ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | ᠣᠳᠣᠬᠠᠨ ᠳᠤ ᠪᠥᠬᠦ ᠣᠷᠣᠨ ᠤ ᠡᠯ᠎ᠡ ᠭᠠᠵᠠᠷ ᠤᠨ ᠬᠢᠨ ᠠᠮᠤ ᠪᠤᠳᠠᠭ᠎ᠠ ᠬᠤᠷᠢᠶᠠᠬᠤ ᠣᠷᠭᠢᠯ ᠤᠨ ᠬᠤᠭᠤᠴᠠᠭᠠᠨ ᠳᠤ | ᠣᠷᠣᠭᠠᠳ ᠪᠠᠶᠢᠨ᠎ᠠ᠂ ᠡᠭᠦᠨ ᠳᠤ ᠪᠤᠭᠤᠳᠠᠢ ᠨᠢᠭᠡᠨᠲᠡ ᠬᠤᠷᠢᠶᠠᠵᠤ ᠳᠠᠭᠤᠰᠴᠠᠶ᠂ ᠰᠢᠷ᠎ᠠ ᠪᠤᠷᠴᠠᠭ᠂ ᠲᠥᠮᠥᠰᠥ᠂ | ᠡᠷᠳᠡᠨᠢ ᠰᠢᠰᠢ᠂ ᠤᠰᠤᠨ ᠲᠤᠲᠤᠷᠭ᠎ᠠ ᠶᠢ ᠶᠠᠭ ᠰᠠᠶᠢᠬᠠᠨ ᠬᠤᠷᠢᠶᠠᠵᠤ ᠪᠠᠶᠢᠨ᠎ᠠ᠃ ᠣᠳᠣᠬᠠᠨ ᠪᠣᠯᠲᠠᠯ᠎ᠠ᠂ ᠪᠥᠬᠦ | ᠣᠷᠣᠨ ᠳᠤ ᠨᠢᠭᠡᠨᠲᠡ 5816 ᠲᠦᠮᠡᠨ ᠮᠤ᠋ ᠠᠮᠤ ᠪᠤᠳᠠᠭ᠎ᠠ ᠬᠤᠷᠢᠶᠠᠵᠤ᠂ ᠵᠢᠱᠢᠭᠰᠡᠨ ᠬᠤᠷᠢᠶᠠᠯᠲᠠ ᠶᠢᠨ | ᠲᠠᠯᠠᠪᠠᠢ ᠶᠢᠨ 56% ᠶᠢ ᠡᠵᠡᠯᠡᠪᠡ᠃ | ᠡᠨᠡ ᠵᠢᠯ ᠠᠴᠠ ᠨᠠᠭᠠᠰᠢ᠂ ᠮᠠᠨ ᠤ ᠣᠷᠣᠨ ᠤ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ | ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠨᠠᠩ ᠴᠢᠩᠭᠠᠷᠠᠨ᠂ | ᠨᠠᠶᠢᠳᠠᠪᠤᠷᠢᠵᠢᠭᠤᠯᠤᠯᠲᠠ ᠨᠠᠩ ᠲᠦᠷᠭᠡᠨ ᠪᠣᠯᠵᠤ᠂ ᠲᠠᠷᠢᠶᠠᠯᠠᠩ ᠢ ᠳᠠᠮᠵᠢᠵᠤ ᠬᠠᠮᠠᠭᠠᠯᠠᠬᠤ ᠨᠥᠬᠦᠪᠥᠷᠢ ᠥᠭᠬᠦ᠂ | ᠦᠢᠯᠡᠳᠪᠦᠷᠢᠯᠡᠭᠴᠢᠳ ᠲᠤ ᠨᠥᠬᠦᠪᠥᠷᠢ ᠥᠭᠬᠦ᠂ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠳᠤ | ᠨᠥᠬᠦᠪᠥᠷᠢ ᠥᠭᠬᠦ᠂ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠨᠥᠬᠦᠪᠥᠷᠢ ᠥᠭᠬᠦ ᠵᠡᠷᠭᠡ ᠲᠠᠷᠢᠶᠠᠴᠢᠳ ᠲᠤ ᠠᠰᠢᠭ | ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠪᠡ᠂ ᠡᠭᠦᠨ ᠳᠤ ᠰᠢᠷ᠎ᠠ | ᠪᠤᠷᠴᠠᠭ ᠤᠨ ᠨᠥᠬᠦᠪᠥᠷᠢ ᠶᠢ ᠳᠤᠮᠳᠠᠴᠢ ᠪᠠᠷ 12% ᠨᠡᠮᠡᠭᠳᠡᠭᠦᠯᠪᠡ᠃ ᠲᠥᠷᠥ ᠶᠢᠨ ᠪᠣᠳᠣᠯᠭ᠎ᠠ ᠶᠢᠨ ᠬᠠᠪᠰᠤᠷᠤᠯᠭ᠎ᠠ | ᠪᠠ ᠲᠥᠷᠥᠯ ᠵᠦᠢᠯ ᠤᠨ ᠳᠠᠶᠢᠴᠢᠯᠠᠯᠲᠠ ᠳᠣᠤᠷ᠎ᠠ᠂ ᠪᠥᠬᠦ ᠣᠷᠣᠨ ᠤ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠤᠯ | ᠴᠣᠭᠴᠠ ᠲᠥᠷᠭᠡᠨ ᠬᠥᠭᠵᠢᠵᠦ᠂ ᠬᠤᠷᠰᠢᠨ ᠡᠵᠡᠩᠨᠡᠬᠦ ᠪᠠ ᠭᠠᠵᠠᠷ ᠰᠢᠷᠣᠶ ᠶᠢ ᠡᠷᠭᠢᠯᠳᠦᠭᠦᠯᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠨ᠂ ᠲᠠᠷᠢᠶᠠᠯᠠᠩ ᠤᠨ ᠦᠢᠯᠡᠳᠪᠦᠷᠢᠯᠡᠯ ᠢ ᠬᠡᠪᠴᠢᠶᠡᠵᠢᠭᠦᠯᠬᠦ ᠬᠢᠷᠢ ᠲᠥᠪᠰᠢᠨ ᠦᠷᠭᠦᠯᠵᠢᠯᠡᠨ | ᠳᠡᠭᠡᠭᠰᠢᠯᠡᠵᠦ᠂ ᠥᠪᠡᠷ ᠤᠨ ᠥᠷᠲᠡᠭ ᠢ ᠠᠷᠪᠢᠯᠠᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢᠶᠠᠨ | ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠲᠠᠯᠠᠪᠠᠢ ᠨᠢ ᠲᠠᠰᠤᠷᠠᠯᠲᠠ ᠥᠬᠡᠶ ᠥᠷᠭᠡᠳᠴᠦ᠂ | ᠦᠢᠯᠡᠳᠪᠦᠷᠢᠯᠡᠯ ᠤᠨ ᠬᠥᠭᠵᠢᠯᠲᠡ ᠶᠢᠨ ᠠᠷᠭ᠎ᠠ ᠮᠠᠶ᠋ᠢᠭ ᠨᠢ ᠴᠢᠨᠠᠷ ᠰᠠᠶᠢᠲᠠᠶ ᠬᠥᠭᠵᠢᠯᠲᠡ ᠲᠡᠰᠢ ᠬᠤᠪᠢᠷᠠᠵᠤ | ᠪᠠᠶᠢᠨ᠎ᠠ᠃ | ᠮᠠᠨ ᠤ ᠣᠷᠣᠨ ᠤ ︽ᠠᠷᠪᠠᠨ ᠵᠢᠯ ᠤᠨ ᠶᠢᠰᠦᠨ ᠵᠢᠯ ᠨᠢ ᠭᠠᠩᠳᠠᠳᠠᠭ︾ ᠣᠨᠴᠠᠯᠢᠭ ᠲᠤ ᠴᠢᠭᠯᠡᠭᠦᠯᠦᠨ᠂ ᠡᠨᠡ | ᠵᠢᠯ ᠮᠠᠨ ᠤ ᠣᠷᠣᠨ ᠡᠷᠲᠡᠬᠡᠨ ᠪᠠᠶᠢᠷᠢᠯᠠᠭᠤᠯᠤᠯᠲᠠ ᠬᠢᠵᠦ ᠢᠯᠡᠭᠦᠬᠡᠨ ᠴᠢᠷᠮᠠᠶᠢᠨ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠵᠤ᠂ ᠠᠮᠤ ᠪᠤᠳᠠᠭᠠᠨ ᠤ ᠦᠢᠯᠡᠳᠪᠦᠷᠢᠯᠡᠯ | ᠲᠣᠭᠲᠠᠭᠤᠨ ᠤ ᠳᠤᠮᠳᠠ ᠥᠭᠡᠳᠡᠯᠡᠬᠦ ᠪᠠᠶᠢᠳᠠᠯ ᠢᠶᠠᠨ ᠪᠠᠲᠤᠯᠠᠪᠠ᠃ ᠵᠢᠯ ᠤᠨ ᠡᠬᠢᠨ ᠳᠤ ᠬᠤᠷᠠᠯᠳᠤᠭᠰᠠᠨ ᠪᠦᠬᠦ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠳᠠᠷᠤᠭ᠎ᠠ ᠪᠣᠯᠤᠨ ᠲᠠᠷᠢᠮᠠᠯ ᠤᠨ ᠦᠢᠯᠡᠰ ᠤᠨ | ᠠᠵᠢᠯ ᠤᠨ ᠬᠤᠷᠠᠯ ᠳᠡᠭᠡᠷ᠎ᠡ᠂ ᠮᠠᠨ ᠤ ᠣᠷᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ | ᠲᠤᠬᠢᠷᠠᠭᠤᠯᠤᠨ ᠪᠠᠶᠢᠷᠢᠯᠠᠭᠤᠯᠵᠤ᠂ ᠡᠯ᠎ᠡ ᠭᠠᠵᠠᠷ ᠤᠨ ᠬᠢᠨ ᠬᠥᠷᠥᠰᠥ ᠰᠢᠷᠣᠶ ᠶᠢᠨ ᠴᠢᠭᠢᠭ ᠤᠨ ᠪᠠᠶᠢᠳᠠᠯ ᠢ ᠨᠢᠭᠲᠠ | ᠠᠩᠬᠠᠷᠴᠤ᠂ ᠮᠡᠳᠡᠭᠡ ᠵᠠᠩᠭᠢ ᠶᠢᠨ ᠲᠣᠬᠢᠷᠠᠭᠤᠯᠤᠯᠲᠠ ᠪᠠᠨ ᠴᠢᠩᠭᠠᠳᠬᠠᠵᠤ᠂ ᠬᠥᠷᠥᠰᠥ ᠰᠢᠷᠣᠶ ᠶᠢᠨ ᠴᠢᠭᠢᠭ ᠤᠨ | ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ | ᠱᠠᠭᠠᠷᠳᠠᠪᠠ᠃ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ᠂ ᠪᠥᠬᠦ ᠣᠷᠣᠨ ᠤ ᠡᠯ᠎ᠡ ᠭᠠᠵᠠᠷ ᠤᠨ ᠬᠢᠨ ︽ᠰᠢᠨᠵᠢᠯᠡᠬᠦ | ᠤᠬᠠᠭᠠᠨᠴᠢ ᠪᠠᠷ ᠡᠸ᠋ᠯᠨᠢᠨᠤ᠋ ᠶᠢᠨ ᠭᠠᠮᠰᠢᠭ ᠢ ᠠᠷᠭᠠᠴᠠᠭᠠᠵᠦ ᠪᠥᠬᠦ ᠬᠦᠴᠦᠨ ᠢᠶᠠᠷ ᠢᠶᠠᠨ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠵᠦ ᠡᠯᠪᠡᠭ ᠬᠤᠷᠢᠶᠠᠯᠲᠠ ᠶᠢ ᠲᠡᠮᠡᠴᠡᠨ ᠣᠯᠬᠤ ᠪᠡᠯᠡᠳᠬᠡᠯ ᠲᠥᠰᠦᠯ︾ ᠢ ᠴᠠᠭ ᠲᠤᠬᠠᠶ ᠳᠤᠨᠢ | ᠳᠠᠷᠤᠮᠠᠯᠯᠠᠨ ᠲᠠᠷᠬᠠᠭᠠᠵᠤ᠂ ᠤᠷᠢᠳᠴᠢᠯᠠᠨ ᠰᠡᠷᠡᠮᠵᠢᠯᠡᠭᠦᠯᠪᠡ᠃ ᠭᠠᠩ ᠬᠠᠭᠤᠷᠠᠶ᠂ ᠦᠶᠡᠷ ᠤᠰᠤᠲᠤᠯ᠂ ᠡᠷᠲᠡ | ᠬᠢᠷᠠᠭᠤ ᠤᠨᠠᠭᠰᠠᠨ ᠤ ᠳᠠᠷᠠᠭ᠎ᠠ᠂ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠳ | ᠭᠠᠮᠰᠢᠭ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠴᠢᠳ ᠢ | ᠵᠢᠯᠣᠭᠤᠳᠤᠨ ᠲᠠᠷᠢᠶᠠᠨ ᠭᠠᠵᠠᠷ ᠤᠨ ᠬᠠᠮᠢᠶᠠᠷᠤᠯᠲᠠ ᠶᠢ ᠨᠢ ᠴᠢᠩᠭᠠᠳᠬᠠᠨ᠂ ᠭᠠᠮᠰᠢᠭ ᠤᠨ ᠳᠠᠷᠠᠭᠠᠬᠢ ᠮᠡᠷᠭᠡᠵᠢᠯ ᠤᠨ | ᠳᠡᠮᠵᠢᠯᠭᠡ ᠬᠠᠩᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠳᠤ ᠦᠵᠡᠭᠦᠯᠬᠦ ᠪᠠᠶᠢᠭᠠᠯᠢ ᠶᠢᠨ ᠭᠠᠮᠰᠢᠭ ᠤᠨ | ᠨᠥᠯᠥᠭᠡ ᠶᠢ ᠪᠦᠲᠦᠮᠵᠢᠲᠡᠶ ᠬᠥᠩᠭᠡᠷᠡᠭᠦᠯᠪᠡ᠃ |