ᠪᠦ᠋ ᠰᠢᠶᠤᠤ ᠯᠢᠨ ᠲᠠᠯᠠᠳ ᠬᠤᠰᠢᠭᠤᠨ ᠳᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠬᠰᠠᠨ ᠨᠢ ᠪᠤᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠦ ᠡᠷᠬᠢᠯᠳᠡᠳᠦ ᠬᠦᠭᠵᠢᠯᠳᠠ ᠶᠢ ᠬᠦᠴᠦᠯᠡᠨ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2019/10/14
     10 ᠰᠠᠷ᠎ᠠ ᠶᠢᠨ 11᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠷᠳᠤᠰ ᠬᠤᠳᠠ ᠶᠢᠨ ᠲᠠᠯᠠᠳ ᠬᠤᠰᠢᠭᠤᠨ ᠳᠤ ᠬᠦᠷᠴᠦ ᠠᠵᠤ ᠦᠢᠯᠡᠳᠪᠤᠷᠢ ᠶᠢᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠪᠠᠶᠢᠴᠠᠭᠠᠨ ᠰᠤᠳᠤᠯᠪᠠ᠃      ᠥᠪᠦᠷ ᠮᠤᠩᠭᠤᠯ ᠤᠨ ᠵᠢᠶᠠᠨ ᠨᠧᠩ ᠰᠢᠩ ᠬᠤᠢ ᠸᠠᠭᠠᠷ ᠱᠠᠭᠠᠵᠠᠩ ᠤᠨ ᠬᠢᠵᠠᠭᠠᠷᠳᠦ ᠺᠤᠮᠫᠠᠨᠢ ᠪᠤᠯ ᠪᠤᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠦᠢᠯᠡᠳᠪᠤᠷᠢᠯᠡᠬᠦ ᠠᠵᠤ ᠠᠬᠤᠶᠢᠯᠠᠯ ᠪᠠᠶᠢᠵᠦ᠂ ᠭᠤᠤᠯᠳᠠᠭᠤ ᠨᠡᠬᠦᠷᠡᠰᠦᠨ ᠤ ᠦᠨᠡᠰᠦᠨ ᠨᠤᠨᠳᠠᠭ᠂ ᠵᠤᠤᠬᠠᠨ ᠤ ᠬᠦᠨᠳᠡᠢ ᠶᠢᠨ ᠰᠢᠭᠠᠷᠤ᠂ ᠬᠠᠶᠠᠬᠳᠠᠮᠠᠯ ᠸᠠᠭᠠᠷ ᠱᠠᠭᠠᠵᠠᠩ ᠤᠨ ᠲᠤᠭᠤᠰᠬ᠎ᠠ ᠵᠡᠷᠭᠡ ᠠᠵᠤ ᠦᠢᠯᠡᠳᠪᠤᠷᠢ ᠶᠢᠨ ᠬᠠᠳᠠᠭᠤ ᠪᠡᠶᠡᠳᠦ ᠬᠠᠶᠠᠬᠳᠠᠮᠠᠯ ᠪᠤᠳᠠᠰ ᠢᠶᠠᠷ ᠲᠦᠬᠦᠭᠡᠢ ᠮᠠᠲ᠋ᠧᠷᠢᠶᠠᠯ ᠪᠤᠯᠭᠠᠵᠦ᠂ ᠰᠢᠨ᠎ᠠ ᠮᠠᠶ᠋ᠢᠭ ᠤᠨ ᠭᠡᠷᠡᠮ ᠤᠨ ᠮᠠᠲ᠋ᠧᠷᠢᠶᠠᠯ ᠪᠠ ᠪᠤᠬᠢᠷᠳᠤᠯ ᠦᠭᠡᠢ ᠤᠬᠰᠠᠷᠠᠬᠤ  ᠮᠠᠶ᠋ᠢᠭ ᠤᠨ ᠬᠤᠷᠠᠮᠠᠯ ᠪᠠᠷᠢᠯᠭ᠎ᠠ ᠶᠢ ᠬᠦᠭᠵᠢᠬᠦᠯᠵᠦ᠂ ᠤᠯᠤᠰ ᠤᠨ 6 ᠲᠦᠷᠦᠯ ᠤᠨ ᠡᠬᠦᠳᠦᠯᠳᠠ ᠶᠢᠨ ᠲᠤᠰᠬᠠᠢ ᠠᠰᠢᠬ ᠤᠨ ᠡᠷᠬᠡ ᠲᠠᠢ᠃ ᠪᠦ᠋ ᠰᠢᠶᠤᠤ ᠯᠢᠨ ᠠᠵᠤ ᠠᠬᠤᠶᠢᠯᠠᠯ ᠤᠨ ᠮᠡᠷᠭᠡᠵᠢᠯ ᠤᠨ ᠰᠤᠳᠤᠯᠭᠠᠨ ᠨᠡᠭᠡᠭᠡᠯᠳᠠ᠂ ᠦᠢᠯᠡᠳᠪᠤᠷᠢᠯᠡᠯ ᠤᠨ ᠤᠷ᠎ᠠ ᠮᠡᠷᠭᠡᠰᠢᠯ᠂ ᠵᠠᠬ᠎ᠠ ᠳᠡᠯᠭᠡᠬᠦᠷ ᠤᠨ ᠪᠤᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠤᠶᠢᠯᠠᠭᠠᠵᠦ᠂ ᠠᠵᠤ ᠠᠬᠤᠶᠢᠯᠠᠯ ᠎ ᠤᠨ ᠬᠢᠨ ᠤ ᠠᠵᠤ ᠦᠢᠯᠡᠳᠪᠤᠷᠢ ᠶᠢᠨ ᠬᠠᠳᠠᠭᠤ ᠪᠡᠶᠡᠳᠦ ᠬᠠᠶᠠᠬᠳᠠᠮᠠᠯ ᠪᠤᠳᠠᠰ ᠢ ᠠᠰᠢᠬᠯᠠᠨ ᠡᠷᠬᠢᠯᠳᠡᠳᠦ ᠠᠵᠤ ᠠᠬᠤᠢ ᠶᠢ ᠬᠦᠭᠵᠢᠬᠦᠯᠦᠭᠰᠡᠨ ᠠᠷᠭ᠎ᠠ ᠬᠢᠳᠡᠯ ᠢ ᠨᠤᠳᠠᠯᠠᠵᠦ᠂ ᠠᠵᠤ ᠠᠬᠤᠶᠢᠯᠠᠯ ᠤᠨ ᠬᠢᠨ ᠵᠢᠱᠢᠶ᠎ᠠ ᠦᠵᠡᠬᠦᠯᠦᠨ ᠬᠦᠳᠦᠯᠦᠨ ᠳᠠᠭᠠᠭᠤᠯᠬᠤ ᠦᠢᠯᠡᠳᠦᠯ ᠢᠶᠠᠨ ᠰᠠᠶᠢᠳᠤᠷ ᠪᠠᠳᠠᠷᠠᠭᠤᠯᠵᠦ᠂ ᠡᠬᠢ ᠪᠠᠶᠠᠯᠢᠭ ᠤᠨ ᠠᠰᠢᠡᠡᠯᠠᠮᠵᠢ ᠶᠢ ᠳᠡᠭᠡᠭᠰᠢᠯᠡᠬᠦᠯᠬᠦ ᠪᠠᠷ ᠭᠤᠤᠯ ᠪᠤᠯᠭᠠᠨ᠂ ᠬᠠᠳᠠᠭᠤ ᠪᠠᠶᠠᠳᠦ ᠬᠠᠶᠠᠬᠳᠠᠮᠠᠯ ᠪᠤᠳᠠᠰ ᠢ ᠰᠢᠢᠳᠪᠤᠷᠢᠯᠡᠬᠦ ᠪᠠ ᠡᠷᠬᠢᠯᠳᠦᠬᠦᠯᠦᠨ ᠠᠰᠢᠬᠯᠠᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠶᠢᠨ ᠦᠷ᠎ᠠ ᠠᠰᠢᠬ᠂ ᠨᠡᠶᠢᠭᠡᠮ ᠤᠨ ᠦᠷ᠎ᠠ ᠠᠰᠢᠬ᠂ ᠠᠮᠢ ᠠᠬᠤᠢ ᠶᠢᠨ ᠦᠷ᠎ᠠ ᠠᠰᠢᠬ ᠢ ᠵᠡᠷᠭᠡ ᠪᠠᠷ ᠪᠡᠶᠡᠯᠡᠬᠦᠯᠳᠦᠭᠡᠢ ᠭᠡᠵᠦ ᠵᠤᠷᠢᠬᠵᠢᠭᠤᠯᠪᠠ᠃      ᠪᠦ᠋ ᠰᠢᠶᠤᠤ ᠯᠢᠨ ᠮᠧᠩ ᠲᠠᠢ ᠪᠦᠯᠦᠭᠯᠡᠯ ᠤᠨ ᠵᠢᠯ ᠤᠨ ᠭᠠᠷᠤᠯᠳᠠ ᠨᠢ 20 ᠲᠦᠮᠡᠨ ᠲᠤᠨ ᠳᠤ ᠬᠦᠷᠬᠦ ᠳᠡᠭᠡᠳᠦ ᠰᠢᠨ᠎ᠠ ᠬᠦᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠎ ᠲᠤ ᠬᠦᠷᠴᠦ ᠪᠠᠶᠢᠴᠠᠭᠠᠨ ᠰᠤᠳᠤᠯᠵᠠᠢ᠃ ᠲᠤᠰ ᠲᠦᠷᠦᠯ ᠵᠦᠢᠯ ᠨᠢ ᠳᠡᠯᠡᠭᠡᠢ ᠶᠢᠨ ᠲᠡᠷᠢᠬᠦᠨ ᠤ ᠲᠤᠨᠤᠭ ᠲᠦᠬᠦᠭᠡᠷᠤᠮᠵᠢ ᠶᠢ ᠬᠡᠷᠡᠭᠯᠡᠨ᠂ ᠮᠧᠩ ᠲᠠᠢ ᠪᠦᠯᠦᠭᠯᠡᠯ ᠪᠤᠯᠤᠨ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠬᠠᠮᠳᠤᠷᠠᠯᠴᠠᠨ ᠪᠠᠶᠢᠭᠤᠯᠤᠭᠰᠠᠨ ᠬᠠᠮᠳᠤᠷᠠᠨ ᠰᠤᠳᠤᠯᠤᠨ ᠨᠡᠭᠡᠭᠡᠬᠦ ᠲᠦᠪ ᠠᠴᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠦ᠂ ᠭᠠᠳᠠᠭᠠᠳᠦ ᠠᠴᠠ ᠤᠷᠤᠭᠤᠯᠬᠤ ᠲᠡᠭᠡᠳᠦ ᠳᠡᠰ ᠤᠨ ᠬᠦᠩᠭᠡᠨ ᠴᠠᠭᠠᠨ ᠤ ᠬᠠᠶᠢᠯᠤᠰᠢ ᠶᠢᠨ ᠮᠠᠲ᠋ᠧᠷᠢᠶᠠᠯ ᠢ ᠤᠷᠤᠯᠠᠭᠤᠯᠵᠦ ᠪᠤᠯᠬᠤ ᠦᠢᠯᠡᠳᠪᠤᠷᠢᠯᠡᠯ ᠤᠨ ᠱᠤᠭᠤᠮ ᠢ ᠪᠦᠳᠦᠭᠡᠨ ᠪᠠᠶᠢᠭᠤᠯᠵᠤ ᠪᠤᠢ᠃ ᠪᠦ᠋ ᠰᠢᠶᠤᠤ ᠯᠢᠨ ᠠᠵᠤ ᠠᠬᠤᠶᠢᠯᠠᠯ ᠤᠨ ᠬᠠᠷᠢᠭᠤᠴᠠᠯᠭᠠᠳᠠᠨ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠬᠦᠮᠦᠰ ᠲᠠᠢ ᠶᠠᠷᠢᠯᠴᠠᠵᠦ᠂ ᠤᠷ᠎ᠠ ᠮᠡᠷᠭᠡᠰᠢᠯ ᠤᠨ ᠳᠡᠰ ᠳᠠᠷᠠᠭ᠎ᠠ᠂ ᠦᠢᠯᠡᠳᠬᠦᠨ ᠤ ᠬᠡᠷᠡᠭᠯᠡᠭᠡᠨ ᠤ ᠪᠠᠶᠢᠳᠠᠯ ᠵᠡᠷᠭᠡ ᠶᠢ ᠤᠶᠢᠯᠠᠭᠠᠬᠰᠠᠨ ᠤ ᠳᠠᠷᠠᠭ᠎ᠠ᠂ ᠰᠢᠨ᠎ᠠ ᠶᠢ ᠡᠬᠦᠳᠬᠦ ᠶᠢ ᠲᠤᠪᠤᠶᠢᠮ᠎ᠠ ᠪᠠᠶᠢᠷᠢᠨ ᠳᠤ ᠲᠠᠯᠪᠢᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠬᠦᠷᠢᠶᠡᠯᠡᠩ ᠭᠠᠵᠠᠷ ᠪᠤᠯᠤᠨ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠳᠡᠮᠵᠢᠵᠤ᠂ ᠵᠠᠩᠬᠢᠯᠠᠭ᠎ᠠ ᠶᠢᠨ ᠮᠡᠷᠭᠡᠵᠢᠯ ᠤᠨ ᠪᠤᠭᠤᠮᠳᠠ ᠰᠢᠪᠳᠤᠯᠬᠤ ᠠᠵᠢᠯ ᠢ ᠬᠠᠮᠳᠤᠷᠠᠨ ᠦᠷᠨᠢᠬᠦᠯᠵᠦ᠂ ᠠᠵᠤ ᠠᠬᠤᠢ ᠶᠢᠨ ᠰᠢᠨ᠎ᠠ ᠨᠡᠮᠡᠭᠳᠡᠯ ᠴᠡᠭ ᠢ ᠪᠤᠶᠢᠵᠢᠭᠤᠯᠬᠤ ᠭᠡᠷᠡᠭᠲᠡᠢ᠃ ᠭᠡᠷᠡᠭᠯᠡᠭᠡ ᠪᠠᠷ ᠤᠳᠤᠷᠢᠳᠤᠮᠵᠢ ᠪᠤᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠵᠦ᠂ ᠪᠠᠶᠢᠭᠤᠯᠤᠮᠵᠢ ᠲᠤᠭᠳᠠᠴᠠ ᠶᠢᠨ ᠰᠢᠨ᠎ᠠ ᠶᠢ ᠡᠬᠦᠳᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠠ ᠪᠦᠳᠦᠭᠡᠯ ᠤᠨ ᠤᠨᠳᠤᠤᠰᠢᠭᠤᠯᠤᠯᠳᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃      ᠪᠦ᠋ ᠰᠢᠶᠤᠤ ᠯᠢᠨ᠂ ᠪᠤᠬᠢᠷᠳᠤᠯ ᠦᠭᠡᠢ ᠪᠠᠶᠢᠬᠤ ᠶᠢ ᠨᠡᠶᠢᠳᠡᠮ ᠤᠨ ᠪᠠᠶᠢᠳᠠᠯ ᠪᠤᠯᠭᠠᠬᠤ ᠪᠤᠯ ᠴᠢᠨᠠᠷ ᠰᠠᠶᠢᠳᠠᠢ ᠬᠦᠭᠵᠢᠯᠳᠠ ᠶᠢᠨ ᠨᠢᠭᠡ ᠤᠨᠴᠠᠯᠢᠭ ᠪᠤᠯᠬᠤ ᠶᠤᠮ᠃ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠶᠢᠨ ᠤᠳᠤᠷᠢᠳᠤᠮᠵᠢ ᠶᠢ ᠦᠨᠡᠨ ᠬᠦ ᠪᠤᠢ ᠪᠤᠯᠭᠠᠵᠦ ᠨᠠᠶᠢᠳᠠᠪᠤᠷᠢᠵᠢᠭᠤᠯᠤᠨ᠂ ᠠᠵᠤ ᠦᠢᠯᠡᠰ ᠤᠨ ᠪᠦᠳᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠭᠡᠳᠭᠡᠵᠦ᠂ ᠪᠤᠬᠢᠷᠳᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠦ ᠡᠷᠬᠢᠯᠳᠡᠳᠦ ᠬᠦᠭᠵᠢᠯᠳᠠ ᠶᠢᠨ ᠠᠵᠤ ᠠᠬᠤᠢ ᠶᠢᠨ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃    
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号