ ᠪᠠ ᠠᠷᠠᠯᠵᠢᠶᠠᠯᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠠᠨ ᠤ ᠲᠤᠰᠬᠠᠢ ᠮᠡᠷᠬᠡᠵᠢᠯᠳᠠᠨ ᠡᠷᠳᠡᠮᠳᠡᠨ᠂ ᠠᠵᠤ ᠠᠬᠤᠶᠢᠯᠠᠯᠲᠠᠨ ᠲᠠᠢ ᠬᠠᠮᠳᠤ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠦᠨᠳᠤᠷ ᠦᠷ᠎ᠠ ᠠᠰᠢᠬᠳᠠᠢ ᠬᠦᠭᠵᠢᠯᠳᠠ ᠶᠢ ᠠᠬᠢᠭᠤᠯᠬᠤ ᠰᠢᠨ᠎ᠠ ᠰᠡᠳᠬᠢᠴᠠ᠂ ᠰᠢᠨ᠎ᠠ ᠤᠶᠢᠯᠠᠭᠠᠭᠳᠠᠬᠤᠨ ᠢ ᠬᠠᠮᠳᠤ ᠪᠠᠷ ᠰᠦᠪᠡᠭᠴᠢᠯᠡᠨ ᠶᠠᠷᠢᠯᠴᠠᠵᠤ᠂ ᠰᠢᠨ᠎ᠠ ᠴᠠᠬ ᠦᠶ᠎ᠠ ᠎ ᠶᠢᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠪᠡᠶᠡᠯᠡᠬᠦᠯᠬᠦ ᠰᠢᠨ᠎ᠠ ᠵᠠᠬᠪᠤᠷ᠂ ᠰᠢᠨ᠎ᠠ ᠠᠷᠭ᠎ᠠ ᠵᠠᠮ ᠢ ᠰᠤᠳᠤᠯᠤᠨ ᠰᠦᠪᠡᠭᠴᠢᠯᠠᠬᠦ ᠪᠠᠷ ᠵᠤᠷᠢᠯᠭ᠎ᠠ ᠪᠠᠨ ᠪᠤᠯᠭᠠᠵᠠᠢ᠃      ᠲᠤᠰ ᠬᠤᠭᠤᠴᠠᠭᠠᠨ ᠤ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠵᠡᠰᠬᠦᠯᠠᠩ ᠤᠨ ᠴᠤᠬᠯᠠᠭᠠᠨ ᠳᠤ ᠤᠯᠠᠨ ᠤᠯᠤᠰ ᠤᠨ ᠠᠮᠢ ᠠᠬᠤᠢ ᠶᠢᠨ ᠲᠠᠷᠢᠶᠠᠯᠠᠩ ᠮᠠᠯ ᠠᠵᠤ ᠠᠬᠤᠢ ᠶᠢᠨ ᠦᠵᠡᠬᠦᠯᠬᠡ ᠶᠢᠨ ᠳᠤᠭᠤᠷᠢᠭ᠂ ᠤᠯᠤᠰ ᠤᠨ ᠳᠤᠳᠤᠭᠠᠳᠤ ᠶᠢᠨ ᠰᠢᠯᠢᠳᠡᠭ ᠲᠠᠷᠢᠶᠠᠯᠠᠩ ᠤᠨ ᠪᠦᠳᠦᠭᠡᠭᠳᠡᠬᠦᠨ ᠤ ᠦᠵᠡᠬᠦᠯᠬᠡ ᠶᠢᠨ ᠳᠤᠭᠤᠷᠢᠭ ᠵᠡᠷᠬᠡ 8 ᠶᠡᠭᠡ ᠦᠵᠡᠬᠦᠯᠬᠡ ᠶᠢᠨ ᠳᠤᠭᠤᠷᠢᠭ ᠭᠠᠷᠭᠠᠵᠤ᠂ ᠤᠯᠤᠰ ᠤᠨ ᠳᠤᠳᠤᠭᠠᠳᠤ ᠭᠠᠳᠠᠭᠠᠳᠤ ᠶᠢᠨ ᠮᠢᠩᠭ᠎ᠠ ᠰᠢᠬᠠᠮ ᠠᠵᠤ ᠠᠬᠤᠶᠢᠯᠠᠯ ᠤᠷᠤᠯᠴᠠᠵᠠᠢ᠃ ᠦᠵᠡᠰᠬᠦᠯᠠᠩ ᠤᠨ ᠴᠤᠬᠯᠠᠭᠠᠨ ᠤ ᠬᠤᠭᠤᠴᠠᠭᠠᠨ ᠳᠤ ᠪᠠᠰᠠ ᠴᠠᠭᠠᠨ ᠢᠳᠡᠬᠡᠨ ᠤ ᠤᠶᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠬᠦᠭᠵᠢᠯᠳᠠ ᠶᠢᠨ ᠶᠠᠷᠢᠶᠠᠨ ᠤ ᠲᠠᠪᠴᠠᠩ᠂ 5G ᠤᠶᠤᠨᠴᠢ ᠬᠦᠳᠡᠭᠡ ᠠᠵᠤ ᠠᠬᠤᠢ ᠶᠢᠨ ᠬᠦᠭᠵᠢᠯᠳᠠ ᠶᠢᠨ ᠶᠠᠷᠢᠶᠠᠨ ᠤ ᠲᠠᠪᠴᠠᠩ᠂ ᠲᠤᠰᠬᠤᠨ ᠤ ᠲᠠᠷᠤᠭ᠎ᠠ ᠶᠢᠨ ᠶᠠᠷᠢᠶᠠᠨ ᠤ ᠲᠠᠪᠴᠠᠩ ᠵᠡᠷᠬᠡ ᠰᠢᠷᠢᠰ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号