ᠥᠪᠥᠷ ᠮᠣᠩᠭᠤᠯ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠪᠤᠢ᠄ ᠡᠷᠬᠡ ᠶᠢ ᠵᠠᠬ᠎ᠠ ᠳᠡᠯᠭᠡᠭᠦᠷ ᠲᠤ ᠪᠠᠭᠤᠯᠭᠠᠵᠤ ᠣᠯᠠᠨ ᠲᠦᠮᠡᠨ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2019/10/14
     ︽ᠣᠳᠣᠬᠠᠨ ᠳᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠥᠭᠡᠷᠡᠴᠢᠯᠡᠯᠲᠡ ᠠᠴᠠ ᠡᠮᠦᠨ᠎ᠡ ᠳᠤᠮᠳᠠᠴᠢ ᠪᠠᠷ ᠡᠳᠦᠷ ᠪᠦᠷᠢ 732 ᠡᠷᠦᠬᠡ ᠰᠢᠨ᠎ᠡ ᠪᠠᠷ ᠳᠠᠩᠰᠠᠯᠠᠨ ᠲᠡᠮᠳᠡᠭᠯᠡᠭᠦᠯᠵᠦ ᠪᠠᠶᠢᠭᠰᠠᠨ ᠪᠣᠯ ᠣᠳᠣ ᠡᠳᠦᠷ ᠪᠦᠷᠢ 1030 ᠡᠷᠦᠬᠡ ᠳᠠᠩᠰᠠᠯᠠᠨ ᠲᠡᠮᠳᠡᠭᠯᠡᠭᠦᠯᠬᠦ ᠪᠣᠯᠵᠤ᠂ 40.71% ᠨᠡᠮᠡᠭᠳᠡᠪᠡ︔ ᠮᠢᠩᠭᠠᠨ ᠬᠥᠮᠥᠨ ᠲᠠᠢ ᠠᠵᠤ ᠠᠬᠤᠶᠢᠯᠠᠯ ᠨᠢ 56 ᠡᠷᠦᠬᠡ ᠪᠠᠶᠢᠭᠰᠠᠨ ᠠᠴᠠ ᠪᠠᠨ 80.96 ᠡᠷᠦᠬᠡ ᠪᠣᠯᠵᠤ᠂ 44.57% ᠎ ᠪᠠᠷ ᠨᠡᠮᠡᠭᠳᠡᠪᠡ᠃ ᠢᠯᠠᠩᠭᠤᠶ᠎ᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠵᠡᠷᠭᠡ ᠡᠯ᠎ᠡ ᠲᠥᠷᠥᠯ ᠤᠨ ᠨᠡᠶᠢᠲᠡ ᠎ ᠶᠢᠨ ᠥᠮᠴᠢᠯᠡᠯ ᠤᠨ ᠪᠤᠰᠤ ᠵᠠᠬ᠎ᠠ ᠳᠡᠯᠭᠡᠭᠦᠷ ᠤᠨ ᠭᠤᠤᠯ ᠴᠣᠭᠴᠠ ᠲᠦᠷᠭᠡᠨ ᠬᠥᠭᠵᠢᠬᠦ ᠬᠠᠨᠳᠤᠰᠢ ᠲᠠᠢ ᠪᠣᠯᠵᠤ᠂ ᠣᠳᠣᠬᠠᠨ ᠳᠤ ᠨᠢᠭᠡᠨᠲᠡ 199.83 ᠲᠦᠮᠡᠨ ᠡᠷᠦᠬᠡ ᠶᠢ ᠳᠠᠪᠠᠨ᠂ ᠪᠥᠬᠦ ᠣᠷᠣᠨ ᠤ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠲᠣᠭᠠᠨ ᠤ 97.41%᠎ ᠠᠴᠠ ᠳᠡᠭᠡᠭᠰᠢᠬᠢ ᠶᠢ ᠡᠵᠡᠯᠡᠪᠡ᠃︾ ᠡᠨᠡ ᠪᠣᠯ ᠰᠤᠷᠪᠤᠯᠵᠢᠯᠠᠭᠴᠢ 10 ᠳ᠋ᠤᠭᠠᠷ ᠰᠠᠷ᠎ᠠ ᠶᠢᠨ 11᠎ ᠤ ᠡᠳᠦᠷ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠭᠠᠭᠰᠠᠨ ᠮᠡᠳᠡᠭᠡ ᠪᠣᠯᠤᠨ᠎ᠠ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠠᠵᠤ ᠠᠬᠤᠶᠢᠯᠠᠯ ᠪᠣᠯᠤᠨ ᠣᠯᠠᠨ ᠲᠦᠮᠡᠨ ᠎ ᠤ ᠲᠤᠰᠬᠠᠯ ᠳᠣᠪᠤᠶᠢᠮ᠎ᠠ ᠪᠠᠶᠢᠭ᠎ᠠ ᠶᠠᠪᠤᠳᠠᠯ ᠭᠦᠶᠴᠡᠳᠬᠡᠬᠦ ᠳᠤ ᠬᠦᠴᠢᠷ᠂ ᠶᠠᠪᠤᠳᠠᠯ ᠭᠦᠶᠴᠡᠳᠬᠡᠬᠦ ᠳᠤ ᠤᠳᠠᠭᠠᠨ᠂ ᠣᠯᠠᠨ ᠭᠠᠵᠠᠷ ᠢᠶᠠᠷ ᠭᠦᠶᠦᠬᠦ᠂ ᠨᠠᠭᠠᠰᠢ ᠴᠠᠭᠠᠰᠢ ᠭᠦᠶᠦᠬᠦ ᠵᠡᠷᠭᠡ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠶᠯᠡᠴᠢᠯᠡᠭᠡ︾᠎ ᠶᠢ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ ᠭᠤᠭᠴᠤᠭ᠎ᠠ ᠪᠣᠯᠭᠠᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠶᠴᠡᠳ ᠬᠡᠷᠡᠭᠯᠡᠨ᠂ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾᠎ ᠶᠢ ᠪᠥᠬᠦ ᠬᠦᠴᠦᠨ ᠢᠶᠠᠷ ᠲᠦᠯᠬᠢᠨ ᠠᠬᠢᠭᠤᠯᠵᠤ᠂ ᠰᠦᠯᠵᠢᠶᠡᠨ ᠭᠠᠳᠠᠨ᠎ᠠ ︽ᠨᠢᠭᠡ ᠯᠡ ᠡᠭᠦᠳᠡ ᠪᠠᠷ ᠣᠷᠣᠬᠤ︾ ᠲᠤᠬᠠᠶ ᠶᠢᠨ ᠲᠠᠯᠠᠪᠠᠢ ᠳᠤ ︽ᠬᠠᠮᠤᠭ ᠤᠨ ᠣᠯᠠᠨ ᠳᠤ ᠪᠠᠨ ᠨᠢᠭᠡ ᠯᠡ ᠤᠳᠠᠭ᠎ᠠ ᠭᠦᠶᠦᠬᠦ︾᠎ ᠶᠢ ᠭᠦᠶᠴᠡᠳᠬᠡᠵᠦ᠂ ᠠᠵᠤ ᠠᠬᠤᠶᠢᠯᠠᠯ ᠪᠠ ᠣᠯᠠᠨ ᠲᠦᠮᠡᠨ ᠢ ᠰᠦᠯᠵᠢᠶᠡᠨ ᠳᠡᠭᠡᠷ᠎ᠡ ᠢᠯᠡᠭᠦᠦ ᠶᠠᠪᠤᠳᠠᠯ ᠭᠦᠢᠴᠡᠳᠭᠡᠯᠭᠡᠵᠦ᠂ ᠳᠤᠲᠠᠭᠤ ᠭᠦᠶᠦᠯᠭᠡᠨ᠂ ᠲᠠᠯᠠᠭᠠᠷ ᠭᠦᠶᠦᠯᠭᠡᠬᠦ ᠥᠬᠡᠶ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠢ ᠨᠠᠩ ᠢᠯᠡᠭᠦᠦ ᠵᠣᠯ ᠵᠢᠷᠭᠠᠯᠲᠤ ᠲᠥᠷᠥᠭᠳᠡᠯ ᠲᠠᠢ᠂ ᠠᠰᠢᠭ ᠬᠦᠷᠲᠡᠭᠰᠡᠨ ᠲᠥᠷᠥᠭᠳᠡᠯ ᠲᠠᠢ ᠪᠣᠯᠭᠠᠪᠠ᠃      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠤᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ︽ᠣᠷᠣᠵᠤ ᠢᠷᠡᠵᠦ ᠳᠡᠶᠢᠯᠬᠦ ᠥᠬᠡᠶ︾ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢᠨ ᠲᠥᠯᠥᠭᠡ᠂ ᠥᠪᠥᠷ ᠮᠣᠩᠭᠤᠯ ᠠᠵᠤ ᠠᠬᠤᠶᠢᠯᠠᠯ ᠳᠤ ᠬᠤᠯᠪᠣᠭᠳᠠᠭᠰᠠᠨ 106 ᠵᠦᠶᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠲᠤ ︽ᠭᠡᠷᠡᠴᠢ ᠦᠨᠡᠮᠯᠡᠯ ᠢ ᠰᠠᠯᠭᠠᠬᠤ︾ ᠥᠭᠡᠷᠡᠴᠢᠯᠡᠯᠲᠡ ᠶᠢ ᠥᠷᠨᠢᠭᠦᠯᠪᠡ᠃  ︽32 ᠦᠨᠡᠮᠯᠡᠯ ᠢ ᠨᠢᠭᠡᠳᠬᠡᠬᠦ︾᠎ ᠶᠢ ᠬᠡᠷᠡᠭᠵᠢᠭᠦᠯᠦᠨ᠂  ︽ᠨᠢᠭᠡ ᠰᠦᠯᠵᠢᠶ᠎ᠡ ᠪᠠᠷ ᠭᠤᠶᠤᠴᠢᠯᠠᠬᠤ᠂ ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠶᠳᠪᠦᠷᠢᠯᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠪᠡᠶᠡᠯᠡᠭᠦᠯᠵᠦ᠂ ᠭᠤᠶᠤᠴᠢᠯᠠᠯ ᠤᠨ ᠮᠠᠲ᠋ᠧᠷᠢᠶᠠᠯ ᠢ ᠳᠤᠮᠳᠠᠴᠢ ᠪᠠᠷ 15%᠎ ᠪᠠᠷ ᠬᠠᠰᠤᠵᠤ᠂ ᠭᠦᠶᠴᠡᠳᠬᠡᠬᠦ ᠴᠠᠭ ᠤᠨ ᠬᠢᠵᠠᠭᠠᠷ ᠢ ᠳᠤᠮᠳᠠᠴᠢ ᠪᠠᠷ 30%᠎ ᠪᠠᠷ ᠪᠣᠭᠤᠨᠢᠰᠬᠠᠪᠠ᠃ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ 5 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠵᠤ᠂ ᠠᠵᠤ ᠠᠬᠤᠶᠢᠯᠠᠯ ᠤᠨ ᠨᠡᠷᠡᠶᠢᠳᠦᠯ ᠢ ᠤᠷᠢᠳᠴᠢᠯᠠᠨ ᠬᠢᠨᠠᠨ ᠵᠥᠪᠰᠢᠶᠡᠷᠡᠬᠦ ᠶᠢ ᠪᠥᠬᠦ ᠲᠠᠯ᠎ᠠ ᠪᠠᠷ ᠬᠦᠴᠦᠨ ᠥᠬᠡᠶ ᠪᠣᠯᠭᠠᠵᠤ᠂ ᠰᠦᠯᠵᠢᠶᠡᠨ ᠳᠡᠭᠡᠷ᠎ᠡ ᠡᠵᠡᠨ ᠮᠡᠳᠡᠨ ᠭᠤᠶᠤᠴᠢᠯᠠᠨ ᠮᠡᠳᠡᠭᠦᠯᠬᠦ ᠶᠢ ᠬᠡᠷᠡᠭᠵᠢᠭᠦᠯᠦᠨ᠂ ᠠᠵᠤ ᠠᠬᠤᠶᠢᠯᠠᠯ ᠎ ᠤᠨ ᠳᠡᠩᠰᠡᠯᠡᠯᠲᠡ ᠶᠢ ᠪᠥᠬᠦ ᠶᠠᠪᠤᠴᠠ ᠪᠠᠷ ᠨᠢ ᠡᠯᠧᠺᠲᠷᠤᠨᠴᠢᠯᠠᠬᠤ ᠶᠢ ᠪᠡᠶᠡᠯᠡᠭᠦᠯᠪᠡ᠃ ᠬᠦᠴᠦᠨ ᠦᠭᠡᠢ ᠪᠣᠯᠭᠠᠬᠤ ᠶᠢ ᠳᠦᠭᠦᠮᠴᠢᠯᠡᠬᠦ ᠥᠭᠡᠷᠡᠴᠢᠯᠡᠯᠲᠡ ᠶᠢ ᠶᠡᠬᠡᠪᠡᠷ ᠳᠡᠯᠭᠡᠷᠡᠭᠦᠯᠵᠦ᠂ ᠬᠦᠴᠦᠨ ᠦᠭᠡᠢ ᠪᠣᠯᠭᠠᠬᠤ ᠶᠢ ᠳᠦᠭᠦᠮᠴᠢᠯᠡᠬᠦ ᠠᠯᠪᠠᠨ ᠵᠠᠷ ᠤᠨ ᠴᠠᠭ ᠢ 45 ᠡᠳᠦᠷ ᠪᠠᠶᠢᠭᠰᠠᠨ ᠠᠴᠠ ᠨᠢ 20 ᠡᠳᠦᠷ ᠪᠣᠯᠭᠠᠨ ᠪᠣᠭᠤᠨᠢᠰᠬᠠᠪᠠ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠵᠦᠶᠯᠡᠰ ᠤᠨ ᠶᠡᠷᠦᠩᠬᠡᠶ ᠬᠢᠨᠠᠨ ᠵᠥᠪᠰᠢᠶᠡᠷᠡᠬᠦ ᠴᠠᠭ ᠢ 151 ᠠᠵᠢᠯᠯᠠᠬᠤ ᠡᠳᠦᠷ ᠪᠠᠶᠢᠭᠰᠠᠨ ᠠᠴᠠ ᠨᠢ 120 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠥᠪᠡᠷᠲᠡᠭᠡᠨ ᠵᠠᠰᠠᠬᠤ ᠣᠷᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠨᠢ ᠨᠢᠭᠡᠨᠲᠡ 16 ᠰᠠᠯᠠᠭ᠎ᠠ ᠮᠥᠴᠢᠷ ᠲᠠᠢ ᠬᠥᠨᠳᠡᠯᠡᠨ ᠢᠶᠠᠷ ᠬᠤᠯᠪᠣᠨ ᠨᠡᠪᠲᠡᠷᠡᠯᠴᠡᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤᠨ ᠤ 2237 ᠬᠤᠯᠪᠣᠭᠠᠯᠠᠨ ᠬᠢᠨᠠᠬᠤ ᠰᠠᠯᠠᠭ᠎ᠠ ᠮᠥᠴᠢᠷ ᠲᠤ ᠨᠡᠪᠲᠡᠷᠡᠵᠦ᠂ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠶᠯ ᠎ ᠢ ᠬᠢᠨᠠᠨ ᠵᠥᠪᠰᠢᠶᠡᠷᠡᠬᠦ ᠪᠠ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠴᠠᠭ ᠢ 20 ᠠᠵᠢᠯᠯᠠᠬᠤ ᠡᠳᠦᠷ ᠠᠴᠠ 13 ᠠᠵᠢᠯᠯᠠᠬᠤ ᠡᠳᠦᠷ ᠪᠣᠯᠭᠠᠨ ᠪᠣᠭᠤᠨᠢᠰᠬᠠᠪᠠ᠃ ᠡᠨᠡ ᠵᠢᠯ ᠎ ᠤᠨ ᠡᠴᠦᠰ ᠪᠣᠯᠬᠤ ᠳᠤ᠂ ᠪᠣᠶ ᠪᠦᠬᠦᠢ ᠭᠠᠵᠠᠷ ᠣᠷᠣᠨ ᠤ ᠥᠯᠥ ᠬᠥᠳᠡᠯᠬᠦ ᠬᠥᠷᠥᠩᠭᠡ ᠶᠢᠨ ᠡᠩ ᠤᠨ ᠳᠠᠩᠰᠠᠯᠠᠯ ᠎ ᠤᠨ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠴᠠᠭ ᠢ 10 ᠠᠵᠢᠯᠯᠠᠬᠤ ᠡᠳᠦᠷ ᠪᠣᠯᠭᠠᠨ ᠪᠣᠭᠤᠨᠢᠰᠬᠠᠵᠤ᠂ ᠪᠠᠷᠢᠴᠠᠭᠠᠯᠠᠬᠤ ᠳᠠᠩᠰᠠᠯᠠᠯ ᠤᠨ ᠭᠦᠶᠴᠡᠳᠬᠡᠬᠦ ᠴᠠᠭ ᠢ 5 ᠠᠵᠢᠯᠯᠠᠬᠤ ᠡᠳᠦᠷ ᠪᠣᠯᠭᠠᠨ ᠪᠣᠭᠤᠨᠢᠰᠬᠠᠨ᠎ᠠ᠃ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢ ᠤᠤᠯ ᠤᠨ 7779 ᠵᠦᠶᠯ ᠪᠠᠶᠢᠭᠰᠠᠨ ᠠᠴᠠ ᠨᠢ 3078 ᠵᠦᠶᠯ ᠪᠣᠯᠭᠠᠨ ᠬᠠᠰᠤᠨ᠎ᠠ᠃      ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 33 ᠰᠠᠯᠠᠭ᠎ᠠ ᠮᠥᠴᠢᠷ ᠤᠨ 845 ᠵᠦᠶᠯ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠬᠦ ᠶᠢ ᠪᠡᠶᠡᠯᠡᠭᠦᠯᠵᠦ᠂ ᠪᠥᠬᠦ ᠣᠷᠣᠨ ᠤ ᠨᠢᠭᠡᠳᠦᠯᠲᠡᠶ ᠵᠦᠶᠯᠡᠰ ᠤᠨ ᠬᠥᠮᠥᠷᠭᠡ᠂ ᠨᠢᠭᠡᠳᠦᠯᠲᠡᠶ ᠬᠢᠷᠢ ᠭᠡᠮ ᠤᠨ ᠭᠡᠷᠡᠴᠢᠯᠡᠯ᠂ ᠡᠯᠧᠺᠲᠷᠣᠨ ᠲᠠᠮᠠᠭ᠎ᠠ ᠶᠢᠨ ᠰᠢᠰᠲ᠋ᠧᠮ ᠢ ᠠᠩᠬ᠎ᠠ ᠠᠯᠬᠤᠮ ᠪᠠᠶᠢᠭᠤᠯᠤᠨ ᠪᠦᠲᠦᠭᠡᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ 2514 ᠵᠦᠶᠯ᠂ ᠡᠯᠧᠺᠲᠷᠣᠨ ᠭᠡᠷᠡᠴᠢ ᠦᠨᠡᠮᠯᠡᠯ ᠤᠨ 296 ᠲᠥᠷᠥᠯ ᠢ ᠡᠮᠬᠢᠯᠡᠨ ᠲᠢᠭᠯᠡᠵᠦ᠂ 2020 ᠲᠦᠮᠡ ᠭᠠᠷᠤᠢ ᠲᠤᠭ᠎ᠠ ᠪᠠᠷᠢᠮᠲᠠ ᠶᠢ ᠴᠤᠭᠯᠠᠭᠤᠯᠵᠤ᠂ ᠤᠯᠤᠰ ᠲᠤ 1990 ᠲᠦᠮᠡᠨ ᠵᠣᠷᠪᠤᠰ ᠮᠡᠳᠡᠭᠡ ᠵᠠᠩᠭᠢ ᠬᠦᠷᠭᠡᠵᠦ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ 13 ᠰᠠᠯᠠᠭ᠎ᠠ ᠮᠥᠴᠢᠷ ᠎ ᠤᠨ 22 ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠨᠢᠭᠡᠳᠦᠯᠲᠡᠶ ᠬᠢᠷᠢ ᠭᠡᠮ ᠤᠨ ᠭᠡᠷᠡᠴᠢᠯᠡᠯ ᠢ ᠵᠤᠯᠭᠠᠯᠳᠤᠭᠤᠯᠵᠤ᠂ ᠨᠢᠭᠡ ᠯᠡ ᠰᠦᠯᠵᠢᠶᠡᠨ ᠳᠡᠭᠡᠷ᠎ᠡ ᠣᠯᠠᠨ ᠴᠡᠭ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃      ᠳᠤᠷᠠᠳᠤᠭᠤᠰᠢᠲᠠᠶ ᠨᠢ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ 9 ᠳ᠋ᠦ᠋ᠭᠡᠷ ᠰᠠᠷ᠎ᠠ ᠶᠢᠨ 12᠎ ᠤᠨ ᠡᠳᠦᠷ ᠠᠴᠠ ᠡᠬᠢᠯᠡᠨ ᠲᠤᠷᠰᠢᠨ ᠠᠵᠢᠯᠯᠠᠵᠤ᠂ ᠣᠳᠣᠬᠠᠨ ᠳᠤ ᠨᠢᠭᠡᠨᠲᠡ 29 ᠰᠠᠯᠠᠭ᠎ᠠ ᠮᠥᠴᠢᠷ ᠣᠷᠣᠵᠤ ᠰᠠᠭᠤᠪᠠ᠂ ᠡᠭᠦᠨ ᠳᠤ᠄ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠤᠤᠯ ᠤᠨ ᠬᠡᠷᠡᠭ ᠡᠷᠬᠢᠯᠡᠬᠦ ᠲᠢᠩᠬᠢᠮ ᠪᠦᠬᠦᠯᠢ ᠴᠣᠭᠴᠠ ᠪᠠᠷ ᠢᠶᠠᠨ ᠣᠷᠣᠵᠤ ᠰᠠᠭᠤᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠠ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠲᠥᠪᠯᠡᠷᠡᠭᠦᠯᠦᠨ ᠭᠦᠶᠴᠡᠳᠬᠡᠬᠦ ᠶᠢ ᠪᠡᠶᠡᠯᠡᠭᠦᠯᠵᠦ᠂ ᠡᠯ᠎ᠡ ᠲᠥᠷᠥᠯ ᠤᠨ ᠨᠡᠶᠢᠭᠡᠮ ᠤᠨ ᠬᠡᠷᠡᠭ ᠶᠠᠪᠤᠳᠠᠯ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠣᠯᠠᠨ ᠨᠡᠶᠢᠲᠡ ᠶᠢᠨ ᠦᠶᠯᠡᠴᠢᠯᠡᠭᠡ ᠶᠢᠨ ᠶᠡᠭᠡ ᠲᠢᠩᠬᠢᠮ ᠨᠢ ᠨᠢᠭᠡ ᠥᠷᠲᠡᠭᠡ ᠮᠠᠶ᠋ᠢᠭ ᠤᠨ ᠦᠶᠯᠡᠴᠢᠯᠡᠭᠡ ᠶᠢ ᠲᠥᠪᠯᠡᠷᠡᠭᠦᠯᠦᠨ ᠬᠠᠩᠭᠠᠬᠤ ᠪᠣᠯᠪᠠ᠃ ᠢᠯᠠᠩᠭᠤᠶ᠎ᠠ ᠬᠥᠬᠡᠬᠤᠲᠠ᠂ ᠬᠢᠩᠭᠠᠨ ᠠᠶᠢᠮᠠᠭ᠂ ᠦᠬᠠᠶ ᠬᠤᠲᠠ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠢ ᠪᠠᠷ ᠲᠥᠪᠯᠡᠷᠡᠭᠦᠯᠬᠦ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ ︽ᠨᠢᠭᠡ ᠯᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ  ︾᠎ ᠶᠢ ᠪᠡᠶᠡᠯᠡᠭᠦᠯᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号