ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ 2019 ᠣᠨ ᠤ 20 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2019/10/14
    9 ᠰᠠᠷ᠎ᠠ ᠶᠢᠨ 29 ᠤ ᠡᠳᠤᠷ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂  ᠦᠪᠡᠷᠳᠡᠬᠡᠨ ᠵᠠᠰᠠᠬᠤ ᠤᠷᠤᠨ ᠤ ᠳᠡᠷᠢᠬᠦᠯᠡᠭᠴᠢ ᠪᠦ᠋ ᠰᠢᠶᠤᠤ ᠯᠢᠨ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ︽ᠡᠷᠡᠬᠦᠯ ᠡᠩᠬᠡ ᠦᠪᠦᠷ ᠮᠤᠩᠭᠤᠯ ᠤᠨ ᠠᠵᠢᠯᠯᠠᠭ᠎ᠠ ᠶᠢᠨ ᠬᠡᠷᠡᠭᠵᠢᠬᠦᠯᠬᠦ ᠳᠦᠰᠦᠯ︾ ︽ᠰᠤᠮᠤ ᠰᠢᠶᠠᠩ ᠪᠠᠯᠭᠠᠰᠤ ᠪᠤᠯᠤᠨ ᠵᠡᠬᠡᠯᠢ ᠭᠤᠳᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠥ ᠦᠨᠳᠦᠰᠦᠨ ᠱᠠᠳᠤᠨ ᠤ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠬᠠᠤᠯᠢ ᠬᠡᠷᠡᠭᠵᠢᠬᠦᠯᠬᠦ ᠬᠦᠴᠦᠨ ᠢ ᠨᠠᠶᠢᠳᠬᠡᠬᠦ ᠠᠵᠢᠯ ᠢ ᠠᠬᠢᠭᠤᠯᠬᠤ ᠳᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠡᠷᠡᠭᠵᠢᠬᠦᠯᠬᠦ ᠰᠠᠨᠠᠯ︾ ᠵᠡᠷᠬᠡ ᠵᠦᠢᠯ ᠢ ᠰᠤᠳᠤᠯᠵᠠᠢ᠃            ᠬᠤᠷᠠᠯ ᠠᠴᠠ᠂ ︽ᠡᠷᠡᠬᠦᠯ ᠡᠩᠬᠡ ᠦᠪᠦᠷ ᠮᠤᠩᠭᠤᠯ ᠤᠨ ᠠᠵᠢᠯᠯᠠᠭ᠎ᠠ ᠶᠢᠨ ᠬᠡᠷᠡᠭᠵᠢᠬᠦᠯᠬᠦ ᠳᠦᠰᠦᠯ︾ ᠪᠤᠯ  ᠨᠠᠮ ᠤᠨ ᠳᠦᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠳᠠ ᠶᠢ ᠳᠤᠭᠤᠰᠢᠯᠠᠭᠤᠯᠤᠨ  ᠨᠠᠶᠢᠳᠠᠪᠤᠷᠢᠵᠢᠭᠤᠯᠵᠥ᠂ ᠡᠷᠡᠬᠦᠯ ᠬᠠᠮᠠᠭᠠᠯᠠᠯ ᠡᠷᠡᠬᠦᠯ ᠮᠠᠨᠳᠤ ᠶᠢᠨ ᠠᠵᠢᠯ ᠤᠨ ᠦᠢᠯᠠᠭᠠᠬᠳᠠᠬᠤᠨ᠂ ᠦᠢᠯᠡᠴᠢᠯᠡᠬᠡᠨ ᠤ  ᠠᠷᠭ᠎ᠠ ᠬᠡᠯᠪᠡᠷᠢ ᠶᠢ ᠡᠪᠡᠳᠴᠢᠨ ᠵᠠᠰᠠᠬᠤ ᠪᠠᠷ ᠭᠤᠤᠯ ᠪᠤᠯᠭᠠᠵᠥ ᠪᠠᠶᠢᠬᠰᠠᠨ ᠠᠴᠠ ᠠᠷᠠᠳ ᠳᠦᠮᠡᠨ ᠤ ᠡᠷᠡᠬᠦᠯ ᠮᠡᠨᠳᠤ ᠪᠠᠷ ᠭᠤᠤᠯ ᠪᠤᠯᠭᠠᠬᠤ ᠳᠠᠶᠢᠰᠢ ᠬᠤᠪᠢᠷᠠᠭᠤᠯᠬᠤ ᠶᠢ ᠲᠦᠷᠭᠡᠳᠭᠡᠨ ᠠᠬᠢᠭᠤᠯᠬᠤ ᠪᠤᠳᠠᠳᠠᠢ ᠠᠷᠭ᠎ᠠ ᠬᠡᠮᠵᠢᠶ᠎ᠠ ᠪᠤᠯᠤᠨ᠎ᠠ᠃ ᠤᠯᠠᠨ ᠳᠦᠮᠡᠨ ᠢ ᠬᠦᠳᠦᠯᠦᠨ ᠵᠢᠯᠤᠭᠤᠳᠴᠤ ᠪᠠᠶᠢᠭᠠᠳ ᠵᠦᠪ ᠡᠷᠡᠬᠦᠯ ᠮᠡᠨᠳᠤ ᠶᠢᠨ ᠦᠵᠡᠯᠳᠡ ᠲᠠᠢ  ᠪᠤᠯᠭᠠᠵᠥ᠂ ᠡᠷᠡᠬᠦᠯ ᠮᠡᠨᠳᠤ ᠳᠤ ᠠᠰᠢᠬᠳᠠᠢ ᠠᠮᠢᠳᠤᠷᠠᠯ ᠤᠨ ᠠᠷᠭ᠎ᠠ ᠬᠡᠯᠪᠡᠷᠢ᠂ ᠠᠮᠢ ᠠᠬᠤᠢ ᠤᠷᠴᠢᠨ ᠳᠤᠭᠤᠷᠢᠨ  ᠪᠤᠯᠤᠨ ᠨᠡᠶᠢᠬᠡᠮ ᠤᠨ ᠤᠷᠴᠢᠨ ᠳᠤᠭᠤᠷᠢᠨ ᠢ ᠪᠦᠷᠢᠯᠳᠦᠬᠦᠯᠵᠥ᠂ ᠪᠦᠬᠦ ᠳᠠᠯ᠎ᠠ ᠪᠠᠷ ᠪᠦᠬᠦ ᠦᠶᠡᠯᠡᠯ ᠢᠶᠠᠷ ᠠᠷᠠᠳ ᠳᠦᠮᠡᠨ ᠤ ᠡᠷᠡᠬᠦᠯ ᠮᠠᠨᠳᠤ ᠶᠢ ᠪᠠᠳᠤᠯᠠᠬᠤ᠂ ᠡᠷᠡᠬᠦᠯ ᠡᠩᠬᠡ ᠦᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠪᠡᠳᠤ ᠪᠠᠬᠢ ᠰᠠᠭᠤᠷᠢ ᠲᠠᠯᠪᠢᠵᠤ ᠥᠭᠬᠦ ᠬᠡᠷᠡᠭᠳᠡᠢ ᠬᠡᠵᠥ ᠵᠢᠭᠠᠵᠥ ᠭᠠᠷᠭᠠᠪᠠ᠃            ᠬᠤᠷᠠᠯ ᠠᠴᠠ᠂ ᠦᠨᠳᠤᠰᠤᠨ ᠱᠠᠳᠤᠨ ᠤ ᠬᠢᠨᠠᠨ ᠵᠦᠪᠰᠢᠶᠡᠷᠡᠬᠦ ᠦᠢᠯᠡᠴᠢᠯᠡᠬᠡᠨ ᠤ ᠬᠠᠤᠯᠢ ᠬᠡᠷᠡᠭᠵᠢᠬᠦᠯᠬᠦ  ᠬᠦᠴᠦᠨ ᠢ ᠨᠡᠶᠢᠳᠬᠡᠬᠦ ᠪᠤᠯ ᠨᠠᠮ ᠤᠨ ᠳᠦᠪ ᠬᠤᠷᠢᠶ᠎ᠠ ᠠᠴᠠ ᠪᠠᠶᠢᠷᠢᠯᠠᠭᠤᠯᠤᠬᠰᠠᠨ ᠴᠢᠬᠤᠯᠠ ᠶᠡᠭᠡ ᠦᠬᠡᠷᠡᠴᠢᠯᠡᠯᠳᠡ ᠶᠢᠨ ᠡᠬᠦᠷᠬᠡ ᠪᠤᠯᠤᠨ᠎ᠡ᠂ ᠦᠨᠳᠦᠰᠦᠨ ᠱᠠᠳᠤᠨ ᠤ ᠠᠵᠢᠯ ᠡᠷᠬᠡ ᠶᠢᠨ ᠬᠠᠷᠢᠴᠠᠭ᠎ᠠ ᠶᠢ ᠰᠢᠯᠤᠭᠤᠳᠬᠠᠬᠤ᠂ ᠦᠢᠯᠡᠴᠢᠯᠡᠬᠦ ᠴᠢᠳᠠᠪᠤᠷᠢ ᠶᠢ ᠴᠢᠩᠭᠠᠳᠬᠠᠬᠤ᠂ ᠠᠷᠠᠳ ᠳᠦᠮᠡᠨ ᠳᠤ ᠦᠢᠯᠡᠴᠢᠯᠡᠬᠦ  ᠳᠦᠪᠰᠢᠨ ᠢᠶᠠᠨ ᠳᠡᠬᠡᠭᠰᠢᠯᠡᠬᠦᠯᠬᠦ ᠳᠤ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ᠃ ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ ᠶᠢ ᠤᠯᠠᠮ ᠴᠢᠨᠠᠬᠰᠢᠳᠠ ᠴᠢᠩᠭᠠᠳᠬᠠᠵᠥ᠂ ᠦᠨᠳᠦᠰᠦᠨ ᠱᠠᠳᠤᠨ ᠤ ᠬᠠᠮᠢᠶᠠᠷᠤᠯᠳᠠ ᠶᠢᠨ ᠰᠢᠰᠲ᠋ᠧᠮ ᠢ ᠳᠡᠬᠦᠯᠳᠡᠷᠵᠢᠬᠦᠯᠵᠥ᠂ ᠤᠯᠠᠨ ᠵᠦᠢᠯ ᠤᠨ ᠠᠷᠭ᠎ᠠ ᠠᠪᠴᠠᠯ ᠢ  ᠵᠡᠷᠭᠡ ᠪᠠᠷ ᠬᠡᠷᠡᠭᠵᠢᠭᠦᠯᠵᠤ ᠪᠠᠶᠢᠭᠠᠳ ᠦᠨᠳᠦᠰᠦᠨ ᠱᠠᠳᠤᠨ ᠤ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ  ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃            ᠬᠤᠷᠠᠯ ᠠᠴᠠ᠂ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠨ ᠬᠢᠨ ᠶᠢᠨ ᠮᠠᠨ ᠠᠭᠤᠷᠬᠠᠢ ᠶᠢᠨ ᠦᠢᠯᠡᠰ   ᠤᠨ ︽2 · 23︾ ᠤ ᠤᠨᠴᠠ ᠶᠡᠭᠡ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠠᠳᠡᠯ ᠠᠴᠠ  ᠬᠦᠨᠵᠡᠬᠡᠢ ᠰᠤᠷᠭᠠᠮᠵᠢ ᠠᠪᠴᠤ᠂ ᠠᠮᠦᠷ ᠳᠦᠪᠰᠢᠨ ᠢᠶᠠᠷ ᠬᠦᠭᠵᠢᠬᠦ ᠦᠢᠯᠠᠭᠠᠬᠳᠠᠬᠤᠨ ᠢ ᠪᠠᠳᠤ ᠪᠤᠢ ᠪᠤᠯᠭᠠᠵᠥ᠂ ︽ᠨᠠᠮ ᠵᠠᠰᠠᠬ ᠠᠳᠠᠯᠢ ᠬᠠᠷᠢᠭᠤᠴᠠᠯᠭ᠎ᠠ ᠡᠬᠦᠷᠬᠡᠯᠡᠬᠦ᠂ ᠨᠢᠬᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ  ᠪᠠᠶᠢᠬᠤ︾ ᠪᠠ ᠰᠠᠯᠠᠭ᠎ᠠ ᠮᠦᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠤᠳᠠᠳᠠᠢ ᠠᠵᠢᠯ ᠤᠨ ᠳᠤᠮᠳᠠ ᠪᠠᠨ  ᠯᠠᠪᠳᠠᠭᠤᠨ ᠪᠠᠳᠤᠳᠠᠢ ᠢᠯᠡᠷᠡᠬᠦᠯᠬᠦ ᠬᠡᠷᠡᠭᠳᠡᠢ᠃ ᠠᠶᠤᠯᠬᠦᠢ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠶᠢᠨ  ᠳᠦᠷᠢᠮ ᠢ ᠴᠢᠩᠭ᠎ᠠ ᠨᠠᠶᠢᠳᠠᠪᠤᠷᠢᠵᠢᠭᠤᠯᠵᠥ᠂ ᠵᠠᠮ ᠬᠠᠷᠢᠯᠴᠠᠭ᠎ᠠ᠂ ᠵᠢᠭᠤᠯᠴᠢᠯᠠᠯ ᠦᠵᠡᠮᠵᠢ ᠶᠢᠨ ᠤᠷᠤᠨ᠂ ᠤᠯᠠᠨ  ᠨᠡᠶᠢᠳᠡ ᠶᠢᠨ ᠳᠠᠯᠠᠪᠤᠷ ᠤᠨ ᠠᠮᠤᠷ ᠳᠦᠪᠰᠢᠨ ᠤ ᠪᠠᠶᠢᠴᠠᠭᠠᠯᠳᠠ ᠶᠢ ᠦᠨᠡᠨ ᠬᠦ ᠴᠢᠩᠭᠠᠳᠬᠠᠵᠥ᠂ ᠠᠶᠤᠯᠳᠠᠢ  ᠬᠢᠮᠢ ᠶᠢᠨ ᠪᠤᠳᠠᠰ᠂ ᠨᠡᠬᠦᠷᠡᠰᠤᠨ ᠠᠭᠤᠷᠬᠠᠢ᠂ ᠨᠡᠬᠦᠷᠡᠰᠤᠨ ᠤ ᠪᠤᠰᠤ ᠠᠭᠤᠷᠬᠠᠢ᠂ ᠪᠠᠷᠢᠯᠭ᠎ᠠ ᠵᠡᠷᠬᠡ ᠠᠵᠢᠯ ᠳᠦᠷᠦᠯ  ᠪᠤᠯᠤᠨ ᠬᠦᠷᠢᠶᠡᠨ ᠳᠠᠬᠢ ᠠᠮᠤᠷ ᠳᠦᠪᠰᠢᠨ ᠤ ᠠᠶᠤᠯ ᠳᠦᠭᠰᠢᠬᠦᠷᠢ ᠬᠡᠮ ᠰᠤᠭᠤᠬ ᠢ ᠨᠠᠷᠢᠨ ᠬᠢᠨᠠᠮᠠᠭᠠᠢ ᠰᠢᠭᠰᠢᠨ ᠪᠠᠶᠢᠴᠠᠭᠠᠵᠥ ᠴᠡᠭᠴᠡᠯᠡᠨ ᠵᠠᠰᠠᠵᠥ᠂ ᠪᠠᠴᠢᠮ ᠪᠠᠶᠢᠳᠠᠯ ᠢ ᠠᠷᠭᠠᠴᠠᠭᠠᠬᠤ ᠤᠷᠢᠳᠴᠢᠯᠠᠬᠰᠠᠨ ᠳᠦᠰᠦᠯ ᠢ ᠳᠡᠬᠦᠯᠳᠡᠷᠵᠢᠬᠦᠯᠵᠥ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠬᠦᠷᠯᠡᠵᠥ ᠰᠠᠬᠢᠬᠤ ᠬᠠᠮᠳᠤᠷᠠᠬᠰᠠᠨ ᠳᠤᠬᠳᠠᠴᠠ ᠶᠢ  ᠪᠦᠷᠢᠨᠰᠢᠬᠦᠯᠵᠥ᠂ ᠡᠯ᠎ᠡ ᠳᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠢ ᠪᠦᠳᠦᠮᠵᠢᠳᠡᠢ ᠰᠡᠷᠬᠡᠶᠢᠯᠡᠬᠦ  ᠬᠡᠷᠡᠭᠳᠡᠢ᠃ ᠳᠡᠬᠡᠬᠡᠪᠦᠷᠢ ᠶᠢᠨ ᠠᠮᠤᠷ ᠳᠦᠪᠰᠢᠨ᠂ ᠢᠳᠡᠬᠡᠨ ᠪᠠ ᠡᠮ ᠤᠨ ᠵᠦᠢᠯᠡᠰ ᠤᠨ ᠠᠮᠤᠷ ᠳᠦᠪᠰᠢᠨ ᠢ ᠬᠢᠨᠠᠨ  ᠬᠠᠮᠢᠶᠠᠷᠬᠤ ᠪᠠ ᠬᠠᠯᠳᠠᠪᠤᠷᠢᠳᠤ ᠡᠪᠡᠳᠴᠢᠨ ᠬᠢᠵᠢᠭ ᠡᠪᠡᠳᠴᠢᠨ ᠤ ᠪᠠᠶᠢᠳᠠᠯ ᠢ ᠬᠢᠨᠡᠨ ᠡᠵᠡᠮᠳᠡᠬᠦ ᠵᠡᠷᠬᠡ ᠠᠵᠢᠯ ᠢ  ᠴᠢᠩᠭᠠᠳᠬᠠᠵᠥ᠂ ᠬᠦᠨᠳᠤ ᠤᠨᠴᠠ ᠶᠡᠭᠡ ᠵᠠᠮ ᠬᠠᠷᠢᠯᠴᠠᠭᠠᠨ ᠤ ᠠᠳᠡᠯ ᠡᠬᠦᠰᠬᠦ ᠶᠢ ᠴᠢᠩᠭ᠎ᠠ ᠰᠡᠷᠬᠡᠶᠢᠯᠡᠵᠥ᠂ ᠪᠠᠶᠠᠷ   ᠤᠨ ᠡᠳᠤᠷ ᠤᠨ ᠬᠤᠭᠤᠴᠠᠭᠠᠨ ᠤ ᠵᠠᠬ᠎ᠠ ᠳᠡᠯᠬᠡᠬᠦᠷ ᠤᠨ ᠳᠤᠬᠳᠠᠭᠤᠨ ᠡᠮᠬᠢ ᠴᠡᠭᠴᠡ ᠲᠠᠢ ᠡᠵᠡᠩᠨᠡᠯᠳᠡ ᠶᠢ  ᠪᠠᠳᠤᠯᠠᠬᠤ ᠬᠡᠷᠡᠭᠳᠡᠢ ᠬᠡᠵᠥ ᠴᠢᠬᠤᠯᠠᠴᠢᠯᠠᠪᠠ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号