ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠨ ᠨᠢ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠎ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠦᠨᠳᠤᠷ ᠳᠦᠪᠰᠢᠨ ᠢᠶᠠᠷ ᠰᠠᠶᠢᠳᠤᠷ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2019/10/12
     ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠪᠤᠯ 2022 ᠤᠨ ᠤ ᠪᠡᠬᠡᠵᠢᠩ ᠤᠨ ᠡᠪᠤᠯ ᠤᠨ ᠤᠯᠠᠷᠢᠯ ᠤᠨ ᠤᠯᠢᠮᠫᠢᠺ ᠤᠨ ᠲᠠᠮᠢᠷ ᠤᠨ ᠴᠤᠬᠯᠠᠭᠠᠨ ᠠᠴᠠ ᠡᠮᠦᠨ᠎ᠠ ᠮᠠᠨ ᠤ ᠤᠯᠤᠰ ᠤᠨ ᠡᠷᠬᠢᠯᠡᠬᠦ ᠬᠡᠪᠴᠢᠶ᠎ᠡ ᠪᠠᠷ ᠬᠠᠮᠤᠭ ᠤᠨ ᠶᠡᠭᠡ ᠡᠪᠤᠯ ᠤᠨ ᠤᠯᠠᠷᠢᠯ ᠎ ᠤᠨ ᠪᠡᠶ᠎ᠡ ᠶᠢᠨ ᠳᠠᠮᠢᠷ ᠤᠨ ᠲᠦᠷᠦᠯ ᠵᠦᠢᠯ ᠤᠨ ᠦᠪᠡᠳᠡᠭᠰᠢ ᠴᠤᠬᠯᠠᠭᠠᠨ ᠪᠤᠯᠤᠨ᠎ᠠ᠃ 10 ᠰᠠᠷ᠎ᠠ ᠶᠢᠨ 10᠎ ᠤ ᠡᠳᠤᠷ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠵᠤᠬᠢᠶᠠᠨ ᠪᠠᠶᠢᠭᠤᠯᠬᠤ ᠺᠤᠮᠢᠰ ᠤᠨ ᠬᠦᠢᠴᠡᠳᠬᠡᠭᠴᠢ ᠡᠷᠬᠢᠯᠡᠭᠴᠢ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠳᠤ ᠬᠦᠷᠴᠤ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      ᠪᠦ᠋ ᠰᠢᠶᠤᠤ ᠯᠢᠨ ᠳᠠᠯᠠᠪᠠᠢ ᠤᠷᠳᠤᠨ ᠤ ᠪᠦᠳᠦᠬᠡᠨ ᠪᠠᠶᠢᠭᠤᠯᠤᠯᠳᠠ᠂ ᠤᠬᠠᠭᠤᠯᠭ᠎ᠠ ᠳᠠᠨᠢᠯᠴᠠᠭᠤᠯᠭ᠎ᠠ᠂ ᠤᠷᠤᠯᠳᠤᠭᠠᠨ ᠤ ᠠᠵᠢᠯᠯᠠᠭ᠎ᠠ᠂ ᠦᠢᠯᠡᠴᠢᠯᠡᠬᠡᠨ ᠤ ᠪᠠᠳᠤᠯᠠᠭ᠎ᠠ ᠵᠡᠷᠬᠡ ᠪᠠᠶᠢᠳᠠᠯ ᠵᠢᠴᠢ ᠳᠤᠯᠭᠠᠷᠠᠵᠥ ᠪᠠᠶᠢᠭ᠎ᠠ ᠠᠰᠠᠭᠤᠳᠠᠯ ᠪᠤᠯᠤᠨ ᠬᠦᠴᠢᠷᠳᠡᠯ ᠢ ᠨᠠᠷᠢᠨ ᠬᠢᠨᠠᠮᠠᠭᠠᠢ ᠦᠢᠯᠠᠭᠠᠵᠥ᠂ ᠠᠵᠢᠯᠳᠠᠨ ᠲᠠᠢ ᠶᠠᠷᠢᠯᠴᠠᠭᠰᠠᠨ ᠪᠦᠬᠡᠳ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠪᠡᠯᠡᠳᠬᠡᠯ ᠠᠵᠢᠯ ᠤᠨ ᠲᠤᠬᠠᠢ ᠮᠡᠳᠡᠬᠦᠯᠦᠯᠳᠡ ᠶᠢ ᠬᠦᠯᠢᠶᠠᠨ ᠠᠪᠴᠤ ᠰᠤᠨᠤᠰᠴᠠᠢ᠃      ᠪᠦ᠋ ᠰᠢᠶᠤᠤ ᠯᠢᠨ᠂ ᠤᠳᠤ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠎ ᠤᠨ ᠳᠠᠮᠢᠷ ᠤᠨ ᠴᠤᠬᠯᠠᠭᠠᠨ ᠡᠬᠢᠯᠡᠳᠡᠯ᠎ᠡ 4 ᠰᠠᠷ᠎ᠠ ᠭᠠᠷᠤᠢ ᠯᠡ ᠬᠤᠭᠤᠴᠠᠭ᠎ᠠ ᠪᠠᠶᠢᠵᠥ᠂ ᠡᠯ᠎ᠡ ᠵᠦᠢᠯ ᠤᠨ ᠪᠡᠯᠡᠳᠬᠡᠯ ᠠᠵᠢᠯ ᠨᠢᠬᠡᠨᠳᠡ ᠰᠢᠪᠳᠤᠷᠭᠠᠨ ᠳᠠᠭᠠᠨ ᠤᠷᠤᠪᠠ᠃ ᠡᠯ᠎ᠡ ᠰᠠᠯᠠᠭ᠎ᠠ ᠮᠦᠴᠢᠷ ᠪᠤᠯᠤᠨ ᠬᠠᠮᠢᠶ᠎ᠠ ᠪᠦᠬᠦᠢ ᠭᠠᠵᠠᠷ ᠤᠷᠤᠨ ᠎ ᠤ ᠬᠢᠨ ᠬᠠᠷᠢᠭᠤᠴᠠᠯᠭᠠᠳᠤ ᠰᠠᠳᠬᠢᠯᠬᠡ᠂ ᠳᠤᠯᠭᠠᠮ ᠪᠤᠳᠤᠯ ᠢᠶᠠᠨ ᠤᠯᠠᠮ ᠨᠢᠭᠡ ᠠᠯᠬᠤᠮ ᠴᠢᠩᠭᠠᠳᠬᠠᠵᠥ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠪᠠ ᠬᠠᠷᠠᠯᠳᠠ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠥ᠂ ᠤᠷᠤᠰᠢᠵᠥ ᠪᠠᠶᠢᠭ᠎ᠠ ᠵᠦᠷᠢᠶ᠎ᠠ ᠪᠤᠯᠤᠨ ᠠᠰᠠᠭᠤᠳᠠᠯ ᠢᠶᠠᠨ ᠨᠠᠷᠢᠨ ᠬᠢᠨᠠᠮᠠᠭᠠᠢ ᠡᠷᠢᠵᠥ᠂ ᠴᠠᠬ ᠳᠤᠬᠠᠢ ᠳᠤᠨᠢ ᠰᠤᠳᠤᠯᠤᠨ ᠰᠢᠢᠳᠪᠦᠷᠢᠯᠡᠵᠥ᠂ ᠠᠵᠢᠯ ᠢᠶᠠᠨ ᠳᠤᠭᠤᠰᠢᠳᠠᠢ ᠬᠢᠬᠦ ᠶᠢ ᠪᠠᠳᠤᠯᠠᠬᠤ ᠬᠡᠷᠡᠭᠳᠡᠢ᠃ ᠦᠨᠳᠤᠷ ᠪᠠᠷᠢᠮᠵᠢᠶ᠎ᠠ᠂ ᠦᠨᠳᠦᠷ ᠴᠢᠨᠠᠷ ᠰᠠᠶᠢᠳᠠᠢ᠂ ᠦᠨᠳᠤᠷ ᠳᠦᠪᠰᠢᠨ ᠲᠠᠢ ᠪᠠᠶᠢᠬᠤ ᠶᠢ ᠢᠮᠠᠭᠳᠠ ᠳᠤᠭᠤᠰᠢᠯᠠᠭᠤᠯᠵᠥ᠂ ᠬᠠᠮᠳᠤᠷᠠᠯᠴᠠᠨ ᠬᠠᠮᠵᠢᠯᠴᠠᠬᠤ ᠪᠠᠨ ᠴᠢᠩᠭᠠᠳᠬᠠᠵᠥ᠂ ᠤᠷᠠᠨ ᠳᠠᠷᠬᠠᠨ ᠤ ᠵᠤᠷᠢᠭ ᠰᠠᠨᠠᠭ᠎ᠠ ᠪᠠᠷ ᠡᠯ᠎ᠡ ᠵᠦᠢᠯ ᠤᠨ ᠡᠬᠦᠷᠬᠡ ᠪᠠᠨ ᠪᠦᠬᠦ ᠳᠠᠯ᠎ᠠ ᠪᠠᠷ ᠪᠡᠶᠡᠯᠡᠬᠦᠯᠬᠦ ᠬᠡᠷᠡᠭᠳᠡᠢ᠃ ᠤᠬᠠᠭᠤᠯᠭ᠎ᠠ ᠳᠠᠨᠢᠯᠴᠠᠭᠤᠯᠭ᠎ᠠ ᠶᠢ ᠰᠠᠶᠢᠳᠤᠷ ᠬᠢᠵᠥ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠤ ᠨᠦᠯᠦᠬᠡᠯᠡᠬᠦ ᠬᠦᠴᠦᠨ ᠢ ᠦᠷᠬᠦᠯᠵᠢᠯᠡᠨ ᠳᠡᠬᠡᠭᠰᠢᠯᠡᠬᠦᠯᠵᠥ᠂ ᠦᠨᠳᠤᠰᠤᠳᠠᠨ ᠨᠦᠭᠦᠳ ᠤᠨ ᠤᠯᠠᠨ ᠳᠦᠮᠡᠨ ᠢ ᠢᠳᠡᠪᠬᠢᠳᠡᠢ ᠤᠷᠤᠯᠴᠠᠭᠤᠯᠵᠥ᠂ ᠰᠠᠶᠢᠨ ᠡᠷᠬᠢᠯᠡᠭᠴᠢ ᠭᠠᠵᠠᠷ ᠤᠷᠤᠨ ᠪᠤᠯᠵᠥ᠂ ᠳᠤᠰ ᠬᠤᠭᠤᠴᠠᠭᠠᠨ ᠤ ᠡᠪᠤᠯ ᠤᠨ ᠤᠯᠠᠷᠢᠯ ᠤᠨ ᠳᠠᠮᠢᠷ ᠤᠨ ᠴᠤᠬᠯᠠᠭᠠᠨ ᠢ ᠰᠠᠶᠢᠳᠤᠷ ᠬᠢᠬᠦ ᠳᠤ ᠦᠳᠬᠡᠨ ᠵᠤᠵᠠᠭᠠᠨ ᠠᠭᠤᠷ ᠠᠮᠢᠰᠬᠤᠯ ᠢ ᠪᠦᠷᠢᠯᠳᠦᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃      ᠪᠦ᠋ ᠰᠢᠶᠤᠤ ᠯᠢᠨ᠂ ᠮᠠᠨ ᠤ ᠤᠷᠤᠨ ᠤ ᠮᠦᠰᠦ ᠴᠠᠰᠤᠨ ᠤ ᠡᠬᠢ ᠪᠡᠶᠠᠯᠢᠭ ᠮᠠᠰᠢ ᠡᠯᠪᠡᠭ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠳᠠᠮᠢᠷ ᠤᠨ ᠴᠤᠬᠯᠠᠭᠠᠨ ᠢ ᠳᠠᠭᠠᠭᠠᠴᠢᠯᠠᠨ ᠡᠷᠬᠢᠯᠡᠬᠦ ᠪᠠᠷ ᠳᠠᠮᠵᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠦᠮᠦᠨ ᠢ ᠳᠠᠶᠢᠴᠢᠯᠠᠨ ᠮᠦᠰᠤ ᠴᠠᠰᠤᠨ ᠤ ᠲᠠᠮᠢᠷ ᠤᠨ ᠬᠦᠳᠡᠯᠬᠡᠬᠡᠨ ᠳᠤ ᠤᠷᠤᠯᠴᠠᠭᠤᠯᠬᠤ︾ ᠤᠷᠢᠶᠠᠯᠠᠭ᠎ᠠ ᠶᠢ ᠬᠦᠨᠵᠡᠬᠡᠢ ᠳᠤᠭᠤᠰᠢᠯᠠᠭᠤᠯᠵᠥ᠂ ᠮᠠᠨ ᠤ ᠤᠷᠤᠨ ᠤ ᠮᠦᠰᠤ ᠴᠠᠰᠤᠨ ᠤ ᠲᠠᠮᠢᠷ ᠤᠨ ᠬᠦᠳᠡᠯᠬᠡᠬᠡᠨ ᠪᠤᠯᠤᠨ ᠮᠦᠰᠤ ᠴᠠᠰᠤᠨ ᠤ ᠠᠵᠥ ᠠᠬᠤᠢ ᠶᠢ ᠳᠦᠷᠬᠡᠪᠴᠢᠯᠡᠨ ᠬᠦᠭᠵᠢᠬᠦᠯᠵᠥ᠂ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ︾ ᠎ ᠤᠨ ᠳᠦᠷᠢ ᠳᠦᠷᠬᠦ ᠪᠠᠨ ᠬᠦᠢᠴᠡᠳ ᠢᠯᠡᠷᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号