ᠠᠶᠠᠯᠠᠯ ᠤᠨ ᠰᠠᠨᠠᠭᠤᠯᠤᠮᠵᠢ᠄ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠶᠢᠨ ᠲᠣᠪᠴᠢᠶ᠎ᠠ ᠭᠠᠯᠲᠤ ᠲᠡᠷᠭᠡᠨ ᠤ ᠠᠶᠠᠯᠠᠯ ᠤᠨ ᠵᠢᠷᠤᠭ ᠲᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2019/10/14
     ᠣᠶᠢᠷ᠎ᠠ ᠳᠤ᠂ ᠰᠤᠷᠪᠤᠯᠵᠢᠯᠠᠭᠴᠢ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠶᠢᠨ ᠲᠣᠪᠴᠢᠶ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠠᠴᠠ ᠣᠶᠢᠯᠠᠭᠠᠭᠰᠠᠨ ᠢᠶᠠᠷ᠂ ᠲᠣᠰ ᠡᠳᠦᠷ ᠠᠴᠠ ᠡᠬᠢᠯᠡᠨ᠂ ᠳᠤᠮᠳᠠᠳᠤ ᠤᠯᠤᠰ ᠤᠨ ᠲᠡᠮᠦᠷ ᠵᠠᠮ ᠤᠨ ᠬᠦᠬᠡᠬᠤᠲᠠ ᠶᠢᠨ ᠲᠣᠪᠴᠢᠶ᠎ᠠ ᠨᠢ ᠭᠠᠯᠲᠤ ᠲᠡᠷᠭᠡᠨ ᠤ ᠠᠶᠠᠯᠠᠯ ᠤᠨ ᠰᠢᠨ᠎ᠡ ᠵᠢᠷᠤᠭ ᠢ ᠡᠬᠢᠯᠡᠨ ᠬᠡᠷᠡᠭᠵᠢᠭᠦᠯᠵᠦ᠂ 15 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠨᠡᠮᠡᠨ ᠠᠶᠠᠯᠠᠭᠤᠯᠵᠤ᠂ 12 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠶᠢᠨ ᠬᠦᠷᠴᠦ ᠢᠷᠡᠬᠦ ᠥᠷᠲᠡᠭᠡ᠂ ᠠᠶᠠᠯᠠᠯ ᠤᠨ ᠬᠡᠰᠡᠭ ᠵᠢᠴᠢ ᠠᠶᠠᠯᠠᠯ ᠤᠨ ᠴᠠᠭ ᠮᠥᠴᠡ ᠶᠢ ᠬᠤᠪᠢᠷᠠᠭᠤᠯᠤᠨ᠎ᠠ᠃      ᠠᠶᠠᠨᠴᠢᠳ ᠤᠨ ᠶᠠᠪᠤᠵᠤ ᠰᠠᠭᠤᠬᠤ ᠣᠨᠴᠠᠯᠢᠭ ᠲᠤ ᠴᠢᠭᠯᠡᠭᠦᠯᠦᠨ᠂ ᠲᠠᠯ᠎ᠠ ᠨᠤᠲᠤᠭ ᠤᠨ ᠲᠡᠮᠦᠷ ᠵᠠᠮ ᠨᠢ ᠵᠣᠭᠰᠣᠬᠤ ᠥᠷᠲᠡᠭᠡ ᠪᠠᠨ ᠤᠯᠠᠮ ᠰᠢᠯᠢᠳᠡᠭᠵᠢᠭᠦᠯᠵᠦ᠂ 4 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡᠨ ᠤ ᠱᠤᠭᠤᠮ ᠳᠤ ᠵᠣᠭᠰᠣᠭᠠᠯ ᠨᠡᠮᠡᠪᠡ᠂ ᠪᠣᠳᠠᠲᠠᠶ ᠪᠠᠶᠢᠳᠠᠯ ᠨᠢ᠄ ᠪᠤᠭᠤᠲᠤ ᠠᠴᠠ ᠬᠠᠩᠵᠧᠦ ᠬᠦᠷᠬᠦ K655/8 ᠤᠳᠠᠭ᠎ᠠ ᠶᠢᠨ ᠱᠤᠭᠤᠮ ᠳᠤ ᠽᠢ ᠴᠠᠩ ᠥᠷᠲᠡᠭᠡ ᠶᠢᠨ ᠵᠣᠭᠰᠣᠭᠠᠯ ᠢ ᠨᠡᠮᠡᠪᠡ︔ ᠪᠤᠭᠤᠲᠤ ᠠᠴᠠ ᠨᠠᠨᠴᠠᠩ ᠬᠦᠷᠬᠦ K1278/5 ᠤᠳᠠᠭ᠎ᠠ ᠶᠢᠨ ᠱᠤᠭᠤᠮ ᠳᠤ ᠲᠢᠶᠠᠨ ᠵᠧᠨ ᠥᠷᠲᠡᠭᠡ ᠶᠢᠨ ᠵᠣᠭᠰᠣᠭᠠᠯ ᠢ ᠨᠡᠮᠡᠪᠡ︔ ᠪᠤᠭᠤᠲᠤ ᠠᠴᠠ ᠳ᠋ᠠᠯᠢᠶᠠᠨ ᠬᠦᠷᠬᠦ K1566/7 ᠤᠳᠠᠭ᠎ᠠ ᠶᠢᠨ ᠱᠤᠭᠤᠮ ᠳᠤ ᠰᠦ᠋ ᠵᠢᠶᠠ ᠳᠦᠨ ᠥᠷᠲᠡᠭᠡ ᠶᠢᠨ ᠵᠣᠭᠰᠣᠭᠠᠯ ᠢ ᠨᠡᠮᠡᠪᠡ︔ ᠴᠧᠩᠳᠦ᠋ ᠠᠴᠠ ᠬᠠᠶᠢᠯᠠᠷ ᠬᠦᠷᠬᠦ K998/5 ᠤᠳᠠᠭ᠎ᠠ ᠶᠢᠨ ᠱᠤᠭᠤᠮ ᠳᠤ ᠮᠢᠶᠠᠨ ᠳ᠋ᠦ᠋ ᠾᠧ ᠥᠷᠲᠡᠭᠡ ᠶᠢᠨ ᠵᠣᠭᠰᠣᠭᠠᠯ ᠢ ᠨᠡᠮᠡᠪᠡ᠃ 4 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡᠨ ᠤ ᠵᠣᠭᠰᠣᠭᠠᠯ ᠢ ᠬᠠᠰᠤᠪᠠ᠂ ᠪᠣᠳᠠᠲᠠᠶ ᠪᠠᠶᠢᠳᠠᠯ ᠨᠢ᠄ ᠬᠠᠨᠳᠠᠨ ᠠᠴᠠ ᠢᠷᠭᠠᠶ ᠬᠦᠷᠬᠦ K220/17 ᠤᠳᠠᠭ᠎ᠠ ᠶᠢᠨ ᠱᠤᠭᠤᠮ ᠤᠨ  ᠯᠢᠨ ᠴᠧᠩ ᠵᠣᠭᠰᠣᠭᠠᠯ ᠢ ᠬᠠᠰᠤᠪᠠ︔ ᠤᠯᠠᠭᠠᠨᠬᠠᠳᠠ ᠠᠴᠠ ᠪᠤᠭᠤᠲᠤ ᠬᠦᠷᠬᠦ K895/8 ᠤᠳᠠᠭ᠎ᠠ ᠶᠢᠨ ᠱᠤᠭᠤᠮ ᠤᠨ ᠬᠦᠬᠡᠬᠤᠲᠠ ᠶᠢᠨ ᠵᠡᠭᠦᠨ ᠥᠷᠲᠡᠭᠡ ᠶᠢᠨ ᠵᠣᠭᠰᠣᠭᠠᠯ ᠢ ᠬᠠᠰᠤᠪᠠ︔ ᠪᠤᠭᠤᠲᠤ ᠠᠴᠠ ᠨᠠᠨᠴᠠᠩ ᠬᠦᠷᠬᠦ K1278/5 ᠤᠳᠠᠭ᠎ᠠ ᠶᠢᠨ ᠱᠤᠭᠤᠮ ᠤᠨ ᠶᠠᠩ ᠭᠤᠤ ᠥᠷᠲᠡᠭᠡ ᠶᠢᠨ ᠵᠣᠭᠰᠣᠭᠠᠯ ᠢ ᠬᠠᠰᠤᠪᠠ︔ ᠬᠦᠬᠡᠬᠤᠲᠠ ᠠᠴᠠ ᠡᠵᠡᠨ᠎ᠡ ᠬᠦᠷᠬᠦ K7911/2 ᠤᠳᠠᠭ᠎ᠠ ᠶᠢᠨ ᠱᠤᠭᠤᠮ ᠤᠨ ᠰᠠᠭᠠᠯᠢᠴᠢᠨ᠂ ᠦᠶᠤᠸᠠᠨ ᠥᠷᠲᠡᠭᠡ ᠶᠢᠨ ᠵᠣᠭᠰᠣᠭᠠᠯ ᠢ ᠬᠠᠰᠤᠪᠠ᠃      ᠲᠡᠭᠡᠭᠡᠪᠦᠷᠢ ᠶᠢᠨ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠶᠢᠨ ᠲᠤᠰᠠᠳᠠ᠂ ᠤᠷᠢᠳ ᠬᠤᠵᠢᠳ 4 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠤᠨ ᠬᠡᠰᠡᠭ᠂ ᠴᠠᠭ ᠬᠤᠭᠤᠴᠠᠭ᠎ᠠ ᠶᠢ ᠲᠣᠬᠢᠷᠠᠭᠤᠯᠪᠠ᠃ ᠡᠭᠦᠨ ᠳᠤ᠂ 3 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡ ᠠᠶᠠᠯᠠᠯ ᠤᠨ ᠬᠡᠰᠡᠭ ᠢᠶᠠᠨ ᠬᠤᠪᠢᠷᠠᠭᠤᠯᠵᠤ᠂ ᠱᠧᠨᠵᠧᠨ ᠤ ᠵᠡᠭᠦᠨ ᠥᠷᠲᠡᠭᠡ ᠠᠴᠠ ᠯᠢᠨᠾᠧ ᠬᠦᠷᠬᠦ Z182/3 ᠤᠳᠠᠭ᠎ᠠ ᠶᠢᠨ ᠱᠤᠭᠤᠮ ᠤᠨ ᠬᠦᠷᠬᠦ ᠥᠷᠲᠡᠭᠡ ᠶᠢ ᠪᠤᠭᠤᠲᠤ ᠥᠷᠲᠡᠭᠡ ᠪᠣᠯᠭᠠᠨ ᠲᠣᠬᠢᠷᠠᠭᠤᠯᠪᠠ︔ ᠮᠦᠭᠳᠡᠨ ᠤ ᠬᠤᠶᠢᠲᠤ ᠥᠷᠲᠡᠭᠡ ᠠᠴᠠ ᠰᠢᠨᠢᠩ ᠬᠦᠷᠬᠦ K1520/17 ᠤᠳᠠᠭ᠎ᠠ ᠶᠢᠨ ᠱᠤᠭᠤᠮ ᠤᠨ ᠥᠩᠭᠡᠷᠡᠬᠦ ᠵᠠᠮ ᠢ ᠲᠣᠬᠢᠷᠠᠭᠤᠯᠤᠭᠠᠳ ᠱᠧᠨᠶᠠᠩ ᠤᠨ ᠬᠤᠶᠢᠲᠤ ᠥᠷᠲᠡᠭᠡ᠂ ᠳ᠋ᠠ ᠴᠧᠩ᠂ ᠢᠦᠶ ᠭᠦᠸᠧ᠂ ᠮᠠ ᠰᠠᠨ ᠵᠢᠶ᠋ᠨ ᠥᠷᠲᠡᠭᠡ ᠪᠣᠯᠭᠠᠪᠠ︔ ᠰᠢᠨᠢᠩ ᠠᠴᠠ ᠮᠦᠭᠳᠡᠨ ᠤ ᠬᠤᠶᠢᠲᠤ ᠥᠷᠲᠡᠭᠡ ᠬᠦᠷᠬᠦ K1518/9 ᠤᠳᠠᠭ᠎ᠠ ᠶᠢᠨ ᠱᠤᠭᠤᠮ ᠤᠨ ᠥᠩᠭᠡᠷᠡᠬᠦ ᠵᠠᠮ ᠢ ᠲᠣᠬᠢᠷᠠᠭᠤᠯᠤᠭᠠᠳ ᠮᠠ ᠰᠠᠨ ᠵᠢᠶᠠ᠂ ᠶᠦᠩ ᠠᠨ ᠬᠥᠭᠦᠷᠭᠡ᠂ ᠳ᠋ᠠ ᠴᠧᠩ᠂ ᠮᠦᠭᠳᠡᠨ ᠤ ᠬᠤᠶᠢᠲᠤ ᠥᠷᠲᠡᠭᠡ ᠪᠣᠯᠭᠠᠪᠠ᠃ 1 ᠡᠭᠡᠯᠵᠢ ᠶᠢᠨ ᠠᠶᠠᠨᠴᠢᠳ ᠤᠨ ᠭᠠᠯᠲᠤ ᠲᠡᠷᠭᠡᠨ ᠤ ᠠᠶᠠᠯᠬᠤ ᠴᠠᠭ᠎ᠠ ᠬᠤᠭᠤᠴᠠᠭ᠎ᠠ ᠳᠤ ᠲᠣᠬᠢᠷᠠᠭᠤᠯᠤᠯᠲᠠ ᠬᠢᠪᠡ᠂ ᠪᠣᠳᠠᠲᠠᠶ ᠪᠠᠶᠢᠳᠠᠯ ᠨᠢ᠄ 9 ᠳ᠋ᠦ᠋ᠭᠡᠷ ᠰᠠᠷ᠎ᠠ ᠶᠢᠨ 20᠎ ᠤ ᠡᠳᠦᠷ ᠠᠴᠠ 10 ᠳ᠋ᠤᠭᠠᠷ ᠰᠠᠷ᠎ᠠ ᠶᠢᠨ 30᠎ ᠤ ᠡᠳᠦᠷ ᠪᠣᠯᠲᠠᠯ᠎ᠠ᠂ ᠳ᠋ᠠᠲ᠋ᠥ᠋ᠩ ᠠᠴᠠ ᠡᠵᠡᠨ᠎ᠡ ᠬᠦᠷᠬᠦ Y329/330 ᠤᠳᠠᠭ᠎ᠠ ᠶᠢᠨ ᠱᠤᠭᠤᠮ ᠤᠨ ᠴᠠᠭ ᠬᠤᠭᠤᠴᠠᠭ᠎ᠠ ᠳᠤ ᠲᠣᠬᠢᠷᠠᠭᠤᠯᠤᠯᠲᠠ ᠬᠢᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号