ᠥᠪᠥᠷ ᠮᠣᠩᠭᠤᠯ ᠤᠨ 97%᠎ ᠶᠢᠨ ᠬᠤᠰᠢᠭᠤ ᠰᠢᠶᠠᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠢ ︽ᠨᠢᠭᠡ  ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ︾᠎ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2019/10/15
     ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠴᠢᠩ ᠱᠦᠶ ᠾᠧ ᠰᠢᠶᠠᠨ᠂ ᠰᠢᠨᠾᠧ ᠰᠢᠶᠠᠨ᠂ ᠯᠢᠶᠠᠩᠴᠧᠩ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠵᠡᠷᠭᠡ 4 ᠬᠤᠰᠢᠭᠤ ᠰᠢᠶᠠᠨ ᠢ ᠭᠠᠷᠭᠠᠪᠠᠯ᠂ 97%᠎ ᠶᠢᠨ ᠬᠤᠰᠢᠭᠤ ᠰᠢᠶᠠᠨ ᠨᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠪᠠ ᠠᠷᠠᠯᠵᠢᠶᠠᠨ ᠤ ᠭᠠᠶᠢᠯᠢ ᠲᠠᠲᠠᠪᠤᠷᠢ ᠶᠢᠨ ᠪᠣᠳᠠᠲᠤ ᠴᠣᠭᠴᠠ ᠶᠢᠨ ᠲᠠᠩᠬᠢᠮ ᠤᠨ ︽ᠨᠢᠭᠡ ᠴᠣᠩᠬᠤᠪᠴᠢ ᠪᠠᠷ ᠬᠦᠯᠢᠶᠡᠨ ᠠᠪᠴᠤ᠂ ᠲᠥᠪᠯᠡᠷᠡᠭᠦᠯᠦᠨ ᠦᠶᠯᠡᠴᠢᠯᠡᠬᠦ︾᠎ ᠶᠢ ᠪᠡᠶᠡᠯᠡᠭᠦᠯᠪᠡ᠃      ᠣᠶᠢᠯᠠᠭᠠᠭᠰᠠᠨ ᠢᠶᠠᠷ᠂ ᠮᠠᠨ ᠤ ᠣᠷᠣᠨ ᠴᠤᠩᠬᠤᠪᠴᠢ ᠪᠠ ᠠᠵᠢᠯᠲᠠᠨ ᠢ ᠡᠮᠬᠢᠯᠡᠨ ᠨᠡᠶᠢᠯᠡᠭᠦᠯᠵᠦ᠂ ᠠᠵᠢᠯ ᠶᠠᠪᠤᠳᠠᠯ ᠭᠦᠶᠴᠡᠳᠬᠡᠬᠦ ᠭᠤᠭᠴᠤᠭ᠎ᠠ ᠶᠢ ᠰᠢᠯᠢᠳᠡᠭᠵᠢᠭᠦᠯᠦᠨ᠂ ᠭᠤᠶᠤᠴᠢᠯᠠᠯ ᠤᠨ ᠮᠠᠲ᠋ᠧᠷᠢᠶᠠᠯ ᠢ ᠴᠣᠮᠬᠠᠳᠬᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯ ᠪᠠ ᠠᠷᠠᠯᠵᠢᠶᠠᠨ ᠤ ᠭᠠᠶᠢᠯᠢ ᠲᠠᠲᠠᠪᠤᠷᠢ ᠶᠢ ᠨᠢᠭᠡᠳᠦᠯᠲᠡᠶ ᠬᠦᠯᠢᠶᠡᠨ ᠠᠪᠬᠤ᠂ ᠮᠠᠲ᠋ᠧᠷᠢᠶᠠᠯ ᠢ ᠨᠢᠭᠡᠳᠬᠡᠬᠦ᠂ ᠨᠢᠭᠡᠳᠦᠯᠲᠡᠶ ᠰᠢᠩᠭᠡᠭᠡᠨ ᠣᠷᠣᠭᠤᠯᠬᠤ᠂ ᠨᠢᠭᠡᠳᠦᠯᠲᠡᠶ ᠴᠠᠭ ᠤᠨ ᠬᠢᠵᠠᠭᠠᠷ ᠪᠦᠬᠦᠢ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ᠂ ᠨᠡᠶᠢᠯᠡᠭᠦᠯᠦᠨ ᠬᠠᠮᠲᠤᠷᠠᠭᠤᠯᠵᠤ ᠭᠦᠶᠴᠡᠳᠬᠡᠬᠦ︾ ᠠᠵᠢᠯ ᠤᠨ ᠵᠠᠭᠪᠤᠷ ᠢ ᠬᠡᠷᠡᠭᠵᠢᠭᠦᠯᠬᠦ ᠪᠠᠷ ᠳᠠᠮᠵᠢᠭᠤᠯᠤᠨ᠂ ᠲᠤᠬᠠᠶᠢᠯᠠᠭᠰᠠᠨ ᠠᠵᠢᠯ ᠤᠨ ᠭᠦᠶᠴᠡᠳᠬᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠤᠤᠯ ᠳᠠᠭᠠᠨ ᠭᠤᠶᠤᠴᠢᠯᠠᠭᠴᠢ ᠮᠠᠲ᠋ᠧᠷᠢᠶᠠᠯ ᠢᠶᠠᠨ ᠳᠠᠬᠢᠨ ᠳᠠᠪᠲᠠᠨ ᠲᠤᠰᠢᠶᠠᠬᠤ᠂ ᠣᠯᠠᠨ ᠠᠯᠪᠠᠨ ᠲᠠᠯᠠᠪᠤᠷ᠂ ᠣᠯᠠᠨ ᠴᠣᠩᠬᠤᠪᠴᠢ ᠳᠤ ᠨᠠᠭᠠᠰᠢ ᠴᠠᠭᠠᠰᠢ ᠭᠦᠶᠦᠵᠦ ᠪᠠᠶᠢᠭᠰᠠᠨ ᠪᠠᠶᠢᠳᠠᠯ ᠢ ᠬᠤᠪᠢᠷᠠᠭᠤᠯᠵᠠᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号