ᠥᠪᠡᠷᠲᠡᠭᠡᠨ ᠵᠠᠰᠠᠬᠤ ᠣᠷᠣᠨ ︽ᠳᠠᠯᠪᠢᠬᠤ ᠬᠠᠮᠢᠶᠠᠷᠬᠤ ᠦᠢᠯᠡᠴᠢᠯᠡᠭᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠰᠤᠨᠢᠨ ᠮᠡᠳᠡᠭᠡ ᠨᠡᠶᠢᠳᠡᠯᠡᠭᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2019/10/12
     10 ᠰᠠᠷ᠎ᠠ ᠶᠢᠨ 11᠎ ᠤ ᠡᠳᠦᠷ᠂ ᠦᠪᠡᠷᠳᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠠᠴᠠ ᠰᠤᠨᠢᠨ ᠮᠡᠳᠡᠭᠡ ᠨᠡᠶᠢᠳᠡᠯᠡᠭᠦ ᠬᠤᠷᠠᠯ ᠬᠤᠷᠠᠯᠳᠤᠭᠤᠯᠵᠤ᠂ ᠮᠠᠨ ᠤ ᠤᠷᠤᠨ ᠤ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ︾ ᠦᠭᠡᠷᠡᠴᠢᠯᠡᠯᠳᠡ ᠶᠢ ᠭᠦᠨᠵᠡᠭᠡᠶᠢᠷᠡᠭᠦᠯᠬᠦ ᠠᠵᠢᠯ ᠤᠨ ᠳᠤᠬᠠᠢ ᠰᠤᠨᠢᠨ ᠮᠡᠳᠡᠭᠡ ᠨᠡᠶᠢᠳᠡᠯᠡᠭᠰᠡᠨ ᠪᠠ ᠬᠠᠮᠢᠶ᠎ᠠ ᠪᠦᠬᠦᠢ ᠠᠰᠠᠭᠤᠳᠠᠯ ᠤᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠤᠭᠰᠠᠨ ᠪᠠᠶᠢᠨ᠎ᠠ᠃      ᠮᠠᠨ ᠤ ᠤᠷᠤᠨ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ︾ ᠦᠭᠡᠷᠡᠴᠢᠯᠡᠯᠳᠡ ᠶᠢᠨ ᠠᠵᠢᠯ ᠢ ᠬᠦᠨᠳᠦᠳᠭᠡᠨ ᠦᠵᠡᠵᠤ᠂ ᠬᠡᠳᠤᠨ ᠵᠢᠯ ᠤᠨ ᠴᠢᠷᠮᠠᠶᠢᠯᠭ᠎ᠠ ᠪᠠᠷ ᠳᠠᠮᠵᠢᠭᠠᠳ᠂ ᠮᠠᠨ ᠤ ᠣᠷᠣᠨ ᠤ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ︾ ᠥᠭᠡᠷᠡᠴᠢᠯᠡᠯᠲᠡ ᠲᠠᠰᠤᠷᠠᠯᠲᠠ ᠦᠭᠡᠢ ᠭᠦᠨᠵᠡᠭᠡᠶᠢᠷᠡᠵᠦ᠂ ᠢᠳᠡᠪᠬᠢᠲᠡᠢ ᠦᠷ᠎ᠡ ᠪᠦᠲᠦᠮᠵᠢ ᠣᠯᠤᠭᠰᠠᠨ ᠪᠠᠶᠢᠨ᠎ᠠ᠃ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠲᠡᠭᠵᠢᠬᠦᠯᠬᠦ︾ ᠦᠭᠡᠷᠡᠴᠢᠯᠡᠯᠳᠡ ᠨᠢ ᠡᠯ᠎ᠠ ᠳᠠᠯ᠎ᠠ ᠶᠢᠨ ᠠᠵᠢᠯ ᠲᠠᠢ ᠬᠤᠯᠪᠤᠭᠳᠠᠵᠤ᠂ ᠮᠠᠨ ᠤ ᠤᠷᠤᠨ ᠡᠯ᠎ᠠ ᠳᠠᠯ᠎ᠠ ᠶᠢᠨ ᠬᠠᠷᠢᠴᠠᠭ᠎ᠠ ᠶᠢ ᠡᠮᠬᠢᠯᠡᠨ᠂ ᠳᠤᠭᠳᠠᠴᠠ ᠶᠢ ᠪᠦᠷᠢᠨᠰᠢᠭᠦᠯᠤᠨ᠂ ᠲᠦᠷᠢᠮ ᠢ ᠳᠡᠭᠦᠯᠳᠡᠷᠵᠢᠭᠦᠯᠬᠦ ᠪᠠᠷ ᠦᠭᠡᠷᠡᠴᠢᠯᠡᠯᠳᠡ ᠶᠢᠨ ᠤᠷᠢᠳᠠᠴᠢ ᠠᠵᠢᠯ ᠪᠤᠯᠭᠠᠵᠤ᠂ ᠬᠠᠷᠠᠯᠳᠠ ᠪᠠᠷ ᠵᠢᠯᠤᠭᠤᠳᠤᠮᠵᠢ ᠪᠤᠯᠭᠠᠨ ᠬᠢᠨᠠᠨ ᠵᠦᠪᠰᠢᠶᠡᠷᠡᠯ ᠎ ᠤᠨ ᠦᠢᠯᠡᠴᠢᠯᠡᠭᠡ ᠶᠢ ᠳᠠᠰᠤᠷᠠᠯᠳᠠ ᠦᠭᠡᠢ ᠰᠠᠶᠢᠵᠢᠷᠠᠭᠤᠯᠵᠤ᠂ ᠠᠰᠠᠭᠤᠳᠠᠯ ᠢᠶᠠᠷ ᠵᠢᠯᠤᠭᠤᠳᠤᠮᠵᠢ ᠪᠤᠯᠭᠠᠨ ᠬᠢᠨᠠᠯᠳᠠ ᠬᠠᠮᠢᠶᠠᠷᠤᠯᠳᠠ ᠶᠢᠨ ᠦᠷ᠎ᠠ ᠪᠦᠳᠦᠮᠵᠢ ᠶᠢ ᠲᠠᠰᠤᠷᠠᠯᠲᠠ ᠦᠭᠡᠢ ᠴᠢᠩᠭᠠᠳᠬᠠᠪᠠ᠃      ᠣᠳᠣᠬᠠᠨ ᠳᠤ᠂ ᠮᠠᠨ ᠤ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠥᠭᠡᠷᠡᠴᠢᠯᠡᠯᠲᠡ ᠬᠢᠭᠦ ᠠᠴᠠ ᠡᠮᠦᠨᠡᠬᠢ ᠡᠳᠦᠷ ᠳᠤᠮᠳᠠᠴᠢ ᠪᠠᠷ 732 ᠡᠷᠦᠬᠡ ᠰᠢᠨ᠎ᠡ ᠪᠠᠷ ᠳᠠᠩᠰᠠᠯᠠᠭᠤᠯᠵᠤ ᠪᠠᠶᠢᠭᠰᠠᠨ ᠠᠴᠠ ᠪᠠᠨ ᠣᠳᠣᠬᠠᠨ ᠳᠤ 1030 ᠡᠷᠦᠬᠡ ᠪᠣᠯᠵᠤ ᠬᠥᠭᠵᠢᠭᠡᠳ᠂ 40.17%᠎ ᠪᠠᠷ ᠨᠡᠮᠡᠭᠳᠡᠪᠡ︔ ᠮᠢᠩᠭᠠᠨ ᠬᠦᠮᠦᠨ ᠳᠤ ᠨᠤᠭᠳᠠᠬᠤ ᠠᠵᠤ ᠠᠬᠤᠢᠢᠯᠠᠯ ᠤᠨ ᠲᠤᠭ᠎ᠠ ᠨᠢ 56 ᠡᠷᠦᠬᠡ ᠪᠠᠶᠢᠭᠰᠠᠨ ᠠᠴᠠ ᠪᠠᠨ ᠣᠳᠣᠬᠠᠨ ᠳᠤ 81 ᠡᠷᠦᠬᠡ ᠪᠣᠯᠵᠤ᠂ 44.57%᠎ ᠪᠠᠷ ᠨᠡᠮᠡᠭᠳᠡᠪᠡ᠃ ᠢᠯᠠᠩᠭᠤᠶ᠎ᠠ ᠠᠷᠠᠳ ᠤᠨ ᠡᠵᠡᠩᠨᠡᠯᠳᠡ ᠶᠢᠨ ᠠᠵᠤ ᠠᠬᠤᠢᠢᠯᠠᠯ ᠵᠡᠷᠭᠡ ᠡᠯ᠎ᠡ ᠲᠥᠷᠥᠯ ᠎ ᠤᠨ ᠨᠡᠶᠢᠲᠡ ᠶᠢᠨ ᠥᠮᠴᠢᠯᠡᠯ ᠤᠨ ᠪᠤᠰᠤ ᠵᠠᠬ᠎ᠠ ᠳᠡᠯᠭᠡᠭᠦᠷ ᠤᠨ ᠭᠤᠤᠯ ᠴᠣᠭᠴᠠ ᠲᠦᠷᠭᠡᠨ ᠬᠤᠷᠳᠤᠴᠠ ᠪᠠᠷ ᠬᠦᠭᠵᠢᠭᠦ ᠬᠠᠨᠳᠤᠰᠢ ᠢᠯᠡᠷᠡᠵᠦ᠂ ᠣᠳᠣᠬᠠᠨ ᠳᠤ ᠨᠢᠭᠡᠨᠲᠡ 199.83 ᠲᠦᠮᠡᠨ ᠡᠷᠦᠬᠡ ᠶᠢ ᠳᠠᠪᠠᠵᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠲᠣᠭᠠᠨ ᠤ 97.41%᠎ ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号