ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠥᠨᠳᠥᠷᠯᠡᠪᠡ  ᠥᠪᠥᠷ ᠮᠣᠩᠭᠤᠯ ᠤᠨ ︽ᠠᠮᠢ ᠨᠠᠰᠤᠨ ᠤ ᠬᠠᠮᠲᠤ ᠶᠢᠨ ᠴᠣᠭᠴᠠ︾᠎ ᠶᠢᠨ ᠭᠤᠷᠪᠠᠨ ᠦᠵᠡᠭᠦᠯᠭᠡ ᠶᠢᠨ ᠲᠣᠭᠤᠷᠢᠭ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2019/10/11
     10 ᠳ᠋ᠤᠭᠠᠷ ᠰᠠᠷ᠎ᠠ ᠶᠢᠨ 9᠎ ᠤ ᠣᠷᠣᠢ᠂ 2019 ᠣᠨ ᠤ ᠳᠤᠮᠳᠠᠳᠤ ᠤᠯᠤᠰ ᠤᠨ ᠪᠡᠭᠡᠵᠢᠩ ᠤᠨ ᠳᠡᠯᠡᠬᠡᠶ ᠎ ᠶᠢᠨ ᠴᠡᠴᠡᠷᠯᠢᠭ ᠤᠨ ᠮᠡᠷᠭᠡᠵᠢᠯ ᠤᠨ ᠦᠵᠡᠰᠬᠦᠯᠡᠩ ᠤᠨ ᠴᠤᠭᠯᠠᠭᠠᠨ ᠲᠡᠭᠦᠰ ᠠᠮᠵᠢᠯᠲᠠ ᠲᠠᠢ ᠲᠡᠭᠦᠰᠴᠡᠢ᠃ ᠥᠪᠥᠷ ᠮᠣᠩᠭᠤᠯ ᠤᠨ ︽ᠠᠮᠢ ᠨᠠᠰᠤᠨ ᠤ ᠬᠠᠮᠲᠤ ᠶᠢᠨ ᠴᠣᠭᠴᠠ︾᠎ ᠶᠢᠨ ᠭᠤᠷᠪᠠᠨ ᠦᠵᠡᠭᠦᠯᠭᠡ ᠶᠢᠨ ᠲᠣᠭᠤᠷᠢᠭ ᠲᠠᠬᠢ ᠠᠮᠢ ᠨᠠᠰᠤᠨ ᠤ ᠬᠠᠮᠲᠤ ᠶᠢᠨ ᠴᠣᠭᠴᠠ ᠶᠢᠨ ᠦᠵᠡᠭᠦᠯᠭᠡ ᠶᠢᠨ ᠲᠣᠭᠤᠷᠢᠭ ︵ᠮᠧᠩ ᠼᠤᠤ ᠬᠦᠷᠢᠶᠡᠯᠡᠩ︶᠎ ᠨᠢ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠬᠤ ᠵᠥᠪᠯᠡᠯ ᠤᠨ ᠬᠠᠮᠤᠭ ᠤᠨ ᠳᠡᠭᠡᠳᠦ ᠱᠠᠩᠨᠠᠯ — ᠲᠣᠮᠣ ᠱᠠᠩᠨᠠᠯ ᠢ ᠬᠦᠷᠲᠡᠪᠡ︔ ᠳᠤᠮᠳᠠᠳᠤ ᠤᠯᠤᠰ ᠤᠨ ᠣᠷᠳᠣᠨ ᠤ ᠥᠪᠥᠷ ᠮᠣᠩᠭᠤᠯ ᠤᠨ ᠦᠵᠡᠰᠬᠦᠯᠡᠩ ᠤᠨ ᠲᠣᠭᠤᠷᠢᠭ᠂ ᠥᠪᠥᠷ ᠮᠣᠩᠭᠤᠯ ᠤᠨ ᠬᠦᠷᠢᠶᠡᠯᠡᠩ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠨᠡᠶᠢᠭᠡᠮᠯᠢᠭ ᠤᠨ ᠵᠣᠬᠢᠶᠠᠨ ᠪᠠᠶᠢᠭᠤᠯᠬᠤ ᠺᠣᠮᠢᠰ ᠤᠨ ᠮᠥᠩᠭᠦᠨ ᠱᠠᠩᠨᠠᠯ ᠢ ᠬᠦᠷᠲᠡᠪᠡ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠪᠥᠷ ᠮᠣᠩᠭᠤᠯ ᠤᠨ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠵᠥᠪᠯᠡᠯ ᠵᠡᠷᠭᠡ ᠣᠯᠠᠨ ᠨᠢᠭᠡᠴᠢ ᠦᠷᠭᠦᠯᠵᠢᠯᠡᠨ ᠢᠳᠡᠪᠬᠢᠲᠡᠢ ᠵᠣᠬᠢᠶᠠᠨ ᠪᠠᠶᠢᠭᠤᠯᠪᠠ᠃ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠤ ᠥᠪᠥᠷ ᠮᠣᠩᠭᠤᠯ ᠎ ᠤᠨ ᠦᠵᠡᠰᠬᠦᠯᠡᠩ ᠤᠨ ᠲᠣᠭᠤᠷᠢᠭ ᠲᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠮᠢ ᠨᠠᠰᠤᠨ ᠎ ᠤ ᠬᠠᠮᠲᠤ ᠶᠢᠨ ᠴᠣᠭᠴᠠ︾ ᠪᠠᠷ᠎ᠠ ᠭᠤᠤᠯ ᠰᠡᠳᠦᠪ ᠪᠣᠯᠭᠠᠵᠤ᠂ ᠮᠧᠩ ᠼᠤᠤ ᠺᠣᠮᠫᠠᠨᠢ ᠨᠢ ᠦᠵᠡᠭᠦᠯᠭᠡ ᠶᠢᠨ ᠬᠦᠷᠢᠶᠡᠯᠡᠩ ᠤᠨ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ᠂ ᠡᠵᠡᠩᠨᠡᠯᠲᠡ ᠶᠢᠨ ᠳᠤᠮᠳᠠ ︽ᠠᠭᠤᠰᠤᠯᠴᠠᠬᠤ︾᠎ ᠶᠢ ᠴᠢᠩᠭᠠᠳᠬᠠᠬᠤ ᠦᠵᠡᠯ ᠰᠠᠨᠠᠭ᠎ᠠ᠂ ︽ᠠᠮᠢ ᠠᠬᠤᠶ ᠶᠢ ᠬᠦᠨᠳᠦᠳᠬᠡᠵᠦ᠂ ᠪᠠᠶᠢᠭᠠᠯᠢ ᠶᠢ ᠬᠠᠤᠯᠢ ᠪᠠᠷ ᠵᠠᠰᠠᠬᠤ︾ ᠠᠷᠭ᠎ᠠ ᠪᠠᠷᠢᠯ᠂ ︽ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ︾᠎ ᠤᠨ ᠠᠮᠢ ᠠᠬᠤᠢ ᠶᠢᠨ ᠡᠯᠧᠮᠧᠨ᠋ᠲ ᠨᠢ ᠦᠵᠡᠭᠦᠯᠭᠡ ᠶᠢᠨ ᠬᠦᠷᠢᠶᠡᠯᠡᠩ ᠳᠤ ᠪᠦᠷᠢᠨ ᠪᠦᠲᠦᠨ ᠠᠮᠢᠳᠤᠯᠢᠭ ᠢᠶᠠᠷ ᠢᠯᠡᠷᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢ ᠪᠠᠷᠢᠮᠲᠠᠯᠠᠬᠤ ᠣᠶᠢᠯᠠᠭᠠᠭᠳᠠᠬᠤᠨ ᠢ ᠢᠯᠡᠷᠡᠭᠦᠯᠵᠦ᠂ ᠮᠠᠨ ᠤ ᠣᠷᠣᠨ ᠤ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠬᠢ ᠰᠦᠪᠡᠭᠴᠢᠯᠡᠯᠲᠡ ᠪᠠ ᠠᠮᠵᠢᠯᠲᠠ ᠶᠢ ᠭᠦᠶᠴᠡᠳ ᠢᠯᠡᠷᠡᠭᠦᠯᠵᠦ᠂ ᠬᠥᠮᠦᠨ ᠪᠣᠯᠤᠨ ᠡᠬᠡ ᠪᠠᠶᠢᠭᠠᠯᠢ ᠶᠢᠨ ᠡᠶ᠎ᠡ ᠵᠣᠬᠢᠴᠠᠩᠭᠤᠶ ᠣᠷᠣᠰᠢᠬᠤ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠎ ᠶᠢ ᠪᠠᠶᠢᠭᠤᠯᠬᠤ ᠳᠤ ᠥᠪᠥᠷ ᠮᠣᠩᠭᠤᠯ ᠤᠨ ᠣᠶᠤᠨ ᠤᠬᠠᠭᠠᠨ ᠪᠠ ᠲᠥᠰᠦᠯ ᠲᠥᠰᠦᠪ ᠢ ᠬᠠᠨᠳᠢᠪᠯᠠᠪᠠ᠃      ᠪᠦᠷᠢᠳᠬᠡᠯ ᠢ ᠦᠨᠳᠦᠰᠦᠯᠡᠪᠡᠯ᠂ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠡᠬᠢᠯᠡᠭᠰᠡᠨ ᠬᠤᠭᠤᠴᠠᠭᠠᠨ ᠳᠤ᠂ ᠳᠤᠮᠳᠠᠳᠤ ᠤᠯᠤᠰ ᠤᠨ ᠣᠷᠳᠣᠨ ᠤ ᠥᠪᠥᠷ ᠮᠣᠩᠭᠤᠯ ᠤᠨ ᠦᠵᠡᠰᠬᠦᠯᠡᠩ ᠤᠨ ᠲᠣᠭᠤᠷᠢᠭ ᠢᠶᠠᠷ ᠵᠤᠭᠠᠴᠠᠭᠰᠠᠳ 502 ᠲᠦᠮᠡᠨ ᠬᠥᠮᠦᠨ ᠤᠳᠠᠭ᠎ᠠ ᠳᠤ ᠬᠦᠷᠴᠦ᠂ ᠥᠪᠥᠷ ᠮᠣᠩᠭᠤᠯ ᠤᠨ ᠴᠡᠴᠡᠷᠯᠢᠭ ᠢᠶᠠᠷ ᠵᠤᠭᠠᠴᠠᠭᠰᠠᠳ 100 ᠲᠦᠮᠡᠨ ᠬᠥᠮᠦᠨ ᠤᠳᠠᠭ᠎ᠠ ᠳᠤ ᠬᠦᠷᠴᠦ᠂ ᠠᠮᠢ ᠨᠠᠰᠤᠨ ᠤ ᠬᠠᠮᠲᠤ ᠶᠢᠨ ᠴᠣᠭᠴᠠ ᠶᠢᠨ ᠦᠵᠡᠭᠦᠯᠭᠡ ᠶᠢᠨ ᠲᠣᠭᠤᠷᠢᠭ ︵ᠮᠧᠩ ᠼᠤᠤ ᠬᠦᠷᠢᠶᠡᠯᠡᠩ︶᠎ ᠢᠶᠠᠷ ᠵᠤᠭᠠᠴᠠᠭᠰᠠᠳ 55 ᠲᠦᠮᠡᠨ ᠬᠥᠮᠦᠨ ᠤᠳᠠᠭ᠎ᠠ ᠳᠤ ᠬᠦᠷᠴᠡᠶ᠃  ᠭᠤᠷᠪᠠᠨ ᠶᠡᠭᠡ ᠦᠵᠡᠭᠦᠯᠭᠡ ᠶᠢᠨ ᠲᠣᠭᠤᠷᠢᠭ ᠨᠢ ᠮᠣᠵᠢ ᠬᠤᠲᠠ ᠶᠢᠨ ᠭᠤᠤᠯ ᠰᠡᠳᠦᠪᠲᠦ ᠲᠠᠨᠢᠯᠴᠠᠭᠤᠯᠬᠤ ᠠᠵᠢᠯᠯᠠᠭ᠎ᠠ ᠪᠣᠯᠣᠨ ᠠᠮᠢ ᠠᠬᠤᠢ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠬᠥᠮᠦᠵᠢᠯ ᠢ ᠪᠠᠭᠲᠠᠭᠠᠭᠰᠠᠨ 20 ᠰᠢᠬᠠᠮ ᠲᠠᠯᠠᠪᠠᠢ ᠲᠠᠨᠢᠯᠴᠠᠭᠤᠯᠬᠤ ᠠᠵᠢᠯᠯᠠᠭ᠎ᠠ ᠥᠷᠨᠢᠭᠦᠯᠦᠭᠡᠳ ᠮᠠᠰᠢ ᠰᠠᠶᠢᠨ ᠨᠡᠶᠢᠭᠡᠮ ᠤᠨ ᠦᠷ᠎ᠡ ᠪᠦᠲᠦᠮᠵᠢ ᠣᠯᠤᠭᠰᠠᠨ ᠪᠠᠶᠢᠨ᠎ᠠ᠃      ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠦᠵᠡᠰᠬᠦᠯᠡᠩ ᠤᠨ ᠴᠤᠭᠯᠠᠭᠠᠨ ᠨᠢ ︽ᠪᠣᠬᠢᠷᠲᠤᠯ ᠥᠬᠡᠶ ᠠᠮᠢᠳᠤᠷᠠᠯ᠂ ᠦᠵᠡᠰᠬᠦᠯᠡᠩᠲᠦ ᠰᠠᠶᠢᠬᠠᠨ ᠭᠡᠷ ᠣᠷᠣᠨ︾ ᠭᠡᠬᠦ ᠭᠤᠤᠯ ᠰᠡᠳᠦᠪ ᠤᠨ ᠲᠣᠭᠤᠷᠢᠨ ᠳᠤ ᠭᠤᠶᠢᠲᠠ ᠰᠠᠶᠢᠬᠠᠨ ᠶᠠᠪᠤᠭᠳᠠᠭᠰᠠᠨ ᠮᠥᠷᠲᠡᠭᠡᠨ ᠡᠯᠪᠡᠭ ᠦᠷ᠎ᠡ ᠪᠦᠲᠦᠭᠡᠯ ᠣᠯᠵᠤ᠂ ᠨᠢᠭᠡ ᠤᠳᠠᠭᠠᠨ ᠤ ᠪᠣᠯᠪᠠᠰᠤᠨ ᠢ ᠬᠠᠷᠢᠯᠴᠠᠨ ᠪᠠᠶᠢᠭᠤᠯᠤᠭᠰᠠᠨ ᠥᠪᠳᠡᠭᠰᠢ ᠴᠤᠭᠯᠠᠭᠠᠨ ᠪᠣᠯᠵᠠᠢ᠂ 110 ᠤᠯᠤᠰ ᠪᠣᠯᠤᠨ ᠣᠯᠠᠨ ᠤᠯᠤᠰ ᠤᠨ ᠵᠣᠬᠢᠶᠠᠨ ᠪᠠᠶᠢᠭᠤᠯᠤᠯᠲᠠ᠂ 120 ᠭᠠᠷᠤᠶ ᠠᠯᠪᠠᠨ ᠤ ᠪᠤᠰᠤ ᠲᠠᠯ᠎ᠠ ᠶᠢᠨ ᠬᠢᠨ ᠴᠤᠤᠷᠢᠶᠠᠲᠤᠨ ᠳᠠᠭᠠᠵᠤ᠂ ᠲᠡᠦᠬᠡ ᠎ ᠶᠢᠨ ᠬᠠᠮᠤᠭ ᠲᠡᠷᠢᠭᠦᠨ ᠢ ᠡᠭᠦᠳᠴᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号